ᠬᠣᠷᠢᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠣᠯᠠᠨ ᠤᠯᠤᠰ᠎ᠤᠨ ᠦᠵᠡᠰᠬᠦᠯᠡᠩ 5 ᠳ᠋ᠤᠭ᠋ᠠᠷ ᠰᠠᠷ᠎ᠠ ᠵᠢᠨ 25᠎ᠤ ᠡᠳᠦᠷ ᠴᠧᠩᠳᠦ᠋ ᠬᠣᠲᠠ᠎ᠳᠤ ᠡᠬᠢᠯᠡᠪᠡ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠠᠩ ᠵᠢᠨ ᠪᠦᠯᠬᠦᠮ ᠳᠠᠭ᠋ᠠᠭᠤᠯᠤᠨ ᠦᠵᠡᠰᠬᠦᠯᠡᠩ᠎ᠳᠤ ᠣᠷᠣᠯᠴᠠᠪᠠ᠃
ᠲᠤᠰ ᠦᠵᠡᠰᠬᠦᠯᠡᠩ᠎ᠨᠢ 《ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠬᠥᠳᠡᠯᠭᠡᠬᠦ ᠬᠦᠴᠦᠨ᠎ᠢ ᠨᠡᠮᠡᠭᠳᠡᠭᠦᠯᠦᠨ ᠨᠡᠭᠡᠭᠡᠯᠲᠡ ᠵᠢ ᠥᠷᠭᠡᠳᠬᠡᠵᠦ ᠬᠥᠭᠵᠢᠯᠲᠡ ᠵᠢ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠵᠤ ᠡᠬᠢᠯᠡᠯᠲᠡ ᠵᠢᠨ ᠶᠣᠰᠣᠯᠠᠯ᠂ ᠪᠠᠷᠠᠭᠤᠨ ᠤᠷᠤᠨ᠎ᠤ ᠪᠡᠯᠡ ᠣᠷᠣᠭᠤᠯᠤᠯᠲᠠ ᠵᠢᠨ ᠴᠤᠭᠯᠠᠭ᠋ᠠᠨ᠂ ᠬᠤᠳᠠᠯᠳᠤᠨ ᠠᠪᠬᠤ ᠬᠤᠳᠠᠯᠳᠤᠭ᠋ᠠᠴᠢᠳ᠎ᠤᠨ ᠶᠡᠬᠡ ᠬᠤᠷᠠᠯ ᠪᠠ ᠠᠷᠠᠯᠵᠢᠶᠠᠨ᠎ᠤ ᠪᠡᠯᠡ ᠣᠷᠣᠭᠤᠯᠤᠯᠲᠠ ᠵᠢᠨ ᠰᠣᠯᠢᠯᠴᠠᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠰᠢᠷᠢᠰ ᠴᠢᠬᠤᠯᠠ ᠠᠵᠢᠯᠯᠠᠭ᠎ᠠ ᠵᠢ ᠡᠷᠬᠢᠯᠡᠪᠡ᠃ ᠥᠪᠥᠷ ᠮᠣᠩᠭᠣᠯ᠎ᠤᠨ 30 ᠰᠢᠬᠠᠮ ᠨᠢᠬᠡᠴᠢ ᠵᠢᠨ 80 ᠭᠠᠷᠤᠢ ᠠᠵᠤ ᠠᠬᠤᠢ᠌ᠯᠠᠯ ᠦᠵᠡᠰᠬᠦᠯᠡᠩ᠎ᠳᠤ ᠣᠷᠣᠯᠴᠠᠵᠤ᠂ 20 ᠭᠠᠷᠤᠢ ᠣᠨᠴᠠᠯᠢᠭᠲᠤ ᠠᠵᠤ ᠠᠬᠤᠢ᠌ᠯᠠᠯ ᠥᠪᠥᠷ ᠮᠣᠩᠭᠣᠯ᠎ᠤᠨ 176 ᠲᠡᠭᠰᠢ ᠳᠥᠷᠪᠡᠯᠵᠢᠨ ᠮᠧᠲᠷ᠎ᠤᠨ ᠣᠨᠴᠠ ᠴᠢᠮᠡᠭᠯᠡᠯ᠎ᠤᠨ ᠳᠦᠷᠢ ᠲᠥᠷᠬᠦ ᠵᠢᠨ ᠦᠵᠡᠭᠦᠯᠦᠯᠭᠡ ᠵᠢᠨ ᠲᠣᠭᠣᠷᠢᠭ᠎ᠲᠤ ᠳᠡᠯᠭᠡᠨ ᠦᠵᠡᠭᠦᠯᠵᠦ᠂ ᠥᠪᠥᠷ ᠮᠣᠩᠭᠣᠯ᠎ᠤᠨ ᠠᠵᠤ ᠠᠬᠤᠢ᠂ ᠰᠣᠶᠣᠯ ᠵᠤᠭ᠋ᠠᠴᠠᠯ᠂ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠬᠦᠷᠢᠶ᠎ᠡ ᠴᠠᠷᠠᠭ᠋ᠠᠨ᠎ᠳᠠᠬᠢ ᠬᠥᠭᠵᠢᠯᠲᠡ ᠵᠢᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠬᠠᠷᠠᠭᠤᠯᠵᠤ ᠮᠠᠨ᠎ᠤ ᠣᠷᠣᠨ᠎ᠤ ᠳᠠᠪᠠᠭᠤᠯᠢᠭ ᠠᠵᠤ ᠦᠢ᠍ᠯᠡᠰ᠎ᠤᠨ ᠪᠦᠯᠦᠭᠵᠢᠯ᠎ᠢ ᠪᠦᠬᠦ ᠲᠠᠯ᠎ᠠ᠎ᠪᠠᠷ ᠲᠠᠨᠢᠯᠴᠠᠭᠤᠯᠵᠠᠢ᠃