ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠵᠤᠤ ᠺᠸ ᡁᠢ᠄ ᠡᠯ᠎ᠡ ᠵᠦᠢ᠍ᠯ᠎ᠤᠨ ᠫᠤᠤ ᠵᠡᠪᠰᠡᠭ ᠳᠡᠯᠪᠡᠷᠡᠯᠳᠡ ᠵᠢᠨ ᠳᠡᠯᠳᠡ ᠭᠡᠮ᠎ᠢ ᠠ᠋ᠷᠡᠰ ᠠᠷᠢᠯᠭ᠋ᠠᠬᠤ ᠭᠡᠷᠡᠭᠳᠡᠢ
ᠨᠡᠶᠢᠲᠡᠯᠡᠭᠰᠡᠨ ᠴᠠᠭ᠄ 2019-01-11

         
     1 ᠳ᠋ᠤᠭᠡᠷ ᠰᠠᠷ᠎ᠠ ᠵᠢᠨ 7᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ᠂ ᠳᠤᠳᠤᠭ᠋ᠠᠳᠤ ᠵᠢ ᠬᠠᠮᠠᠭ᠋ᠠᠠᠯᠬᠤ ᠶᠠᠮᠤᠨ᠎ᠤ ᠰᠠᠢ᠌ᠳ ᠵᠤᠤ ᠺᠸ ᡁᠢ ᠫᠤᠤ ᠵᠡᠪᠰᠡᠭ ᠳᠡᠯᠪᠡᠷᠡᠯᠳᠡ ᠵᠢᠨ ᠪᠤᠳᠠᠰ ᠵᠡᠷᠭᠡ᠎ᠳᠤ ᠬᠤᠯᠪᠤᠭᠳᠠᠬᠤ ᠬᠠᠤᠯᠢ ᠳᠦᠷᠢᠮ᠎ᠢ ᠵᠦᠷᠢᠴᠡᠭᠰᠡᠨ ᠶᠠᠯᠠᠳᠤ ᠠᠵᠢᠯᠯᠠᠭ᠎ᠠ᠎ᠳᠤ ᠴᠤᠬᠢᠯᠳᠠ ᠦᠭᠴᠤ ᠵᠠᠰᠠᠨ ᠴᠡᠭᠴᠡᠯᠡᠬᠦ ᠬᠤᠯᠪᠤᠭ᠋ᠠᠳᠤ ᠬᠤᠷᠠᠯᠳᠤᠭ᠋ᠠᠨ᠎ᠤ ᠬᠤᠶᠠᠳᠤᠭ᠋ᠠᠷ ᠪᠦᠬᠦᠳᠡ ᠬᠤᠷᠠᠯ ᠵᠢᠴᠢ ᠪᠦᠬᠦ ᠤᠯᠤᠰ᠎ᠤᠨ ᠳᠤᠰᠬᠠᠢ ᠠᠵᠢᠯᠯᠠᠭ᠎ᠠ ᠵᠢᠨ ᠸᠢᠳᠢᠤ᠋ ᠬᠤᠷᠠᠯ ᠳᠡᠭᠡᠷ᠎ᠡ᠂ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ 《ᠳᠦᠷᠪᠡᠨ ᠤᠬᠠᠮᠰᠠᠷ》᠎ᠢ ᠪᠠᠳᠤ ᠪᠤᠢ ᠪᠤᠯᠭ᠋ᠠᠨ᠂ 《ᠳᠦᠷᠪᠡᠨ ᠢᠳᠡᠭᠡᠯ》 ᠵᠶ᠋ᠡᠨ ᠪᠡᠬᠢᠵᠢᠭᠦᠯᠵᠤ᠂ 《ᠬᠤᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠬᠦᠯᠦᠨ᠂ ᠢᠯᠡᠯᠳᠡ ᠤᠯᠬᠤ ᠢᠳᠡᠭᠡᠯ ᠵᠶ᠋ᠡᠨ ᠤᠯᠠᠮ ᠵᠶ᠋ᠡᠷ ᠪᠠᠳᠤᠳᠬᠠᠵᠤ᠂ ᠵᠤᠷᠢᠭᠳᠠᠢ᠎ᠪᠠᠷ ᠬᠠᠷᠢᠭᠤᠴᠠᠯᠭ᠎ᠠ ᠠ᠋ᠬᠦᠷᠭᠡᠯᠡᠨ᠂ ᠴᠤᠬᠢᠯᠳᠠ ᠦᠭᠬᠦ᠂ ᠴᠡᠭᠴᠡᠯᠠᠨ ᠵᠠᠰᠠᠬᠤ᠂ ᠰᠡᠷᠭᠡᠢ᠌ᠯᠡᠨ ᠬᠤᠷᠢᠭᠯᠠᠬᠤ᠂ ᠬᠠᠮᠢᠶᠠᠷᠤᠨ ᠡᠵᠡᠮᠳᠡᠬᠦ ᠵᠢ ᠵᠡᠷᠭᠡᠪᠡᠷ ᠠᠬᠢᠭᠤᠯᠬᠤ ᠵᠢ ᠪᠠᠷᠢᠮᠳᠠᠯᠠᠵᠤ᠂ ᠤᠯᠠᠨ ᠵᠦᠢ᠍ᠯ᠎ᠤᠨ ᠠᠷᠭ᠎ᠠ ᠵᠢ ᠭᠡᠷᠡᠭᠯᠡᠨ᠂ ᠫᠤᠤ ᠵᠡᠪᠰᠡᠭ ᠳᠡᠯᠪᠡᠷᠡᠯᠳᠡ᠎ᠳᠤ ᠬᠤᠯᠪᠤᠭᠳᠠᠬᠤ ᠶᠠᠯᠠᠳᠤ ᠠᠵᠢᠯᠯᠠᠭ᠎ᠠ᠎ᠳᠤ ᠴᠤᠬᠢᠯᠳᠠ ᠦᠭᠬᠦ ᠳᠤᠰᠬᠠᠢ ᠠᠵᠢᠯᠯᠠᠭ᠎ᠠ ᠵᠢ ᠬᠦᠨᠵᠡᠭᠡᠢ ᠦᠷᠨᠢᠬᠦᠯᠵᠤ᠂ ᠡᠯ᠎ᠡ ᠵᠦᠢ᠍ᠯ᠎ᠤᠨ ᠫᠤᠤ ᠵᠡᠪᠰᠡᠭ ᠳᠠᠯᠪᠠᠷᠠᠯᠳᠠ ᠵᠢᠨ ᠳᠠᠯᠳᠠ ᠭᠡᠮ᠎ᠢ ᠠ᠋ᠷᠡᠰ ᠠᠷᠢᠯᠭ᠋ᠠᠵᠤ᠂ ᠰᠢᠨ᠎ᠠ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ᠎ᠳᠤ ᠠᠮᠤᠷ ᠳᠦᠪᠰᠢᠨ ᠨᠡᠢ᠌ᠭᠡᠮ᠎ᠤᠨ ᠤᠷᠴᠢᠨ ᠳᠤᠭᠤᠷᠢᠨ ᠬᠠᠩᠭ᠋ᠠᠬᠤ ᠭᠡᠷᠡᠭᠳᠡᠢ ᠭᠡᠵᠤ ᠴᠢᠬᠤᠯᠴᠢᠯᠠᠪᠠ᠃
      ᠵᠤᠤ ᠺᠸ ᡁᠢ᠎ᠠᠴᠠ ᠴᠢᠩᠭ᠎ᠠ ᠴᠤᠬᠢᠯᠳᠠ ᠦᠭᠬᠦ ᠴᠢᠭᠯᠡᠯᠳᠡ᠂ ᠤᠨᠤᠴᠢᠳᠠᠢ ᠴᠤᠬᠢᠯᠳᠠ ᠦᠭᠬᠦ ᠬᠠᠷᠠᠯᠳᠠ ᠵᠢ ᠳᠤᠭᠤᠰᠢᠯᠠᠭᠤᠯᠵᠤ᠂ ᠫᠤᠤ ᠵᠡᠪᠰᠡᠭ ᠳᠡᠯᠪᠡᠷᠡᠯᠳᠡ᠎ᠳᠤ ᠬᠤᠯᠪᠤᠭᠳᠠᠬᠤ ᠶᠠᠯᠠᠳᠤ ᠠᠵᠢᠯᠯᠠᠭ᠎ᠠ᠎ᠳᠤ ᠴᠤᠬᠢᠯᠳᠠ ᠦᠭᠬᠦ᠎ᠪᠠᠨ ᠴᠢᠩᠭ᠋ᠠᠷᠠᠭᠤᠯᠬᠤ ᠭᠡᠷᠡᠭᠳᠡᠢ᠃ ᠬᠢᠯᠢ ᠬᠢᠵᠠᠭ᠋ᠠᠷ᠎ᠤᠨ ᠨᠢᠭᠤᠴᠠ ᠠᠷᠠᠯᠵᠢᠶ᠎ᠠ ᠪᠠ ᠳᠤᠤᠷ ᠰᠦᠯᠵᠢᠶ᠎ᠠ᠂ ᠬᠦᠢ᠍ᠯᠭᠡᠭᠡᠨ᠎ᠤ ᠵᠠᠮ ᠱᠤᠭᠤᠮ᠂ ᠭᠤᠤᠯᠳᠠᠯᠭ᠎ᠠ᠎ᠲᠠᠢ ᠠᠭᠤᠷᠬᠠᠢ ᠵᠢᠨ ᠤᠷᠤᠨ᠎ᠤ ᠫᠤᠤ ᠵᠡᠪᠰᠡᠭ ᠳᠠᠯᠪᠠᠷᠠᠯᠳᠠ᠎ᠳᠤ ᠬᠤᠯᠪᠤᠭᠳᠠᠬᠤ ᠠᠰᠠᠭᠤᠳᠠᠯ᠎ᠢ ᠭᠤᠤᠯᠳᠠᠯᠭ᠎ᠠ᠎ᠲᠠᠢ ᠵᠠᠰᠠᠨ ᠴᠡᠭᠴᠡᠯᠡᠬᠦ ᠭᠡᠷᠡᠭᠳᠡᠢ᠃ ᠫᠤᠤ ᠵᠡᠪᠰᠡᠭ ᠳᠠᠯᠪᠡᠷᠡᠯᠳᠡ ᠵᠢᠨ ᠵᠦᠢ᠍ᠯ᠎ᠤᠨ ᠠ᠋ᠬᠢ ᠰᠤᠷᠪᠤᠯᠵᠢ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠫᠤᠤ ᠵᠡᠪᠰᠡᠭ ᠳᠠᠯᠪᠡᠷᠡᠯᠳᠡ ᠵᠢᠨ ᠵᠦᠢ᠍ᠯ᠎ᠢ ᠶᠡᠭᠡᠪᠡᠷ ᠪᠠᠢ᠌ᠴᠠᠭ᠋ᠠᠬᠤ ᠵᠢ ᠬᠦᠨᠵᠡᠭᠡᠢ ᠦᠷᠨᠢᠬᠦᠯᠦᠨ᠂ ᠫᠤᠤ ᠵᠡᠪᠰᠡᠭ ᠳᠡᠯᠪᠡᠷᠡᠯᠳᠡ ᠵᠢᠨ ᠵᠦᠢ᠍ᠯ᠎ᠤᠨ ᠠᠮᠤᠷ ᠳᠦᠪᠰᠢᠨ᠎ᠤ ᠬᠠᠮᠢᠶᠠᠷᠤᠯᠳᠠ ᠪᠠ ᠵᠠᠰᠠᠯᠳᠠ ᠵᠢᠨ ᠴᠢᠳᠠᠪᠤᠷᠢ᠎ᠪᠠᠨ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠳᠡᠢ᠃ ᠬᠠᠷᠢᠶᠠᠳᠤ ᠭᠠᠵᠠᠷ᠎ᠤᠨ ᠬᠠᠷᠢᠭᠤᠴᠠᠯᠭ᠎ᠠ᠂ ᠭᠤᠤᠯ ᠴᠤᠭᠴᠠ ᠵᠢᠨ ᠬᠠᠷᠢᠭᠤᠴᠠᠯᠭ᠎ᠠ᠂ ᠬᠢᠨᠠᠯᠳᠠ ᠬᠠᠮᠢᠶᠠᠷᠤᠯᠳᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠬᠠᠷᠢᠭᠤᠴᠠᠯᠭ᠎ᠠ ᠨᠡᠭᠡᠮᠵᠢᠯᠡᠬᠦ ᠳᠦᠷᠢᠮ᠎ᠢ ᠳᠤᠭᠳᠠᠭ᠋ᠠᠨ ᠳᠡᠬᠦᠯᠳᠡᠷᠵᠢᠬᠦᠯᠵᠤ᠂ ᠡᠯ᠎ᠡ ᠵᠦᠢ᠍ᠯ᠎ᠤᠨ ᠴᠤᠬᠢᠯᠳᠠ ᠦᠭᠴᠤ ᠴᠡᠭᠴᠡᠯᠠᠨ ᠵᠠᠰᠠᠬᠤ ᠠᠷᠭ᠎ᠠ ᠭᠡᠮᠵᠢᠶ᠎ᠡ᠎ᠪᠠᠨ ᠨᠡᠮᠡᠵᠤ ᠬᠠᠰᠤᠯ ᠦᠭᠡᠢ᠎ᠪᠠᠷ ᠨᠡᠢ᠌ᠳᠠᠪᠤᠷᠢᠵᠢᠭᠤᠯᠬᠤ ᠵᠢ ᠦᠨᠡᠨ ᠬᠦ᠌ ᠪᠠᠳᠤᠯᠠᠬᠤ ᠭᠡᠷᠡᠭᠳᠡᠢ ᠭᠡᠵᠤ ᠱᠠᠭ᠋ᠠᠷᠳᠠᠵᠠᠢ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢᠦ ᠠ᠋ᠾᠸ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠱᠠᠩᠨᠠᠯ ᠤᠯᠤᠭᠰᠠᠨ ᠭᠠᠳᠠᠭ᠋ᠠᠳᠤ ᠵᠢᠨ ᠳᠤᠰᠬᠠᠢ ᠮᠡᠷᠭᠡᠵᠢᠯᠳᠡᠨ᠎ᠲᠠᠢ ᠠᠭᠤᠯᠵᠠᠪᠠ
ᠸᠠᠩ ᠢ ᠠᠩᠭ᠍ᠯᠢ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠬᠠᠨᠲᠸ᠎ᠲᠠᠢ ᠤᠳᠠᠰᠤ ᠨᠡᠪᠳᠡᠷᠡᠪᠡ
ᠯᠢ ᠺᠸ ᠴᠢᠶᠠᠩ ᠹᠢᠨᠯᠠᠨᠳ᠋ ᠵᠢᠨ ᠶᠡᠷᠦᠩᠭᠡᠢ᠌ᠯᠡᠭᠴᠢ ᠨᠢᠨᠢᠰᠲ᠋ᠦᠸᠸ᠎ᠲᠠᠢ ᠠᠭᠤᠯᠵᠠᠪᠠ
ᠠᠷᠠᠳ᠎ᠤᠨ ᠡᠵᠡᠩᠨᠡᠯᠲᠡ ᠵᠢᠨ ᠠᠵᠦ ᠠᠬᠤᠢ᠌ᠯᠠᠯ᠎ᠤᠨ ᠲᠦᠷᠦ ᠵᠢᠨ ᠪᠤᠳᠤᠯᠭ᠎ᠠ ᠬᠤᠪᠢᠷᠠᠬᠤ ᠪᠤᠯᠤᠭᠤᠵᠠᠢ ᠭᠡᠮᠡᠨ ᠵᠠᠷᠢᠮ ᠬᠦᠮᠦᠰ᠎ᠤᠨ ᠯᠢ ᠺᠸ ᠴᠢᠶᠠᠩ᠄ ᠬᠤᠪᠢᠷᠠᠬᠤ ᠦᠭᠡᠢ᠂ ᠬᠤᠪᠢᠷᠠᠬᠤ ᠪᠤᠯᠤᠯᠴᠠᠭ᠎ᠠ ᠪᠠᠢ᠌ᠬᠤ ᠦᠭᠡᠢ ᠭᠡᠵᠦ ᠲᠠᠪᠲᠠᠨ ᠢᠯᠡᠷᠬᠡᠢ᠌ᠯᠡᠪᠡ
ᠯᠢ ᠺᠸ ᠴᠢᠶᠠᠩ ᠰᠤᠷᠪᠤᠯᠵᠢᠯᠠᠭᠴᠢᠳ᠎ᠤᠨ ᠬᠤᠷᠠᠯ ᠲᠡᠭᠡᠷ᠎ᠡ ᠶᠠᠮᠠᠷ ᠠᠵᠦ ᠠᠬᠤᠢ ᠵᠢᠨ ᠲᠤᠬᠢᠶ᠎ᠠ ᠲᠠᠯᠪᠢᠭᠰᠠᠨ ᠪᠤᠢ?
 
            