ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
2024 ᠣᠨ᠎ᠤ ᠣᠷᠣᠨ᠎ᠤ ᠬᠠᠮᠢᠶᠠᠷᠤᠯᠲᠠ ᠵᠢᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠨᠠᠮ᠎ᠤᠨ ᠬᠣᠷᠢᠶ᠎ᠠ ᠵᠢᠨ ᠱᠦᠵᠢ ᠨᠠᠷ᠎ᠤᠨ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠲᠤᠬᠠᠢ ᠠᠵᠢᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2025-01-03

ᠬᠤᠸᠠᠩ ᡁᠢ ᠴᠢᠶᠠᠩ ᠶᠠᠷᠢᠶ᠎ᠠ ᠲᠠᠯᠪᠢᠵᠠᠢ

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠥᠩᠭᠥᠨ ᠭᠦᠢ᠍ᠯᠭᠡᠭᠡᠨ᠎ᠤ ᠠᠵᠢᠯ᠎ᠤᠨ ᠵᠥᠪᠯᠡᠯ᠎ᠤᠨ ᠱᠦᠵᠢ ᠬᠤᠸᠠᠩ ᡁᠢ ᠴᠢᠶᠠᠩ 1 ᠳ᠋ᠤᠬᠡᠷ ᠰᠠᠷ᠎ᠠ ᠵᠢᠨ 2᠎ᠤᠨ ᠡᠳᠦᠷ ᠲᠤᠰᠬᠠᠢ ᠰᠡᠳᠦᠪᠲᠦ ᠬᠤᠷᠠᠯ᠎ᠢ ᠡᠷᠭᠢᠯᠡᠨ ᠬᠤᠷᠠᠯᠳᠤᠭᠤᠯᠵᠤ ᠲᠣᠭᠣᠷᠢᠭ᠎ᠤᠨ ᠬᠠᠮᠢᠶᠠᠷᠤᠯᠲᠠ ᠵᠢᠨ 6 ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ 2024 ᠣᠨ᠎ᠤ ᠨᠠᠮ᠎ᠤᠨ ᠬᠣᠷᠢᠶ᠎ᠠ ᠵᠢᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢᠨ ᠦᠨᠡᠯᠡᠯᠲᠡ ᠵᠢ ᠰᠣᠨᠣᠰᠤᠭᠰᠠᠨ ᠪᠥᠭᠡᠳ ᠲᠤᠬᠠᠢ ᠵᠢᠨ ᠲᠠᠯᠠᠪᠤᠷ᠎ᠤᠨ ᠬᠤᠷᠠᠯ᠎ᠢ ᠬᠤᠷᠠᠯᠳᠤᠭᠤᠯᠪᠠ᠃
    ᠬᠤᠸᠠᠩ ᡁᠢ ᠴᠢᠶᠠᠩ᠄ 《ᠨᠠᠮ᠎ᠤᠨ ᠪᠠᠢ᠌ᠭᠤᠯᠤᠯᠲᠠ ᠵᠢ ᠰᠠᠢ᠌ᠨ ᠬᠢᠵᠦ ᠴᠢᠳᠠᠬᠤ ᠡᠰᠡᠬᠦ᠎ᠨᠢ ᠮᠥᠩᠭᠥᠨ ᠭᠦᠢ᠍ᠯᠭᠡᠭᠡᠨ᠎ᠤ ᠰᠢᠰᠲ᠋ᠧᠮ᠎ᠤᠨ ᠨᠢᠭᠲᠠᠷᠠᠯ᠎ᠤᠨ ᠬᠦᠴᠦᠨ ᠪᠣᠯᠣᠨ ᠳᠠᠶ᠋ᠢᠴᠢᠨ ᠬᠦᠴᠦᠨ᠎ᠲᠠᠢ ᠬᠣᠯᠪᠣᠭᠳᠠᠵᠤ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠪᠦᠲᠦᠵᠦ ᠪᠦᠷᠢᠯᠬᠦ ᠵᠢ ᠲᠣᠭᠲᠠᠭ᠋ᠠᠳᠠᠭ᠃ ᠨᠠᠮ᠎ᠤᠨ ᠪᠠᠢ᠌ᠭᠤᠯᠤᠯᠲᠠ ᠵᠢ ᠰᠠᠢ᠌ᠲᠤᠷ ᠬᠢᠬᠦ ᠪᠣᠯ ᠮᠥᠩᠭᠥᠨ ᠭᠦᠢ᠍ᠯᠭᠡᠭᠡᠨ᠎ᠤ ᠰᠢᠰᠲ᠋ᠧᠮ᠎ᠤᠨ ᠬᠠᠮᠤᠭ᠎ᠤᠨ ᠶᠡᠬᠡ ᠠᠵᠢᠯ᠎ᠤᠨ ᠪᠦᠲᠦᠮᠵᠢ ᠮᠥᠨ᠃ ᠪᠥᠬᠥ ᠣᠷᠣᠨ᠎ᠤ ᠮᠥᠩᠭᠥᠨ ᠭᠦᠢ᠍ᠯᠭᠡᠭᠡᠨ᠎ᠤ ᠰᠢᠰᠲ᠋ᠧᠮ᠎ᠤᠨ᠎ᠬᠢᠨ ᠡᠷᠬᠡᠪᠰᠢ ᠲᠣᠭ ᠲᠡᠮᠳᠡᠭ ᠲᠣᠳᠣᠷᠬᠠᠢ᠎ᠪᠠᠷ ᠤᠯᠤᠰ ᠲᠥᠷᠥ ᠵᠢ ᠡᠷᠬᠢᠮᠯᠡᠵᠦ᠂ ᠤᠯᠤᠰ ᠲᠥᠷᠥ ᠵᠢᠨ ᠪᠠᠢ᠌ᠭᠤᠯᠤᠯᠲᠠ ᠵᠢ ᠲᠣᠪᠤᠢ᠌ᠯᠭ᠋ᠠᠨ᠂ ᠡᠯ᠎ᠡ ᠵᠦᠢ᠍ᠯ᠎ᠤᠨ ᠠᠵᠢᠯ ᠵᠶ᠋ᠠᠨ ᠢᠮᠠᠭᠲᠠ ᠵᠥᠪ ᠴᠢᠭᠯᠡᠯ ᠵᠶ᠋ᠡᠷ ᠤᠷᠤᠭᠰᠢᠯᠠᠭᠤᠯᠬᠤ ᠵᠢ ᠪᠠᠲᠤᠯᠠᠬᠤ ᠬᠡᠷᠡᠭᠲᠡᠢ᠃ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠪᠦᠬᠦ ᠲᠠᠯ᠎ᠠ ᠵᠢᠨ ᠰᠤᠷᠲᠠᠯ᠎ᠢ ᠴᠡᠭᠴᠡᠯᠡᠨ ᠰᠠᠬᠢᠯᠭ᠎ᠠ ᠵᠢ ᠴᠢᠡᠭᠭ᠋ᠠᠳᠠᠯᠠᠨ᠂ ᠦᠨᠳᠦᠰᠦᠨ ᠱᠠᠲᠤᠨ᠎ᠤ ᠤᠯᠤᠰ ᠲᠦᠷᠦ ᠵᠢᠨ ᠠᠮᠢ ᠠᠬᠤᠢ ᠵᠢ ᠦᠷᠭᠦᠯᠵᠢᠯᠡᠨ ᠴᠡᠪᠡᠷᠰᠢᠬᠦᠯᠬᠦ ᠬᠡᠷᠡᠭᠳᠡᠢ᠃ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ ᠨᠠᠮ᠎ᠤᠨ ᠪᠠᠢ᠌ᠭᠤᠯᠤᠯᠲᠠ᠎ᠪᠠᠷ ᠳᠠᠭ᠋ᠠᠭᠤᠯᠬᠤ ᠵᠢ ᠴᠢᠩᠭ᠎ᠠ ᠠᠳᠬᠤᠵᠤ᠂ 《ᠲᠠᠪᠤᠨ ᠶᠡᠬᠡ ᠡᠭᠦᠷᠭᠡ》 《ᠵᠢᠷᠭᠤᠭ᠋ᠠᠨ ᠶᠡᠬᠡ ᠢᠨᠵᠧᠨᠧᠷᠢᠩ》 《ᠵᠢᠷᠭᠤᠭ᠋ᠠᠨ ᠠᠵᠢᠯᠯᠠᠭ᠎ᠠ》 ᠵᠡᠷᠭᠡ ᠶᠡᠬᠡ ᠲᠠᠯ᠎ᠠ ᠵᠢᠨ ᠠᠵᠢᠯ᠎ᠳᠤ ᠨᠡᠩ ᠰᠠᠢ᠌ᠲᠤᠷ ᠦᠢ᠍ᠯᠡᠴᠢᠯᠡᠵᠦ ᠴᠢᠨᠠᠷᠵᠢᠭᠤᠨ ᠨᠠᠮ᠎ᠤᠨ ᠪᠠᠢ᠌ᠭᠤᠯᠤᠯᠲᠠ᠎ᠪᠠᠷ ᠠᠵᠤ ᠠᠬᠤᠢ᠌ᠯᠠᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠲᠡᠢ》 ᠬᠡᠵᠡᠢ᠃
   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠡᠳ᠋᠎ᠤᠨ ᠵᠠᠰᠠᠭ᠎ᠤᠨ ᠵᠢᠷᠭᠤᠭ᠋ᠠᠨ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ
ᠴᠡᠴᠡᠭ 《ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠬᠦᠭᠵᠢᠬᠦᠯᠤᠯᠳᠡ ᠵᠢ ᠳᠡᠮᠵᠢᠨ ᠠᠬᠢᠭᠤᠯᠬᠤ》 ᠵᠥᠪᠯᠡᠬᠦ ᠰᠡᠳᠦᠪ᠎ᠤᠨ ᠲᠤᠭᠤᠷᠢᠨ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠳᠤ ᠠᠵᠢᠯ ᠪᠠᠢ᠌ᠴᠠᠭ᠋ᠠᠪᠠ
2035 ᠣᠨ᠎ᠳᠤ ᠰᠤᠷᠭ᠋ᠠᠨ ᠬᠥᠮᠦᠵᠢᠯ ᠵᠶ᠋ᠡᠷ ᠣᠷᠣᠨ ᠵᠶ᠋ᠠᠨ ᠬᠦᠴᠦᠷᠬᠡᠭᠵᠢᠭᠦᠯᠦᠨ᠎ᠡ
ᠪᠦᠬᠦ ᠣᠷᠣᠨ᠎ᠤ ᠶᠡᠷᠦᠩᠬᠡᠢ᠌ᠯᠡᠨ ᠵᠠᠰᠠᠬᠤ ᠲᠥᠪ᠎ᠤᠨ ᠵᠢᠷᠤᠮᠵᠢᠭᠰᠠᠨ ᠪᠠᠢ᠌ᠭᠤᠯᠤᠯᠲᠠ ᠵᠢᠨ ᠲᠤᠬᠠᠢ ᠵᠢᠨ ᠲᠠᠯᠠᠪᠠᠢ ᠵᠢᠨ ᠠᠬᠢᠭᠤᠯᠬᠤ ᠬᠤᠷᠠᠯ ᠪᠤᠭᠤᠲᠤ᠎ᠳᠤ ᠬᠤᠷᠠᠯᠳᠤᠪᠠ
ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠎ᠠ ᠪᠠᠷᠢᠮᠲᠠ ᠵᠢ ᠬᠠᠨᠳᠤᠯᠭ᠎ᠠ᠎ᠲᠠᠢ᠎ᠪᠠᠷ ᠨᠡᠢ᠌ᠲᠡᠯᠡᠬᠦ ᠠᠵᠢᠯᠯᠠᠭ᠎ᠠ ᠶᠠᠪᠤᠬᠳᠠᠭᠤᠯᠪᠠ
 
            