1 ᠳ᠋ᠤᠭᠡᠷ ᠰᠠᠷ᠎ᠠ ᠵᠢᠨ 8᠎ᠤ ᠠ᠋ᠳᠤᠷ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠠᠷᠦᠩᠭᠡᠢ ᠰᠠᠢ᠌ᠳ ᠯᠢᠦ ᠠ᠋ᠾᠸ 2018 ᠤᠨ᠎ᠤ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠱᠠᠩᠨᠠᠯ᠎ᠢ ᠤᠯᠤᠭᠰᠠᠨ ᠠᠮᠸᠷᠢᠺᠠ ᠵᠢᠨ ᠳᠡᠮᠦᠷᠯᠢᠭ ᠬᠠᠢ᠌ᠯᠤᠭᠤᠯᠬᠤ ᠪᠡ ᠠ᠋ᠷᠦᠳᠡᠰᠤ ᠠ᠋ᠳ᠋ᠰᠢᠬᠦᠯᠬᠦ ᠮᠡᠷᠭᠡᠵᠢᠯ᠎ᠤᠨ ᠬᠦᠷᠢᠶᠡᠨ᠎ᠤ ᠳᠤᠰᠬᠠᠢ ᠮᠡᠷᠭᠡᠵᠢᠯᠳᠡᠨ ᠵᠢᠶᠠᠨ᠂ ᠳ᠋ᠢᠠᠠᠨ᠂ ᠮᠢᠯᠸ᠂ ᠠᠩᠭ᠍ᠯᠢ ᠠᠮᠸᠷᠢᠺᠠ ᠬᠤᠶᠠᠷ ᠤᠯᠤᠰ᠎ᠤᠨ ᠬᠠᠷᠢᠶᠠᠳᠤ ᠤᠷᠭ᠋ᠠᠨᠢᠭ ᠭᠡᠳᠤ ᠮᠤᠯᠸᠺᠦᠢ᠍ᠯ ᠬᠢᠮᠢ ᠵᠢᠨ ᠤᠬᠠᠭ᠋ᠠᠨ᠎ᠤ ᠠ᠋ᠷᠳᠡᠮᠳᠡᠨ ᠵᠠᠮᠰ᠂ ᠹᠷᠸᠰ᠂ ᠰᠲ᠋ᠦᠸᠸᠳᠠᠲ᠂ ᠠᠮᠸᠷᠢᠺᠠ ᠵᠢᠨ ᠮᠠᠲᠸᠷᠢᠶᠠᠯ᠎ᠤᠨ ᠹᠸᠽᠢᠺᠤᠨ ᠠ᠋ᠷᠳᠡᠮᠳᠡᠨ ᠵᠦᠶᠢᠮᠸᠢ᠂ ᠠᠮᠸᠷᠢᠺᠠ ᠵᠢᠨ ᠳᠠᠯᠠᠢ ᠳᠠᠩᠬᠢᠰ ᠭᠠᠵᠠᠷ᠎ᠤᠨ ᠪᠦᠮᠪᠦᠷᠴᠡᠭ᠎ᠤᠨ ᠬᠢᠮᠢ ᠵᠢᠨ ᠠ᠋ᠷᠳᠡᠮᠳᠡᠨ ᠫᠢᠳ᠋ᠸ᠂ ᠵᠤᠷᠵ᠂ ᠪᠷᠦᠢ᠍ᠯ ᠵᠢᠴᠢ ᠰᠸᠸᠳ᠋ᠸᠨᠤ ᠳᠤᠰᠬᠠᠢ ᠮᠡᠷᠭᠡᠵᠢᠯᠳᠡᠨ ᠰᠦᠨ ᠯᠢ ᠴᠸᠩ ᠨᠡᠷ᠎ᠲᠠᠢ ᠠᠭᠤᠯᠵᠠᠭᠰᠠᠨ ᠪᠦᠭᠡᠳ ᠱᠠᠩᠨᠠᠯ᠎ᠤᠨ ᠳᠡᠮᠳᠡᠭ ᠭᠠᠷᠳᠠᠭᠤᠯᠵᠠᠢ᠃
ᠯᠢᠦ ᠠ᠋ᠾᠸ ᠳᠤᠮᠳᠠᠳᠤ ᠤᠯᠤᠰ᠎ᠤᠨ ᠵᠠᠰᠠᠭ᠎ᠤᠨ ᠤᠷᠳᠤᠨᠢ ᠳᠦᠯᠦᠭᠡᠯᠡᠨ ᠠ᠋ᠷᠳᠡᠮᠳᠡᠨ ᠨᠡᠷ᠎ᠲᠤ ᠬᠠᠯᠠᠭᠤᠨ ᠪᠠᠶᠠᠷ ᠬᠦᠷᠭᠡᠵᠤ ᠪᠠᠢ᠌ᠬᠤ᠎ᠪᠠᠨ ᠢᠯᠡᠷᠭᠡᠢ᠌ᠯᠡᠵᠤ᠂ ᠳᠡᠳᠡᠨ᠎ᠤ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠭᠵᠢᠯᠳᠡ ᠪᠤᠯᠤᠨ ᠤᠳᠤᠬᠢᠴᠢᠯᠠᠯᠳᠠ ᠵᠢᠨ ᠪᠦᠳᠦᠭᠡᠨ ᠪᠠᠢ᠌ᠭᠤᠯᠤᠯᠳᠠ᠎ᠳᠤ ᠴᠢᠬᠤᠯᠠ ᠶᠡᠭᠡ ᠬᠤᠪᠢ ᠨᠡᠮᠡᠷᠢ ᠦᠵᠡᠬᠦᠯᠦᠭᠰᠡᠨ᠎ᠳᠤ ᠳᠠᠯᠠᠷᠬᠠᠵᠤ ᠪᠠᠢ᠌ᠬᠤ᠎ᠪᠠᠨ ᠢᠯᠡᠳᠭᠡᠵᠡᠢ᠃ ᠯᠢᠦ ᠠ᠋ᠾᠸ᠂ ᠳᠤᠮᠳᠠᠳᠤ ᠤᠯᠤᠰ᠎ᠤᠨ ᠠᠵᠤ ᠠᠬᠤᠢ ᠶᠠᠭ ᠰᠠᠢ᠌ᠬᠠᠨ ᠳᠦᠷᠭᠡᠨ ᠬᠦᠭᠵᠢᠯᠳᠡ᠎ᠠᠴᠠ᠎ᠪᠠᠨ ᠴᠢᠨᠠᠷᠯᠢᠭ ᠬᠦᠭᠵᠢᠯᠳᠡ ᠳᠡᠢ᠌ᠰᠢ ᠬᠦᠭᠵᠢᠵᠤ ᠪᠠᠢ᠌ᠨ᠎ᠠ᠃ ᠴᠢᠨᠠᠷᠯᠢᠭ ᠬᠦᠭᠵᠢᠯᠳᠡ ᠵᠢ ᠠᠬᠢᠭᠤᠯᠬᠤ᠎ᠳᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠳᠠᠪᠰᠢᠯᠳᠠ ᠪᠤᠯᠤᠨ ᠪᠦᠬᠦ ᠳᠠᠯ᠎ᠠ ᠵᠢᠨ ᠰᠢᠨ᠎ᠠ ᠠ᠋ᠬᠦᠳᠦᠯᠳᠡ᠎ᠳᠤ ᠳᠦᠰᠢᠭᠯᠡᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠨᠢᠭᠡᠳᠦᠭᠡᠷ ᠦᠢ᠍ᠯᠡᠳᠪᠤᠷᠢᠯᠡᠯ᠎ᠤᠨ ᠬᠦᠴᠦᠨ᠎ᠤ ᠦᠢ᠍ᠯᠡᠳᠤᠯ᠎ᠢ ᠬᠦᠢ᠍ᠴᠡᠳ ᠪᠠᠳᠠᠷᠠᠭᠤᠯᠬᠤ ᠴᠢᠬᠤᠯᠠᠲᠠᠢ ᠶᠤᠮ᠃ ᠰᠢᠨ᠎ᠠ ᠨᠢᠭᠡᠨ ᠵᠢᠯ᠎ᠳᠤ ᠠ᠋ᠨᠡᠬᠦ ᠬᠠᠷᠠᠯᠲᠠ᠎ᠪᠠᠨ ᠪᠠᠶᠠᠯᠠᠬᠦᠯᠬᠦ ᠵᠢᠨ ᠳᠤᠰᠠᠳᠠ᠂ ᠳᠤᠮᠳᠠᠳᠤ ᠤᠯᠤᠰ᠎ᠤᠨ᠎ᠬᠢᠨ ᠪᠦᠬᠦ ᠪᠦᠮᠪᠦᠷᠴᠡᠭ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠭᠵᠢᠯᠳᠡ ᠵᠢ ᠠᠩᠬᠠᠷᠤᠨ᠂ ᠴᠢᠷᠮᠠᠢ᠌ᠬᠤ ᠴᠢᠭᠯᠡᠯ ᠪᠤᠯᠤᠨ ᠭᠤᠤᠯᠳᠠᠯᠭ᠎ᠠ᠎ᠪᠠᠨ ᠳᠤᠳᠤᠷᠬᠠᠢ᠌ᠯᠠᠬᠤ ᠪᠤᠯᠤᠨ᠎ᠠ᠃ ᠮᠡᠳᠡᠯᠭᠡ ᠵᠢᠨ ᠦᠮᠴᠢᠯᠡᠯ᠎ᠤᠨ ᠠ᠋ᠷᠭᠡ ᠵᠢ ᠠ᠋ᠷᠡᠰ ᠭᠣᠢ᠌ᠪᠢᠰᠢ ᠦᠭᠡᠢ᠎ᠪᠠᠷ ᠬᠠᠮᠠᠭ᠋ᠠᠯᠠᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠴᠢᠳᠠᠪᠤᠷᠢᠳᠠᠨ᠎ᠤ ᠰᠢᠨ᠎ᠠ ᠵᠢ ᠠ᠋ᠬᠦᠳᠬᠦ ᠵᠢ ᠳᠡᠮᠵᠢᠨ ᠵᠤᠷᠢᠭᠵᠢᠭᠤᠯᠵᠤ᠂ ᠠᠵᠤ ᠠᠬᠤᠢ᠌ᠯᠠᠯ ᠵᠶ᠋ᠡᠷ ᠭᠤᠤᠯ ᠴᠤᠭᠴᠠ ᠪᠤᠯᠭ᠋ᠠᠨ᠂ ᠵᠠᠬ᠎ᠠ ᠳᠡᠯᠭᠡᠬᠦᠷ᠎ᠤᠨ ᠭᠡᠷᠡᠭᠴᠡᠭᠡ ᠪᠤᠯᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠠ ᠵᠢ ᠠ᠋ᠬᠦᠳᠬᠦ ᠵᠢ ᠤᠯᠠᠮ ᠨᠢᠭ᠍ᠳᠡ ᠤᠶᠠᠯᠳᠤᠭᠤᠯᠵᠤ᠂ ᠰᠠᠭᠤᠷᠢ ᠰᠤᠳᠤᠯᠭ᠋ᠠᠨ᠎ᠢ ᠴᠢᠩᠭ᠋ᠠᠳᠬᠠᠨ᠂ ᠰᠢᠨ᠎ᠠ ᠵᠢ ᠠ᠋ᠬᠦᠳᠬᠦ ᠠᠵᠢᠯᠯᠠᠭ᠎ᠠ᠎ᠳᠤ ᠬᠦᠳᠡᠯᠭᠡᠬᠦ ᠬᠦᠴᠦᠨ ᠬᠠᠩᠭ᠋ᠠᠨ᠎ᠠ᠃ ᠤᠯᠠᠨ ᠤᠯᠤᠰ᠎ᠤᠨ ᠬᠠᠮᠳᠤᠷᠠᠯᠴᠠᠭ᠎ᠠ ᠵᠢ ᠴᠢᠩᠭ᠋ᠠᠳᠬᠠᠨ᠂ ᠤᠯᠠᠨ ᠤᠯᠤᠰ᠎ᠤᠨ ᠳᠤᠷᠰᠢᠯᠭ᠎ᠠ᠎ᠪᠠᠷ ᠳᠤᠯᠢ ᠪᠤᠯᠭ᠋ᠠᠵᠤ᠂ ᠰᠠᠭᠤᠷᠢ ᠰᠤᠷᠭ᠋ᠠᠨ ᠬᠦᠮᠦᠵᠢᠯ᠎ᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠠ ᠵᠢ ᠠ᠋ᠬᠦᠳᠬᠦ᠎ᠳᠤ ᠰᠠᠢ᠌ᠨ ᠰᠠᠭᠤᠷᠢ ᠳᠠᠯᠪᠢᠨ᠎ᠠ ᠭᠡᠵᠤ ᠢᠯᠡᠷᠭᠡᠢ᠌ᠯᠡᠪᠡ᠃
1995 ᠤᠨ᠎ᠠᠴᠠ ᠦᠨᠦ ᠪᠤᠯᠳᠠᠯ᠎ᠠ᠂ ᠭᠠᠳᠠᠭ᠋ᠠᠳᠤ ᠵᠢᠨ 118 ᠠ᠋ᠷᠳᠡᠮᠳᠡᠨ᠂ 2 ᠤᠯᠠᠨ ᠤᠯᠤᠰ᠎ᠤᠨ ᠵᠤᠬᠢᠶᠠᠨ ᠪᠠᠢ᠌ᠭᠤᠯᠤᠯᠳᠠ ᠪᠤᠯᠤᠨ 1 ᠭᠠᠳᠠᠭ᠋ᠠᠳᠤ ᠵᠢᠨ ᠵᠤᠬᠢᠶᠠᠨ ᠪᠠᠢ᠌ᠭᠤᠯᠤᠯᠳᠠ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠱᠠᠩᠨᠠᠯ ᠤᠯᠤᠭᠰᠠᠨ ᠪᠠᠢ᠌ᠨ᠎ᠠ᠃