ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠮᠢᠩᠭ᠎ᠠ ᠳᠦᠮᠡᠨ ᠠᠭᠤᠯᠠ ᠤᠰᠤ ᠵᠢ ᠠᠵᠢᠭ ᠦᠭᠡᠢ ᠳᠤᠭᠤᠯᠤᠮᠤᠢ —— ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠳᠡᠷᠢᠬᠦᠯᠡᠭᠴᠢ ᠰᠢ ᠵᠢᠨ ᠫᠢᠩ᠎ᠤᠨ ᠢᠰᠫᠠᠨᠢ ᠠᠷᠺᠸᠨ᠋ᠲ᠋ᠢᠨ ᠫᠠᠨᠠᠮᠠ ᠫᠤᠷᠲ᠋ᠦ᠋ᠭ᠋ᠠᠯ ᠎ᠳᠤ ᠳᠦᠷᠦ ᠵᠢᠨ ᠶᠠᠪᠤᠳᠠᠯ᠎ᠤᠨ ᠠᠢ᠌ᠯᠴᠢᠯᠠᠯᠳᠠ ᠬᠢᠭᠰᠡᠨ ᠪᠠ ᠬᠤᠷᠢᠨ ᠤᠯᠤᠰ᠎ᠤᠨ ᠪᠦᠯᠦᠭᠯᠡᠯ᠎ᠤᠨ ᠠᠷᠪᠠᠨ ᠭᠤᠷᠪᠠᠳᠤᠭ᠋ᠠᠷ ᠤᠳᠠᠭ᠎ᠠ ᠵᠢᠨ ᠳᠦᠷᠦᠬᠦᠴᠤᠳ᠎ᠤᠨ ᠬᠤᠷᠠᠯ᠎ᠳᠤ ᠤᠷᠤᠯᠴᠠᠭᠰᠠᠨ ᠳᠤᠬᠠᠢ ᠶᠠᠷᠢᠪᠠ
ᠨᠡᠶᠢᠲᠡᠯᠡᠭᠰᠡᠨ ᠴᠠᠭ᠄ 2018-12-12

   
     2018 ᠤᠨ᠎ᠤ 11 ᠳ᠋ᠤᠭ᠋ᠠᠷ ᠰᠠᠷ᠎ᠠ ᠵᠢᠨ 27 ᠎ᠤ ᠡᠳᠤᠷ᠎ᠠᠴᠠ 12 ᠳ᠋ᠤᠭ᠋ᠠᠷ ᠰᠠᠷ᠎ᠠ ᠵᠢᠨ 5᠎ᠤ ᠡᠳᠤᠷ ᠪᠤᠯᠳᠠᠯ᠎ᠠ  ᠂ ᠤᠯᠤᠰ᠎ᠤᠨ ᠳᠡᠷᠢᠬᠦᠯᠡᠭᠴᠢ ᠰᠢ ᠵᠢᠨ ᠫᠢᠩ ᠢᠰᠫᠠᠨᠢ᠂ ᠠᠷᠺᠸᠨ᠋ᠲ᠋ᠢᠨ᠂ ᠫᠠᠨᠠᠮᠠ᠂ ᠫᠤᠷᠲ᠋ᠦ᠋ᠭ᠋ᠠᠯ᠎ᠳᠤ ᠳᠦᠷᠦ ᠵᠢᠨ ᠶᠠᠪᠤᠳᠠᠯ᠎ᠤᠨ ᠠᠢ᠌ᠯᠴᠢᠯᠠᠯᠳᠠ ᠬᠢᠭᠰᠡᠨ ᠪᠦᠭᠡᠳ ᠠᠷᠺᠸᠨ᠋ᠲ᠋ᠢᠨ᠎ᠤ ᠪᠦᠶᠸᠨᠤᠰ ᠠᠢ᠌ᠷᠸᠰ᠎ᠲᠤ ᠬᠤᠷᠠᠯᠳᠤᠭᠰᠠᠨ ᠬᠤᠷᠢᠨ ᠤᠯᠤᠰ᠎ᠤᠨ ᠪᠦᠯᠦᠭᠯᠡᠯ (G20) ᠎ᠤᠨ   ᠤᠳᠤᠷᠢᠳᠬᠤ ᠬᠦᠮᠦᠰ᠎ᠤᠨ ᠠᠷᠪᠠᠨ ᠭᠤᠷᠪᠠᠳᠤᠭ᠋ᠠᠷ ᠤᠳᠠᠭ᠎ᠠ ᠵᠢᠨ ᠳᠦᠷᠦᠬᠦᠴᠤᠳ᠎ᠤᠨ ᠬᠤᠷᠠᠯ᠎ᠳᠤ   ᠤᠷᠤᠯᠴᠠᠪᠠ᠃ ᠠᠶᠠᠯᠠᠯ ᠳᠡᠬᠦᠰᠬᠦ ᠳᠠᠰᠢᠷᠠᠮ ᠵᠶ᠋ᠡᠷ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠳᠠᠭ᠋ᠠᠵᠤ ᠶᠠᠪᠤᠭ᠎ᠠ ᠰᠤᠷᠪᠤᠯᠵᠢᠯᠠᠭᠴᠢᠳ᠎ᠲᠤ ᠡᠨᠡ ᠤᠳᠠᠭ᠎ᠠ ᠵᠢᠨ ᠠᠢ᠌ᠯᠴᠢᠯᠠᠯᠳᠠ ᠵᠢᠨ ᠪᠠᠢ᠌ᠳᠠᠯ᠎ᠢ ᠳᠠᠨᠢᠯᠴᠠᠭᠤᠯᠪᠠ᠃
      ᠸᠠᠩ ᠢ ᠭᠡᠯᠡᠭᠰᠡᠨ᠎ᠨᠢ᠂ ᠳᠡᠷᠢᠬᠦᠯᠡᠭᠴᠢ ᠰᠢ ᠵᠢᠨ ᠫᠢᠩ᠎ᠤᠨ ᠡᠨᠡ ᠤᠳᠠᠭ᠋ᠠᠨ᠎ᠤ ᠠᠢ᠌ᠯᠴᠢᠯᠠᠯᠳᠠ ᠪᠤᠯ ᠤᠷᠤᠭ᠎ᠠ ᠪᠤᠰᠬᠠᠭ᠎ᠠ ᠳᠠᠯᠠᠭᠡᠢ ᠵᠢᠨ ᠪᠠᠢ᠌ᠳᠠᠯ ᠳᠤᠮᠳᠠᠬᠢ ᠨᠢᠭᠡ ᠤᠳᠠᠭ᠎ᠠ ᠵᠢᠨ   ᠵᠠᠮᠴᠢᠯᠠᠭᠰᠠᠨ ᠠᠶᠠᠯᠠᠯ ᠪᠤᠯᠤᠨ᠎ᠠ᠃  G20 ᠵᠢᠨ ᠳᠦᠷᠦᠬᠦᠴᠦᠳ᠎ᠤᠨ ᠬᠤᠷᠠᠯ᠎ᠳᠤ ᠤᠷᠤᠯᠴᠠᠵᠤ᠂ ᠪᠦᠬᠦ ᠪᠦᠮᠪᠦᠷᠴᠡᠭ᠎ᠤᠨ ᠠᠵᠤ ᠠᠬᠤᠢ ᠵᠢᠨ ᠵᠠᠰᠠᠯᠳᠠ ᠵᠢᠨ ᠤᠷᠤᠭᠰᠢᠯᠠᠬᠤ ᠴᠢᠭᠯᠡᠯ᠎ᠢ ᠵᠦᠪ ᠵᠠᠮ ᠳᠠᠢ᠌ᠰᠢ   ᠬᠦᠳᠦᠯᠦᠨ᠂ ᠳᠤᠮᠳᠠᠳᠤ ᠤᠯᠤᠰ ᠪᠤᠯᠤᠨ   ᠭᠤᠤᠯ ᠪᠤᠯᠬᠤ ᠶᠡᠭᠡ ᠤᠯᠤᠰ᠎ᠤᠨ ᠬᠠᠷᠢᠯᠴᠠᠭ᠎ᠠ ᠵᠢᠨ ᠳᠤᠭᠳᠠᠭᠤᠨ ᠵᠶ᠋ᠡᠷ ᠬᠦᠭᠵᠢᠬᠦ ᠵᠢ ᠬᠦᠳᠦᠯᠦᠨ ᠳᠠᠭ᠋ᠠᠭᠤᠯᠪᠠ᠃ ᠡᠸᠦᠢ᠍ᠷᠦᠫᠠ ᠳᠢᠪ ᠯᠠᠲ᠋ᠢᠨ ᠠᠮᠸᠷᠢᠺᠠ᠎ᠳᠠᠬᠢ ᠠᠶᠠᠯᠠᠯ᠎ᠨᠢ 《ᠨᠢᠭᠡ ᠪᠦᠰᠡ ᠨᠢᠭᠡ ᠵᠠᠮ》᠎ᠤᠨ ᠬᠠᠮᠳᠤᠷᠠᠯᠴᠠᠭ᠋ᠠᠨ᠎ᠤ ᠬᠦᠭᠵᠢᠯᠳᠡ ᠵᠢᠨ ᠪᠠᠢ᠌ᠳᠠᠯ᠎ᠢ ᠠᠬᠢᠭᠤᠯᠵᠤ᠂ ᠳᠤᠮᠳᠠᠳᠤ ᠡᠸᠦᠢ᠍ᠷᠦᠫᠠ᠂ ᠳᠤᠮᠳᠠᠳᠤ ᠯᠠᠲ᠋ᠢᠨ ᠠᠮᠸᠷᠢᠺᠠ ᠵᠢᠨ   ᠬᠠᠷᠢᠯᠴᠠᠭ᠎ᠠ ᠵᠢᠨ ᠭᠡᠭᠡᠨ ᠰᠠᠷᠠᠭᠤᠯ ᠢᠷᠡᠭᠡᠳᠦᠢ ᠵᠢ   ᠨᠡᠭᠡᠭᠡᠭᠰᠡᠨ ᠪᠠᠢ᠌ᠨ᠎ᠠ᠃   ᠳᠡᠷᠢᠬᠦᠯᠡᠭᠴᠢ ᠰᠢ ᠵᠢᠨ ᠫᠢᠩ᠎ᠤᠨ ᠡᠨᠡ ᠤᠳᠠᠭ᠎ᠠ ᠵᠢᠨ ᠠᠶᠠᠯᠠᠯ᠎ᠨᠢ ᠳᠡᠯᠡᠭᠡᠢ ᠵᠢᠨ ᠤᠯᠠᠨ ᠳᠦᠢ᠍ᠯᠵᠢᠯ ᠪᠤᠯᠤᠨ ᠠᠵᠤ ᠠᠬᠤᠢ ᠵᠢᠨ ᠳᠡᠯᠡᠭᠡᠢ᠌ᠵᠢᠯᠳᠡ ᠵᠢᠨ ᠴᠠᠭ ᠦᠶ᠎ᠠ ᠵᠢᠨ ᠤᠷᠤᠰᠬᠠᠯ᠎ᠢ ᠳᠠᠭ᠋ᠠᠵᠤ᠂ ᠤᠯᠠᠨ ᠳᠠᠯᠠᠳᠤ ᠦᠵᠡᠯ᠎ᠢ ᠡᠷᠡᠰ ᠳᠡᠮᠵᠢᠨ᠂ ᠬᠠᠮᠳᠤᠷᠠᠯᠴᠠᠭ᠎ᠠ ᠬᠢᠵᠤ ᠬᠠᠮᠳᠤᠪᠠᠷ ᠠᠰᠢᠭ ᠬᠦᠷᠳᠡᠬᠦ ᠵᠢ ᠢᠳᠡᠪᠬᠢᠳᠡᠢ   ᠰᠠᠨᠠᠭ᠋ᠠᠴᠢᠯᠠᠵᠤ᠂ ᠳᠡᠤᠭᠡ ᠵᠢᠨ ᠤᠷᠤᠰᠬᠠᠯ᠎ᠤᠨ ᠡᠮᠤᠨ᠎ᠠ ᠡᠩᠨᠡᠭᠡᠨ᠎ᠳᠤ ᠵᠤᠭᠰᠤᠨ᠂ ᠴᠠᠭ ᠦᠶ᠎ᠡ ᠵᠢᠨ ᠬᠦᠴᠦᠷᠭᠡᠭ ᠳᠠᠭᠤᠨ᠎ᠢ ᠳᠠᠭᠤᠷᠢᠰᠤᠭᠤᠯᠵᠤ᠂ ᠵᠠᠩᠬᠢᠯᠠᠭ᠎ᠠ ᠵᠢᠨ ᠦᠶ᠎ᠠ᠎ᠳᠤ ᠪᠠᠢ᠌ᠭ᠎ᠠ ᠳᠡᠯᠡᠭᠡᠢ ᠵᠢᠨ ᠪᠠᠢ᠌ᠳᠠᠯ᠎ᠳᠤ ᠳᠤᠭᠳᠠᠭᠤᠨ ᠴᠢᠨᠠᠷ ᠨᠡᠮᠡᠷᠢᠯᠡᠨ᠂ ᠬᠦᠨᠵᠡᠭᠡᠢ ᠬᠤᠪᠢᠰᠤᠯᠳᠠ᠎ᠲᠠᠢ ᠳᠡᠯᠡᠬᠡᠢ ᠨᠡᠢ᠌ᠲᠡ᠎ᠳᠤ ᠵᠠᠯᠠᠭᠤᠷ ᠬᠠᠩᠭ᠋ᠠᠵᠤ᠂   ᠢᠳᠡᠪᠬᠢ ᠬᠦᠴᠦᠨ ᠨᠡᠮᠡᠷᠢᠯᠡᠭᠰᠡᠨ ᠪᠠᠢ᠌ᠨ᠎ᠠ᠃
     9 ᠡᠳᠤᠷ᠎ᠤᠨ ᠬᠤᠭᠤᠴᠠᠭ᠋ᠠᠨ᠎ᠳᠤ᠂ ᠳᠡᠷᠢᠬᠦᠯᠡᠭᠴᠢ ᠰᠢ ᠵᠢᠨ ᠫᠢᠩ   ᠠᠭᠤᠯᠠ ᠤᠰᠤ ᠵᠢ ᠳᠠᠪᠠᠨ  ᠂ ᠡᠸᠦᠢ᠍ᠷᠦᠫᠠ ᠠᠮᠸᠷᠢᠺᠠ ᠵᠢᠨ ᠡᠭᠡ ᠬᠠᠭᠤᠷᠠᠢ ᠵᠢ ᠲᠤᠭᠤᠯᠵᠤ  ᠂ 4 ᠳᠦᠮᠡ ᠭᠠᠷᠤᠢ ᠺᠢᠯᠦᠮᠸᠲᠷ ᠠᠶᠠᠯᠠᠵᠤ᠂ 70 ᠰᠢᠬᠠᠮ ᠳᠠᠯᠠᠪᠤ ᠬᠤᠶᠠᠷ ᠳᠠᠯ᠎ᠠ ᠵᠢᠨ ᠪᠠ ᠤᠯᠠᠨ ᠳᠠᠯ᠎ᠠ ᠵᠢᠨ ᠠᠵᠢᠯᠯᠠᠭ᠎ᠠ᠎ᠳᠤ ᠤᠷᠤᠯᠴᠠᠪᠠ᠃
      ᠨᠢᠭᠡ᠂ ᠬᠤᠷᠢᠨ ᠤᠯᠤᠰ᠎ᠤᠨ ᠪᠦᠯᠦᠭᠯᠡᠯ᠎ᠤᠨ ᠬᠠᠮᠳᠤᠷᠠᠯᠴᠠᠭ᠎ᠠ ᠵᠢ ᠠᠬᠢᠭᠤᠯᠵᠤ ᠶᠡᠭᠡ ᠤᠯᠤᠰ᠎ᠤᠨ ᠬᠠᠷᠢᠯᠴᠠᠭ᠎ᠠ ᠵᠢᠨ ᠬᠦᠭᠵᠢᠯᠳᠡ ᠵᠢ ᠳᠦᠯᠦᠪᠵᠢᠬᠦᠯᠪᠡ
      ᠡᠨᠡ ᠵᠢᠯ ᠪᠤᠯ ᠳᠡᠯᠡᠭᠡᠢ ᠵᠢᠨ ᠮᠦᠩᠬᠦᠨ ᠬᠦᠢ᠍ᠯᠭᠡᠭᠡᠨ᠎ᠤ ᠬᠢᠮᠦᠷᠡᠯ ᠡᠬᠦᠰᠦᠭᠰᠡᠨ ᠪᠠ G20 ᠵᠢᠨ ᠳᠦᠷᠦᠬᠦᠴᠦᠳ᠎ᠤᠨ ᠬᠤᠷᠠᠯ᠎ᠤᠨ ᠳᠤᠭᠳᠠᠴᠠ ᠵᠢ ᠡᠬᠢᠯᠡᠬᠦᠯᠦᠭᠰᠡᠨ 10   ᠵᠢᠯ᠎ᠤᠨ ᠤᠢ ᠪᠤᠯᠤᠨ᠎ᠠ᠃ ᠳᠡᠯᠡᠭᠡᠢ ᠵᠢᠨ ᠠᠵᠤ ᠠᠬᠤᠢ ᠵᠢᠨ ᠳᠦᠭᠰᠢᠬᠦᠷᠢ ᠨᠡᠮᠡᠭᠳᠡᠵᠤ ᠪᠠᠢ᠌ᠭ᠎ᠠ ᠡᠨᠡ ᠦᠶ᠎ᠡ᠎ᠳᠤ᠂ ᠳᠡᠯᠡᠭᠡᠢ ᠨᠡᠢ᠌ᠲᠡ ᠎ᠪᠠᠷ   ᠵᠶ᠋ᠡᠨ ᠡᠨᠡ ᠤᠳᠠᠭ᠎ᠠ ᠵᠢᠨ ᠳᠦᠷᠦᠬᠦᠴᠦᠳ᠎ᠤᠨ ᠬᠤᠷᠠᠯ᠎ᠤᠨ ᠬᠠᠨᠳᠤᠰᠢ ᠵᠢ ᠳᠡᠭᠡᠳᠤ ᠭᠡᠮᠵᠢᠶ᠎ᠡ᠎ᠪᠠᠷ ᠠᠩᠬᠠᠷᠴᠤ ᠪᠠᠢ᠌ᠪᠠ᠃ ᠳᠡᠷᠢᠬᠦᠯᠡᠭᠴᠢ ᠰᠢ ᠵᠢᠨ   ᠫᠢᠩ ᠤᠯᠠᠨ ᠳᠠᠯᠠᠪᠤᠷ᠎ᠲᠤ ᠴᠢᠬᠤᠯᠠ ᠶᠠᠷᠢᠶ᠎ᠠ ᠳᠠᠯᠪᠢᠵᠤ᠂   ᠤᠯᠠᠨ   ᠳᠠᠯᠠᠪᠤᠷ ᠬᠤᠶᠠᠷ ᠳᠠᠯ᠎ᠠ ᠵᠢᠨ ᠠᠭᠤᠯᠵᠠᠯᠳᠠ ᠬᠢᠵᠤ᠂ ᠰᠠᠨᠠᠭ᠋ᠠᠴᠢᠯᠠᠭ᠎ᠠ ᠳᠤᠷᠠᠳᠤᠨ᠂ ᠬᠠᠮᠳᠤᠷᠠᠯᠴᠠᠭ᠎ᠠ ᠵᠢ ᠠᠬᠢᠭᠤᠯᠵᠤ᠂ ᠢᠳᠡᠭᠡᠯᠴᠡᠭᠡ᠎ᠪᠠᠨ ᠨᠡᠮᠡᠭᠳᠡᠬᠦᠯᠦᠨ᠂ ᠪᠦᠯᠬᠦᠮᠳᠡᠯ᠎ᠢ ᠬᠠᠮᠠᠭ᠋ᠠᠯᠠᠵᠤ᠂ ᠶᠡᠭᠡ ᠤᠯᠤᠰ᠎ᠤᠨ ᠤᠳᠤᠷᠢᠳᠤᠭᠴᠢ ᠵᠢᠨ ᠦᠷᠭᠡᠨ ᠬᠠᠷᠠᠭ᠋ᠠᠰᠤ ᠪᠤᠯᠤᠨ ᠬᠠᠷᠢᠭᠤᠴᠠᠯᠭ᠎ᠠ ᠡᠬᠦᠷᠭᠡᠯᠡᠯ᠎ᠢ   ᠬᠠᠷᠠᠭᠤᠯᠪᠠ᠃
      ᠤᠯᠠᠨ ᠳᠡᠯᠡᠳᠤ ᠦᠵᠡᠯ᠎ᠤᠨ ᠬᠠᠮᠳᠤ ᠵᠢᠨ ᠳᠠᠨᠢᠯᠳᠠ ᠵᠢ   ᠴᠢᠩᠭ᠎ᠠ ᠨᠢᠬᠳᠠᠷᠠᠭᠤᠯᠪᠠ᠃ G20 ᠪᠤᠯ ᠤᠯᠠᠨ ᠳᠠᠯ᠎ᠠ ᠵᠢᠨ ᠬᠠᠮᠳᠤᠷᠠᠯᠴᠠᠭ᠎ᠠ ᠵᠢᠨ ᠴᠢᠬᠤᠯᠠ ᠦᠷ᠎ᠡ ᠪᠦᠳᠦᠭᠡᠯ ᠪᠤᠯᠤᠨ ᠢᠯᠡᠷᠡᠯ ᠪᠤᠯᠤᠨ᠎ᠠ᠃ ᠤᠳᠤᠬᠠᠨ᠎ᠳᠤ ᠠᠵᠤ ᠠᠬᠤᠢ ᠵᠢᠨ ᠳᠡᠯᠡᠭᠡᠢ᠌ᠵᠢᠯᠳᠡ ᠪᠠ ᠤᠯᠠᠨ ᠳᠡᠯᠡᠳᠤ ᠦᠵᠡᠯ᠎ᠤᠨ ᠪᠠᠢ᠌ᠭᠤᠯᠤᠮᠵᠢ ᠨᠣᠭᠤᠷᠠᠯ ᠳᠠᠭ᠋ᠠᠷᠢᠯᠳᠠ᠎ᠳᠤ ᠤᠴᠠᠷᠠᠵᠤ ᠪᠠᠢ᠌ᠨ᠎ᠠ᠃ ᠳᠡᠯᠡᠭᠡᠢ ᠵᠢᠨ ᠴᠢᠬᠤᠯᠠ ᠠᠵᠤ ᠠᠬᠤᠢ ᠵᠢᠨ ᠴᠤᠭᠴᠠ ᠵᠢᠨ   ᠵᠤᠬᠢᠴᠠᠭᠤᠯᠭ᠎ᠠ ᠳᠤᠲᠠᠭᠳᠠᠵᠤ  ᠂ ᠤᠯᠠᠨ ᠤᠯᠤᠰ᠎ᠤᠨ ᠬᠠᠮᠳᠤᠷᠠᠯᠴᠠᠭ᠎ᠠ ᠵᠢᠨ ᠬᠦᠳᠡᠯᠭᠡᠬᠦ ᠬᠦᠴᠦᠨ ᠪᠠᠭᠤᠷᠠᠨ᠂ G20 ᠰᠢᠨ᠎ᠠ ᠦᠷᠢᠰᠦᠯᠳᠦᠭᠡᠨ᠎ᠳᠤ ᠳᠤᠯᠭ᠋ᠠᠷᠠᠵᠤ ᠪᠠᠢ᠌ᠨ᠎ᠠ᠃ ᠳᠡᠷᠢᠬᠦᠯᠡᠭᠴᠢ ᠰᠢ ᠵᠢᠨ ᠫᠢᠩ G20 ᠵᠢᠨ ᠬᠦᠭᠵᠢᠯᠳᠡ ᠵᠢᠨ ᠶᠠᠪᠤᠴᠠ ᠵᠢ ᠳ᠋ᠦᠩᠨᠡᠵᠤ᠂ ᠤᠯᠠᠨ ᠳᠡᠯᠡᠳᠤ ᠦᠵᠡᠯ᠂   ᠡᠷᠭᠡ ᠳᠡᠭᠰᠢ᠎ᠪᠠᠷ ᠵᠦᠪᠳᠡᠯᠴᠡᠬᠦ᠂ ᠬᠠᠮᠳᠤᠷᠠᠯᠴᠠᠭ᠎ᠠ ᠬᠢᠵᠤ ᠬᠠᠮᠳᠤᠪᠠᠷ ᠠᠰᠢᠭ ᠬᠦᠷᠳᠡᠬᠦ ᠪᠤᠯ ᠬᠦᠨᠳᠤ ᠨᠤᠴᠢᠳᠠᠢ ᠬᠢᠮᠤᠷᠠᠯ᠎ᠢ ᠠᠷᠭ᠋ᠠᠴᠠᠭ᠋ᠠᠬᠤ ᠠᠷᠭ᠎ᠠ ᠮᠦᠨ ᠭᠡᠵᠤ ᠵᠢᠭ᠋ᠠᠨ ᠭᠠᠷᠭ᠋ᠠᠵᠤ᠂ ᠶᠠᠮᠠᠷ ᠬᠦᠴᠢᠷ ᠪᠡᠷᠭᠡᠰᠢᠶᠠᠯ᠎ᠳᠤ ᠳᠤᠯᠭ᠋ᠠᠷᠠᠭᠰᠠᠨ ᠴᠤ᠌ ᠳᠡᠷᠡ᠂ G20 ᠵᠢᠨ ᠪᠦᠷᠢᠯᠳᠦᠬᠦᠨ ᠪᠦᠯᠬᠦᠮᠳᠡᠨ ᠨᠢᠭᠡᠳᠴᠤ᠂ ᠴᠠᠭ ᠬᠢᠵᠠᠭ᠋ᠠᠷ᠎ᠢ ᠬᠠᠮᠳᠤᠪᠠᠷ ᠳᠤᠭᠤᠯᠤᠨ᠂ ᠬᠠᠮᠳᠤᠪᠠᠷ ᠵᠦᠪᠯᠡᠬᠦ ᠬᠠᠮᠳᠤᠪᠠᠷ ᠪᠠᠢ᠌ᠭᠤᠯᠬᠤ ᠬᠠᠮᠳᠤᠪᠠᠷ ᠡᠳ᠋ᠯᠡᠬᠦ ᠵᠠᠮ᠎ᠢ ᠪᠠᠷᠢᠮᠳᠠᠯᠠᠵᠤ᠂ ᠬᠤᠷᠸ᠎ᠠ ᠳᠦᠷᠦ ᠵᠢᠨ   ᠪᠤᠳᠤᠯᠭ᠎ᠠ ᠵᠢᠨ ᠵᠤᠬᠢᠴᠠᠭᠤᠯᠭ᠎ᠠ ᠪᠤᠯᠤᠨ ᠬᠠᠮᠳᠤᠷᠠᠯᠴᠠᠭ᠎ᠠ᠎ᠪᠠᠨ ᠴᠢᠩᠭ᠋ᠠᠳᠬᠠᠨ᠂ ᠳᠤᠭ ᠳᠡᠮᠳᠡᠭ ᠳᠤᠳᠤᠷᠬᠠᠢ᠎ᠪᠠᠷ ᠤᠯᠠᠨ ᠳᠡᠯᠡᠳᠤ ᠦᠵᠡᠯ᠎ᠤᠨ ᠪᠠᠢ᠌ᠭᠤᠯᠤᠮᠵᠢ ᠵᠢ ᠬᠠᠮᠠᠭ᠋ᠠᠯᠠᠬᠤ ᠭᠡᠷᠡᠭᠳᠡᠢ ᠭᠡᠵᠤ ᠴᠢᠬᠤᠯᠠᠴᠢᠯᠠᠪᠠ᠃ ᠳᠡᠷᠢᠬᠦᠯᠡᠭᠴᠢ ᠰᠢ ᠵᠢᠨ ᠫᠢᠩ ᠪᠠᠰᠠ   ᠦᠷᠬᠦᠯᠵᠢᠯᠡᠭᠰᠡᠨ ᠬᠦᠭᠵᠢᠯᠳᠡ᠂ ᠠᠭᠤᠷ ᠠᠮᠢᠰᠬᠤᠯ᠎ᠤᠨ ᠬᠤᠪᠢᠷᠠᠯᠳᠠ ᠵᠡᠷᠭᠡ ᠳᠦᠷᠦᠬᠦᠴᠦᠳ᠎ᠤᠨ ᠬᠤᠷᠠᠯ᠎ᠤᠨ ᠵᠦᠪᠯᠡᠬᠦ ᠵᠦᠢ᠍ᠯ᠎ᠤᠨ ᠶᠠᠷᠢᠯᠴᠠᠯᠭ᠎ᠠ᠎ᠳᠤ ᠤᠷᠤᠯᠴᠠᠵᠤ᠂ ᠤᠯᠠᠨ ᠤᠯᠤᠰ᠎ᠤᠨ ᠬᠠᠮᠳᠤᠷᠠᠯᠴᠭ᠎ᠠ ᠦᠷᠨᠢᠬᠦᠯᠬᠦ ᠵᠢ ᠢᠳᠡᠪᠬᠢᠳᠡᠢ ᠰᠠᠨᠠᠭ᠋ᠠᠴᠢᠯᠠᠪᠠ᠃ ᠡᠳᠡᠭᠡᠷ ᠵᠤᠷᠢᠯᠳᠡ᠎ᠨᠢ ᠡᠯ᠎ᠡ ᠳᠡᠯ᠎ᠡ ᠵᠢᠨ᠎ᠬᠢᠨ᠎ᠤ ᠭᠠᠷ ᠬᠤᠯᠪᠤᠨ ᠬᠠᠮᠳᠤ᠎ᠪᠠᠷ   ᠤᠷᠤᠭᠰᠢᠯᠠᠬᠤ᠂ ᠬᠠᠳᠠᠭᠤ ᠪᠡᠷᠭᠡᠰᠢᠶᠡᠯ᠎ᠢ ᠬᠠᠮᠳᠤ᠎ᠪᠠᠷ ᠳᠤᠭᠤᠯᠬᠤ ᠬᠦᠰᠡᠯ ᠵᠤᠷᠢᠯᠳᠠ ᠵᠢ ᠬᠠᠮᠤᠭ ᠎ᠤᠨ ᠶᠡᠭᠡ   ᠭᠡᠮᠵᠢᠶ᠎ᠡ᠎ᠪᠠᠷ ᠨᠢᠬᠳᠠᠷᠠᠭᠤᠯᠵᠤ᠂ G20 ᠵᠢᠨ ᠳᠡᠯᠡᠭᠡᠢ ᠵᠢᠨ ᠠᠵᠤ ᠠᠬᠤᠢ ᠵᠢᠨ ᠬᠠᠮᠳᠤᠷᠠᠯᠴᠠᠭ᠋ᠠᠨ᠎ᠤ ᠭᠤᠤᠯ ᠶᠠᠷᠢᠶᠠᠨ᠎ᠤ ᠳᠠᠪᠴᠠᠩ ᠪᠤᠯᠬᠤ ᠪᠠᠢ᠌ᠷᠢ ᠰᠠᠭᠤᠷᠢ ᠵᠢ ᠪᠡᠬᠢᠵᠢᠬᠦᠯᠦᠨ᠂ ᠡᠯ᠎ᠡ ᠳᠡᠯ᠎ᠡ ᠵᠢᠨ᠎ᠬᠢᠨ᠎ᠤ ᠳᠡᠯᠡᠭᠡᠢ ᠵᠢᠨ ᠠᠵᠤ ᠠᠬᠤᠢ ᠵᠢᠨ ᠳᠤᠭᠳᠠᠭᠤᠨ ᠬᠦᠭᠵᠢᠯᠳᠡ ᠵᠢᠨ ᠳᠤᠬᠠᠢ ᠢᠳᠡᠭᠡᠯ᠎ᠢ ᠬᠦᠪᠴᠢᠯᠡᠭᠰᠡᠨ ᠪᠠᠢ᠌ᠨ᠎ᠠ᠃
      ᠪᠦᠬᠦ ᠪᠦᠮᠪᠦᠷᠴᠡᠭ᠎ᠤᠨ ᠵᠠᠰᠠᠯᠳᠠ ᠵᠢᠨ ᠴᠢᠬᠤᠯᠠ ᠵᠢᠷᠤᠮᠯᠠᠯ᠎ᠢ ᠳᠤᠳᠤᠷᠬᠠᠢ᠌ᠯᠠᠨ ᠦᠬᠦᠯᠡᠪᠡ᠃ ᠤᠳᠤᠬᠠᠨ᠎ᠳᠤ ᠳᠡᠯᠡᠭᠡᠢ ᠨᠡᠢ᠌ᠲᠡ ᠎ᠪᠠᠷ   ᠳᠡᠯᠡᠭᠡᠢ ᠵᠢᠨ ᠠᠵᠤ ᠠᠬᠤᠢ ᠵᠢᠨ ᠤᠷᠤᠭᠰᠢᠯᠠᠯᠳᠠ ᠵᠢᠨ ᠳᠤᠨᠤᠯᠵᠢᠨ ᠵᠠᠮ ᠳᠡᠭᠡᠷ᠎ᠠ ᠵᠤᠭᠰᠤᠨ᠂ ᠵᠦᠷᠢᠯᠳᠦᠭᠡᠨ᠎ᠲᠠᠢ ᠳᠦᠭᠡᠷᠢᠭᠳᠡᠯ᠎ᠲᠠᠢ ᠪᠤᠯᠵᠤ᠂ ᠴᠢᠭᠯᠡᠯ ᠵᠶ᠋ᠡᠨ ᠤᠯᠬᠤ ᠦᠭᠡᠢ ᠪᠤᠯᠤᠭ᠋ᠠᠳ ᠪᠠᠢ᠌ᠨ᠎ᠠ᠃ ᠳᠡᠷᠢᠬᠦᠯᠡᠭᠴᠢ ᠰᠢ ᠵᠢᠨ ᠫᠢᠩ ᠴᠠᠭ᠎ᠢ ᠦᠵᠡᠨ ᠪᠠᠢ᠌ᠳᠠᠯ᠎ᠢ ᠰᠢᠨᠵᠢᠵᠤ᠂ ᠦᠨᠳᠦᠷ᠎ᠲᠤ ᠵᠤᠭᠰᠤᠨ ᠠᠯᠤᠰ᠎ᠢ ᠪᠠᠷᠠᠯᠠᠵᠤ᠂ G20 ᠵᠢᠨ ᠤᠳᠤᠷᠢᠳᠬᠤ ᠬᠦᠮᠦᠰ᠎ᠢ ᠬᠦᠭᠵᠢᠯᠳᠡ ᠵᠢᠨ ᠶᠡᠭᠡ ᠬᠠᠨᠳᠤᠰᠢ ᠵᠢ᠎ᠲᠠᠭᠠᠨ᠂ ᠠᠵᠤ ᠠᠬᠤᠢ ᠵᠢᠨ ᠵᠢᠮ᠎ᠡ ᠶᠤᠰᠤ ᠵᠢ ᠡᠵᠡᠮᠰᠢᠵᠤ᠂ ᠵᠦᠪ ᠴᠢᠭᠯᠡᠯ᠎ᠢ ᠪᠠᠷᠢᠮᠳᠠᠯᠠᠨ᠂ ᠳᠡᠯᠡᠭᠡᠢ ᠵᠢᠨ ᠠᠵᠤ ᠠᠬᠤᠢ ᠵᠢᠨ ᠡᠬᠦᠯᠡ ᠮᠠᠨᠠᠨ᠎ᠢ ᠠᠷᠢᠯᠭ᠋ᠠᠵᠠᠭ᠋ᠠᠶ᠎ᠠ ᠭᠡᠵᠤ ᠤᠷᠢᠶᠡᠯᠡᠪᠡ᠃ ᠳᠡᠷᠢᠬᠦᠯᠡᠭᠴᠢ ᠰᠢ ᠵᠢᠨ ᠫᠢᠩ ᠪᠦᠬᠦ ᠪᠦᠮᠪᠦᠷᠴᠡᠭ᠎ᠤᠨ ᠠᠵᠤ ᠠᠬᠤᠢ ᠵᠢᠨ ᠵᠠᠰᠠᠯᠳᠠ ᠵᠢᠨ ᠳᠤᠬᠠᠢ ᠳᠦᠷᠪᠡᠨ ᠪᠠᠷᠢᠮᠳᠠᠯᠠᠯ ᠳᠤᠷᠠᠳᠪᠠ᠄   ᠨᠢᠭᠡ᠎ᠳᠤ᠂ ᠨᠡᠭᠡᠭᠡᠯᠳᠡ ᠬᠢᠵᠤ ᠬᠠᠮᠳᠤᠷᠠᠯᠴᠠᠬᠤ ᠵᠢ ᠪᠠᠷᠢᠮᠳᠠᠯᠠᠵᠤ᠂ ᠨᠡᠭᠡᠭᠡᠯᠳᠡᠳᠤ ᠮᠠᠶᠢᠭ᠎ᠤᠨ ᠳᠡᠯᠡᠭᠡᠢ ᠵᠢᠨ ᠠᠵᠤ ᠠᠬᠤᠢ ᠵᠢ ᠬᠠᠮᠳᠤ᠎ᠪᠠᠷ ᠬᠠᠮᠠᠭ᠋ᠠᠯᠠᠬᠤ ᠪᠠ ᠪᠠᠢ᠌ᠭᠤᠯᠬᠤ   ᠭᠡᠷᠡᠭᠳᠡᠢ; ᠬᠤᠶᠠᠷ᠎ᠲᠤ᠂ ᠬᠠᠨᠢᠳᠠᠨ᠎ᠤ ᠵᠤᠷᠢᠭ ᠰᠠᠨᠠᠭ᠎ᠠ ᠵᠢ ᠪᠠᠷᠢᠮᠳᠠᠯᠠᠵᠤ᠂ ᠭᠤᠤᠯ ᠠᠵᠤ ᠠᠬᠤᠢ ᠵᠢᠨ ᠴᠤᠭᠴᠠ᠂ ᠬᠤᠷᠸ᠎ᠠ ᠠᠵᠤ ᠠᠬᠤᠢ ᠵᠢᠨ ᠳᠦᠷᠦ ᠵᠢᠨ   ᠪᠤᠳᠤᠯᠭ᠎ᠠ ᠵᠢᠨ ᠨᠠᠵᠠᠭ᠋ᠠᠢ ᠦᠢ᠍ᠯᠡᠳᠤᠯ ᠎ᠢ   ᠪᠠᠭ᠋ᠠᠰᠬᠠᠬᠤ ᠭᠡᠷᠡᠭᠳᠡᠢ; ᠭᠤᠷᠪᠠ᠎ᠳᠤ᠂ ᠰᠢᠨᠡᠴᠢᠯᠡᠯᠲᠡ ᠬᠢᠵᠤ   ᠬᠦᠳᠦᠯᠦᠨ ᠳᠠᠭ᠋ᠠᠭᠤᠯᠬᠤ ᠵᠢ ᠪᠠᠷᠢᠮᠳᠠᠯᠠᠵᠤ᠂ ᠰᠢᠨ᠎ᠠ ᠮᠡᠷᠭᠡᠵᠢᠯ᠎ᠤᠨ ᠭᠡᠷᠡᠭᠯᠡᠭᠡ   ᠵᠢᠴᠢ ᠳᠡᠬᠦᠨ᠎ᠤ ᠨᠦᠯᠦᠭᠡ ᠵᠢ ᠬᠦᠨᠵᠡᠭᠡᠢ ᠰᠤᠳᠤᠯᠬᠤ ᠭᠡᠷᠡᠭᠳᠡᠢ;   ᠳᠦᠷᠪᠡ᠎ᠳᠤ᠂ ᠨᠡᠢ᠌ᠳᠡᠮ ᠬᠠᠷᠠᠭ᠋ᠠᠯᠵᠠᠵᠤ ᠬᠠᠮᠳᠤᠪᠠᠷ ᠠᠰᠢᠭ ᠬᠦᠷᠳᠡᠬᠦ ᠵᠢ ᠪᠠᠷᠢᠮᠳᠠᠯᠠᠵᠤ᠂ ᠬᠦᠭᠵᠢᠯᠳᠡ ᠵᠢᠨ ᠠᠰᠠᠭᠤᠳᠠᠯ᠎ᠢ ᠦᠷᠬᠦᠯᠵᠢᠯᠡᠨ ᠳᠤᠪᠤᠢ᠌ᠮ᠎ᠠ ᠪᠠᠢ᠌ᠷᠢᠨ᠎ᠳᠤ   ᠳᠠᠯᠪᠢᠬᠤ ᠭᠡᠷᠡᠭᠳᠡᠢ ᠭᠡᠪᠡ᠃   ᠡᠳᠡᠭᠡᠷ ᠰᠠᠨᠠᠭ᠋ᠠᠴᠢᠯᠠᠭ᠎ᠠ᠎ᠨᠢ ᠳᠡᠷᠢᠬᠦᠯᠡᠭᠴᠢ ᠰᠢ ᠵᠢᠨ ᠫᠢᠩ᠎ᠤᠨ ᠣᠢ᠌ᠷ᠎ᠡ ᠵᠢᠨ ᠵᠢᠯ᠎ᠤᠳ᠎ᠲᠤ ᠳᠡᠯᠡᠭᠡᠢ ᠵᠢᠨ ᠳᠠᠪᠴᠠᠩ ᠳᠡᠭᠡᠷ᠎ᠠ ᠳᠠᠯᠪᠢᠬᠰᠠᠨ ᠰᠢᠷᠢᠰ ᠶᠠᠷᠢᠶᠠᠨ᠎ᠤ ᠵᠤᠷᠢᠭ ᠰᠠᠨᠠᠭ᠋ᠠᠨ᠎ᠤ ᠦᠷᠬᠦᠯᠵᠢᠯᠡᠯ ᠪᠡᠢ᠌ᠵᠤ᠂ ᠪᠠᠢ᠌ᠳᠠᠯ᠎ᠤᠨ ᠬᠤᠪᠢᠷᠠᠯᠳᠠ ᠵᠢ ᠴᠢᠩᠭ᠎ᠠ ᠠᠳᠬᠤᠨ᠂ ᠴᠠᠭ ᠦᠶ᠎ᠡ ᠵᠢᠨ ᠠᠰᠠᠭᠤᠯᠳᠠ᠎ᠳᠤ ᠬᠠᠷᠢᠭᠤᠯᠳᠠ ᠦᠭᠴᠤ᠂ ᠳᠡᠯᠡᠭᠡᠢ ᠵᠢᠨ ᠠᠵᠤ ᠠᠬᠤᠢ ᠵᠢᠨ ᠬᠦᠴᠦᠳᠡᠢ᠂ ᠦᠷᠬᠦᠯᠵᠢᠯᠡᠭᠰᠡᠨ᠂   ᠳᠡᠩᠴᠡᠬᠦᠷᠢᠳᠡᠢ᠂   ᠪᠠᠭᠳᠠᠭ᠋ᠠᠮᠵᠢᠳᠠᠢ ᠬᠦᠭᠵᠢᠯᠳᠡ ᠵᠢ ᠠᠬᠢᠭᠤᠯᠬᠤ᠎ᠳᠤ   ᠠᠰᠢᠭ᠎ᠲᠠᠢ ᠶᠤᠮ᠃
      ᠤᠯᠠᠨ ᠤᠯᠤᠰ᠎ᠤᠨ ᠠᠷᠠᠯᠵᠢᠶᠠᠨ᠎ᠤ ᠵᠦᠪ ᠤᠨᠤᠪᠴᠢᠳᠠᠢ ᠵᠦᠭᠯᠡᠬᠦᠷ᠎ᠢ ᠳᠤᠷᠠᠳᠪᠠ᠃ G20 ᠎ᠨᠢ ᠤᠯᠠᠨ ᠤᠯᠤᠰ᠎ᠤᠨ ᠠᠷᠠᠯᠵᠢᠶᠠᠨ᠎ᠤ ᠡᠷᠡᠬᠦᠯ ᠬᠦᠭᠵᠢᠯᠳᠡ ᠵᠢ ᠠᠬᠢᠭᠤᠯᠬᠤ ᠳᠠᠯ᠎ᠠ᠎ᠪᠠᠷ ᠵᠠᠢ᠌ᠯᠠᠭᠤᠯᠵᠤ ᠪᠤᠯᠤᠰᠢ ᠦᠭᠡᠢ ᠬᠠᠷᠢᠭᠤᠴᠠᠯᠭ᠎ᠠ᠎ᠲᠠᠢ ᠶᠤᠮ᠃ ᠳᠡᠷᠢᠬᠦᠯᠡᠭᠴᠢ ᠰᠢ ᠵᠢᠨ ᠫᠢᠩ ᠳᠦᠷᠦᠬᠦᠴᠤᠳ᠎ᠤᠨ ᠬᠤᠷᠠᠯ᠎ᠤᠨ ᠬᠤᠯᠪᠤᠭᠳᠠᠯ ᠪᠦᠬᠦᠢ ᠠᠷᠠᠯᠵᠢᠶᠠᠨ᠎ᠤ ᠵᠦᠪᠯᠡᠬᠦ ᠰᠡᠳᠤᠪ᠎ᠢ ᠶᠠᠷᠢᠯᠴᠠᠬᠤ ᠦᠶᠡᠰ ᠭᠤᠷᠪᠠᠨ ᠤᠳᠤᠷᠢᠳᠤᠮᠵᠢ ᠵᠢ ᠪᠠᠷᠢᠮᠳᠠᠯᠠᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠄   ᠨᠢᠭᠡ᠎ᠳᠤ᠂ ᠨᠡᠭᠡᠭᠡᠯᠳᠡ ᠵᠢᠨ ᠤᠳᠤᠷᠢᠳᠤᠮᠵᠢ ᠪᠤᠯᠤᠨ᠎ᠠ᠂ ᠬᠠᠷᠢᠯᠴᠠᠨ ᠨᠦᠬᠦᠪᠤᠷᠢᠯᠡᠵᠤ᠂ ᠳᠠᠪᠠᠭᠤᠯᠢᠭ ᠵᠶ᠋ᠡᠨ ᠬᠠᠷᠢᠯᠴᠠᠨ ᠨᠦᠬᠦᠪᠤᠷᠢᠯᠡᠬᠦ ᠳᠤᠮᠳᠠ ᠬᠠᠮᠳᠤᠷᠠᠯᠴᠠᠵᠤ ᠬᠠᠷᠢᠯᠴᠠᠨ ᠠᠰᠢᠭ ᠬᠦᠷᠳᠡᠬᠦ ᠵᠢ ᠪᠠᠶᠠᠯᠠᠬᠦᠯᠦᠨ᠎ᠠ; ᠬᠤᠶᠠᠷ᠎ᠲᠤ᠂ ᠪᠠᠭᠳᠠᠭ᠋ᠠᠮᠵᠢᠳᠤ ᠤᠳᠤᠷᠢᠳᠤᠮᠵᠢ ᠪᠤᠯᠤᠨ᠎ᠠ᠂ ᠠᠵᠤ ᠠᠬᠤᠢ ᠵᠢᠨ ᠳᠡᠯᠡᠭᠡᠢ᠌ᠵᠢᠯᠳᠡ᠎ᠪᠠᠷ ᠡᠯ᠎ᠡ ᠤᠯᠤᠰ᠂   ᠡᠯ᠎ᠡ ᠳᠠᠪᠬᠤᠷᠭ᠎ᠠ ᠵᠢᠨ ᠠᠷᠠᠳ ᠳᠦᠮᠡᠨ᠎ᠳᠤ ᠨᠡᠩ ᠰᠠᠢ᠌ᠨ ᠵᠶ᠋ᠡᠷ ᠠᠰᠢᠭ ᠬᠦᠷᠳᠡᠭᠡᠨ᠎ᠠ; ᠭᠤᠷᠪᠠ᠎ᠳᠤ᠂   ᠳᠦᠷᠢᠮ᠎ᠤᠨ ᠤᠳᠤᠷᠢᠳᠤᠮᠵᠢ ᠪᠤᠯᠤᠨ᠎ᠠ᠂ ᠤᠯᠠᠨ ᠤᠯᠤᠰ᠎ᠤᠨ ᠠᠷᠠᠯᠵᠢᠶᠠᠨ᠎ᠤ ᠡᠷᠡᠬᠦᠯ ᠬᠦᠭᠵᠢᠯᠳᠡ ᠎ᠳᠤ ᠳᠤᠭᠳᠠᠭᠤᠨ᠂   ᠵᠢᠱ᠌ᠢᠵᠤ ᠪᠤᠯᠬᠤᠢ᠌ᠴᠠ ᠵᠢᠷᠤᠮ ᠎ᠤᠨ ᠪᠠ ᠳᠦᠷᠢᠮ᠎ᠤᠨ ᠤᠷᠴᠢᠨ᠎ᠢ ᠬᠠᠩᠭ᠋ᠠᠨ᠎ᠠ᠃ ᠳᠡᠯᠡᠭᠡᠢ ᠵᠢᠨ ᠠᠷᠠᠯᠵᠢᠶᠠᠨ᠎ᠤ ᠵᠤᠬᠢᠶᠠᠨ ᠪᠠᠢ᠌ᠭᠤᠯᠤᠯᠳᠠ ᠵᠢᠨ ᠦᠭᠡᠷᠡᠴᠢᠯᠡᠯᠳᠡ ᠵᠢᠨ ᠠᠰᠠᠭᠤᠳᠠᠯ ᠬᠦᠮᠦᠰ᠎ᠤᠨ ᠠᠩᠬᠠᠷᠤᠯ᠎ᠢ   ᠳᠠᠳᠠᠵᠤ ᠪᠤᠢ᠃ ᠳᠡᠷᠢᠬᠦᠯᠡᠭᠴᠢ ᠰᠢ ᠵᠢᠨ ᠫᠢᠩ ᠳᠤᠮᠳᠠᠳᠤ ᠤᠯᠤᠰ ᠳᠡᠯᠡᠭᠡᠢ ᠵᠢᠨ ᠠᠷᠠᠯᠵᠢᠶᠠᠨ᠎ᠤ ᠵᠤᠬᠢᠶᠠᠨ ᠪᠠᠢ᠌ᠭᠤᠯᠤᠯᠳᠠ ᠵᠢᠨ ᠴᠢᠬᠤᠯᠠ ᠪᠦᠬᠦᠢ ᠦᠭᠡᠷᠡᠴᠢᠯᠡᠯᠳᠡ ᠬᠢᠬᠦ ᠵᠢ ᠳᠡᠮᠵᠢᠵᠤ᠂ ᠨᠡᠭᠡᠭᠡᠯᠳᠡᠳᠡᠢ᠂ ᠪᠠᠬᠳᠠᠭ᠋ᠠᠮᠵᠢᠳᠠᠢ᠂ ᠦᠯᠦ ᠭᠠᠳᠠᠭᠤᠷᠴᠢᠯᠠᠬᠤ ᠵᠡᠷᠭᠡ ᠳᠡᠯᠡᠭᠡᠢ ᠵᠢᠨ ᠠᠷᠠᠯᠵᠢᠶᠠᠨ᠎ᠤ ᠵᠤᠬᠢᠶᠠᠨ ᠪᠠᠢ᠌ᠭᠤᠯᠤᠯᠳᠠ ᠵᠢᠨ ᠭᠤᠤᠯᠯᠠᠭᠴᠢ ᠦᠷᠳᠡᠭ᠎ᠤᠨ ᠦᠵᠡᠯᠳᠡ ᠪᠡ ᠦᠨᠳᠦᠰᠤᠨ ᠵᠠᠷᠴᠢᠮ᠎ᠢ ᠬᠠᠮᠠᠭ᠋ᠠᠯᠠᠵᠤ᠂ ᠬᠦᠭᠵᠢᠵᠤ ᠪᠠᠢ᠌ᠭ᠎ᠠ ᠤᠯᠤᠰ᠎ᠤᠳ᠎ᠤᠨ ᠬᠦᠭᠵᠢᠯᠳᠡ ᠵᠢᠨ ᠠᠰᠢᠭ ᠳᠤᠰᠠ ᠪᠠ ᠳᠦᠷᠦ ᠵᠢᠨ ᠪᠤᠳᠤᠯᠭ᠎ᠠ ᠵᠢᠨ ᠤᠷᠤᠨ ᠵᠠᠢ ᠵᠢ ᠪᠠᠳᠤᠯᠠᠨ᠎ᠠ ᠭᠡᠵᠤ ᠴᠢᠬᠤᠯᠠᠴᠢᠯᠠᠪᠠ᠃ ᠳᠡᠷᠢᠬᠦᠯᠡᠭᠴᠢ ᠰᠢ ᠵᠢᠨ ᠫᠢᠩ᠎ᠤᠨ ᠳᠠᠢ᠌ᠯᠪᠤᠷᠢᠯᠠᠬᠰᠠᠨ ᠳᠦᠷᠦ ᠵᠢᠨ ᠪᠤᠳᠤᠯᠭ᠎ᠠ ᠵᠢᠨ ᠤᠢ᠌ᠯᠠᠭ᠋ᠠᠭᠳᠠᠬᠤᠨ᠎ᠨᠢ ᠬᠦᠭᠵᠢᠵᠤ ᠪᠠᠢ᠌ᠭ᠎ᠠ   ᠳᠤᠮᠤ ᠤᠯᠤᠰ᠎ᠤᠨ ᠪᠠᠢ᠌ᠷᠢ ᠵᠢ ᠳᠤᠭᠳᠠᠭ᠋ᠠᠵᠤ᠂ ᠳᠡᠯᠡᠭᠡᠢ ᠵᠢᠨ ᠡᠯ᠎ᠡ ᠤᠯᠤᠰ᠎ᠤᠨ ᠬᠠᠮᠳᠤ ᠵᠢᠨ ᠠᠰᠢᠭ ᠳᠤᠰᠠ ᠪᠤᠯᠤᠨ ᠵᠤᠯ ᠵᠢᠷᠭ᠋ᠠᠯ᠎ᠢ ᠬᠠᠮᠳᠤ᠎ᠳᠤ᠎ᠨᠢ ᠬᠠᠷᠠᠭ᠋ᠠᠯᠵᠠᠨ᠂ ᠤᠯᠠᠨ ᠤᠯᠤᠰ᠎ᠤᠨ ᠠᠷᠠᠯᠵᠢᠶᠠᠨ᠎ᠤ ᠠᠰᠢᠭᠳᠠᠢ ᠤᠷᠴᠢᠨ ᠳᠤᠭᠤᠷᠢᠨ᠎ᠢ ᠪᠤᠢ ᠪᠤᠯᠭ᠋ᠠᠬᠤ᠎ᠳᠤ ᠠᠵᠢᠯᠯᠠᠭ᠋ᠠᠨ᠎ᠤ ᠵᠦᠭᠯᠡᠬᠦᠷ ᠬᠠᠩᠭ᠋ᠠᠪᠠ᠃
      ᠳᠡᠷᠢᠬᠦᠯᠡᠭᠴᠢ ᠰᠢ ᠵᠢᠨ ᠫᠢᠩ᠂   ᠶᠡᠭᠡ ᠤᠯᠤᠰ᠎ᠤᠨ ᠢᠳᠡᠭᠡᠯᠴᠡᠭᠡ ᠪᠤᠯ G20 ᠵᠢᠨ ᠬᠠᠮᠤᠭ᠎ᠤᠨ ᠡᠷᠬᠢᠮ ᠨᠡᠨᠳᠢᠨ ᠦᠪ ᠬᠦᠷᠦᠩᠭᠡ ᠮᠦᠨ᠂ ᠢᠳᠡᠭᠡᠯᠴᠡᠭᠡ᠎ᠪᠠᠷ ᠦᠷᠳᠡᠭ᠎ᠢ ᠪᠠᠳᠤᠯᠠᠵᠤ ᠦᠷᠳᠡᠭ᠎ᠢ ᠨᠡᠮᠡᠭᠳᠡᠭᠦᠯᠤᠨ   ᠨᠦᠭᠡᠴᠡᠯᠡᠬᠦ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃ ᠳᠡᠷᠢᠬᠦᠯᠡᠭᠴᠢ ᠰᠢ ᠵᠢᠨ ᠫᠢᠩ ᠬᠤᠷᠠᠯ᠎ᠳᠤ ᠤᠷᠤᠯᠴᠠᠭᠰᠠᠨ ᠡᠯ᠎ᠡ ᠳᠡᠯ᠎ᠡ ᠵᠢᠨ ᠤᠳᠤᠷᠢᠳᠬᠤ ᠬᠦᠮᠦᠰ᠎ᠯᠦᠭᠡ ᠤᠯᠠᠨ ᠤᠳᠠᠭ᠎ᠠ ᠠᠭᠤᠯᠵᠠᠯᠳᠠ ᠬᠢᠵᠤ᠂ ᠬᠠᠮᠳᠤᠷᠠᠯᠴᠠᠭ᠎ᠠ ᠵᠢ ᠠᠬᠢᠭᠤᠯᠤᠨ᠂ ᠠᠰᠠᠭᠤᠳᠠᠯ᠎ᠢ ᠰᠢᠢ᠍ᠳᠪᠤᠷᠢᠯᠡᠵᠤ᠂ ᠳᠤᠮᠳᠠᠳᠤ ᠤᠯᠤᠰ ᠪᠤᠯᠤᠨ ᠬᠤᠯᠪᠤᠭᠳᠠᠯ ᠪᠦᠬᠦᠢ ᠤᠯᠤᠰ᠎ᠤᠳ᠎ᠤᠨ ᠬᠠᠷᠢᠯᠴᠠᠭ᠎ᠠ ᠵᠢᠨ ᠡᠷᠡᠬᠦᠯ ᠪᠦᠭᠡᠳ ᠳᠤᠭᠳᠠᠭᠤᠨ ᠵᠶ᠋ᠡᠷ ᠬᠦᠭᠵᠢᠬᠦ ᠵᠢ ᠠᠬᠢᠭᠤᠯᠪᠠ᠃
      ᠳᠡᠷᠢᠬᠦᠯᠡᠭᠴᠢ ᠰᠢ ᠵᠢᠨ ᠫᠢᠩ ᠣᠷᠢᠯᠭ᠎ᠠ᠎ᠪᠠᠷ ᠠᠮᠸᠷᠢᠺᠠ ᠵᠢᠨ ᠶᠡᠷᠦᠩᠭᠡᠢ᠌ᠯᠡᠭᠴᠢ ᠲᠸᠷᠡᠮᠫᠦ᠋᠎ᠲᠠᠢ ᠠᠭᠤᠯᠵᠠᠨ᠂   ᠨᠦᠬᠦᠷᠰᠡᠭ ᠠᠭᠤᠷ ᠠᠠᠮᠢᠰᠬᠤᠯ᠎ᠤᠨ ᠳᠤᠮᠳᠠ ᠰᠠᠨᠠᠯ ᠵᠶ᠋ᠡᠨ ᠬᠦᠨᠵᠡᠭᠡᠢ ᠰᠤᠯᠢᠯᠴᠠᠵᠤ᠂ ᠳᠤᠮᠳᠠᠳᠤ ᠠᠮᠸᠷᠢᠺᠠ ᠵᠢᠨ ᠬᠤᠭᠤᠷᠤᠨᠳᠤ ᠤᠷᠤᠰᠢᠵᠤ ᠪᠠᠢ᠌ᠭ᠎ᠠ ᠠᠰᠠᠭᠤᠳᠠᠯ᠎ᠢ ᠵᠤᠬᠢᠰᠳᠠᠢ ᠰᠢᠢ᠍ᠳᠪᠤᠷᠢᠯᠡᠨ᠂ ᠳᠤᠮᠳᠠᠳᠤ ᠠᠮᠸᠷᠢᠺᠠ ᠵᠢᠨ ᠬᠠᠷᠢᠴᠠᠭ᠎ᠠ ᠵᠢ ᠬᠦᠭᠵᠢᠭᠦᠯᠬᠦ ᠳᠦᠯᠦᠪᠯᠡᠭᠡ᠂ ᠴᠢᠭᠯᠡᠯ ᠵᠶ᠋ᠠᠨ ᠳᠣᠭᠲᠠᠭ᠋ᠠᠪᠠ ᠃ ᠬᠤᠶᠠᠷ ᠳᠠᠯ᠎ᠠ᠎ᠪᠠᠷ ᠵᠶ᠋ᠡᠨ ᠵᠤᠬᠢᠴᠠᠭᠤᠯᠭ᠎ᠠ᠂ ᠬᠠᠮᠳᠤᠷᠠᠯᠴᠠᠭ᠎ᠠ᠂ ᠳᠤᠭᠳᠠᠭᠤᠨ ᠵᠶ᠋ᠡᠷ ᠦᠨᠳᠤᠰᠤᠨ ᠠᠶᠠᠰ ᠪᠤᠯᠭ᠋ᠠᠭᠰᠠᠨ ᠳᠤᠮᠳᠠᠳᠤ ᠠᠮᠸᠷᠢᠺᠠ ᠵᠢᠨ ᠬᠠᠷᠢᠯᠴᠠᠭ᠎ᠠ ᠵᠢ ᠬᠠᠮᠳᠤ᠎ᠪᠠᠷ ᠠᠬᠢᠭᠤᠯᠵᠤ᠂ ᠬᠤᠶᠠᠷ ᠤᠯᠤᠰ᠎ᠤᠨ ᠡᠯ᠎ᠡ ᠬᠦᠷᠢᠶᠡᠨ ᠴᠠᠷᠠᠭ᠋ᠠᠨ᠎ᠳᠠᠬᠢ ᠰᠤᠯᠢᠯᠴᠠᠭ᠎ᠠ ᠬᠠᠮᠳᠤᠷᠠᠯᠴᠠᠭ᠎ᠠ ᠨᠡᠩ   ᠶᠡᠬᠡ ᠦᠷ᠎ᠡ ᠪᠦᠳᠦᠭᠡᠯ᠎ᠲᠠᠢ ᠪᠣᠯᠬᠤ ᠵᠢ ᠠᠬᠢᠭᠤᠯᠤᠨ᠎ᠠ ᠭᠡᠵᠡᠢ  ᠃ ᠠᠮᠸᠷᠢᠺᠠ ᠵᠢᠨ᠎ᠬᠢᠨ   ᠨᠢᠭᠡ ᠳᠤᠮᠳᠠᠳᠤ ᠤᠯᠤᠰ᠎ᠤᠨ ᠳᠦᠷᠦ ᠵᠢᠨ ᠪᠤᠳᠤᠯᠭ᠎ᠠ ᠵᠢ ᠪᠠᠷᠢᠮᠳᠠᠯᠠᠬᠤ ᠵᠢ ᠳᠠᠬᠢᠨᠳᠠ ᠴᠢᠬᠤᠯᠠᠴᠢᠯᠠᠪᠠ᠃ ᠬᠤᠶᠠᠷ ᠳᠠᠯ᠎ᠠ ᠵᠢᠨ ᠠᠵᠤ ᠠᠬᠤᠢ ᠠᠷᠠᠯᠵᠢᠶᠠᠨ᠎ᠤ ᠳᠤᠬᠠᠢ ᠶᠠᠷᠢᠯᠴᠠᠭ᠎ᠠ ᠳᠦᠢ᠍ᠯ᠎ᠤᠨ ᠢᠳᠡᠪᠬᠢᠳᠡᠢ᠂ ᠪᠦᠳᠦᠭᠡᠯᠴᠢ ᠴᠢᠨᠠᠷ᠎ᠲᠠᠢ ᠪᠤᠯᠵᠤ᠂ ᠵᠠᠷᠴᠢᠮ᠎ᠤᠨ ᠳᠠᠯ᠎ᠠ᠎ᠪᠠᠷ ᠬᠠᠮᠳᠤ ᠵᠢᠨ ᠳᠠᠨᠢᠯᠳᠠ᠎ᠲᠠᠢ ᠪᠤᠯᠪᠠ᠃ ᠨᠢᠭᠡ᠎ᠳᠤ᠂ ᠠᠵᠤ ᠠᠬᠤᠢ ᠠᠷᠠᠯᠵᠢᠶᠠᠨ᠎ᠤ ᠮᠦᠷᠬᠦᠯᠳᠦᠭᠡᠨ᠎ᠤ ᠤᠯᠠᠮ ᠴᠢᠨᠠᠭᠰᠢᠳᠠ ᠦᠷᠭᠡᠳᠬᠦ ᠵᠢ ᠪᠦᠳᠦᠮᠵᠢᠳᠡᠢ ᠬᠤᠷᠢᠭᠯᠠᠪᠠ;   ᠬᠤᠶᠠᠷ᠎ᠲᠤ᠂ ᠶᠠᠷᠢᠯᠴᠠᠭ᠎ᠠ ᠵᠦᠪᠳᠡᠯᠴᠡᠭᠡ᠎ᠪᠠᠷ ᠠᠰᠠᠭᠤᠳᠠᠯ᠎ᠢ ᠰᠢᠢ᠍ᠳᠪᠤᠷᠢᠯᠡᠬᠦ ᠵᠠᠮ ᠵᠶ᠋ᠡᠷ ᠳᠠᠬᠢᠨ ᠵᠠᠮᠨᠠᠪᠠ; ᠭᠤᠷᠪᠠ᠎ᠳᠤ᠂ ᠬᠠᠮᠳᠤᠷᠠᠯᠴᠠᠵᠤ ᠬᠠᠮᠳᠤ᠎ᠪᠠᠷ ᠠᠰᠢᠭ ᠬᠦᠷᠳᠡᠬᠦ ᠬᠠᠮᠳᠤ ᠵᠢᠨ ᠬᠠᠷᠠᠯᠳᠠ ᠵᠢ ᠪᠤᠢ ᠪᠤᠯᠭ᠋ᠠᠪᠠ  ; ᠳᠦᠷᠪᠡ᠎ᠳᠤ᠂ ᠪᠦᠬᠦ ᠪᠦᠮᠪᠦᠷᠴᠡᠭ᠎ᠤᠨ ᠠᠷᠠᠯᠵᠢᠶ᠎ᠠ ᠪᠤᠯᠤᠨ ᠳᠡᠯᠡᠭᠡᠢ ᠵᠢᠨ ᠠᠵᠤ ᠠᠬᠤᠢ᠎ᠳᠤ ᠳᠦᠢ᠍ᠯ᠎ᠤᠨ ᠴᠢᠬᠤᠯᠠ ᠠᠴᠢ ᠳᠤᠰᠠ ᠦᠵᠡᠬᠦᠯᠪᠡ᠃   ᠡᠳᠡᠭᠡᠷ᠎ᠨᠢ ᠳᠤᠮᠳᠠᠳᠤ ᠤᠯᠤᠰ᠎ᠤᠨ ᠵᠦᠢ ᠶᠤᠰᠤᠨ᠎ᠤ ᠠᠰᠢᠭ ᠳᠤᠰᠠ ᠵᠢ ᠬᠠᠮᠠᠭ᠋ᠠᠯᠠᠬᠤ᠎ᠳᠤ ᠠᠰᠢᠭᠳᠠᠢ ᠪᠦᠭᠡᠳ ᠪᠠᠰᠠ ᠠᠮᠸᠷᠢᠺᠠ ᠵᠢᠨ ᠠᠰᠢᠭ ᠳᠤᠰᠠ᠎ᠲᠠᠢ ᠨᠡᠢ᠌ᠴᠠᠵᠤ᠂ ᠨᠡᠩ ᠴᠤ᠌ ᠳᠡᠯᠡᠭᠡᠢ ᠨᠡᠢ᠌ᠲᠡ ᠵᠢᠨ ᠬᠦᠰᠡᠯ ᠡᠷᠡᠮᠡᠯᠵᠡᠯ᠎ᠲᠠᠢ ᠨᠡᠢ᠌ᠴᠠᠨ᠎ᠠ᠃   ᠳᠤᠮᠳᠠᠳᠤ ᠠᠮᠸᠷᠢᠺᠠ ᠵᠢᠨ ᠬᠤᠭᠤᠷᠤᠨᠳᠤᠬᠢ ᠬᠠᠮᠳᠤ ᠵᠢᠨ ᠠᠰᠢᠭ ᠳᠤᠰᠠ᠎ᠨᠢ ᠵᠦᠷᠢᠴᠡᠯᠳᠤᠭᠡᠨ᠎ᠠᠴᠠ ᠶᠡᠭᠡ᠂ ᠬᠠᠮᠳᠤᠷᠠᠯᠴᠠᠭ᠎ᠠ ᠵᠢᠨ ᠭᠡᠷᠡᠭᠴᠡᠭᠡ᠎ᠨᠢ ᠵᠦᠷᠢᠯᠳᠦᠭᠡᠨ᠎ᠠᠴᠠ ᠶᠡᠭᠡ ᠭᠡᠳᠡᠭ᠎ᠢ ᠪᠤᠳᠠᠳᠤ ᠭᠡᠷᠡᠭ ᠭᠡᠷᠡᠴᠢᠯᠡᠬᠦ ᠪᠤᠯᠤᠨ᠎ᠠ᠃ ᠳᠤᠮᠳᠠᠳᠤ ᠠᠮᠸᠷᠢᠺᠠ ᠬᠣᠷᠰᠢᠯᠴᠠᠭ᠎ᠠ ᠬᠠᠮᠳᠤᠷᠠᠯᠴᠠᠭ᠎ᠠ ᠎ᠪᠠᠨ   ᠴᠢᠩᠭ᠋ᠠᠳᠬᠠᠨ᠂   ᠬᠠᠮᠳᠤ᠎ᠪᠠᠷ ᠬᠦᠴᠦᠯᠡᠨ ᠴᠢᠷᠮᠠᠢ᠌ᠪᠠᠯ ᠬᠤᠶᠠᠷ ᠤᠯᠤᠰ᠎ᠤᠨ ᠠᠷᠠᠳ ᠳᠦᠮᠡᠨ᠎ᠳᠤ ᠠᠰᠢᠭ᠎ᠲᠠᠢ᠎ᠪᠠᠷ ᠪᠠᠷᠠᠬᠤ ᠦᠭᠡᠢ ᠪᠠᠰᠠ ᠳᠡᠯᠡᠭᠡᠢ ᠵᠢᠨ ᠠᠷᠠᠳ ᠳᠦᠮᠡᠨ᠎ᠳᠤ ᠠᠰᠢᠭ᠎ᠲᠠᠢ ᠶᠤᠮ  ᠃
      ᠳᠡᠷᠢᠬᠦᠯᠡᠭᠴᠢ ᠰᠢ ᠵᠢᠨ ᠫᠢᠩ ᠤᠷᠤᠰ᠎ᠤᠨ ᠶᠡᠷᠦᠩᠭᠡᠢ᠌ᠯᠡᠭᠴᠢ ᠫᠦᠲ᠋ᠢᠨ᠎ᠯᠦᠭᠡ ᠴᠢᠬᠤᠯᠠ ᠪᠦᠬᠦᠢ ᠤᠯᠠᠨ ᠳᠠᠯᠠᠪᠤᠷ᠎ᠲᠤ ᠠᠭᠤᠯᠵᠠᠯᠳᠠ ᠬᠢᠬᠦ ᠤᠯᠠᠮᠵᠢᠯᠠᠯ ᠵᠶ᠋ᠡᠨ ᠦᠷᠬᠦᠯᠵᠢᠯᠡᠬᠦᠯᠵᠤ᠂ ᠳᠠᠷᠠᠭ᠎ᠠ ᠵᠢᠯ᠎ᠤᠨ ᠬᠤᠶᠠᠷ ᠤᠯᠤᠰ᠎ᠤᠨ ᠬᠠᠷᠢᠯᠴᠠᠭ᠎ᠠ ᠪᠠᠢ᠌ᠭᠤᠯᠤᠭᠰᠠᠨ 70   ᠵᠢᠯ᠎ᠤᠨ ᠤᠢ ᠵᠢ ᠪᠡᠯᠭᠡᠯᠡᠬᠦ᠎ᠪᠠᠷ ᠭᠤᠤᠯ ᠰᠢᠵᠢᠮ ᠪᠤᠯᠭ᠋ᠠᠵᠤ᠂ ᠳᠤᠮᠳᠠᠳᠤ ᠤᠷᠤᠰ᠎ᠤᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠮᠵᠢᠯᠴᠠᠭ᠋ᠠᠨ᠎ᠤ ᠬᠠᠨᠢᠳᠠᠨ᠎ᠤ ᠬᠠᠷᠢᠯᠴᠠᠭ᠎ᠠ ᠵᠢ ᠨᠡᠩ ᠦᠨᠳᠦᠷ ᠳᠦᠪᠰᠢᠨ᠎ᠳᠤ ᠬᠦᠷᠭᠡᠬᠦ ᠵᠢ ᠰᠠᠨᠠᠯ ᠨᠢᠭᠡᠳᠡᠢ ᠵᠦᠪᠰᠢᠶᠡᠷᠡᠪᠡ᠃ ᠬᠤᠶᠠᠷ ᠳᠠᠯ᠎ᠠ᠎ᠪᠠᠷ ᠵᠶ᠋ᠡᠨ 《  ᠨᠢᠭᠡ ᠪᠦᠰᠡ ᠨᠢᠭᠡ ᠵᠠᠮ》᠎ᠤᠨ ᠪᠦᠳᠦᠭᠡᠨ ᠪᠠᠢ᠌ᠭᠤᠯᠤᠯᠳᠠ ᠪᠤᠯᠤᠨ ᠡᠸᠦᠢ᠍ᠷᠦᠫᠠ ᠠᠽᠢᠶ᠎ᠠ ᠵᠢᠨ ᠠᠵᠤ ᠠᠬᠤᠢ ᠵᠢᠨ ᠬᠤᠯᠪᠤᠭ᠎ᠠ ᠵᠢ ᠴᠢᠩᠭ᠎ᠠ ᠵᠠᠯᠭ᠋ᠠᠭᠤᠯᠤᠨ  ᠂ ᠡᠯ᠎ᠡ ᠬᠦᠷᠢᠶᠡᠨ᠎ᠳᠠᠬᠢ ᠦᠨᠡᠨ ᠪᠤᠳᠠᠳᠠᠢ   ᠬᠠᠮᠳᠤᠷᠠᠯᠴᠠᠭ᠎ᠠ ᠨᠡᠩ ᠶᠡᠬᠡ   ᠦᠷ᠎ᠡ ᠪᠦᠳᠦᠮᠵᠢ ᠤᠯᠬᠤ ᠶᠤᠮ ᠭᠡᠵᠡᠢ ᠃   ᠬᠤᠶᠠᠷ ᠤᠯᠤᠰ᠎ᠤᠨ ᠳᠡᠷᠢᠬᠦᠨ ᠎ᠤ ᠬᠠᠮᠳᠤ᠎ᠪᠠᠷ ᠠᠩᠬᠠᠷᠴᠤ ᠪᠠᠢ᠌ᠭ᠎ᠠ ᠳᠡᠯᠡᠭᠡᠢ ᠵᠢᠨ ᠪᠠ ᠭᠠᠵᠠᠷ ᠤᠷᠤᠨ᠎ᠤ ᠠᠰᠠᠭᠤᠳᠠᠯ᠎ᠤᠨ ᠳᠤᠬᠠᠢ ᠤᠯᠤᠯᠴᠠᠭ᠎ᠠ᠎ᠪᠠᠨ ᠰᠣᠯᠢᠯᠴᠠᠵᠤ  ᠂ ᠤᠯᠠᠨ ᠳᠠᠯᠠᠳᠤ ᠳᠤᠭᠳᠠᠴᠠ ᠵᠢᠨ ᠳᠤᠳᠤᠷ᠎ᠠ ᠨᠢᠭ᠍ᠳᠡ ᠬᠠᠮᠵᠢᠯᠴᠠᠬᠤ ᠎ᠪᠠᠨ ᠪᠠᠷᠢᠮᠲᠠᠯᠠᠨ᠎ᠠ ᠭᠡᠪᠡ  ᠃ ᠳᠤᠰ ᠤᠳᠠᠭ᠎ᠠ ᠵᠢᠨ ᠠᠭᠤᠯᠵᠠᠯᠳᠠ᠎ᠨᠢ ᠳᠤᠮᠳᠠᠳᠤ ᠤᠷᠤᠰ᠎ᠤᠨ   ᠬᠠᠷᠢᠯᠴᠠᠭ᠎ᠠ ᠵᠢᠨ ᠦᠨᠳᠦᠷ ᠳᠦᠪᠰᠢᠨ ᠪᠠ ᠤᠨᠴᠠᠭ᠋ᠠᠢ ᠴᠢᠨᠠᠷ᠎ᠢ ᠳᠠᠬᠢᠨ ᠳᠤᠳᠤᠷᠬᠠᠢ ᠢᠯᠡᠷᠡᠬᠦᠯᠪᠡ᠃
      ᠳᠡᠷᠢᠬᠦᠯᠡᠭᠴᠢ ᠰᠢ ᠵᠢᠨ ᠫᠢᠩ ᠡᠨᠡᠳᠭᠡᠭ᠎ᠤᠨ ᠶᠡᠷᠦᠩᠭᠡᠢ ᠰᠠᠢ᠌ᠳ ᠮᠦᠸᠸᠳᠢ᠎ᠲᠠᠢ   ᠡᠨᠡ ᠵᠢᠯ᠎ᠤᠨ   ᠳᠦᠷᠪᠡᠳᠡᠬᠢ ᠤᠳᠠᠭ᠋ᠠᠨ᠎ᠤ ᠠᠭᠤᠯᠵᠠᠯᠳᠠ ᠬᠢᠭᠰᠡᠨ ᠪᠦᠭᠡᠳ ᠹᠷᠨᠨᠼᠢ ᠵᠢᠨ ᠶᠡᠷᠦᠩᠭᠡᠢ᠌ᠯᠡᠭᠴᠢ ᠮᠠᠢ᠌ᠺᠷᠤᠨ᠂ ᠳᠦᠷᠺ᠎ᠤᠨ ᠶᠡᠷᠦᠩᠭᠡᠢ᠌ᠯᠡᠭᠴᠢ ᠠᠢ᠌ᠷᠳᠤ᠋᠂ ᠠᠨ᠂ ᠭ᠋ᠸᠷᠮᠠᠨ᠎ᠤ ᠶᠡᠷᠦᠩᠭᠡᠢ᠌ᠯᠡᠭᠴᠢ ᠮᠤᠺᠸᠷ᠂ ᠶᠠᠫᠤᠨ᠎ᠤ ᠳᠡᠷᠢᠬᠦᠨ ᠰᠠᠢ᠌ᠳ ᠠᠪᠸ᠂ ᠰᠢᠨᠽᠤᠤ᠋᠂ ᠰᠢᠤᠳᠠᠢ ᠠᠷᠠᠪ᠎ᠤᠨ ᠸᠠᠩ᠎ᠤᠨ ᠵᠠᠯᠭ᠋ᠠᠮᠵᠢᠯᠠᠭᠴᠢ ᠮᠦᠬᠠᠮᠦ᠋ᠳ᠋᠎ᠲᠠᠢ ᠠᠭᠤᠯᠵᠠᠵᠤ᠂ ᠪᠠᠢ᠌ᠯᠳᠤᠬᠤ ᠪᠤᠳᠤᠯᠭ᠎ᠠ ᠵᠢᠨ ᠢᠳᠡᠭᠡᠯᠴᠡᠭᠡ᠎ᠪᠠᠨ ᠴᠢᠩᠭ᠋ᠠᠳᠬᠠᠨ᠂ ᠵᠤᠬᠢᠴᠠᠭᠤᠯᠭ᠎ᠠ ᠬᠠᠮᠵᠢᠯᠴᠠᠭ᠎ᠠ᠎ᠪᠠᠨ ᠠᠬᠢᠭᠤᠯᠪᠠ᠃ ᠳᠡᠷᠢᠬᠦᠯᠡᠭᠴᠢ ᠰᠢ ᠵᠢᠨ ᠫᠢᠩ ᠠᠯᠳᠠᠨ ᠳᠤᠭᠤᠰᠬ᠎ᠠ ᠤᠯᠤᠰ᠎ᠤᠳ᠎ᠤᠨ ᠤᠳᠤᠷᠢᠳᠬᠤ ᠬᠦᠮᠦᠰ᠎ᠤᠨ ᠠᠯᠪᠠᠨ ᠶᠤᠰᠤᠨ᠎ᠤ ᠪᠤᠰᠤ ᠠᠭᠤᠯᠵᠠᠯᠳᠠ᠂ ᠳᠤᠮᠳᠠᠳᠤ ᠤᠷᠤᠰ ᠡᠨᠡᠳᠭᠡᠭ᠎ᠤᠨ ᠤᠳᠤᠷᠢᠳᠬᠤ ᠬᠦᠮᠦᠰ᠎ᠤᠨ ᠠᠭᠤᠯᠵᠠᠯᠳᠠ᠎ᠳᠤ ᠤᠷᠤᠯᠴᠠᠨ᠂ ᠬᠠᠮᠢᠶ᠎ᠠ ᠪᠦᠬᠦᠢ ᠳᠠᠯ᠎ᠠ ᠵᠢᠨ᠎ᠬᠢᠨ᠎ᠲᠠᠢ ᠤᠯᠠᠨ ᠳᠡᠯᠡᠳᠤ ᠬᠠᠮᠵᠢᠯᠴᠠᠭ᠋ᠠᠨ᠎ᠤ ᠳᠤᠭᠳᠠᠴᠠ ᠵᠢ ᠳᠡᠬᠦᠯᠳᠡᠷᠵᠢᠬᠦᠯᠬᠦ᠂ ᠰᠢᠨ᠎ᠠ᠎ᠪᠠᠷ ᠮᠠᠨᠳᠤᠭᠰᠠᠨ ᠵᠠᠬ᠎ᠠ ᠳᠡᠯᠭᠡᠬᠦᠷ᠎ᠤᠨ ᠤᠯᠤᠰ᠎ᠤᠳ᠎ᠯᠤᠭ᠎ᠠ ᠵᠢᠨ ᠪᠦᠯᠬᠦᠮᠳᠡᠯ ᠵᠶ᠋ᠡᠨ ᠪᠠᠳᠤᠳᠬᠠᠬᠤ᠂ ᠤᠯᠠᠨ ᠤᠯᠤᠰ᠎ᠤᠨ ᠬᠠᠷᠢᠴᠠᠭ᠎ᠠ ᠵᠢᠨ ᠠᠷᠠᠳᠴᠢᠯᠠᠬᠤ   ᠠᠬᠢᠴᠠ ᠵᠢ ᠲᠦᠷᠭᠡᠳᠬᠡᠨ᠂ ᠳᠡᠯᠡᠭᠡᠢ ᠵᠢᠨ ᠠᠮᠤᠷ ᠳᠤᠭᠳᠠᠭᠤᠨ ᠪᠠ ᠡᠩᠭᠡ ᠳᠡᠢ᠌ᠪᠤᠩ᠎ᠢ ᠠᠬᠢᠭᠤᠯᠬᠤ ᠳᠤᠬᠠᠢ ᠰᠢᠨ᠎ᠠ ᠬᠠᠮᠳᠤ ᠵᠢᠨ ᠳᠠᠨᠢᠯᠳᠠ᠎ᠲᠠᠢ ᠪᠤᠯᠪᠠ᠃   ᠳᠡᠷᠢᠬᠦᠯᠡᠭᠴᠢ ᠰᠢ ᠵᠢᠨ ᠫᠢᠩ ᠪᠠᠰᠠ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠨᠠᠷᠢᠨ ᠪᠢᠴᠢᠭ᠎ᠤᠨ ᠳᠠᠷᠤᠭ᠎ᠠ ᠬᠦᠲᠸᠯᠸᠢᠢ᠍ᠰ᠎ᠲᠠᠢ ᠳᠡᠯᠡᠭᠡᠢ ᠵᠢᠨ ᠪᠠᠢ᠌ᠳᠠᠯ᠎ᠤᠨ ᠳᠤᠬᠠᠢ ᠰᠠᠨᠠᠯ ᠵᠶ᠋ᠡᠨ ᠰᠤᠯᠢᠯᠴᠠᠵᠤ᠂ ᠳᠤᠮᠳᠠᠳᠤ ᠤᠯᠤᠰ᠎ᠤᠨ᠎ᠬᠢᠨ ᠤᠯᠠᠨ ᠤᠯᠤᠰ᠎ᠤᠨ ᠦᠨᠳᠦᠰᠤᠨ ᠳᠦᠷᠢᠮ᠎ᠤᠨ ᠵᠤᠷᠢᠯᠳᠠ ᠵᠢ ᠪᠠᠷᠢᠮᠳᠠᠯᠠᠨ᠂ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠦᠢ᠍ᠯᠡᠳᠤᠯ ᠵᠶ᠋ᠡᠨ ᠨᠡᠩ ᠶᠡᠭᠡᠪᠡᠷ ᠪᠠᠳᠠᠷᠠᠭᠤᠯᠬᠤ ᠵᠢ ᠳᠡᠮᠵᠢᠨ᠎ᠡ ᠭᠡᠵᠤ ᠴᠢᠬᠤᠯᠠᠴᠢᠯᠠᠪᠠ᠃
      ᠸᠠᠩ ᠢ᠂ ᠳᠤᠮᠳᠠᠳᠤ ᠵᠢᠨ᠎ᠬᠢᠨ᠎ᠤ ᠴᠢᠷᠮᠠᠢ᠌ᠯᠭ᠎ᠠ ᠎ᠪᠠᠷ ᠳᠤᠰ ᠤᠳᠠᠭ᠎ᠠ ᠵᠢᠨ G20 ᠵᠢᠨ   ᠳᠦᠷᠦᠬᠦᠴᠦᠳ᠎ᠤᠨ ᠬᠤᠷᠠᠯ᠎ᠨᠢ ᠴᠢᠬᠤᠯᠠ ᠶᠡᠭᠡ ᠤᠯᠠᠨ ᠤᠯᠤᠰ᠎ᠤᠨ ᠠᠰᠠᠭᠤᠳᠠᠯ᠎ᠤᠨ ᠳᠤᠬᠠᠢ ᠬᠠᠮᠳᠤ ᠵᠢᠨ ᠳᠠᠨᠢᠯᠳᠠ᠎ᠲᠠᠢ ᠪᠤᠯᠬᠤ ᠵᠢᠨ ᠬᠠᠮᠳᠤ ᠤᠳᠤᠷᠢᠳᠬᠤ ᠬᠦᠮᠦᠰ᠎ᠤᠨ ᠳᠤᠩᠬᠠᠭ᠎ᠢ ᠪᠠᠳᠤᠯᠠᠵᠤ᠂   ᠳᠡᠯᠡᠭᠡᠢ ᠨᠡᠢ᠌ᠳᠡ᠎ᠳᠤ ᠵᠦᠪ᠂ ᠢᠳᠡᠪᠬᠢᠳᠡᠢ᠂   ᠰᠡᠳᠬᠢᠯ᠎ᠢ ᠠᠮᠤᠷᠵᠢᠭᠤᠯᠤᠭᠰᠠᠨ ᠮᠡᠳᠡᠭᠡ ᠵᠠᠩᠬᠢ ᠵᠢ ᠳᠠᠭᠤᠷᠢᠰᠤᠭᠤᠯᠪᠠ᠃   ᠬᠤᠷᠠᠯ᠎ᠳᠤ ᠤᠷᠤᠯᠴᠠᠭᠰᠠᠨ ᠮᠠᠰᠢ ᠤᠯᠠᠨ ᠤᠳᠤᠷᠢᠳᠬᠤ ᠬᠦᠮᠦᠰ᠂ ᠬᠤᠷᠸ᠎ᠠ ᠠᠵᠤ ᠠᠬᠤᠢ ᠵᠢᠨ ᠳᠦᠷᠦ ᠵᠢᠨ ᠪᠤᠳᠤᠯᠭ᠎ᠠ ᠵᠢᠨ ᠵᠤᠬᠢᠴᠠᠭᠤᠯᠭ᠎ᠠ᠂ ᠪᠦᠳᠦᠴᠡ ᠵᠢᠨ ᠦᠭᠡᠷᠡᠴᠢᠯᠡᠯᠳᠡ᠂ 2030 ᠤᠨ᠎ᠤ ᠦᠷᠬᠦᠯᠵᠢᠯᠡᠭᠰᠡᠨ ᠬᠦᠭᠵᠢᠯᠳᠡ ᠵᠢᠨ ᠵᠦᠪᠯᠡᠬᠦ ᠵᠦᠢ᠍ᠯ᠎ᠢ ᠨᠠᠢ᠌ᠳᠠᠪᠤᠷᠢᠵᠢᠭᠤᠯᠬᠤ᠂ ᠰᠠᠭᠤᠷᠢ ᠳᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠡᠷᠭᠡ ᠬᠦᠷᠢᠶᠡᠨ᠎ᠤ ᠬᠠᠮᠳᠤᠷᠠᠯᠴᠠᠭ᠎ᠠ ᠵᠢ ᠴᠢᠩᠭ᠋ᠠᠳᠬᠠᠬᠤ ᠵᠢ ᠵᠦᠪᠰᠢᠶᠡᠷᠡᠵᠤ᠂ ᠤᠯᠠᠨ ᠳᠠᠯᠠᠳᠤ ᠠᠷᠠᠯᠵᠢᠶᠠᠨ᠎ᠤ ᠳᠤᠭᠳᠠᠴᠠ ᠵᠢ ᠬᠠᠮᠳᠤ᠎ᠪᠠᠷ ᠠᠬᠢᠭᠤᠯᠤᠨ᠂ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠵᠢ ᠴᠢᠯᠣᠭᠡᠵᠢᠭᠦᠯᠤᠨ ᠳᠦᠭᠦᠮᠴᠢᠯᠡᠵᠤ  ᠂ ᠬᠠᠮᠠᠭ᠋ᠠᠯᠠᠬᠤ ᠦᠵᠡᠯ᠎ᠢ ᠡᠰᠡᠷᠬᠦᠴᠡᠨ᠎ᠠ ᠭᠡᠵᠤ ᠢᠯᠡᠳᠭᠡᠵᠡᠭᠡᠪᠡ᠃ ᠡᠨᠡ ᠤᠳᠠᠭ᠎ᠠ ᠵᠢᠨ ᠳᠦᠷᠦᠬᠦᠴᠤᠳ᠎ᠤᠨ ᠬᠤᠷᠠᠯ᠎ᠤᠨ ᠠᠮᠵᠢᠯᠳᠠ᠎ᠲᠠᠢ ᠬᠤᠷᠠᠯᠳᠤᠭᠰᠠᠨ᠎ᠨᠢ ᠤᠯᠠᠨ ᠳᠡᠯᠡᠳᠤ ᠦᠵᠡᠯ᠎ᠢ ᠪᠠᠷᠢᠮᠳᠠᠯᠠᠬᠰᠠᠨ᠎ᠤ ᠢᠯᠡᠯᠳᠡ ᠪᠤᠯᠬᠤ ᠮᠦᠷᠳᠡᠭᠡᠨ ᠳᠤᠮᠳᠠᠳᠤ ᠤᠯᠤᠰ᠎ᠤᠨ ᠰᠠᠨᠠᠭ᠋ᠠᠴᠢᠯᠠᠭ᠎ᠠ   ᠪᠤᠯᠤᠨ ᠳᠤᠮᠳᠠᠳᠤ ᠤᠯᠤᠰ᠎ᠤᠨ ᠳᠦᠰᠦᠯ ᠬᠦᠮᠦᠰ᠎ᠤᠨ ᠰᠡᠳᠬᠢᠯ᠎ᠳᠤ ᠨᠡᠢ᠌ᠴᠠᠵᠤ᠂ ᠶᠡᠭᠡ ᠬᠠᠨᠳᠤᠰᠢ᠎ᠲᠠᠢ ᠵᠤᠬᠢᠴᠠᠭᠰᠠᠨ᠎ᠢ ᠢᠯᠡᠳᠭᠡᠵᠤ   ᠪᠠᠢ᠌ᠨ᠎ᠠ ᠭᠡᠵᠤ ᠭᠡᠯᠡᠵᠤ ᠪᠤᠯᠤᠨ᠎ᠠ ᠭᠡᠪᠡ᠃
      ᠬᠤᠶᠠᠷ᠂ ᠳᠤᠮᠳᠠᠳᠤ ᠢᠰᠫᠠᠨᠢ᠂ ᠳᠤᠮᠳᠠᠳᠤ ᠫᠤᠷᠲ᠋ᠦ᠋ᠭ᠋ᠠᠯ ᠎ᠤᠨ ᠬᠠᠮᠳᠤᠷᠠᠯᠴᠠᠭ᠎ᠠ ᠵᠢ ᠠᠬᠢᠭᠤᠯᠵᠤ   ᠳᠤᠮᠳᠠᠳᠤ ᠡᠸᠦᠢ᠍ᠷᠦᠫᠠ ᠵᠢᠨ ᠬᠠᠷᠢᠴᠠᠭ᠋ᠠᠨ ᠎ᠳᠤ ᠠᠮᠢᠵᠢᠷᠠᠯ᠎ᠤᠨ ᠬᠦᠴᠦᠨ ᠨᠡᠮᠡᠷᠢᠯᠠᠪᠠ
      ᠢᠰᠫᠠᠨᠢ᠂ ᠫᠤᠷᠲ᠋ᠦ᠋ᠭ᠋ᠠᠯ ᠪᠤᠯ ᠡᠸᠦᠢ᠍ᠷᠦᠫᠠ ᠵᠢᠨ ᠬᠤᠯᠪᠤᠭ᠋ᠠᠨ᠎ᠤ ᠴᠢᠬᠤᠯᠠ ᠪᠦᠷᠢᠯᠳᠦᠬᠦᠨ ᠤᠯᠤᠰ ᠪᠤᠯᠬᠤ ᠪᠦᠭᠡᠳ ᠳᠤᠮᠳᠠᠳᠤ ᠤᠯᠤᠰ᠎ᠤᠨ ᠡᠸᠦᠢ᠍ᠷᠦᠫᠠ ᠵᠢᠨ ᠬᠤᠯᠪᠤᠭ᠋ᠠᠨ᠎ᠳᠠᠬᠢ ᠤᠯᠠᠮᠵᠢᠯᠠᠯᠳᠤ ᠨᠦᠬᠦᠷᠰᠡᠭ ᠤᠯᠤᠰ ᠪᠠ ᠪᠦᠬᠦ ᠳᠠᠯ᠎ᠠ ᠵᠢᠨ ᠪᠠᠢ᠌ᠯᠳᠤᠬᠤ   ᠪᠤᠳᠤᠯᠭ᠎ᠠ ᠵᠢᠨ ᠬᠠᠨᠢᠳᠠᠨ ᠪᠤᠯᠤᠨ᠎ᠠ᠃ ᠳᠡᠷᠢᠬᠦᠯᠡᠭᠴᠢ ᠰᠢ ᠵᠢᠨ ᠫᠢᠩ᠎ᠤᠨ ᠳᠤᠰ ᠤᠳᠠᠭ᠋ᠠᠨ᠎ᠤ ᠠᠢ᠌ᠯᠴᠢᠯᠠᠯᠳᠠ ᠪᠤᠯ ᠳᠤᠮᠳᠠᠳᠤ ᠤᠯᠤᠰ᠎ᠤᠨ ᠤᠯᠤᠰ᠎ᠤᠨ ᠳᠡᠷᠢᠬᠦᠯᠡᠭᠴᠢ 13   ᠵᠢᠯ ᠠᠯᠤᠰᠯᠠᠭ᠋ᠠᠳ ᠢᠰᠫᠠᠨᠢ᠎ᠳᠤ ᠳᠠᠬᠢᠨ ᠠᠢ᠌ᠯᠴᠢᠯᠠᠯᠳᠠ ᠬᠢᠵᠤ᠂ 8   ᠵᠢᠯ ᠠᠯᠤᠰᠯᠠᠭ᠋ᠠᠳ   ᠫᠤᠷᠲ᠋ᠦ᠋ᠭ᠋ᠠᠯ  ᠎ᠳᠤ ᠳᠠᠬᠢᠨ ᠠᠢ᠌ᠯᠴᠢᠯᠠᠯᠳᠠ ᠬᠢᠭᠰᠡᠨ ᠶᠠᠪᠤᠳᠠᠯ ᠪᠠᠢ᠌ᠵᠤ᠂   ᠬᠤᠶᠠᠷ ᠳᠠᠯ᠎ᠠ ᠵᠢᠨ ᠬᠠᠷᠢᠴᠠᠭ᠋ᠠᠨ᠎ᠤ ᠰᠢᠨ᠎ᠠ ᠬᠠᠭᠤᠳᠠᠰᠤ ᠵᠢ ᠨᠡᠭᠡᠭᠡᠨ᠂   ᠳᠤᠮᠳᠠᠳᠤ ᠡᠸᠦᠢ᠍ᠷᠦᠫᠠ ᠵᠢᠨ ᠬᠠᠷᠢᠴᠠᠭ᠋ᠠᠨ᠎ᠤ ᠰᠢᠨ᠎ᠠ ᠠᠮᠢᠵᠢᠷᠠᠯ᠎ᠤᠨ ᠬᠦᠴᠦᠨ᠎ᠢ ᠪᠠᠳᠠᠷᠠᠭ᠋ᠠᠪᠠ᠃
      ᠬᠤᠶᠠᠷ ᠳᠠᠯ᠎ᠠ ᠵᠢᠨ ᠬᠠᠷᠢᠴᠠᠭ᠋ᠠᠨ᠎ᠤ   ᠰᠢᠨ᠎ᠠ ᠱᠠᠳᠤ ᠦᠶ᠎ᠡ ᠵᠢ ᠨᠡᠭᠡᠭᠡᠪᠡ᠃ ᠡᠨᠡ ᠵᠢᠯ   ᠳᠤᠮᠳᠠᠳᠤ ᠢᠰᠫᠠᠨᠢ ᠵᠢᠨ ᠬᠠᠷᠢᠴᠠᠭ᠎ᠠ ᠪᠠᠢ᠌ᠭᠤᠯᠤᠭᠰᠠᠨ 45 ᠵᠢᠯ᠎ᠤᠨ ᠤᠢ ᠪᠤᠯᠵᠤ᠂ ᠳᠠᠷᠠᠭ᠎ᠠ ᠵᠢᠯ ᠳᠤᠮᠳᠠᠳᠤ   ᠫᠤᠷᠲ᠋ᠦ᠋ᠭ᠋ᠠᠯ ᠎ᠤᠨ ᠬᠠᠷᠢᠴᠠᠭ᠎ᠠ ᠪᠠᠢ᠌ᠭᠤᠯᠤᠭᠰᠠᠨ 40   ᠵᠢᠯ᠎ᠤᠨ ᠤᠢ᠎ᠪᠠᠨ ᠤᠭᠳᠤᠬᠤ ᠪᠤᠯᠤᠨ᠎ᠠ᠂   ᠳᠤᠮᠳᠠᠳᠤ ᠢᠰᠫᠠᠨᠢ᠂   ᠳᠤᠮᠳᠠᠳᠤ ᠫᠤᠷᠲ᠋ᠦ᠋ᠭ᠋ᠠᠯ᠎ᠤᠨ ᠬᠠᠷᠢᠴᠠᠭ᠎ᠠ ᠳᠡᠤᠭᠡ ᠵᠢᠨ ᠬᠠᠮᠤᠭ ᠰᠠᠢ᠌ᠨ ᠴᠠᠭ ᠦᠶ᠎ᠡ᠎ᠳᠤ ᠤᠷᠤᠵᠤ᠂ ᠰᠢᠨ᠎ᠠ ᠬᠦᠭᠵᠢᠯᠳᠡ ᠵᠢᠨ ᠠᠵᠠ ᠳᠤᠬᠢᠶᠠᠯ᠎ᠳᠤ ᠳᠤᠬᠢᠶᠠᠯᠳᠤᠬᠤ ᠪᠤᠯᠤᠨ᠎ᠠ᠃ ᠳᠡᠷᠢᠬᠦᠯᠡᠭᠴᠢ ᠰᠢ ᠵᠢᠨ ᠫᠢᠩ ᠢᠰᠫᠠᠨᠢ ᠤᠯᠤᠰ᠎ᠤᠨ ᠸᠠᠩ ᠹᠸᠢᠯᠢᠫᠸᠢ ᠵᠢᠷᠭᠤᠳᠤᠭ᠋ᠠᠷ᠂ ᠳᠡᠷᠢᠬᠦᠨ ᠰᠠᠢ᠌ᠳ ᠰᠠᠩᠴᠸᠰᠸ   ᠵᠢᠴᠢ   ᠫᠤᠷᠲ᠋ᠦ᠋ᠭ᠋ᠠᠯ᠎ᠤᠨ ᠶᠡᠷᠦᠩᠭᠡᠢ᠌ᠯᠡᠭᠴᠢ ᠳ᠋ᠸᠰᠦ᠋ᠰᠠ᠂ ᠶᠡᠷᠦᠩᠭᠡᠢ ᠰᠠᠢ᠌ᠳ ᠺᠸᠰᠲ᠋ᠠ ᠨᠡᠷ᠎ᠲᠠᠢ ᠠᠭᠤᠯᠵᠠᠨ ᠭᠡᠯᠡᠯᠴᠡᠭᠡ ᠬᠢᠵᠤ᠂ ᠬᠤᠶᠠᠷ ᠳᠠᠯ᠎ᠠ ᠵᠢᠨ ᠬᠠᠷᠢᠴᠠᠭ᠋ᠠᠨ᠎ᠤ ᠬᠦᠭᠵᠢᠯᠳᠡ ᠵᠢᠨ ᠳᠤᠷᠰᠢᠯᠭ᠎ᠠ ᠵᠢ ᠳ᠋ᠦᠩᠨᠡᠨ᠂ ᠢᠷᠡᠭᠡᠳᠦᠢ ᠵᠢᠨ ᠬᠠᠮᠳᠤᠷᠠᠯᠴᠠᠭ᠋ᠠᠨ᠎ᠤ ᠠᠤᠭ᠎ᠠ ᠳᠦᠰᠦᠪ᠎ᠢ ᠳᠦᠯᠦᠪᠵᠢᠬᠦᠯᠵᠤ᠂   ᠳᠡᠭᠡᠳᠤ ᠳᠠᠪᠬᠤᠷᠭ᠎ᠠ ᠵᠢᠨ ᠶᠠᠪᠤᠯᠴᠠᠭ᠎ᠠ ᠵᠢ ᠨᠢᠬᠳᠠᠷᠠᠭᠤᠯᠭᠤ᠂ ᠤᠯᠤᠰ ᠳᠦᠷᠦ ᠵᠢᠨ ᠢᠳᠡᠭᠡᠯᠴᠡᠭᠡ᠎ᠪᠠᠨ ᠬᠦᠨᠵᠡᠭᠡᠢ᠌ᠷᠡᠬᠦᠯᠬᠦ᠂ ᠬᠠᠮᠳᠤᠷᠠᠯᠴᠠᠭ᠋ᠠᠨ᠎ᠤ ᠳᠦᠪᠰᠢᠨ ᠵᠶ᠋ᠡᠨ ᠳᠡᠭᠡᠭᠰᠢᠯᠡᠬᠦᠯᠬᠦ᠂ ᠤᠯᠠᠮᠵᠢᠯᠠᠯᠳᠤ ᠨᠦᠬᠦᠷᠯᠡᠯ ᠵᠶ᠋ᠡᠨ ᠪᠠᠳᠤᠳᠬᠠᠬᠤ᠂ ᠪᠦᠬᠦ ᠳᠠᠯ᠎ᠠ ᠵᠢᠨ ᠬᠠᠨᠢᠳᠠᠨ᠎ᠤ ᠬᠠᠷᠢᠴᠠᠭ᠎ᠠ ᠵᠢᠨ ᠠᠭᠤᠯᠤᠭᠳᠠᠬᠤᠨ᠎ᠢ ᠪᠠᠶᠠᠯᠢᠭᠵᠢᠭᠤᠯᠬᠤ᠎ᠪᠠᠷ ᠰᠠᠨᠠᠯ ᠨᠢᠭᠡᠳᠡᠢ ᠵᠦᠪᠰᠢᠶᠡᠷᠡᠵᠤ᠂ ᠬᠤᠶᠠᠷ ᠳᠠᠯ᠎ᠠ ᠵᠢᠨ ᠬᠠᠷᠢᠴᠠᠭ᠎ᠠ ᠰᠢᠨ᠎ᠠ ᠴᠠᠭ ᠦᠶ᠎ᠡ᠎ᠳᠤ ᠰᠢᠨ᠎ᠠ ᠳᠡᠭᠳᠡᠷ᠎ᠲᠤ ᠭᠠᠷᠬᠤ ᠵᠢ ᠠᠬᠢᠭᠤᠯᠪᠠ᠃   ᠢᠰᠫᠠᠨᠢ᠂   ᠫᠤᠷᠲ᠋ᠦ᠋ᠭ᠋ᠠᠯ ᠬᠤᠶᠠᠷ ᠤᠯᠤᠰ᠎ᠤᠨ ᠤᠳᠤᠷᠢᠳᠬᠤ ᠬᠦᠮᠦᠰ ᠴᠦᠮ ᠳᠤᠮᠳᠠᠳᠤ ᠤᠯᠤᠰ᠎ᠯᠤᠭ᠎ᠠ ᠵᠢᠨ ᠨᠦᠬᠦᠷᠰᠡᠭ ᠶᠠᠪᠤᠯᠴᠠᠭ᠎ᠠ ᠪᠤᠯᠤᠨ ᠬᠠᠮᠳᠤᠷᠠᠯᠴᠠᠭ᠎ᠠ᠎ᠪᠠᠨ ᠨᠡᠨᠳᠢᠩᠨᠠᠵᠤ ᠪᠠᠢ᠌ᠬᠤ᠎ᠪᠠᠨ ᠢᠯᠡᠳᠭᠡᠨ᠂ ᠳᠡᠷᠢᠬᠦᠯᠡᠭᠴᠢ ᠰᠢ ᠵᠢᠨ ᠫᠢᠩ᠎ᠤᠨ ᠳᠤᠰ   ᠤᠳᠠᠭ᠎ᠠ ᠵᠢᠨ ᠠᠢ᠌ᠯᠴᠢᠯᠠᠯᠳᠠ᠎ᠨᠢ ᠤᠷᠢᠳᠤᠬᠢ ᠵᠢ ᠵᠠᠯᠭ᠋ᠠᠮᠵᠢᠯᠠᠨ ᠬᠤᠢ᠌ᠰᠢᠬᠢ᠎ᠳᠤ ᠵᠠᠮ ᠨᠡᠭᠡᠭᠡᠭᠰᠡᠨ ᠪᠡᠯᠭᠡ ᠳᠡᠮᠳᠡᠭ᠎ᠤᠨ ᠴᠢᠨᠠᠷ ᠪᠦᠬᠦᠢ ᠠᠴᠢ ᠬᠤᠯᠪᠤᠭᠳᠠᠯ᠎ᠲᠠᠢ ᠪᠤᠯᠵᠤ᠂   ᠬᠤᠶᠠᠷ ᠳᠠᠯ᠎ᠠ ᠵᠢᠨ ᠬᠠᠷᠢᠴᠠᠭ᠋ᠠᠨ᠎ᠤ ᠬᠦᠭᠵᠢᠯᠳᠡ ᠵᠢᠨ ᠰᠢᠨ᠎ᠠ ᠭᠠᠷᠤᠭ᠎ᠠ ᠪᠤᠯᠤᠨ᠎ᠠ ᠭᠡᠵᠤ ᠦᠵᠡᠵᠡᠭᠡᠪᠡ᠃ ᠳᠤᠮᠳᠠᠳᠤ ᠢᠰᠫᠠᠨᠢ᠂   ᠳᠤᠮᠳᠠᠳᠤ   ᠫᠤᠷᠲ᠋ᠦ᠋ᠭ᠋ᠠᠯ ᠳᠤᠰ ᠪᠦᠷᠢ ᠬᠠᠮᠳᠤᠷᠠᠭᠰᠠᠨ ᠢᠯᠡᠷᠭᠡᠢ᠌ᠯᠡᠯᠳᠡ ᠨᠡᠢ᠌ᠳᠡᠯᠡᠵᠤ᠂ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ᠎ᠪᠠᠨ ᠴᠢᠩᠭ᠋ᠠᠳᠬᠠᠨ᠂ ᠬᠤᠶᠠᠷ ᠳᠠᠯ᠎ᠠ ᠵᠢᠨ ᠬᠠᠷᠢᠴᠠᠭ᠋ᠠᠨ᠎ᠤ ᠳᠦᠪᠰᠢᠨ᠎ᠢ ᠳᠡᠭᠡᠭᠰᠢᠯᠡᠬᠦᠯᠬᠦ ᠳᠤᠬᠠᠢ ᠳᠤᠳᠤᠷᠬᠠᠢ ᠮᠡᠳᠡᠭᠡ ᠳᠤᠬᠢᠶ᠎ᠠ ᠵᠢ ᠳᠡᠮᠵᠢᠭᠤᠯᠪᠠ᠃
      ᠪᠤᠳᠠᠳᠠᠢ ᠵᠢ ᠡᠷᠬᠢᠮᠯᠡᠭᠰᠡᠨ ᠬᠠᠮᠳᠤᠷᠠᠯᠴᠠᠭ᠋ᠠᠨ᠎ᠤ ᠰᠢᠨ᠎ᠠ ᠤᠷᠤᠨ ᠵᠠᠢ ᠵᠢ ᠦᠷᠭᠡᠳᠭᠡᠪᠡ᠃ ᠢᠰᠫᠠᠨᠢ᠂ ᠫᠤᠷᠲ᠋ᠦ᠋ᠭ᠋ᠠᠯ ᠴᠦᠮ 《ᠨᠢᠭᠡ ᠪᠦᠰᠡ ᠨᠢᠭᠡ ᠵᠠᠮ》᠎ᠤᠨ ᠪᠦᠳᠦᠭᠡᠨ ᠪᠠᠢ᠌ᠭᠤᠯᠤᠯᠳᠠ᠎ᠳᠤ ᠢᠳᠡᠪᠬᠢᠳᠡᠢ ᠤᠷᠤᠯᠴᠠᠭᠰᠠᠨ ᠪᠦᠭᠡᠳ ᠡᠬᠢᠨ᠎ᠤ ᠬᠤᠭᠤᠴᠠᠭ᠋ᠠᠨ᠎ᠤ ᠦᠷ᠎ᠡ ᠪᠦᠳᠦᠭᠡᠯ ᠤᠯᠪᠠ᠃ ᠳᠤᠮᠳᠠᠳᠤ ᠢᠰᠫᠠᠨᠢ᠂ ᠳᠤᠮᠳᠠᠳᠤ   ᠫᠤᠷᠲ᠋ᠦ᠋ᠭ᠋ᠠᠯ᠎ᠤᠨ᠎ᠬᠢᠨ 《ᠨᠢᠭᠡ ᠪᠦᠰᠡ ᠨᠢᠭᠡ ᠵᠡᠮ》᠎ᠢ ᠬᠠᠮᠳᠤ᠎ᠪᠠᠷ ᠪᠦᠳᠦᠭᠡᠨ ᠪᠠᠢ᠌ᠭᠤᠯᠬᠤ ᠳᠡᠤᠭᠡᠳᠤ ᠠᠵᠠ ᠳᠤᠬᠢᠶᠠᠯ᠎ᠢ ᠠᠰᠢᠭᠯᠠᠵᠤ᠂ ᠬᠦᠭᠵᠢᠯᠳᠡ ᠵᠢᠨ ᠪᠠᠢ᠌ᠯᠳᠤᠬᠤ ᠪᠤᠳᠤᠯᠭ᠎ᠠ ᠵᠢᠨ ᠠᠪᠴᠠᠯᠳᠤᠭ᠎ᠠ ᠵᠢ ᠴᠢᠩᠭ᠋ᠠᠳᠬᠠᠨ᠂ ᠠᠷᠠᠯᠵᠢᠶᠠᠨ᠎ᠤ ᠶᠠᠪᠤᠯᠴᠠᠭ᠎ᠠ ᠪᠠ ᠬᠤᠤᠰ ᠴᠢᠭᠯᠡᠯ᠎ᠤᠨ ᠪᠡᠯᠡ ᠤᠷᠤᠭᠤᠯᠤᠯᠳᠠ ᠵᠢ ᠦᠷᠭᠡᠳᠭᠡᠵᠤ᠂ ᠬᠤᠶᠠᠷ ᠳᠠᠯ᠎ᠠ ᠵᠢᠨ ᠬᠠᠮᠲᠤᠷᠠᠯᠴᠠᠭ᠎ᠠ ᠰᠢᠯᠢᠳᠡᠭᠵᠢᠨ ᠳᠡᠰ ᠳᠡᠪᠰᠢᠬᠦ ᠵᠢ ᠠᠬᠢᠭᠤᠯᠤᠨ᠂ ᠭᠤᠷᠪᠠᠳᠠᠭᠴᠢ ᠳᠠᠯ᠎ᠠ ᠵᠢᠨ ᠵᠠᠬ᠎ᠠ ᠳᠡᠯᠭᠡᠬᠦᠷ᠎ᠢ ᠬᠠᠮᠳᠤ᠎ᠪᠠᠷ ᠦᠷᠭᠡᠳᠭᠡᠵᠤ᠂   ᠬᠠᠮᠳᠤᠷᠠᠯᠴᠠᠭ᠋ᠠᠨ᠎ᠤ ᠰᠢᠨ᠎ᠠ ᠨᠡᠮᠡᠭᠳᠡᠯ᠎ᠤᠨ ᠴᠡᠭ᠎ᠢ ᠪᠤᠢ ᠪᠤᠯᠭ᠋ᠠᠬᠤ᠎ᠪᠠᠷ ᠬᠦᠰᠡᠵᠤ ᠪᠤᠢ᠃ ᠳᠤᠮᠳᠠᠳᠤ ᠢᠰᠫᠠᠨᠢ ᠵᠢᠨ᠎ᠬᠢᠨ ᠢ ᠡᠤ —   ᠰᠢᠨᠵᠢᠶᠠᠩ — ᠡᠸᠦᠢ᠍ᠷᠦᠫᠠ ᠵᠢᠨ ᠳᠡᠮᠤᠷ ᠵᠠᠮ᠎ᠤᠨ ᠵᠢᠱ᠌ᠢᠶ᠎ᠠ ᠦᠵᠡᠬᠦᠯᠬᠦ ᠦᠢ᠍ᠯᠡᠳᠤᠯ᠎ᠢ ᠪᠠᠳᠠᠷᠠᠭᠤᠯᠵᠤ᠂ ᠳᠤᠮᠳᠠᠳᠤ ᠢᠰᠫᠠᠨᠢ᠂ ᠳᠤᠮᠳᠠᠳᠤ ᠡᠸᠦᠢ᠍ᠷᠦᠫᠠ ᠵᠢᠨ ᠬᠤᠭᠤᠷᠤᠨᠳᠤᠬᠢ ᠳᠠᠯᠠᠢ᠂ ᠡᠭᠡ ᠬᠠᠭᠤᠷᠠᠢ᠂ ᠠᠭ᠋ᠠᠷ ᠭᠤᠷᠪᠠ ᠵᠢ ᠨᠢᠭᠡ ᠴᠤᠭᠴᠠᠵᠢᠭᠤᠯᠤᠭᠰᠠᠨ ᠶᠡᠭᠡ ᠬᠤᠯᠪᠤᠭ᠋ᠠᠯᠠᠯ ᠨᠡᠪᠳᠡᠷᠡᠯᠴᠡᠭᠡ ᠵᠢ ᠴᠢᠷᠮᠠᠢ᠌ᠨ ᠪᠡᠶᠡᠯᠡᠬᠦᠯᠬᠦ ᠪᠤᠯᠤᠨ᠎ᠠ᠃ ᠳᠤᠮᠳᠠᠳᠤ ᠢᠰᠫᠠᠨᠢ ᠵᠢᠨ ᠠᠵᠤ ᠠᠬᠤᠢ᠌ᠯᠠᠯ᠎ᠤᠨ ᠵᠦᠪᠯᠡᠭᠴᠢᠳ᠎ᠤᠨ ᠬᠤᠷᠢᠶ᠎ᠡ᠎ᠨᠢ ᠵᠢᠩᠬᠢᠨᠢ᠎ᠪᠠᠷ ᠪᠠᠢ᠌ᠭᠤᠯᠤᠭᠳᠠᠵᠤ᠂ ᠬᠤᠶᠠᠷ ᠳᠠᠯ᠎ᠠ ᠵᠢᠨ ᠠᠵᠤ ᠠᠬᠤᠢ ᠠᠷᠠᠯᠵᠢᠶᠠᠨ᠎ᠤ ᠬᠠᠮᠳᠤᠷᠠᠯᠴᠠᠭ᠎ᠠ ᠵᠢ ᠬᠦᠨᠵᠡᠭᠡᠢ᠌ᠷᠡᠬᠦᠯᠬᠦ᠎ᠳᠤ ᠰᠢᠨ᠎ᠠ ᠳᠠᠪᠴᠠᠩ   ᠬᠠᠩᠭ᠋ᠠᠬᠤ ᠪᠤᠯᠤᠨ᠎ᠠ᠃   ᠳᠤᠮᠳᠠᠳᠤ   ᠫᠤᠷᠲ᠋ᠦ᠋ᠭ᠋ᠠᠯ᠎ᠤᠨ ᠭᠠᠷ᠎ᠤᠨ ᠦᠰᠦᠭ ᠵᠢᠷᠤᠵᠤ ᠳᠤᠭᠳᠠᠭᠰᠠᠨ 《ᠨᠢᠭᠡ ᠪᠦᠰᠡ ᠨᠢᠭᠡ ᠵᠠᠮ》᠎ᠢ ᠬᠠᠮᠳᠤ᠎ᠪᠠᠷ ᠪᠦᠳᠦᠭᠡᠨ ᠪᠠᠢ᠌ᠭᠤᠯᠬᠤ ᠬᠠᠮᠳᠤᠷᠠᠯᠴᠠᠭ᠋ᠠᠨ᠎ᠤ ᠤᠢ᠌ᠯᠠᠭ᠋ᠠᠯᠴᠠᠭ᠎ᠠ ᠵᠢᠨ ᠰᠠᠨᠠᠮᠵᠢ ᠵᠢᠨ ᠪᠢᠴᠢᠭ᠎ᠨᠢ ᠡᠸᠦᠢ᠍ᠷᠦᠫᠠ ᠳᠢᠪ᠎ᠲᠤ ᠢᠳᠡᠪᠬᠢᠳᠡᠢ ᠵᠢᠱ᠌ᠢᠶ᠎ᠠ ᠦᠵᠡᠬᠦᠯᠬᠦ ᠦᠢ᠍ᠯᠡᠳᠤᠯ ᠭᠠᠷᠭ᠋ᠠᠬᠤ ᠪᠤᠯᠤᠨ᠎ᠠ᠃ ᠳᠤᠮᠳᠠᠳᠤ   ᠫᠤᠷᠲ᠋ᠦ᠋ᠭ᠋ᠠᠯ ᠳᠠᠯᠠᠢ ᠳᠠᠩᠬᠢᠰ᠎ᠤᠨ ᠬᠦᠷᠢᠶᠡᠨ᠎ᠳᠠᠬᠢ ᠬᠠᠮᠳᠤᠷᠠᠯᠴᠠᠭ᠎ᠠ᠎ᠪᠠᠨ ᠦᠷᠭᠡᠳᠭᠡᠨ᠂ 《ᠴᠡᠩᠭᠡᠷ ᠬᠠᠮᠳᠤᠷᠠᠯᠴᠠᠭ᠋ᠠᠨ᠎ᠤ ᠬᠠᠨᠢᠳᠠᠨ》᠎ᠤ ᠬᠤᠰᠢᠭᠤᠴᠢ ᠪᠤᠯᠬᠤ ᠵᠢ ᠵᠦᠪᠰᠢᠶᠡᠷᠡᠪᠡ᠃ ᠳᠤᠮᠳᠠᠳᠤ ᠤᠯᠤᠰ ᠢᠰᠫᠠᠨᠢ᠂   ᠫᠤᠷᠲ᠋ᠦ᠋ᠭ᠋ᠠᠯ ᠤᠯᠤᠰ᠎ᠯᠤᠭ᠎ᠠ ᠳᠤᠰ ᠳᠤᠰ 20   ᠰᠢᠬᠠᠮ ᠳᠦᠷᠦᠯ᠎ᠤᠨ ᠬᠠᠮᠳᠤᠷᠠᠯᠴᠠᠭ᠋ᠠᠨ᠎ᠤ ᠪᠢᠴᠢᠭ ᠮᠠᠲᠸᠷᠢᠶᠠᠯ ᠳᠤᠬᠢᠷᠠᠯᠴᠠᠵᠤ᠂   ᠡᠨᠡ᠎ᠨᠢ ᠠᠵᠤ ᠠᠬᠤᠢ ᠠᠷᠠᠯᠵᠢᠶ᠎ᠠ᠂ ᠰᠢᠨᠵᠢᠯᠠᠬᠦ ᠤᠬᠠᠭ᠋ᠠᠨ ᠲᠸᠭᠨᠢᠭ ᠮᠡᠷᠭᠡᠵᠢᠯ᠂ ᠮᠦᠩᠬᠦᠨ ᠬᠦᠢ᠍ᠯᠭᠡᠭᠡ᠂ ᠡᠨ᠋ᠸᠷᠬᠢ ᠵᠡᠷᠭᠡ ᠬᠦᠷᠢᠶᠠᠨ᠎ᠳᠤ ᠬᠤᠯᠪᠤᠭᠳᠠᠵᠤ᠂   ᠬᠤᠶᠠᠷ ᠳᠠᠯ᠎ᠠ ᠵᠢᠨ ᠬᠠᠷᠢᠯᠴᠠᠨ ᠠᠰᠢᠭᠳᠠᠢ ᠬᠠᠮᠳᠤᠷᠠᠯᠴᠠᠭ᠋ᠠᠨ᠎ᠤ ᠯᠤᠳᠤ ᠶᠡᠭᠡ ᠨᠦᠭᠡᠴᠡ ᠬᠦᠴᠦ ᠵᠢ ᠬᠦᠢ᠍ᠴᠡᠳ ᠬᠠᠷᠠᠭᠤᠯᠵᠠᠢ᠃
      ᠤᠯᠠᠨ ᠳᠠᠯᠠᠳᠤ ᠬᠠᠮᠳᠤᠷᠠᠯᠴᠠᠭ᠋ᠠᠨ᠎ᠤ ᠰᠢᠨ᠎ᠠ ᠬᠠᠮᠳᠤᠷᠠᠯ᠎ᠤᠨ ᠬᠦᠴᠦᠨ᠎ᠢ ᠪᠦᠷᠢᠳᠦᠬᠦᠯᠪᠡ᠃ ᠳᠤᠮᠳᠠᠳᠤ ᠤᠯᠤᠰ᠎ᠨᠢ ᠢᠰᠫᠠᠨᠢ᠂ ᠫᠤᠷᠲ᠋ᠦ᠋ᠭ᠋ᠠᠯ᠎ᠲᠠᠢ ᠮᠠᠰᠢ ᠤᠯᠠᠨ ᠳᠡᠯᠡᠭᠡᠢ ᠨᠡᠢ᠌ᠳᠡ ᠵᠢᠨ ᠪᠠ ᠭᠠᠵᠠᠷ ᠤᠷᠤᠨ᠎ᠤ ᠠᠰᠠᠭᠤᠳᠠᠯ᠎ᠤᠨ   ᠳᠠᠯ᠎ᠠ᠎ᠪᠠᠷ ᠠᠳᠠᠯᠢᠪᠳᠤᠷ ᠪᠠ ᠠᠳᠠᠯᠢ ᠵᠤᠭᠰᠤᠯᠳᠠ᠎ᠲᠠᠢ ᠶᠤᠮ᠃ ᠳᠡᠷᠢᠬᠦᠯᠡᠭᠴᠢ ᠰᠢ ᠵᠢᠨ ᠫᠢᠩ ᠬᠤᠶᠠᠷ ᠤᠯᠤᠰ᠎ᠤᠨ ᠤᠳᠤᠷᠢᠳᠬᠤ ᠬᠦᠮᠦᠨ᠎ᠲᠠᠢ ᠠᠭᠤᠯᠵᠠᠬᠤ᠎ᠳᠤ᠎ᠪᠠᠨ᠂ ᠳᠤᠮᠳᠠᠳᠤ ᠤᠯᠤᠰ ᠡᠸᠦᠢ᠍ᠷᠦᠫᠠ   ᠳᠢᠪ᠎ᠤᠨ ᠨᠢᠭᠡ ᠴᠤᠭᠴᠠᠵᠢᠯᠳᠠ ᠵᠢ ᠢᠮᠠᠬᠳᠠ ᠡᠷᠡᠰ ᠳᠡᠮᠵᠢᠵᠤ᠂ ᠪᠦᠯᠬᠦᠮᠳᠡᠭᠰᠡᠨ᠂   ᠳᠤᠭᠳᠠᠭᠤᠨ᠂   ᠨᠢᠭᠡᠳᠤᠯᠳᠠᠢ᠂ ᠬᠦᠭᠵᠢᠨ ᠴᠡᠴᠡᠭᠯᠡᠭᠰᠡᠨ ᠡᠸᠦᠢ᠍ᠷᠦᠫᠠ ᠳᠢᠪ᠎ᠢ ᠤᠯᠵᠤ   ᠬᠠᠷᠠᠬᠤ ᠳᠤᠷᠠᠳᠠᠢ ᠭᠡᠵᠤ   ᠴᠢᠬᠤᠯᠠᠴᠢᠯᠠᠪᠠ᠃ ᠳᠤᠮᠳᠠᠳᠤ ᠡᠸᠦᠢ᠍ᠷᠦᠫᠠ ᠬᠤᠶᠠᠷ ᠳᠠᠯ᠎ᠠ᠎ᠪᠠᠷ ᠵᠶ᠋ᠡᠨ 《  ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠪᠤᠯᠤᠨ ᠡᠸᠦᠢ᠍ᠷᠦᠫᠠ ᠵᠢᠨ ᠬᠤᠯᠪᠤᠭ᠎ᠠ ᠵᠢᠨ ᠬᠦᠭᠵᠢᠯᠳᠡ ᠵᠢᠨ ᠪᠠᠢ᠌ᠯᠳᠤᠬᠤ ᠪᠤᠳᠤᠯᠭ᠎ᠠ ᠵᠢ ᠠᠪᠴᠠᠯᠳᠤᠭᠤᠯᠵᠤ᠂ ᠠᠽᠢᠶ᠎ᠠ ᠡᠸᠦᠢ᠍ᠷᠦᠫᠠ ᠵᠢᠨ ᠬᠤᠯᠪᠤᠯᠳᠤᠨ ᠨᠡᠪᠳᠡᠷᠡᠯᠴᠡᠬᠦ ᠵᠢ ᠬᠠᠮᠳᠤ᠎ᠪᠠᠷ   ᠠᠬᠢᠭᠤᠯᠤᠨ᠎ᠠ᠃   ᠬᠤᠶᠠᠷ ᠳᠠᠯ᠎ᠠ  ᠎ᠪᠠᠷ ᠵᠶ᠋ᠡᠨ ᠤᠯᠠᠨ ᠤᠯᠤᠰ᠎ᠤᠨ ᠡᠮᠬᠢ ᠳᠢᠭᠯᠢᠮ᠎ᠢ ᠬᠠᠮᠳᠤ᠎ᠪᠠᠷ ᠬᠠᠮᠠᠭ᠋ᠠᠯᠠᠬᠤ᠂ ᠪᠦᠬᠦ ᠪᠦᠮᠪᠦᠷᠴᠡᠭ᠎ᠤᠨ ᠵᠠᠰᠠᠯᠳᠠ ᠵᠢ ᠠᠬᠢᠭᠤᠯᠬᠤ ᠵᠡᠷᠭᠡ ᠳᠡᠯ᠎ᠡ᠎ᠪᠠᠷ ᠬᠠᠷᠢᠯᠴᠠᠨ ᠳᠡᠮᠵᠢᠯᠴᠡᠵᠤ᠂ ᠬᠠᠮᠵᠢᠯᠴᠠᠨ᠎ᠠ ᠭᠡᠪᠡ᠃ ᠢᠰᠫᠠᠨᠢ᠂   ᠫᠤᠷᠲ᠋ᠦ᠋ᠭ᠋ᠠᠯ ᠬᠤᠶᠠᠷ ᠤᠯᠤᠰ᠎ᠤᠨ ᠤᠳᠤᠷᠢᠳᠬᠤ ᠬᠦᠮᠦᠨ ᠡᠬᠦᠨ᠎ᠢ ᠳᠡᠭᠡᠳᠤ ᠭᠡᠮᠵᠢᠶ᠎ᠡ᠎ᠪᠠᠷ ᠵᠦᠪᠰᠢᠶᠡᠷᠡᠨ ᠰᠠᠢ᠌ᠰᠢᠶᠠᠵᠤ᠂ ᠳᠤᠷᠠᠳᠠᠶ᠎ᠡ ᠳᠤᠮᠳᠠᠳᠤ ᠵᠢᠨ ᠳᠠᠯ᠎ᠠ᠎ᠲᠠᠢ ᠪᠠᠢ᠌ᠯᠳᠤᠬᠤ ᠪᠤᠳᠤᠯᠭ᠎ᠠ ᠵᠢᠨ ᠵᠤᠬᠢᠴᠠᠭᠤᠯᠭ᠎ᠠ᠎ᠪᠠᠨ ᠴᠢᠩᠭ᠋ᠠᠳᠬᠠᠵᠤ᠂ ᠬᠠᠷᠢᠯᠴᠠᠨ   ᠠᠰᠢᠭᠳᠠᠢ ᠬᠠᠮᠳᠤ᠎ᠪᠠᠷ ᠠᠰᠢᠭ ᠬᠦᠷᠳᠡᠬᠦ ᠳᠤᠮᠳᠠᠳᠤ ᠡᠸᠦᠢ᠍ᠷᠦᠫᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ ᠵᠢ ᠬᠦᠨᠵᠡᠭᠡᠢ᠌ᠷᠡᠬᠦᠯᠬᠦ ᠵᠢᠨ ᠬᠠᠮᠲᠤ ᠨᠡᠭᠡᠭᠡᠯᠳᠡᠳᠡᠢ᠂   ᠪᠠᠭᠳᠠᠭ᠋ᠠᠮᠵᠢᠳᠠᠢ ᠬᠠᠮᠳᠤ ᠵᠢᠨ ᠤᠢ᠌ᠯᠠᠭ᠋ᠠᠭᠳᠠᠬᠤᠨ᠎ᠢ ᠪᠠᠷᠢᠮᠳᠠᠯᠠᠨ᠂ ᠤᠯᠠᠨ ᠳᠠᠯᠠᠳᠤ ᠦᠵᠡᠯ᠎ᠤᠨ ᠠᠬᠢᠴᠠ ᠪᠠ ᠴᠢᠯᠦᠭᠡᠳᠤ ᠠᠷᠠᠯᠵᠢᠶᠠᠨ᠎ᠤ ᠰᠢᠰᠲᠸᠮ᠎ᠢ ᠡᠷᠡᠰ ᠳᠡᠮᠵᠢᠵᠤ᠂ ᠭᠠᠷ ᠬᠤᠯᠪᠤᠯᠴᠠᠵᠤ ᠪᠠᠢ᠌ᠭ᠋ᠠᠳ ᠪᠦᠬᠦ ᠪᠦᠮᠪᠦᠷᠴᠡᠭ᠎ᠤᠨ ᠴᠢᠨᠠᠷᠳᠠᠢ ᠦᠷᠢᠰᠦᠯᠳᠦᠭᠡᠨ᠎ᠢ ᠠᠷᠭ᠋ᠠᠴᠠᠭ᠋ᠠᠨ᠎ᠠ ᠭᠡᠵᠤ ᠢᠯᠡᠳᠭᠡᠵᠡᠭᠡᠪᠡ᠃
      ᠭᠤᠷᠪᠠ᠂ ᠳᠤᠮᠳᠠᠳᠤ ᠠᠷᠺᠸᠨ᠋ᠲ᠋ᠢᠨ᠂ ᠳᠤᠮᠳᠠᠳᠤ ᠫᠠᠨᠠᠮᠠ ᠵᠢᠨ ᠬᠤᠯᠪᠤᠭ᠋ᠠᠰᠤ ᠵᠢ ᠡᠷᠴᠢᠮᠵᠢᠬᠦᠯᠵᠤ ᠳᠤᠮᠳᠠᠳᠤ ᠤᠯᠤᠰ ᠪᠤᠯᠤᠨ ᠯᠠᠲ᠋ᠢᠨ ᠠᠮᠸᠷᠢᠺᠠ ᠵᠢᠨ ᠬᠠᠮᠳᠤᠷᠠᠯᠴᠠᠭ᠋ᠠᠨ᠎ᠤ ᠪᠠᠢ᠌ᠷᠢᠰᠢᠯ   ᠵᠶ᠋ᠠᠨ ᠳᠡᠬᠦᠯᠳᠡᠷᠵᠢᠬᠦᠯᠪᠡ
      ᠯᠠᠲ᠋ᠢᠨ ᠠᠮᠸᠷᠢᠺᠠ ᠪᠤᠯ ᠤᠯᠠᠨ ᠤᠯᠤᠰ᠎ᠤᠨ ᠪᠠᠢ᠌ᠷᠢᠰᠢᠯ ᠳᠤᠮᠳᠠᠬᠢ ᠰᠢᠨ᠎ᠠ᠎ᠪᠠᠷ ᠮᠠᠨᠳᠤᠭᠰᠠᠨ ᠴᠢᠬᠤᠯᠠ ᠬᠦᠴᠦᠨ ᠪᠤᠯᠤᠨ᠎ᠠ᠃   ᠳᠡᠷᠢᠬᠦᠯᠡᠭᠴᠢ ᠰᠢ ᠵᠢᠨ ᠫᠢᠩ᠎ᠤᠨ ᠳᠠᠢ᠌ᠴᠢᠯᠠᠯ ᠠᠬᠢᠭᠤᠯᠤᠯ ᠵᠶ᠋ᠡᠷ᠂   ᠳᠤᠮᠳᠠᠳᠤ ᠤᠯᠤᠰ ᠪᠤᠯᠤᠨ ᠯᠠᠲ᠋ᠢᠨ ᠠᠮᠸᠷᠢᠺᠠ ᠵᠢᠨ ᠬᠠᠷᠢᠴᠠᠭ᠎ᠠ ᠣᠢ᠌ᠷ᠎ᠡ ᠵᠢᠨ ᠵᠢᠯ᠎ᠳᠤ ᠳᠡᠤᠭᠡᠳᠤ ᠴᠢᠨᠠᠷ᠎ᠲᠠᠢ ᠳᠠᠪᠠᠯᠳᠠ ᠵᠢ ᠪᠡᠶᠡᠯᠡᠬᠦᠯᠪᠡ᠃ ᠳᠤᠰ ᠤᠳᠠᠭ᠋ᠠᠨ᠎ᠤ ᠠᠢ᠌ᠯᠴᠢᠯᠠᠯᠳᠠ ᠪᠤᠯ ᠳᠡᠷᠢᠬᠦᠯᠡᠭᠴᠢ ᠰᠢ ᠵᠢᠨ ᠫᠢᠩ᠎ᠤᠨ ᠯᠠᠲ᠋ᠢᠨ ᠠᠮᠸᠷᠢᠺᠠ ᠳᠢᠪ᠎ᠲᠠᠬᠢ ᠳᠦᠷᠪᠡᠳᠡᠬᠢ ᠤᠳᠠᠭ᠋ᠠᠨ᠎ᠤ ᠠᠢ᠌ᠯᠴᠢᠯᠠᠯᠳᠠ ᠪᠤᠯᠬᠤ   ᠪᠦᠭᠡᠳ ᠠᠷᠺᠸᠨ᠋ᠲ᠋ᠢᠨ  ᠎ᠳᠠᠬᠢ ᠬᠤᠶᠠᠳᠠᠬᠢ ᠤᠳᠠᠭ᠋ᠠᠨ᠎ᠤ ᠠᠢ᠌ᠯᠴᠢᠯᠠᠯᠳᠠ᠂ ᠳᠤᠮᠳᠠᠳᠤ ᠤᠯᠤᠰ᠎ᠤᠨ ᠤᠯᠤᠰ᠎ᠤᠨ ᠳᠡᠷᠢᠬᠦᠯᠡᠭᠴᠢ ᠵᠢᠨ ᠫᠠᠨᠠᠮᠠ  ᠎ᠳᠠᠬᠢ ᠠᠩᠬᠠᠳᠠᠭᠴᠢ ᠠᠢ᠌ᠯᠴᠢᠯᠠᠯᠳᠠ ᠪᠤᠯᠤᠨ᠎ᠠ᠃ ᠡᠨᠡ᠎ᠨᠢ ᠬᠤᠶᠠᠷ ᠳᠠᠯ᠎ᠠ ᠵᠢᠨ ᠬᠠᠷᠢᠴᠠᠭ᠎ᠠ ᠪᠠ ᠳᠤᠮᠳᠠᠳᠤ ᠤᠯᠤᠰ ᠪᠤᠯᠤᠨ ᠯᠠᠲ᠋ᠢᠨ ᠠᠮᠸᠷᠢᠺᠠ ᠵᠢᠨ ᠪᠦᠬᠦᠢ᠌ᠯᠡ ᠴᠤᠭᠴᠠ ᠵᠢᠨ ᠬᠠᠮᠳᠤᠷᠠᠯᠴᠠᠭ᠎ᠠ ᠵᠢᠨ ᠪᠡᠳᠤ ᠪᠡᠬᠢ ᠰᠠᠭᠤᠷᠢ ᠵᠢ ᠴᠢᠨᠠᠭᠰᠢᠳᠠ   ᠪᠡᠬᠢᠵᠢᠬᠦᠯᠵᠤ᠂ ᠭᠡᠭᠡᠨ ᠰᠠᠷᠠᠭᠤᠯ ᠢᠷᠡᠭᠡᠳᠦᠢ ᠵᠢ ᠨᠡᠭᠡᠭᠡᠨ᠂   ᠡᠯᠪᠡᠭ ᠪᠠᠶᠠᠯᠢᠭ ᠳᠤᠳᠤᠭ᠋ᠠᠳᠤ ᠠᠭᠤᠯᠬᠤᠨ᠎ᠢ ᠨᠡᠮᠡᠷᠢᠯᠡᠭᠰᠡᠨ ᠶᠠᠪᠤᠳᠠᠯ ᠪᠤᠯᠤᠨ᠎ᠠ᠃
      ᠤᠯᠤᠰ ᠳᠦᠷᠦ ᠵᠢᠨ ᠢᠳᠡᠭᠡᠯᠴᠡᠭᠡ ᠵᠢᠨ ᠰᠠᠭᠤᠷᠢ ᠳᠠᠰᠤᠷᠠᠯᠳᠠ ᠦᠭᠡᠢ ᠪᠡᠬᠢᠵᠡᠪᠡ᠃ ᠠᠷᠺᠸᠨ᠋ᠲ᠋ᠢᠨ᠂ ᠫᠠᠨᠠᠮᠠ   ᠪᠤᠯ ᠳᠤᠰ ᠳᠤᠰ ᠵᠶ᠋ᠠᠷ ᠵᠶ᠋ᠠᠨ ᠳᠤᠮᠳᠠᠳᠤ ᠤᠯᠤᠰ᠎ᠤᠨ ᠯᠠᠲ᠋ᠢᠨ ᠠᠮᠸᠷᠢᠺᠠ᠎ᠳᠠᠬᠢ ᠬᠠᠭᠤᠴᠢᠨ ᠨᠠᠢ᠌ᠵᠠ ᠪᠠ ᠰᠢᠨ᠎ᠠ ᠨᠠᠢ᠌ᠵᠠ ᠮᠦᠨ᠂ ᠴᠦᠮ ᠳᠤᠮᠳᠠᠳᠤ ᠤᠯᠤᠰ᠎ᠯᠤᠭ᠎ᠠ ᠵᠢᠨ ᠬᠠᠷᠢᠴᠠᠭ᠎ᠠ ᠵᠢ ᠬᠦᠨᠵᠡᠭᠡᠢ᠌ᠷᠡᠬᠦᠯᠬᠦ ᠵᠢ ᠴᠢᠬᠤᠯᠠ ᠶᠡᠭᠡ ᠪᠠᠢ᠌ᠯᠳᠤᠬᠤ ᠪᠤᠳᠤᠯᠭ᠎ᠠ ᠵᠢᠨ ᠠᠵᠠ ᠳᠤᠬᠢᠶᠠᠯ ᠪᠤᠯᠭ᠋ᠠᠵᠤ ᠪᠤᠢ᠃ ᠳᠡᠷᠢᠬᠦᠯᠡᠭᠴᠢ ᠰᠢ ᠵᠢᠨ ᠫᠢᠩ ᠶᠡᠷᠦᠩᠭᠡᠢ᠌ᠯᠡᠭᠴᠢ ᠮᠠᠺᠸᠯᠢ᠎ᠲᠠᠢ 2   ᠵᠢᠯ ᠭᠠᠷᠤᠢ ᠵᠢᠨ ᠬᠤᠭᠤᠴᠠᠭ᠋ᠠᠨ᠎ᠳᠤ 5 ᠤᠳᠠᠭ᠎ᠠ ᠠᠭᠤᠯᠵᠠᠵᠤ᠂ ᠳᠤᠮᠳᠠᠳᠤ ᠠᠷᠺᠸᠨ᠋ᠲ᠋ᠢᠨ᠎ᠤ ᠬᠠᠷᠢᠴᠠᠭ᠎ᠠ᠎ᠳᠤ ᠤᠯᠤᠰ ᠳᠦᠷᠦ ᠵᠢᠨ ᠬᠦᠳᠦᠯᠤᠮᠵᠢ ᠬᠠᠩᠭ᠋ᠠᠵᠠᠢ᠃ ᠬᠤᠶᠠᠷ ᠳᠠᠯ᠎ᠠ᠎ᠪᠠᠷ ᠵᠶ᠋ᠡᠨ ᠨᠡᠩ ᠦᠷᠭᠡᠨ ᠳᠡᠯᠭᠡᠷ ᠬᠠᠷᠠᠭ᠋ᠠᠰᠤ᠎ᠠᠴᠠ ᠬᠤᠶᠠᠷ ᠳᠠᠯ᠎ᠠ ᠵᠢᠨ ᠬᠠᠷᠢᠴᠠᠭ᠎ᠠ ᠵᠢ ᠳᠦᠰᠦᠪᠯᠡᠵᠤ᠂ ᠡᠯ᠎ᠡ ᠬᠦᠷᠢᠶᠡᠨ ᠴᠠᠷᠠᠭ᠋ᠠᠨ᠎ᠳᠠᠬᠢ ᠬᠠᠮᠳᠤᠷᠠᠯᠴᠠᠭ᠎ᠠ ᠵᠢ ᠬᠦᠨᠵᠡᠭᠡᠢ᠌ᠷᠡᠬᠦᠯᠦᠨ ᠪᠤᠵᠠᠭ᠋ᠠᠢ᠌ᠷᠠᠭᠤᠯᠵᠤ᠂ ᠳᠤᠮᠳᠠᠳᠤ ᠠᠷᠺᠸᠨ᠋ᠲ᠋ᠢᠨ᠎ᠤ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ ᠵᠢᠨ ᠰᠢᠨ᠎ᠠ ᠴᠠᠭ ᠦᠶ᠎ᠡ ᠵᠢ ᠨᠡᠭᠡᠭᠡᠨ᠎ᠠ ᠭᠡᠵᠤ ᠳᠤᠭᠳᠠᠪᠠ᠃ ᠳᠡᠷᠢᠬᠦᠯᠡᠭᠴᠢ ᠰᠢ ᠵᠢᠨ ᠫᠢᠩ ᠶᠡᠷᠦᠩᠭᠡᠢ᠌ᠯᠡᠭᠴᠢ ᠪᠠᠯᠸᠢᠢ᠍ᠯᠡ᠎ᠲᠠᠢ ᠬᠠᠷᠢᠯᠴᠠᠨ ᠠᠢ᠌ᠯᠴᠢᠯᠠᠯᠳᠠ ᠬᠢᠬᠦ᠎ᠪᠠᠨ ᠪᠡᠶᠡᠯᠡᠬᠦᠯᠵᠤ ᠳᠤᠮᠳᠠᠳᠤ ᠫᠠᠨᠠᠮᠠ ᠵᠢᠨ ᠬᠠᠷᠢᠴᠠᠭ᠋ᠠᠨ᠎ᠤ ᠰᠠᠭᠤᠷᠢ ᠵᠢ ᠪᠡᠬᠢᠵᠢᠬᠦᠯᠪᠡ᠃ ᠬᠤᠶᠠᠷ ᠳᠠᠯ᠎ᠠ᠎ᠪᠠᠷ ᠵᠶ᠋ᠡᠨ ᠬᠠᠷᠢᠴᠠᠭ᠎ᠠ ᠪᠠᠢ᠌ᠭᠤᠯᠤᠭᠰᠠᠨ ᠨᠢᠭᠡ ᠵᠢᠯ ᠬᠠᠭ᠋ᠠᠰ᠎ᠤᠨ ᠳᠤᠷᠰᠢᠳᠡ   ᠤᠯᠤᠭᠰᠠᠨ ᠠᠮᠵᠢᠯᠳᠠ ᠪᠦᠳᠦᠮᠵᠢ᠎ᠪᠠᠨ ᠳᠡᠭᠡᠳᠤ ᠭᠡᠮᠵᠢᠶ᠎ᠡ᠎ᠪᠠᠷ ᠦᠨᠡᠯᠡᠨ᠂ ᠳᠤᠮᠳᠠᠳᠤ ᠫᠠᠨᠠᠮᠠ ᠵᠢᠨ ᠬᠠᠷᠢᠴᠠᠭ᠎ᠠ ᠵᠢ ᠪᠦᠬᠦ ᠳᠠᠯ᠎ᠠ᠎ᠪᠠᠷ ᠠᠬᠢᠭᠤᠯᠵᠤ᠂ ᠤᠯᠤᠰ᠎ᠤᠨ ᠬᠤᠭᠤᠷᠤᠨᠳᠤᠬᠢ ᠨᠦᠬᠦᠷᠰᠡᠭ ᠬᠠᠷᠢᠴᠠᠭ᠋ᠠᠨ᠎ᠤ ᠦᠯᠢᠭᠡᠷ ᠵᠢᠱ᠌ᠢᠶ᠎ᠠ ᠪᠤᠯᠭ᠋ᠠᠨ᠎ᠠ ᠭᠡᠪᠡ᠃ ᠳᠡᠷᠢᠬᠦᠯᠡᠭᠴᠢ ᠰᠢ ᠵᠢᠨ ᠫᠢᠩ ᠬᠤᠶᠠᠷ ᠤᠯᠤᠰ᠎ᠤᠨ ᠤᠳᠤᠷᠢᠳᠬᠤ ᠬᠦᠮᠦᠨ᠎ᠲᠠᠢ ᠳᠤᠰ ᠳᠤᠰ᠎ᠤᠨ ᠵᠶ᠋ᠡᠨ ᠰᠤᠩᠭᠤᠭᠰᠠᠨ ᠬᠦᠭᠵᠢᠯᠳᠡ ᠵᠢᠨ ᠵᠠᠮ ᠵᠶ᠋ᠠᠷ ᠦᠷᠬᠦᠯᠵᠢᠯᠡᠨ ᠵᠠᠮᠨᠠᠬᠤ ᠵᠢ ᠡᠷᠡᠰ ᠳᠡᠮᠵᠢᠵᠤ᠂   ᠳᠤᠰ ᠳᠤᠰ᠎ᠤᠨ ᠭᠤᠤᠯᠯᠠᠭᠴᠢ ᠠᠰᠢᠭ ᠳᠤᠰᠠ ᠪᠠ ᠠᠩᠬᠠᠷᠴᠤ ᠪᠠᠢ᠌ᠭ᠎ᠠ ᠠᠰᠠᠭᠤᠳᠠᠯ᠎ᠢ ᠤᠢ᠌ᠯᠠᠭ᠋ᠠᠬᠤ ᠪᠠ ᠳᠡᠮᠵᠢᠵᠤ᠂ ᠳᠤᠮᠳᠠᠳᠤ ᠤᠯᠤᠰ ᠪᠤᠯᠤᠨ ᠯᠠᠲ᠋ᠢᠨ ᠠᠮᠸᠷᠢᠺᠠ ᠵᠢᠨ ᠬᠠᠷᠢᠴᠠᠭ᠎ᠠ ᠵᠢᠨ ᠪᠦᠬᠦᠯᠢ ᠴᠤᠭᠴᠠ ᠵᠢᠨ ᠬᠦᠭᠵᠢᠯᠳᠡ ᠵᠢ ᠬᠠᠮᠳᠤ᠎ᠪᠠᠷ ᠠᠬᠢᠭᠤᠯᠵᠤ᠂ ᠬᠦᠭᠵᠢᠵᠤ ᠪᠠᠢ᠌ᠭ᠎ᠠ ᠤᠯᠤᠰ᠎ᠤᠨ ᠵᠦᠢ ᠶᠤᠰᠤᠨ᠎ᠤ ᠠᠰᠢᠭ ᠳᠤᠰᠠ ᠵᠢ ᠬᠠᠮᠠᠭ᠋ᠠᠯᠠᠨ᠎ᠠ ᠭᠡᠵᠤ ᠵᠦᠪᠳᠡᠨ ᠳᠤᠭᠳᠠᠵᠠᠢ᠃   ᠳᠤᠮᠳᠠᠳᠤ ᠠᠷᠺᠸᠨ᠋ᠲ᠋ᠢᠨ᠂ ᠳᠤᠮᠳᠠᠳᠤ ᠫᠠᠨᠠᠮᠠ ᠳᠤᠰ ᠪᠦᠷᠢ ᠬᠠᠮᠳᠤᠷᠠᠭᠰᠠᠨ ᠢᠯᠡᠷᠭᠡᠢ᠌ᠯᠡᠯᠳᠡ᠂   ᠬᠠᠮᠳᠤᠷᠠᠭᠰᠠᠨ ᠰᠤᠨᠢᠨ ᠮᠡᠳᠡᠭᠡᠨ᠎ᠤ ᠠᠯᠪᠠᠨ ᠮᠡᠳᠡᠭᠡ ᠨᠡᠢ᠌ᠳᠡᠯᠡᠨ᠂   ᠬᠤᠶᠠᠷ ᠳᠠᠯ᠎ᠠ ᠵᠢᠨ ᠳᠡᠭᠡᠳᠤ ᠭᠡᠮᠵᠢᠶᠡᠨ᠎ᠤ ᠬᠠᠮᠳᠤ ᠵᠢᠨ ᠳᠠᠨᠢᠯᠳᠠ ᠵᠢ ᠳᠤᠰᠬᠠᠵᠠᠢ᠃
      ᠬᠦᠭᠵᠢᠯᠳᠡ ᠵᠢᠨ ᠪᠠᠢ᠌ᠯᠳᠤᠬᠤ   ᠪᠤᠳᠤᠯᠭ᠎ᠠ ᠵᠢᠨ ᠠᠪᠴᠠᠯᠳᠤᠭ᠎ᠠ ᠵᠢ ᠠᠬᠢᠭᠤᠯᠪᠠ᠃   ᠳᠤᠮᠳᠠᠳᠤ ᠠᠷᠺᠸᠨ᠋ᠲ᠋ᠢᠨ᠎ᠤ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ ᠎ᠪᠠᠨ 《ᠨᠢᠭᠡ ᠪᠦᠰᠡ ᠨᠢᠭᠡ ᠵᠡᠮ》᠎ᠤᠨ ᠰᠠᠨᠠᠭ᠋ᠠᠴᠢᠯᠠᠭ᠎ᠠ ᠬᠦᠷᠳᠡᠯ᠎ᠡ ᠦᠷᠭᠡᠳᠭᠡᠵᠤ᠂ ᠭᠠᠷ ᠬᠤᠯᠪᠤᠨ 《ᠨᠢᠭᠡ ᠪᠦᠰᠡ   ᠨᠢᠭᠡ ᠵᠠᠮ》᠎ᠢ ᠬᠠᠮᠳᠤ᠎ᠪᠠᠷ ᠪᠦᠳᠦᠭᠡᠨ ᠪᠠᠢ᠌ᠭᠤᠯᠬᠤ ᠵᠢ ᠠᠬᠢᠭᠤᠯᠤᠨ᠂ ᠬᠤᠶᠠᠷ ᠳᠠᠯ᠎ᠠ ᠵᠢᠨ ᠬᠦᠭᠵᠢᠯᠳᠡ ᠵᠢᠨ ᠳᠦᠯᠦᠪᠵᠢᠬᠦᠯᠭᠡ ᠎ᠪᠠᠨ   ᠠᠪᠴᠠᠯᠳᠤᠭᠤᠯᠵᠤ᠂ ᠡᠯ᠎ᠡ ᠳᠡᠰ ᠳᠠᠪᠬᠤᠷᠭ᠎ᠠ ᠡᠯ᠎ᠡ ᠬᠦᠷᠢᠶ᠎ᠡ ᠴᠠᠷᠠᠭ᠎ᠠ᠎ᠳᠠᠬᠢ ᠶᠠᠪᠤᠯᠴᠠᠭ᠎ᠠ ᠬᠠᠮᠳᠤᠷᠠᠯᠴᠠᠭ᠎ᠠ ᠵᠢ ᠨᠢᠭᠡᠳᠦᠯᠳᠡᠢ ᠳᠦᠯᠦᠪᠵᠢᠬᠦᠯᠦᠨ ᠠᠬᠢᠭᠤᠯᠬᠤ ᠵᠢ ᠵᠦᠪᠰᠢᠶᠡᠷᠡᠵᠡᠢ᠃ ᠫᠠᠨᠠᠮᠠ ᠬᠠᠷᠢᠯᠴᠠᠨ ᠬᠤᠯᠪᠤᠭ᠋ᠠᠯᠠᠵᠤ ᠬᠠᠷᠢᠯᠴᠠᠨ ᠨᠡᠪᠳᠡᠷᠡᠯᠴᠡᠬᠦ᠎ᠪᠠᠷ ᠤᠯᠤᠰ ᠵᠶ᠋ᠡᠨ ᠪᠠᠢ᠌ᠭᠤᠯᠬᠤ ᠵᠢ   ᠪᠠᠷᠢᠮᠳᠠᠯᠠᠳᠠᠭ ᠮᠦᠷᠳᠡᠭᠡᠨ  《ᠨᠢᠭᠡ ᠪᠦᠰᠡ ᠨᠢᠭᠡ ᠵᠠᠮ》᠎ᠢ ᠬᠠᠮᠳᠤ᠎ᠪᠠᠷ ᠪᠦᠳᠦᠭᠡᠨ ᠪᠠᠢ᠌ᠭᠤᠯᠬᠤ   ᠲᠦᠷᠣᠯᠬᠢ ᠬᠠᠨᠢᠳᠠᠨ ᠪᠤᠯᠤᠨ᠎ᠠ᠃ ᠳᠡᠷᠢᠬᠦᠯᠡᠭᠴᠢ ᠰᠢ ᠵᠢᠨ ᠫᠢᠩ ᠶᠡᠷᠦᠩᠭᠡᠢ᠌ᠯᠡᠭᠴᠢ ᠪᠡᠯᠸᠢᠢ᠍ᠯᠢᠨ᠎ᠲᠠᠢ ᠬᠠᠮᠳᠤ᠎ᠪᠠᠷ ᠫᠠᠨᠠᠮᠠ ᠳᠠᠳᠠᠮᠠᠯ ᠭᠤᠤᠯ᠎ᠢ ᠳᠤᠭᠤᠷᠢᠨ ᠦᠵᠡᠵᠤ᠂ ᠬᠤᠶᠠᠷ ᠳᠠᠯ᠎ᠠ᠎ᠪᠠᠷ ᠵᠶ᠋ᠡᠨ ᠬᠦᠭᠵᠢᠯᠳᠡ ᠵᠢᠨ ᠪᠠᠢ᠌ᠯᠳᠤᠬᠤ ᠪᠤᠳᠤᠯᠭ᠎ᠠ᠎ᠪᠠᠨ ᠠᠪᠴᠠᠯᠳᠤᠭᠤᠯᠬᠤ ᠭᠡᠭᠡᠨ ᠰᠠᠷᠠᠭᠤᠯ ᠢᠷᠡᠭᠡᠳᠦᠢ ᠎ᠪᠠᠨ   ᠪᠠᠷᠠᠯᠠᠪᠠ᠃ ᠳᠤᠮᠳᠠᠳᠤ ᠫᠠᠨᠠᠮᠠ 《  ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ   ᠪᠤᠯᠤᠨ ᠫᠠᠨᠠᠮᠠ ᠵᠢᠨ 《2030 ᠤᠨ᠎ᠤ ᠤᠯᠤᠰ᠎ᠤᠨ ᠪᠤᠳᠠᠰ᠎ᠤᠨ ᠬᠦᠢ᠍ᠯᠭᠡᠭᠡᠨ᠎ᠤ ᠪᠠᠢ᠌ᠯᠳᠤᠬᠤ ᠪᠤᠳᠤᠯᠭ᠎ᠠ》᠎ᠪᠠᠷ ᠠᠵᠠ ᠳᠤᠬᠢᠶᠠᠯ ᠪᠤᠯᠭ᠋ᠠᠵᠤ᠂ ᠬᠠᠮᠳᠤᠷᠠᠯᠴᠠᠭ᠋ᠠᠨ᠎ᠤ ᠤᠷᠤᠨ ᠵᠠᠢ ᠎ᠪᠠᠨ   ᠳᠠᠰᠤᠷᠠᠯᠳᠠ ᠦᠭᠡᠢ ᠦᠷᠭᠡᠳᠭᠡᠨ᠂ ᠬᠠᠮᠳᠤᠷᠠᠯᠴᠠᠭ᠋ᠠᠨ᠎ᠤ ᠬᠢᠯᠡᠰ ᠴᠡᠭ᠎ᠢ ᠴᠤᠭᠴᠠᠯᠠᠨ᠎ᠠ ᠭᠡᠵᠤ ᠵᠦᠪᠰᠢᠶᠡᠷᠡᠵᠡᠢ᠃
      ᠬᠠᠷᠢᠯᠴᠠᠨ ᠠᠰᠢᠭ᠎ᠲᠠᠢ ᠨᠦᠬᠦᠷᠰᠡᠭ ᠬᠠᠮᠳᠤᠷᠠᠯᠴᠠᠭ᠎ᠠ ᠬᠢᠬᠦ᠎ᠪᠠᠨ ᠬᠦᠨᠵᠡᠭᠡᠢ᠌ᠷᠡᠬᠦᠯᠪᠡ᠃ ᠳᠤᠮᠳᠠᠳᠤ ᠤᠯᠤᠰ ᠪᠤᠯᠤᠨ ᠠᠷᠺᠸᠨ᠋ᠲ᠋ᠢᠨ ᠴᠦᠮ ᠰᠢᠨ᠎ᠠ᠎ᠪᠠᠷ ᠬᠦᠭᠵᠢᠭᠰᠡᠨ ᠵᠠᠬ᠎ᠠ ᠳᠡᠯᠭᠡᠬᠦᠷ᠎ᠤᠨ ᠤᠯᠤᠰ᠎ᠲᠤ ᠪᠠᠭᠳᠠᠵᠤ᠂ ᠠᠵᠤ ᠠᠬᠤᠢ ᠵᠢᠨ ᠳᠠᠯ᠎ᠠ᠎ᠪᠠᠷ ᠬᠠᠷᠢᠯᠴᠠᠨ ᠨᠦᠬᠦᠪᠤᠷᠢᠯᠡᠬᠦ ᠴᠢᠨᠠᠷ ᠵᠶ᠋ᠡᠷ ᠴᠢᠩᠭ᠎ᠠ᠂ ᠬᠠᠮᠳᠤᠷᠠᠯᠴᠠᠭ᠋ᠠᠨ᠎ᠤ ᠳᠠᠯᠳᠠ   ᠬᠦᠴᠦᠨ ᠯᠤᠳᠤ ᠶᠡᠭᠡ ᠪᠠᠢ᠌ᠳᠠᠭ᠃   ᠳᠤᠮᠳᠠᠳᠤ ᠠᠷᠺᠸᠨ᠋ᠲ᠋ᠢᠨ ᠢᠷᠡᠭᠡᠳᠦᠢ ᠵᠢᠨ 5   ᠵᠢᠯ᠎ᠤᠨ ᠬᠠᠮᠳᠤ ᠵᠢᠨ ᠠᠵᠢᠯᠯᠠᠭ᠋ᠠᠨ᠎ᠤ ᠳᠦᠯᠦᠪᠵᠢᠬᠦᠯᠭᠡ ᠵᠢᠴᠢ 30   ᠵᠦᠢ᠍ᠯ᠎ᠤᠨ ᠬᠠᠮᠳᠤᠷᠠᠯᠴᠠᠭ᠋ᠠᠨ᠎ᠤ ᠪᠢᠴᠢᠭ ᠮᠠᠲᠸᠷᠢᠶᠠᠯ᠎ᠳᠤ ᠭᠠᠷ᠎ᠤᠨ ᠦᠰᠦᠭ ᠵᠢᠷᠤᠵᠤ᠂   ᠳᠠᠷᠠᠭ᠋ᠠᠴᠢ ᠵᠢᠨ ᠱᠠᠳᠤᠨ᠎ᠤ ᠬᠤᠶᠠᠷ ᠳᠠᠯ᠎ᠠ ᠵᠢᠨ ᠬᠠᠮᠳᠤᠷᠠᠯᠴᠠᠭ᠋ᠠᠨ᠎ᠳᠤ ᠵᠦᠭᠯᠡᠬᠦᠷ ᠪᠠ ᠬᠦᠳᠡᠯᠭᠡᠬᠦ ᠬᠦᠴᠦᠨ ᠎ᠢ ᠬᠠᠩᠭ᠋ᠠᠵᠠᠢ᠃ ᠬᠤᠶᠠᠷ ᠳᠠᠯ᠎ᠠ ᠵᠢᠨ ᠳᠤᠰ ᠳᠤᠰ᠎ᠤᠨ ᠳᠠᠪᠠᠭᠤᠯᠢᠭ ᠪᠠ ᠬᠦᠭᠵᠢᠯᠳᠡ ᠵᠢᠨ ᠭᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠠᠷᠠᠯᠵᠢᠶ᠎ᠠ ᠵᠢᠨ ᠳᠦᠪᠰᠢᠨ ᠵᠶ᠋ᠠᠨ ᠳᠡᠭᠡᠭᠰᠢᠯᠡᠬᠦᠯᠵᠤ᠂ ᠡᠨ᠋ᠸᠷᠬᠢ ᠵᠢᠨ ᠬᠠᠮᠳᠤᠷᠠᠯᠴᠠᠭ᠎ᠠ ᠵᠢ ᠦᠷᠭᠡᠳᠭᠡᠨ᠂ ᠬᠠᠷᠢᠯᠴᠠᠨ ᠬᠤᠯᠪᠤᠭ᠋ᠠᠯᠠᠨ ᠬᠠᠷᠢᠯᠴᠠᠨ ᠨᠡᠪᠳᠡᠷᠡᠯᠴᠡᠬᠦ ᠵᠢ ᠠᠬᠢᠭᠤᠯᠵᠤ᠂ ᠮᠦᠩᠬᠦᠨ ᠬᠦᠢ᠍ᠯᠭᠡᠭᠡᠨ᠎ᠤ ᠠᠮᠤᠷ ᠳᠦᠪᠰᠢᠨ᠎ᠢ ᠬᠠᠮᠠᠭ᠋ᠠᠯᠠᠬᠤ᠂ ᠰᠤᠶᠤᠯ ᠡᠷᠭᠡᠨᠰᠢᠯ᠎ᠤᠨ ᠰᠤᠯᠢᠯᠴᠠᠭ᠎ᠠ ᠵᠢ ᠴᠢᠩᠭ᠋ᠠᠳᠬᠠᠬᠤ᠂ ᠠᠷᠠᠳ᠎ᠤᠨ ᠰᠡᠳᠬᠢᠯ᠎ᠤᠨ ᠨᠡᠪᠳᠡᠷᠡᠯᠴᠡᠭᠡ ᠵᠢ ᠠᠬᠢᠭᠤᠯᠬᠤ ᠵᠢ ᠵᠦᠪᠰᠢᠶᠡᠷᠡᠵᠡᠢ᠃ ᠳᠤᠮᠳᠠᠳᠤ ᠫᠠᠨᠠᠮᠠ ᠵᠢᠨ ᠬᠠᠷᠢᠴᠠᠭ᠎ᠠ ᠪᠠᠢ᠌ᠭᠤᠯᠤᠭᠰᠠᠨ ᠴᠠᠭ ᠬᠤᠭᠤᠴᠠᠭ᠎ᠠ ᠤᠷᠳᠤ ᠪᠢᠰᠢ ᠪᠤᠯᠪᠠᠴᠤ ᠬᠤᠶᠠᠷ ᠳᠠᠯ᠎ᠠ ᠵᠢᠨ ᠬᠠᠮᠳᠤᠷᠠᠯᠴᠠᠭ᠎ᠠ ᠨᠢᠭᠡᠨᠳᠡ ᠪᠦᠬᠦ ᠳᠡᠯ᠎ᠡ᠎ᠪᠠᠷ ᠠᠬᠢᠬᠤ ᠪᠠᠢ᠌ᠳᠠᠯ᠎ᠲᠠᠢ ᠪᠤᠯᠵᠠᠢ᠃   ᠳᠤᠰ ᠤᠳᠠᠭ᠋ᠠᠨ᠎ᠤ ᠠᠢ᠌ᠯᠴᠢᠯᠠᠯᠳᠠ ᠵᠢᠨ ᠬᠤᠭᠤᠴᠠᠭ᠋ᠠᠨ᠎ᠳᠤ ᠬᠤᠶᠠᠷ ᠳᠠᠯ᠎ᠠ᠎ᠪᠠᠷ ᠵᠶ᠋ᠡᠨ ᠡᠯᠸᠺᠲᠷᠤᠨ ᠬᠤᠳᠠᠯᠳᠤᠭ᠎ᠠ᠂ ᠦᠢ᠍ᠯᠡᠴᠢᠯᠡᠭᠡᠨ᠎ᠤ ᠠᠷᠠᠯᠵᠢᠶ᠎ᠠ᠂ ᠠᠵᠤ ᠠᠬᠤᠢ ᠠᠷᠠᠯᠵᠢᠶᠠᠨ᠎ᠤ ᠴᠤᠭᠯᠠᠭ᠋ᠠᠨ᠂ ᠳᠡᠯᠡᠢ ᠵᠢᠨ ᠶᠠᠪᠤᠳᠠᠯ᠂   ᠪᠡᠯᠡ ᠮᠦᠩᠬᠦ ᠴᠤᠭᠯᠠᠭᠤᠯᠬᠤ᠂ ᠳᠠᠷᠢᠶᠠᠯᠠᠩ ᠮᠠᠯ ᠠᠵᠤ ᠠᠬᠤᠢ᠂ ᠬᠠᠤᠯᠢ ᠴᠠᠭ᠋ᠠᠵᠠ᠂ ᠰᠤᠶᠤᠯ ᠰᠤᠷᠭ᠋ᠠᠨ ᠬᠦᠮᠦᠵᠢᠯ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠵᠡᠷᠭᠡ ᠬᠠᠮᠳᠤᠷᠠᠯᠴᠠᠭ᠋ᠠᠨ᠎ᠤ ᠬᠦᠷᠢᠶ᠎ᠡ ᠴᠠᠷᠠᠭ᠎ᠠ᠎ᠳᠤ ᠦᠯᠡᠮᠵᠢ ᠤᠯᠠᠨ ᠰᠢᠨ᠎ᠡ ᠵᠦᠪᠳᠡᠯᠴᠡᠭᠡᠷ ᠳᠤᠬᠢᠷᠠᠯᠴᠠᠵᠤ᠂ ᠳᠤᠮᠳᠠᠳᠤ ᠫᠠᠨᠠᠮᠠ ᠵᠢᠨ ᠬᠠᠷᠢᠴᠠᠭ᠎ᠠ ᠪᠠᠢ᠌ᠭᠤᠯᠤᠭᠰᠠᠨ  ᠎ᠨᠢ ᠪᠦᠷᠢᠮᠦᠰᠤᠨ ᠤᠨᠤᠪᠴᠢᠳᠠᠢ ᠵᠢ ᠳᠠᠬᠢᠨᠳᠠ ᠭᠡᠷᠡᠴᠢᠯᠠᠨ᠂ ᠬᠠᠮᠳᠤᠷᠠᠯᠴᠠᠭ᠋ᠠᠨ᠎ᠤ ᠳᠠᠯᠳᠠ ᠬᠦᠴᠦᠨ᠎ᠢ ᠦᠷᠬᠦᠯᠵᠢᠯᠡᠨ ᠬᠦᠭᠵᠢᠭᠡᠵᠡᠢ᠃ ᠳᠡᠷᠢᠬᠦᠯᠡᠭᠴᠢ ᠰᠢ ᠵᠢᠨ ᠫᠢᠩ ᠳᠤᠮᠳᠠᠳᠤ ᠫᠠᠨᠠᠮᠠ ᠵᠢᠨ   ᠠᠵᠤ ᠠᠬᠤᠢ ᠠᠷᠠᠯᠵᠢᠶ᠎ᠠ ᠵᠢᠨ ᠶᠠᠷᠢᠶᠠᠨ᠎ᠤ ᠳᠠᠪᠴᠠᠩ᠎ᠳᠤ ᠤᠷᠤᠯᠴᠠᠭᠰᠠᠨ ᠠᠵᠤ ᠠᠬᠤᠢ᠌ᠯᠠᠯᠳᠠᠨ᠎ᠤ ᠳᠦᠯᠦᠭᠡᠯᠡᠭᠴᠢᠳ᠎ᠲᠠᠢ ᠠᠭᠤᠯᠵᠠᠨ᠂ ᠬᠤᠶᠠᠷ ᠳᠠᠯ᠎ᠠ ᠵᠢᠨ ᠠᠵᠤ ᠠᠬᠤᠢ᠌ᠯᠠᠯ᠎ᠤᠨ᠎ᠬᠢᠨ ᠎ᠤ ᠰᠡᠳᠬᠢᠯ᠎ᠳᠤ ᠨᠡᠢ᠌ᠴᠡᠭᠰᠡᠨ ᠡᠨᠡᠬᠦ ᠰᠠᠢ᠌ᠨ ᠳᠤᠬᠢᠶᠠᠯ᠎ᠢ ᠵᠠᠪᠳᠤᠵᠤ ᠬᠠᠮᠳᠤᠷᠠᠯᠴᠠᠭ᠎ᠠ᠎ᠪᠠᠨ ᠦᠷᠭᠡᠳᠭᠡᠬᠦ᠎ᠪᠠᠷ ᠴᠢᠷᠮᠠᠢ᠌ᠬᠤ ᠵᠢ ᠵᠤᠷᠢᠭᠵᠢᠭᠤᠯᠵᠠᠢ᠃
      ᠸᠠᠩ ᠢ᠂ ᠳᠡᠷᠢᠬᠦᠯᠡᠭᠴᠢ ᠰᠢ ᠵᠢᠨ ᠫᠢᠩ᠎ᠤᠨ ᠳᠤᠰ ᠤᠳᠠᠭ᠋ᠠᠨ᠎ᠤ ᠯᠠᠲ᠋ᠢᠨ ᠠᠮᠸᠷᠢᠺᠠ᠎ᠳᠠᠬᠢ ᠠᠢ᠌ᠯᠴᠢᠯᠠᠯᠳᠠ᠎ᠪᠠᠷ ᠬᠦᠷᠦᠭᠰᠡᠨ ᠡᠮᠤᠨᠡᠳᠤ ᠤᠮᠠᠷᠠᠳᠤ   ᠬᠤᠶᠠᠷ ᠦᠷᠳᠡᠭᠡ ᠪᠤᠯ ᠳᠤᠮᠳᠠᠳᠤ ᠤᠯᠤᠰ ᠪᠤᠯᠤᠨ ᠯᠠᠲ᠋ᠢᠨ ᠠᠮᠸᠷᠢᠺᠠ ᠵᠢᠨ ᠪᠦᠬᠦᠯᠢ ᠴᠤᠭᠴᠠ ᠵᠢᠨ ᠬᠠᠮᠳᠤᠷᠠᠯᠴᠠᠭ᠋ᠠᠨ᠎ᠤ ᠳᠡᠬᠦᠯᠳᠡᠷᠵᠢᠯᠳᠡ ᠪᠤᠯᠬᠤ ᠮᠦᠷᠳᠡᠭᠡᠨ ᠳᠤᠮᠳᠠᠳᠤ ᠤᠯᠤᠰ ᠪᠤᠯᠤᠨ ᠯᠠᠲ᠋ᠢᠨ ᠠᠮᠸᠷᠢᠺᠠ ᠵᠢᠨ ᠬᠠᠷᠢᠴᠠᠭ᠎ᠠ ᠵᠢᠨ ᠦᠷᠨᠢᠬᠦᠨ ᠬᠦᠭᠵᠢᠯᠳᠡ ᠵᠢᠨ ᠵᠢᠷᠤᠭᠯᠠᠯ ᠪᠤᠯᠤᠨ᠎ᠠ᠃ ᠳᠤᠮᠳᠠᠳᠤ ᠤᠯᠤᠰ ᠪᠤᠯᠤᠨ ᠯᠠᠲ᠋ᠢᠨ ᠠᠮᠸᠷᠢᠺᠠ ᠵᠢᠨ᠎ᠬᠢᠨ ᠨᠦᠬᠦᠷᠰᠡᠭ ᠬᠠᠮᠳᠤᠷᠠᠯᠴᠠᠭ᠎ᠠ ᠵᠢ ᠬᠦᠨᠵᠡᠭᠡᠢ᠌ᠷᠡᠬᠦᠯᠬᠦ᠂ ᠬᠠᠮᠳᠤ ᠵᠢᠨ ᠬᠦᠭᠵᠢᠯᠳᠡ ᠵᠢ ᠪᠡᠶᠡᠯᠡᠬᠦᠯᠬᠦ ᠳᠠᠯ᠎ᠠ᠎ᠪᠠᠷ ᠳᠡᠭᠡᠳᠤ ᠭᠡᠮᠵᠢᠶᠡᠨ᠎ᠤ ᠬᠠᠮᠳᠤ ᠵᠢᠨ ᠳᠠᠨᠢᠯᠳᠠ᠎ᠲᠠᠢ ᠪᠤᠯᠤᠭᠰᠠᠨ᠎ᠢ ᠪᠢᠳᠠ ᠬᠦᠨ᠎ᠡ ᠳᠠᠨᠢᠵᠤ ᠮᠡᠳᠡᠵᠡᠢ᠃ ᠯᠠᠲ᠋ᠢᠨ ᠠᠮᠸᠷᠢᠺᠠ ᠵᠢᠨ ᠤᠯᠤᠰ᠎ᠤᠳ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠬᠠᠯᠠᠭᠤᠨ ᠵᠶ᠋ᠡᠷ ᠬᠦᠷᠢᠶᠡᠯᠡᠵᠤ᠂ ᠳᠤᠮᠳᠠᠳᠤ ᠤᠯᠤᠰ᠎ᠲᠠᠢ ᠬᠠᠮᠳᠤᠷᠠᠯᠴᠠᠭ᠎ᠠ ᠬᠤᠯᠪᠤᠭ᠋ᠠᠰᠤ᠎ᠪᠠᠨ ᠴᠢᠩᠭ᠋ᠠᠷᠠᠭᠤᠯᠤᠨ᠂ ᠠᠰᠢᠭ ᠳᠤᠰᠠ ᠵᠢᠨ ᠠᠭᠤᠰᠤᠯᠴᠠᠯ᠎ᠢ ᠬᠦᠨᠵᠡᠭᠡᠢ᠌ᠷᠡᠬᠦᠯᠬᠦ ᠵᠢ ᠬᠦᠰᠡᠨ ᠡᠷᠡᠮᠡᠯᠵᠡᠵᠤ ᠪᠠᠢ᠌ᠨ᠎ᠠ᠃ ᠳᠤᠮᠳᠠᠳᠤ ᠤᠯᠤᠰ ᠪᠤᠯᠤᠨ ᠯᠠᠲ᠋ᠢᠨ ᠠᠮᠸᠷᠢᠺᠠ ᠵᠢᠨ ᠬᠠᠮᠳᠤᠷᠠᠯᠴᠠᠭ᠎ᠠ ᠪᠤᠯ ᠬᠦᠭᠵᠢᠵᠤ ᠪᠠᠢ᠌ᠭ᠎ᠠ ᠤᠯᠤᠰ᠎ᠤᠨ ᠬᠤᠭᠤᠷᠤᠨᠳᠤᠬᠢ ᠬᠠᠷᠢᠯᠴᠠᠨ ᠬᠠᠪᠰᠤᠷᠤᠯᠭ᠎ᠠ ᠳᠡᠮᠵᠢᠯᠭᠡ ᠪᠤᠯᠬᠤ ᠮᠦᠷᠳᠡᠭᠡᠨ ᠬᠦᠴᠦᠷᠭᠡᠭ ᠶᠡᠭᠡ ᠳᠤᠳᠤᠭ᠋ᠠᠳᠤ ᠵᠢᠨ ᠬᠦᠳᠡᠯᠭᠡᠬᠦ ᠬᠦᠴᠦᠨ᠎ᠲᠠᠢ ᠬᠠᠮᠳᠤᠷᠠᠯᠴᠠᠭ᠎ᠠ ᠪᠤᠯᠤᠨ᠎ᠠ᠃ ᠪᠤᠰᠤᠳ ᠭᠡᠨ᠎ᠤ᠎ᠬᠢᠨ ᠎ᠤ ᠠᠰᠢᠭ ᠳᠤᠰᠠ ᠵᠢ ᠴᠤ᠌ ᠬᠦᠨᠳᠡᠭᠡᠬᠦ ᠦᠭᠡᠢ᠎ᠪᠠᠷ ᠵᠦᠪᠭᠡᠨ ᠨᠡᠩ ᠶᠡᠭᠡ ᠬᠠᠮᠳᠤ ᠵᠢᠨ ᠠᠰᠢᠭ ᠳᠤᠰᠠ ᠵᠢ ᠪᠤᠢ ᠪᠤᠯᠭ᠋ᠠᠬᠤ ᠪᠤᠯᠬᠤᠷ ᠳᠡᠯᠡᠭᠡᠢ ᠵᠢᠨ ᠪᠠ ᠭᠠᠵᠠᠷ ᠤᠷᠤᠨ᠎ᠤ ᠡᠩᠭᠡ ᠳᠡᠢ᠌ᠪᠤᠩ ᠬᠦᠭᠵᠢᠯᠳᠡ᠎ᠳᠤ ᠨᠡᠩ ᠶᠡᠭᠡ ᠢᠳᠡᠪᠬᠢᠳᠡᠢ ᠬᠤᠪᠢ ᠨᠡᠮᠡᠷᠢ ᠦᠵᠡᠬᠦᠯᠬᠦ ᠪᠤᠯᠤᠨ᠎ᠡ ᠭᠡᠵᠤ ᠭᠡᠯᠡᠪᠡ᠃
      ᠳᠦᠷᠪᠡ᠂   ᠳᠤᠮᠳᠠᠳᠤ ᠤᠯᠤᠰ᠎ᠤᠨ ᠵᠠᠮ ᠪᠠ ᠣᠢ᠌ᠯᠠᠭ᠋ᠠᠭᠳᠠᠬᠤᠨ᠎ᠢ ᠳᠠᠢ᠌ᠯᠪᠤᠷᠢᠯᠠᠵᠤ ᠢᠳᠡᠭᠡᠯ᠎ᠲᠠᠢ ᠪᠠᠭᠳᠠᠭ᠋ᠠᠮᠵᠢᠳᠠᠢ   ᠳᠦᠷᠢ ᠳᠦᠷᠬᠦ ᠵᠢ ᠢᠯᠡᠷᠡᠬᠦᠯᠪᠡ
      ᠡᠨᠡ ᠵᠢᠯ ᠪᠤᠯ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠳᠤᠤᠱᠯᠠᠭᠤᠯᠤᠨ ᠨᠠᠢ᠌ᠳᠠᠪᠤᠷᠢᠵᠢᠭᠤᠯᠤᠭᠰᠠᠨ ᠡᠬᠢᠨ᠎ᠤ ᠵᠢᠯ ᠪᠤᠯᠬᠤ ᠮᠦᠷᠳᠡᠭᠡᠨ ᠦᠭᠡᠷᠡᠴᠢᠯᠡᠯᠳᠡ ᠨᠡᠭᠡᠭᠡᠯᠳᠡ ᠬᠢᠭᠰᠡᠨ 40   ᠵᠢᠯ᠎ᠤᠨ ᠤᠢ ᠪᠤᠯᠤᠨ᠎ᠠ᠃ ᠳᠡᠯᠡᠭᠡᠢ ᠨᠡᠢ᠌ᠲᠡ ᠎ᠪᠠᠷ ᠵᠶ᠋ᠡᠨ ᠳᠤᠮᠳᠠᠳᠤ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠳᠦᠷᠦ ᠵᠢᠨ ᠪᠤᠳᠤᠯᠭ᠎ᠠ ᠵᠢᠨ ᠴᠢᠭᠯᠡᠯ ᠪᠡ ᠢᠷᠡᠭᠡᠳᠦᠢ ᠵᠢᠨ ᠬᠦᠭᠵᠢᠯᠳᠡ ᠵᠢᠨ ᠠᠯᠤᠰ ᠢᠷᠡᠭᠡᠳᠦᠢ ᠵᠢ ᠠᠩᠬᠠᠷᠴᠤ ᠪᠤᠢ᠃ ᠳᠡᠷᠢᠬᠦᠯᠡᠭᠴᠢ ᠰᠢ ᠵᠢᠨ ᠫᠢᠩ ᠳᠤᠰ ᠤᠳᠠᠭ᠋ᠠᠨ᠎ᠤ ᠠᠢ᠌ᠯᠴᠢᠯᠠᠯᠳᠠ᠎ᠳᠤ᠎ᠪᠠᠨ ᠳᠤᠮᠳᠠᠳᠤ ᠤᠯᠤᠰ᠎ᠤᠨ ᠬᠦᠭᠵᠢᠯᠳᠡ ᠵᠢᠨ ᠵᠠᠮ ᠪᠤᠯᠤᠨ ᠣᠢ᠌ᠯᠠᠭ᠋ᠠᠭᠳᠠᠬᠤᠨ᠎ᠢ ᠭᠤᠢ᠌ᠳᠠ ᠰᠠᠢ᠌ᠬᠠᠨ ᠳᠤᠳᠤᠷᠬᠠᠢ᠌ᠯᠠᠵᠤ᠂ ᠡᠯ᠎ᠡ ᠤᠯᠤᠰ᠎ᠤᠨ ᠤᠳᠤᠷᠢᠳᠬᠤ ᠬᠦᠮᠦᠰ᠎ᠲᠠᠢ ᠳᠦᠷᠦ ᠵᠢ ᠵᠠᠰᠠᠨ   ᠵᠠᠰᠠᠭ᠎ᠢ   ᠡᠷᠬᠢᠯᠡᠭᠰᠡᠨ ᠳᠤᠷᠰᠢᠯᠭ᠎ᠠ᠎ᠪᠠᠨ ᠬᠤᠪᠢᠶᠠᠯᠴᠠᠨ ᠰᠤᠯᠢᠯᠴᠠᠵᠤ᠂ ᠳᠡᠯᠡᠭᠡᠢ ᠨᠡᠢ᠌ᠲᠡ ᠵᠢᠨ  ᠎ᠬᠢᠨ᠎ᠤ ᠳᠤᠮᠳᠠᠳᠤ ᠤᠯᠤᠰ᠎ᠤᠨ ᠳᠤᠬᠠᠢ ᠮᠡᠳᠡᠷᠡᠮᠵᠢ ᠣᠢ᠌ᠯᠠᠭ᠋ᠠᠯᠳᠠ᠎ᠲᠠᠢ ᠪᠣᠯᠭ᠋ᠠᠵᠤ ᠂ ᠨᠡᠭᠡᠭᠡᠯᠳᠡᠢ ᠢᠳᠡᠭᠡᠯᠳᠡᠢ ᠳᠤᠮᠤ ᠤᠯᠤᠰ᠎ᠤᠨ ᠤᠳᠤᠷᠢᠳᠬᠤ ᠬᠦᠮᠦᠨ᠎ᠤ ᠭᠡᠪ ᠨᠡᠮᠪᠡ ᠵᠢ ᠢᠯᠡᠷᠡᠬᠦᠯᠪᠡ᠃
      ᠦᠭᠡᠷᠡᠴᠢᠯᠡᠯᠳᠡ ᠨᠡᠭᠡᠭᠡᠯᠳᠡ ᠬᠢᠬᠦ ᠵᠢ ᠪᠠᠷᠢᠮᠲᠠᠯᠠᠨ   ᠳᠤᠮᠳᠠᠳᠤ ᠤᠯᠤᠰ᠎ᠤᠨ ᠠᠵᠠ ᠳᠤᠬᠢᠶᠠᠯ᠎ᠢ ᠢᠯᠡᠷᠡᠬᠦᠯᠪᠡ᠃ ᠳᠡᠷᠢᠬᠦᠯᠡᠭᠴᠢ ᠰᠢ ᠵᠢᠨ ᠫᠢᠩ ᠦᠭᠡᠷᠡᠴᠢᠯᠡᠯᠳᠡ ᠨᠡᠭᠡᠭᠡᠯᠳᠡ ᠵᠢᠨ ᠠᠬᠢᠴᠠ ᠵᠢᠴᠢ   ᠤᠯᠤᠰ᠎ᠤᠨ   ᠳᠤᠳᠤᠭ᠋ᠠᠳᠤ ᠵᠢᠨ ᠠᠵᠤ ᠠᠬᠤᠢ ᠨᠡᠢ᠌ᠭᠡᠮ᠎ᠤᠨ ᠬᠦᠭᠵᠢᠯᠳᠡ᠂ ᠶᠠᠳᠠᠭᠤ ᠵᠢ ᠳᠡᠳᠬᠦᠨ ᠶᠠᠳᠠᠭᠤ ᠵᠢ ᠪᠠᠭ᠋ᠠᠰᠬᠠᠬᠰᠠᠨ ᠵᠡᠷᠭᠡ ᠪᠠᠢ᠌ᠳᠠᠯ᠎ᠤᠳ᠎ᠢ   ᠳᠠᠨᠢᠯᠴᠠᠭᠤᠯᠬᠤ᠎ᠳᠤ᠎ᠪᠠᠨ᠂ ᠳᠤᠮᠳᠠᠳᠤ ᠤᠯᠤᠰ ᠰᠢᠨ᠎ᠠ ᠨᠢᠭᠡᠨ ᠡᠭᠡᠯᠵᠢ ᠵᠢᠨ ᠦᠨᠳᠦᠷ ᠳᠦᠪᠰᠢᠨ ᠪᠦᠬᠦᠢ ᠦᠭᠡᠷᠡᠴᠢᠯᠡᠯᠳᠡ ᠨᠡᠭᠡᠭᠡᠯᠳᠡ ᠬᠢᠬᠦ᠎ᠪᠠᠷ ᠳᠠᠮᠵᠢᠨ ᠳᠤᠰ ᠪᠡᠶ᠎ᠡ ᠵᠢᠨ ᠬᠦᠭᠵᠢᠯᠳᠡ᠎ᠪᠠᠨ ᠪᠡᠶᠡᠯᠡᠬᠦᠯᠬᠦ ᠵᠢᠨ ᠬᠠᠮᠳᠤ ᠡᠯ᠎ᠡ ᠤᠯᠤᠰ᠎ᠤᠨ ᠬᠠᠮᠳᠤ ᠵᠢᠨ ᠬᠦᠭᠵᠢᠯᠳᠡ᠎ᠳᠤ ᠨᠡᠩ ᠤᠯᠠᠨ ᠠᠵᠠ ᠳᠤᠬᠢᠶᠠᠯ ᠤᠯᠭᠤᠵᠤ᠂ ᠪᠦᠬᠦ ᠪᠦᠮᠪᠦᠷᠴᠡᠭ᠎ᠤᠨ ᠬᠦᠭᠵᠢᠯᠳᠡ ᠵᠢᠨ ᠦᠢ᠍ᠯᠡᠰ᠎ᠲᠤ ᠨᠡᠩ ᠶᠡᠭᠡ ᠬᠤᠪᠢ ᠨᠡᠮᠡᠷᠢ ᠦᠵᠡᠬᠦᠯᠬᠦ   ᠪᠤᠯᠤᠨ᠎ᠠ ᠭᠡᠵᠤ ᠭᠡᠯᠡᠪᠡ᠃ ᠳᠡᠷᠢᠬᠦᠯᠡᠭᠴᠢ ᠰᠢ ᠵᠢᠨ ᠫᠢᠩ᠂ ᠳᠤᠮᠳᠠᠳᠤ ᠤᠯᠤᠰ᠎ᠤᠨ᠎ᠬᠢᠨ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ᠎ᠠᠴᠠ ᠤᠷᠤᠭᠤᠯᠤᠭᠰᠠᠨ ᠪᠦᠳᠦᠭᠡᠭᠳᠡᠬᠦᠨ᠎ᠤ ᠦᠵᠡᠰᠬᠦᠯᠡᠩ᠎ᠤᠨ ᠴᠤᠭᠯᠠᠭ᠋ᠠᠨ ᠎ᠢ ᠵᠢᠯ ᠪᠦᠷᠢ ᠡᠷᠬᠢᠯᠡᠨ᠂ ᠳᠤᠮᠳᠠᠳᠤ ᠤᠯᠤᠰ᠎ᠤᠨ ᠵᠠᠬ᠎ᠠ ᠳᠡᠯᠭᠡᠬᠦᠷ᠎ᠢ ᠳᠡᠯᠡᠭᠡᠢ ᠳ᠋ᠡᠬᠢᠨ᠎ᠳᠤ   ᠨᠡᠭᠡᠭᠡᠨ᠎ᠡ᠃ ᠡᠯ᠎ᠡ ᠤᠯᠤᠰ᠎ᠤᠨ᠎ᠬᠢᠨ ᠎ᠤ ᠬᠠᠮᠳᠤ᠎ᠪᠠᠷ ᠡᠷᠭᠡ ᠴᠢᠯᠦᠭᠡᠳᠡᠢ᠂   ᠨᠡᠭᠡᠭᠡᠯᠳᠡᠳᠡᠢ᠂ ᠪᠠᠭᠳᠠᠭ᠋ᠠᠮᠵᠢᠳᠠᠢ᠂ ᠡᠮᠬᠢ ᠳᠢᠭᠯᠢᠮ᠎ᠲᠠᠢ ᠳᠡᠯᠡᠭᠡᠢ ᠵᠢᠨ ᠠᠵᠤ ᠠᠬᠤᠢ ᠵᠢᠨ ᠶᠡᠭᠡ ᠤᠷᠴᠢᠨ ᠠᠬᠤᠢ ᠵᠢ ᠪᠤᠢ ᠪᠤᠯᠭ᠋ᠠᠬᠤ ᠵᠢ ᠤᠷᠢᠶᠠᠯᠠᠪᠠ᠃ ᠡᠯ᠎ᠡ ᠤᠯᠤᠰ᠎ᠤᠨ᠎ᠬᠢᠨ ᠳᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ ᠵᠢᠨ ᠠᠮᠵᠢᠯᠳᠠ ᠪᠦᠳᠦᠮᠵᠢ᠎ᠳᠤ ᠪᠠᠶᠠᠷ ᠬᠦᠷᠭᠡᠵᠤ᠂ ᠳᠤᠮᠳᠠᠳᠤ ᠤᠯᠤᠰ᠎ᠤᠨ ᠵᠠᠬ᠎ᠠ ᠳᠡᠯᠭᠡᠬᠦᠷᠵᠢᠭᠰᠡᠨ ᠦᠭᠡᠷᠡᠴᠢᠯᠡᠯᠳᠡ ᠵᠢ ᠦᠷᠬᠦᠯᠵᠢᠯᠡᠨ ᠬᠦᠨᠵᠡᠭᠡᠢ᠌ᠷᠡᠬᠦᠯᠵᠤ᠂ ᠭᠠᠳᠠᠭ᠋ᠠᠳᠤ᠎ᠠᠴᠠ ᠤᠷᠤᠭᠤᠯᠬᠤ ᠵᠢ ᠰᠠᠨᠠᠭ᠋ᠠᠴᠢᠯᠠᠭ᠎ᠠ᠎ᠠᠴᠠ᠎ᠪᠠᠨ ᠦᠷᠭᠡᠳᠭᠡᠵᠤ ᠪᠠᠢ᠌ᠭ᠎ᠠ ᠶᠠᠪᠤᠳᠠᠯ᠎ᠨᠢ ᠳᠡᠯᠡᠭᠡᠢ ᠵᠢᠨ ᠠᠵᠤ ᠠᠬᠤᠢ ᠵᠢᠨ ᠨᠡᠮᠡᠭᠳᠡᠯ ᠮᠠᠭᠤᠳᠠᠨ᠂ ᠰᠦᠷᠭᠡᠤ ᠳᠡᠯᠡᠭᠡᠢ᠌ᠵᠢᠯᠳᠡ ᠵᠢᠨ ᠦᠵᠡᠯ ᠰᠠᠨᠠᠭ᠋ᠠᠨ᠎ᠤ ᠤᠷᠤᠰᠬᠠᠯ ᠳᠤᠯᠤᠭ᠋ᠠᠢ ᠦᠨᠳᠡᠢ᠌ᠵᠤ ᠪᠠᠢ᠌ᠭ᠎ᠠ   ᠪᠠᠢ᠌ᠳᠠᠯ ᠳᠤᠤᠷ᠎ᠠ   ᠤᠯᠳᠠᠰᠢ ᠦᠭᠡᠢ ᠡᠷᠬᠢᠮ   ᠶᠠᠪᠤᠳᠠᠯ ᠪᠤᠯᠵᠤ᠂ ᠳᠤᠮᠳᠠᠳᠤ ᠤᠯᠤᠰ᠎ᠤᠨ ᠳᠤᠰ ᠪᠡᠶ᠎ᠡ᠎ᠳᠤ ᠪᠠ ᠳᠡᠯᠡᠭᠡᠢ ᠨᠡᠢ᠌ᠲᠡ᠎ᠳᠤ ᠪᠦᠷ ᠠᠯᠤᠰ ᠭᠡᠳᠤ ᠵᠢᠨ ᠠᠴᠢ ᠬᠤᠯᠪᠤᠭᠳᠠᠯ ᠦᠵᠡᠬᠦᠯᠵᠤ ᠪᠤᠢ ᠭᠡᠵᠤ ᠦᠵᠡᠵᠡᠭᠡᠪᠡ᠃
      ᠡᠩᠭᠡ   ᠳᠡᠢ᠌ᠪᠤᠩ ᠬᠦᠭᠵᠢᠯᠳᠡ ᠵᠢ ᠪᠠᠷᠢᠮᠳᠠᠯᠠᠵᠤ ᠳᠤᠮᠳᠠᠳᠤ ᠤᠯᠤᠰ᠎ᠤᠨ ᠦᠢ᠍ᠯᠡᠳᠤᠯ᠎ᠢ   ᠪᠠᠳᠠᠷᠠᠭᠤᠯᠪᠠ  ᠃ ᠳᠡᠷᠢᠬᠦᠯᠡᠭᠴᠢ ᠰᠢ ᠵᠢᠨ ᠫᠢᠩ ᠭᠠᠳᠠᠭ᠋ᠠᠳᠤ ᠵᠢᠨ ᠤᠳᠤᠷᠢᠳᠬᠤ ᠬᠦᠮᠦᠰ  ᠎ᠲᠤ ᠳᠤᠮᠳᠠᠳᠤ ᠤᠯᠤᠰ᠎ᠤᠨ ᠭᠠᠳᠠᠭ᠋ᠠᠳᠤ ᠬᠠᠷᠢᠴᠠᠭ᠋ᠠᠨ᠎ᠤ ᠳᠦᠷᠦ ᠵᠢᠨ ᠪᠤᠳᠤᠯᠭ᠎ᠠ ᠵᠢᠨ ᠤᠢ᠌ᠯᠠᠭ᠋ᠠᠭᠳᠠᠬᠤᠨ᠎ᠢ   ᠳᠤᠳᠤᠷᠬᠠᠢ᠌ᠯᠠᠬᠤ᠎ᠳᠤ᠎ᠪᠠᠨ᠂ ᠳᠤᠮᠳᠠᠳᠤ ᠤᠯᠤᠰ ᠡᠩᠭᠡ ᠳᠡᠢ᠌ᠪᠤᠩ ᠬᠦᠭᠵᠢᠯᠳᠡ ᠵᠢ ᠪᠠᠷᠢᠮᠳᠠᠯᠠᠵᠤ᠂ ᠢᠮᠠᠭᠳᠠ ᠳᠡᠯᠡᠭᠡᠢ ᠵᠢᠨ ᠡᠩᠭᠡ ᠳᠡᠢ᠌ᠪᠤᠩ᠎ᠤᠨ ᠪᠦᠳᠦᠭᠡᠨ ᠪᠠᠢ᠌ᠭᠤᠯᠤᠭᠴᠢ᠂ ᠪᠦᠬᠦ ᠪᠦᠮᠪᠦᠷᠴᠡᠭ᠎ᠤᠨ ᠬᠦᠭᠵᠢᠯᠳᠡ᠎ᠳᠤ ᠬᠤᠪᠢ ᠨᠡᠮᠡᠷᠢ ᠦᠵᠡᠬᠦᠯᠦᠭᠴᠢ᠂ ᠳᠡᠯᠡᠭᠡᠢ ᠵᠢᠨ ᠡᠮᠬᠢ ᠳᠢᠭᠯᠢᠮ ᠎ᠢ ᠪᠠᠳᠤᠯᠠᠨ ᠬᠠᠮᠠᠭ᠋ᠠᠯᠠᠭᠴᠢ ᠪᠤᠯᠤᠨ᠎ᠠ ᠭᠡᠵᠤ ᠴᠢᠬᠤᠯᠠᠴᠢᠯᠠᠪᠠ᠃ ᠳᠡᠷᠢᠬᠦᠯᠡᠭᠴᠢ ᠰᠢ ᠵᠢᠨ ᠫᠢᠩ ᠰᠢᠨ᠎ᠠ ᠮᠠᠶᠢᠭ᠎ᠤᠨ ᠤᠯᠠᠨ ᠤᠯᠤᠰ᠎ᠤᠨ ᠬᠠᠷᠢᠴᠠᠭ᠎ᠠ ᠵᠢ ᠪᠠᠢ᠌ᠭᠤᠯᠬᠤ ᠪᠠ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠵᠢᠨ   ᠴᠤᠭᠴᠠ ᠵᠢᠨ ᠪᠠᠢ᠌ᠭᠤᠯᠤᠯᠲᠠ ᠵᠢ ᠠᠬᠢᠭᠤᠯᠬᠤ ᠦᠨᠳᠦᠷᠴᠡ᠎ᠠᠴᠠ ᠬᠤᠶᠠᠷ ᠳᠠᠯ᠎ᠠ ᠵᠢᠨ ᠪᠠ ᠤᠯᠠᠨ ᠳᠠᠯ᠎ᠠ ᠵᠢᠨ ᠬᠠᠷᠢᠴᠠᠭ᠎ᠠ ᠵᠢ ᠠᠬᠢᠭᠤᠯᠬᠤ᠎ᠪᠠᠷ ᠳᠦᠯᠦᠪᠵᠢᠬᠦᠯᠵᠤ᠂ ᠡᠯ᠎ᠡ ᠤᠯᠤᠰ᠎ᠤᠨ᠎ᠬᠢᠨ ᠪᠦᠷ ᠬᠠᠷᠢᠯᠴᠠᠨ ᠬᠠᠮᠳᠤᠷᠠᠯᠴᠠᠭ᠎ᠠ ᠬᠢᠵᠤ ᠬᠦᠭᠵᠢᠬᠦ᠎ᠪᠠᠷ ᠠᠵᠠ ᠳᠤᠬᠢᠶᠠᠯ ᠪᠤᠯᠭ᠋ᠠᠨ᠂ ᠬᠠᠨᠢᠳᠠᠨ᠎ᠤ ᠬᠠᠷᠢᠴᠠᠭ᠎ᠠ ᠪᠠᠢ᠌ᠭᠤᠯᠬᠤ ᠵᠢ ᠰᠠᠨᠠᠭ᠋ᠠᠴᠢᠯᠠᠵᠤ᠂ ᠬᠠᠷᠢᠯᠴᠠᠨ ᠠᠰᠢᠭᠳᠠᠢ ᠬᠠᠮᠳᠤ᠎ᠪᠠᠷ ᠠᠰᠢᠭ ᠬᠦᠷᠳᠡᠬᠦ ᠤᠯᠠᠭᠤᠯᠠ ᠠᠰᠢᠭ ᠬᠦᠷᠳᠡᠬᠦ ᠵᠢ   ᠬᠦᠨᠵᠡᠭᠡᠢ᠌ᠷᠡᠬᠦᠯᠳᠡᠭ ᠶᠤᠮ ᠪᠤᠯ ᠯᠠᠪᠳᠠᠶ᠎ᠠ ᠦᠷᠭᠡᠨ ᠳᠡᠯᠭᠡᠷ ᠪᠦᠭᠡᠳ ᠢᠳᠡᠪᠬᠢᠳᠡᠢ ᠠᠴᠢ ᠬᠠᠷᠢᠭᠤ ᠵᠢ ᠤᠯᠵᠤ ᠪᠤᠯᠬᠤ ᠶᠤᠮ ᠭᠡᠵᠤ ᠴᠢᠬᠤᠯᠠᠴᠢᠯᠠᠪᠠ᠃ ᠳᠡᠷᠢᠬᠦᠯᠡᠭᠴᠢ ᠰᠢ ᠵᠢᠨ ᠫᠢᠩ᠎ᠤᠨ ᠳᠤᠷᠠᠳᠤᠭᠰᠠᠨ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢ ᠪᠠᠢ᠌ᠭᠤᠯᠬᠤ ᠤᠢ᠌ᠯᠠᠭ᠋ᠠᠭᠳᠠᠬᠤᠨ᠎ᠨᠢ   ᠴᠢᠪ ᠬᠡᠮᠡᠨ ᠡᠯ᠎ᠡ ᠤᠯᠤᠰ᠎ᠤᠨ ᠠᠷᠠᠳ ᠳᠦᠮᠡᠨ᠎ᠤ ᠡᠩᠭᠡ ᠳᠡᠢ᠌ᠪᠤᠩ᠂ ᠬᠦᠭᠵᠢᠡ ᠴᠡᠴᠡᠭᠯᠡᠯᠲᠡ   ᠵᠢ ᠬᠦᠰᠡᠨ ᠡᠷᠢᠯᠬᠢᠯᠡᠵᠤ ᠪᠠᠢ᠌ᠭ᠎ᠠ ᠬᠠᠮᠤᠭ᠎ᠤᠨ ᠶᠡᠭᠡ ᠨᠡᠢ᠌ᠲᠡ ᠵᠢᠨ ᠭᠡᠷ᠎ᠡ   ᠪᠤᠯᠵᠤ᠂ ᠳᠡᠯᠡᠭᠡᠢ   ᠨᠡᠢ᠌ᠲᠡ  ᠎ᠳᠤ᠂   ᠬᠦᠮᠦᠨ ᠠᠷᠠᠳ᠎ᠤᠨ ᠰᠡᠳᠬᠢᠯ᠎ᠳᠤ ᠡᠳᠤᠷ ᠢᠷᠡᠬᠦᠶ᠎ᠡ ᠬᠦᠨ ᠰᠠᠭᠤᠭᠳᠠᠨ᠂   ᠦᠷᠭᠡᠨ ᠳᠡᠯᠭᠡᠷ ᠬᠦᠷᠢᠶᠡᠯᠡᠯ᠎ᠢ ᠤᠯᠵᠤ ᠪᠠᠢ᠌ᠭ᠎ᠠ ᠵᠢ ᠪᠤᠳᠠᠳᠤ ᠶᠠᠪᠤᠳᠠᠯ ᠳᠠᠬᠢᠨᠳᠠ ᠭᠡᠷᠡᠴᠢᠯᠠᠵᠠᠢ᠃
      ᠸᠠᠩ ᠢ   ᠬᠠᠮᠤᠭ ᠎ᠤᠨ ᠰᠡᠬᠦᠯ᠎ᠳᠤ᠂ ᠳᠡᠷᠢᠬᠦᠯᠡᠭᠴᠢ ᠰᠢ ᠵᠢᠨ ᠫᠢᠩ᠎ᠤᠨ ᠡᠨᠡ ᠤᠳᠠᠭ᠋ᠠᠨ᠎ᠤ ᠠᠢ᠌ᠯᠴᠢᠯᠠᠯᠳᠠ᠎ᠨᠢ ᠳᠤᠮᠳᠠᠳᠤ ᠤᠯᠤᠰ᠎ᠤᠨ ᠤᠨᠴᠠᠯᠢᠭ᠎ᠲᠠᠢ   ᠳᠤᠮᠤ ᠤᠯᠤᠰ᠎ᠤᠨ ᠭᠠᠳᠠᠭ᠋ᠠᠳᠤ ᠬᠠᠷᠢᠴᠠᠭ᠋ᠠᠨ᠎ᠤ ᠪᠠᠰᠠ ᠨᠢᠭᠡᠨ ᠠᠮᠵᠢᠯᠳᠠ᠎ᠲᠠᠢ ᠦᠢ᠍ᠯᠡᠳᠦᠯᠭᠡ ᠪᠤᠯᠪᠠ᠃ ᠡᠨᠡ ᠵᠢᠯ᠎ᠠᠴᠠ ᠳᠡᠷᠢᠬᠦᠯᠡᠭᠴᠢ ᠰᠢ ᠵᠢᠨ ᠫᠢᠩ ᠤᠷᠢᠳ ᠬᠤᠵᠢᠳ 4   ᠤᠳᠠᠭ᠎ᠠ ᠠᠢ᠌ᠯᠴᠢᠯᠠᠯᠳᠠ ᠬᠢᠬᠦ ᠠᠵᠢᠯᠯᠠᠭ᠎ᠠ ᠦᠷᠨᠢᠬᠦᠯᠵᠤ᠂ ᠪᠡᠶ᠎ᠡ᠎ᠪᠠᠷ ᠵᠶ᠋ᠡᠨ 4   ᠶᠡᠭᠡ ᠭᠤᠤᠯ ᠳᠠᠯᠠᠪᠤᠷ᠎ᠤᠨ ᠠᠵᠢᠯᠯᠠᠭ᠎ᠠ ᠵᠢ ᠵᠢᠷᠤᠭᠯᠠᠨ᠂ ᠪᠦᠬᠦ ᠳᠡᠯ᠎ᠡ ᠵᠢᠨ᠂ ᠪᠡᠶᠡᠳᠤᠴᠢᠯᠡᠭᠰᠡᠨ᠂ ᠤᠯᠠᠨ ᠳᠡᠰ ᠳᠠᠪᠬᠤᠷᠭ᠋ᠠᠨ᠎ᠤ ᠭᠠᠳᠠᠭ᠋ᠠᠳᠤ ᠬᠠᠷᠢᠴᠠᠭ᠋ᠠᠨ᠎ᠤ ᠠᠵᠢᠯ᠎ᠤᠨ ᠪᠠᠢ᠌ᠷᠢᠰᠢᠭᠤᠯᠤᠯᠳᠠ ᠵᠢ ᠳᠡᠬᠦᠯᠳᠡᠷᠵᠢᠬᠦᠯᠪᠡ᠃ ᠳᠡᠷᠢᠬᠦᠯᠡᠭᠴᠢ ᠰᠢ ᠵᠢᠨ ᠫᠢᠩ ᠪᠦᠬᠦ ᠳᠡᠯ᠎ᠡ ᠵᠢ ᠶᠡᠷᠦᠩᠭᠡᠢ᠌ᠯᠡᠨ ᠵᠢᠯᠤᠭᠤᠳᠬᠤ ᠪᠠᠢ᠌ᠯᠳᠤᠬᠤ ᠪᠤᠳᠤᠯᠭ᠎ᠠ ᠵᠢᠨ ᠰᠡᠳᠬᠢᠬᠦᠢ᠎ᠪᠠᠷ᠂ ᠳᠤᠮᠤ ᠤᠯᠤᠰ᠎ᠯᠤᠭ᠎ᠠ ᠵᠢᠨ᠂   ᠬᠦᠷᠰᠢ ᠵᠡᠷᠭᠡᠯᠡᠳᠡᠭᠡ ᠤᠯᠤᠰ᠎ᠯᠤᠭ᠎ᠠ ᠵᠢᠨ᠂ ᠬᠦᠭᠵᠢᠵᠤ ᠪᠠᠢ᠌ᠭ᠎ᠠ ᠤᠯᠤᠰ᠎ᠤᠳ᠎ᠯᠤᠭ᠎ᠠ ᠵᠢᠨ ᠪᠠ ᠤᠯᠠᠨ ᠳᠠᠯ᠎ᠠ᠎ᠯᠤᠭ᠎ᠠ ᠵᠢᠨ ᠭᠠᠳᠠᠭ᠋ᠠᠳᠤ ᠬᠠᠷᠢᠴᠠᠭ᠎ᠠ ᠵᠢ ᠪᠦᠬᠦ ᠳᠠᠯ᠎ᠠ᠎ᠪᠠᠷ ᠳᠦᠯᠦᠪᠵᠢᠬᠦᠯᠵᠤ᠂ ᠪᠦᠬᠦ ᠪᠦᠮᠪᠦᠷᠴᠡᠭ᠎ᠤᠨ ᠬᠠᠨᠢᠳᠠᠨ᠎ᠤ ᠬᠠᠷᠢᠯᠴᠠᠭ᠋ᠠᠨ᠎ᠤ ᠳᠤᠤᠷ᠎ᠢ ᠳᠠᠰᠤᠷᠠᠯᠳᠠ ᠦᠭᠡᠢ ᠦᠷᠭᠡᠳᠭᠡᠨ᠂ 《ᠨᠢᠭᠡ ᠪᠦᠰᠡ ᠨᠢᠭᠡ ᠵᠡᠮ》᠎ᠤᠨ ᠪᠦᠳᠦᠭᠡᠨ ᠪᠠᠢ᠌ᠭᠤᠯᠤᠯᠳᠠ ᠵᠢ ᠪᠦᠬᠦ ᠳᠡᠯ᠎ᠡ᠎ᠪᠠᠷ ᠠᠬᠢᠭᠤᠯᠵᠤ᠂ ᠪᠦᠬᠦ ᠪᠦᠮᠪᠦᠷᠴᠡᠭ᠎ᠤᠨ ᠵᠠᠰᠠᠯᠳᠠ ᠵᠢᠨ ᠠᠬᠢᠴᠠ᠎ᠳᠤ ᠬᠦᠨᠵᠡᠭᠡᠢ ᠤᠷᠤᠯᠴᠠᠨ᠂ ᠨᠠᠷᠢᠨ ᠪᠤᠳᠤᠯᠢᠶᠠᠨᠳᠠᠢ ᠳᠡᠯᠡᠭᠡᠢ ᠨᠡᠢ᠌ᠲᠡ ᠵᠢᠨ   ᠪᠠᠢ᠌ᠷᠢᠰᠢᠯ᠎ᠳᠤ ᠳᠣᠭᠲᠠᠨᠢᠯ ᠎ᠤᠨ   ᠬᠦᠴᠦᠨ᠎ᠲᠠᠢ᠂   ᠪᠠᠶ᠎ᠡ᠎ᠳᠤ᠎ᠪᠠᠨ ᠢᠳᠡᠭᠡᠯ᠎ᠲᠠᠢ  ᠂ ᠰᠡᠷᠭᠡᠭ   ᠰᠠᠨᠠᠭ᠋ᠠᠴᠢᠯᠠᠭ᠎ᠠ᠎ᠲᠠᠢ ᠪᠠᠢ᠌ᠬᠤ ᠵᠢ ᠪᠠᠳᠤᠯᠠᠵᠤ ᠴᠢᠳᠠᠵᠠᠢ᠃ ᠦᠨᠳᠦᠷ᠎ᠲᠤ ᠵᠤᠭᠰᠤᠨ ᠠᠯᠤᠰ᠎ᠢ ᠪᠠᠷᠠᠯᠠᠬᠤᠶ᠎ᠠ ᠬᠤᠷᠸ᠎ᠠ ᠶᠢᠷᠳᠢᠨᠴᠤ ᠭᠡᠮᠵᠢᠶ᠎ᠡ ᠦᠭᠡᠢ ᠠᠭᠤᠳᠠᠮ   ᠪᠤᠯᠤᠮᠤᠢ᠂ ᠬᠦᠨᠳᠡᠯᠡᠨ ᠭᠤᠯᠳᠤ ᠵᠢ   ᠬᠤᠯᠪᠤᠯᠳᠤᠭᠤᠯᠤᠨ ᠨᠡᠢ᠌ᠯᠡᠬᠦᠯᠬᠦᠶ᠎ᠡ ᠠᠶᠠᠨᠳᠠᠭ᠋ᠠᠨ ᠠᠭᠤᠵᠢᠭᠤ ᠳᠠᠯᠪᠢᠭᠤᠨ ᠪᠤᠯᠵᠤ ᠴᠢᠳᠠᠮᠤᠢ᠃ ᠰᠢ ᠵᠢᠨ ᠫᠢᠩ ᠨᠦᠬᠦᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠳᠦᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠶᠠᠮᠠᠷ ᠶᠠᠩᠵᠤ ᠵᠢᠨ ᠭᠠᠳᠠᠭ᠋ᠠᠳᠤ ᠣᠷᠴᠢᠨ ᠪᠠᠢ᠌ᠳᠠᠯ᠎ᠳᠤ ᠳᠤᠯᠭ᠋ᠠᠷᠠᠯ᠎ᠠ ᠴᠤ᠌ ᠭᠡᠰᠡᠨ᠂ ᠶᠠᠮᠠᠷ   ᠬᠦᠴᠢᠷ ᠪᠡᠷᠭᠡᠰᠢᠶᠡᠯ᠎ᠳᠤ ᠤᠴᠠᠷᠠᠯ᠎ᠠ ᠴᠤ᠌ ᠭᠡᠰᠡᠨ᠂   ᠳᠤᠮᠳᠠᠳᠤ ᠤᠯᠤᠰ᠎ᠤᠨ ᠮᠠᠨᠠᠢ ᠦᠨᠳᠦᠰᠦᠳᠡᠨ᠎ᠤ ᠰᠡᠷᠬᠦᠨ ᠮᠡᠨᠳᠤᠯᠳᠠ ᠳᠡᠢ᠌ᠰᠢ ᠵᠠᠮᠨᠠᠬᠤ ᠠᠯᠬᠤᠮ ᠶᠠᠭ᠋ᠠᠬᠢᠭᠰᠠᠨ ᠴᠤ᠌ ᠵᠤᠭᠰᠤᠩᠭᠤᠢ᠌ᠷᠠᠬᠤ ᠦᠭᠡᠢ ᠶᠤᠮ᠂ ᠮᠢᠩᠭ᠎ᠠ ᠳᠦᠮᠡᠨ ᠠᠭᠤᠯᠠ ᠤᠰᠤ᠂ ᠪᠡᠷᠬᠡ ᠪᠠᠷᠲᠠᠭ᠎ᠠ ᠵᠢ ᠠᠵᠢᠭ ᠦᠭᠡᠢ ᠳᠤᠭᠤᠯᠬᠤ ᠶᠤᠮ᠃   ᠳᠠᠷᠠᠭ᠎ᠠ ᠵᠢᠯ   ᠪᠤᠯ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70   ᠵᠢᠯ᠎ᠤᠨ ᠣᠢ ᠪᠤᠯᠤᠨ᠎ᠠ᠃ ᠪᠢᠳᠠ ᠰᠢ ᠵᠢᠨ ᠫᠢᠩ᠎ᠤᠨ ᠭᠠᠳᠠᠭ᠋ᠠᠳᠤ ᠬᠠᠷᠢᠴᠠᠭ᠋ᠠᠨ᠎ᠤ ᠦᠵᠡᠯ ᠰᠠᠨᠠᠭ᠎ᠠ᠎ᠪᠠᠷ   ᠵᠢᠯᠤᠭᠤᠳᠤᠮᠵᠢ ᠪᠤᠯᠭ᠋ᠠᠭᠰᠠᠨ ᠠᠶᠠᠯᠠᠯ᠎ᠤᠨ ᠵᠠᠮ᠎ᠢ᠎ᠲᠠᠭᠠᠨ᠂ ᠦᠨᠳᠦᠰᠦᠳᠡᠨ᠎ᠤ ᠰᠡᠷᠬᠦᠨ ᠮᠡᠨᠳᠤᠯᠳᠠ᠎ᠳᠤ ᠦᠢ᠍ᠯᠡᠴᠢᠯᠡᠬᠦ᠂ ᠬᠦᠮᠦᠨ ᠳᠦᠷᠦᠯᠬᠢᠳᠡᠨ᠎ᠤ ᠳᠠᠪᠰᠢᠯᠳᠠ ᠵᠢ ᠠᠬᠢᠭᠤᠯᠬᠤ ᠡᠨᠡᠬᠦ   ᠵᠤᠷᠢᠯᠳᠠ ᠵᠢ ᠪᠠᠳᠤ ᠡᠵᠡᠮᠰᠢᠵᠤ᠂ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠭᠠᠳᠠᠭ᠋ᠠᠳᠤ ᠬᠠᠷᠢᠴᠠᠭ᠋ᠠᠨ᠎ᠤ ᠰᠢᠨ᠎ᠠ ᠳᠦᠷᠰᠤ ᠪᠠᠢ᠌ᠳᠠᠯ᠎ᠢ ᠳᠠᠰᠤᠷᠠᠯᠳᠠ ᠦᠭᠡᠢ ᠡᠬᠦᠳᠤᠨ᠂ ᠴᠢᠨᠡᠭᠡᠯᠢᠭ ᠨᠡᠢ᠌ᠭᠡᠮ᠎ᠢ ᠪᠦᠬᠦ ᠳᠡᠯ᠎ᠡ᠎ᠪᠠᠷ ᠪᠠᠢ᠌ᠭᠤᠯᠵᠤ᠂   ᠨᠡᠢ᠌ᠭᠡᠮ ᠵᠢᠷᠤᠮ᠎ᠤᠨ ᠤᠳᠤᠬᠢᠴᠢᠯᠠᠭᠰᠠᠨ ᠬᠦᠴᠦᠷᠭᠡᠭ ᠤᠯᠤᠰ᠎ᠢ ᠪᠠᠢ᠌ᠭᠤᠯᠬᠤ᠎ᠳᠤ ᠨᠦᠬᠦᠴᠡᠯ ᠡᠬᠦᠳᠴᠤ᠂   ᠦᠵᠡᠬᠦᠯᠪᠠᠰᠤ ᠵᠤᠬᠢᠬᠤ ᠬᠤᠪᠢ ᠨᠡᠮᠡᠷᠢ ᠦᠵᠡᠬᠦᠯᠵᠡᠭᠡᠶ᠎ᠡ ᠭᠡᠵᠤ ᠭᠡᠯᠡᠪᠡ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠩ ᠢ ᠠ᠋ᠸᠦᠢ᠍ᠷᠦᠫᠠ᠎ᠪᠠᠷ ᠠᠢ᠌ᠯᠴᠢᠯᠠᠭᠰᠠᠨ ᠳᠤᠬᠠᠢ ᠶᠠᠷᠢᠪᠠ
ᠰᠦᠨ ᠴᠦᠨ ᠯᠠᠨ ᠹᠢᠨᠯᠠᠨᠳ᠋᠎ᠤᠨ ᠶᠡᠷᠦᠩᠭᠡᠢ᠌ᠯᠡᠭᠴᠢ ᠨᠢᠨᠢᠰᠲ᠋ᠦᠸᠸ᠎ᠲᠠᠢ ᠬᠠᠮᠳᠤᠪᠠᠷ 《2019 ᠳᠤᠮᠳᠠᠳᠤ ᠹᠢᠨᠯᠠᠨᠳ᠋᠎ᠤᠨ ᠡᠪᠤᠯ᠎ᠤᠨ ᠤᠯᠠᠷᠢᠯ᠎ᠤᠨ ᠳᠠᠮᠢᠷ᠎ᠤᠨ ᠴᠤᠭᠯᠠᠭ᠋ᠠᠨ᠎ᠤ ᠤᠨ》᠎ᠤ ᠠ᠋ᠬᠢᠯᠡᠯᠳᠡ ᠵᠢᠨ ᠶᠤᠰᠤᠯᠠᠯ᠎ᠳᠤ ᠤᠷᠤᠯᠴᠠᠪᠠ
ᠬᠤ᠌ ᠴᠦᠨ ᠬᠤᠸᠠ ᠱᠠᠨᠳᠦᠢ᠍ᠩ ᠠ᠋ᠾᠸᠪᠸᠢ᠎ᠳᠤ ᠪᠠᠢ᠌ᠴᠠᠭ᠋ᠠᠨ ᠰᠤᠳᠤᠯᠪᠠ
ᠳᠤᠮᠳᠠᠳᠤ ᠭ᠋ᠸᠷᠮᠠᠨ᠎ᠤ ᠳᠡᠭᠡᠳᠤ ᠳᠡᠰ᠎ᠤᠨ ᠠ᠋ᠳ᠋᠎ᠤᠨ ᠵᠠᠰᠠᠭ ᠮᠦᠩᠬᠦᠨ ᠬᠦᠢ᠍ᠯᠭᠡᠭᠡᠨ᠎ᠤ ᠬᠤᠶᠠᠳᠤᠭ᠋ᠠᠷ ᠤᠳᠠᠭ᠋ᠠᠨ᠎ᠤ ᠶᠠᠷᠢᠯᠴᠠᠭ᠎ᠠ ᠪᠡᠭᠡᠵᠢᠩ᠎ᠳᠤ ᠶᠠᠪᠤᠭᠳᠠᠬᠤ ᠪᠤᠯᠤᠨ᠎ᠠ
ᠵᠤᠤ ᠺᠸ ᡁᠢ᠄ ᠡᠯ᠎ᠡ ᠵᠦᠢ᠍ᠯ᠎ᠤᠨ ᠫᠤᠤ ᠵᠡᠪᠰᠡᠭ ᠳᠡᠯᠪᠡᠷᠡᠯᠳᠡ ᠵᠢᠨ ᠳᠡᠯᠳᠡ ᠭᠡᠮ᠎ᠢ ᠠ᠋ᠷᠡᠰ ᠠᠷᠢᠯᠭ᠋ᠠᠬᠤ ᠭᠡᠷᠡᠭᠳᠡᠢ
 
            