1 ᠳ᠋ᠤᠭᠡᠷ ᠰᠠᠷ᠎ᠠ ᠵᠢᠨ 10᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠠᠩᠭ᠍ᠯᠢ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠬᠠᠨᠲᠸᠲᠠᠢ ᠤᠳᠠᠰᠤ ᠨᠡᠪᠳᠡᠷᠡᠵᠤ᠂ ᠳᠤᠮᠳᠠᠳᠤ ᠠᠩᠭ᠍ᠯᠢ ᠵᠢᠨ ᠬᠠᠷᠢᠴᠠᠭ᠎ᠠ ᠪᠤᠯᠤᠨ ᠪᠢᠷᠮᠠ ᠵᠢᠨ ᠠᠰᠠᠭᠤᠳᠠᠯ᠎ᠤᠨ ᠳᠤᠬᠠᠢ ᠰᠠᠨᠠᠯ ᠵᠶ᠋ᠡᠨ ᠰᠤᠯᠢᠯᠴᠠᠪᠠ᠃
ᠸᠠᠩ ᠢ᠂ ᠤᠳᠤᠬᠠᠨ᠎ᠤ ᠳᠡᠯᠡᠭᠡᠢ ᠵᠢᠨ ᠪᠠᠢ᠌ᠳᠠᠯ᠎ᠤᠨ ᠠ᠋ᠮᠤᠨ᠎ᠡ᠂ ᠳᠤᠮᠳᠠᠳᠤ ᠠᠩᠭ᠍ᠯᠢ ᠬᠤᠶᠠᠷ ᠤᠯᠤᠰ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ ᠪᠤᠯᠤᠭᠰᠠᠨ᠎ᠤ ᠬᠤᠪᠢ᠎ᠳᠤ᠂ ᠪᠠᠢ᠌ᠯᠳᠤᠬᠤ ᠪᠤᠳᠤᠯᠭ᠎ᠠ ᠵᠢᠨ ᠤᠯᠤᠯᠴᠠᠭ᠎ᠠ ᠬᠠᠮᠳᠤᠷᠠᠯᠴᠠᠭ᠎ᠠ᠎ᠪᠠᠨ ᠴᠢᠩᠭ᠋ᠠᠳᠬᠠᠨ᠂ ᠳᠤᠭᠳᠠᠭᠤᠨ᠎ᠤ ᠦᠢ᠍ᠯᠡᠳᠤᠯ᠎ᠢ ᠬᠠᠮᠳᠤ᠎ᠪᠠᠷ ᠪᠠᠳᠠᠷᠠᠭᠤᠯᠬᠤ ᠴᠢᠬᠤᠯᠠᠲᠠᠢ᠃ ᠠᠩᠭ᠍ᠯᠢ ᠵᠢᠨ᠎ᠬᠢᠨ᠎ᠢ ᠬᠤᠶᠠᠷ ᠳᠠᠯ᠎ᠠ ᠵᠢᠨ ᠬᠠᠷᠢᠯᠴᠠᠨ ᠢᠳᠡᠭᠡᠯᠴᠡᠭᠡ ᠵᠢ ᠨᠦᠯᠦᠭᠡᠯᠡᠬᠦ ᠪᠠ ᠬᠤᠶᠠᠷ ᠳᠠᠯ᠎ᠠ ᠵᠢᠨ ᠬᠠᠷᠢᠯᠴᠠᠭ᠋ᠠᠨ᠎ᠤ ᠠ᠋ᠷᠡᠬᠦᠯ ᠬᠦᠭᠵᠢᠯᠳᠡ᠎ᠳᠤ ᠠᠰᠢᠭ ᠦᠭᠡᠢ ᠬᠤᠯᠪᠤᠭᠳᠠᠯ ᠪᠦᠬᠦᠢ ᠠᠰᠠᠭᠤᠳᠠᠯ᠎ᠢ ᠵᠤᠬᠢᠰᠳᠠᠢ ᠰᠢᠢ᠍ᠳᠪᠤᠷᠢᠯᠡᠵᠤ᠂ ᠳᠤᠮᠳᠠᠳᠤ ᠠᠩᠭ᠍ᠯᠢ ᠵᠢᠨ ᠬᠠᠷᠢᠯᠴᠠᠭ᠋ᠠᠨ᠎ᠤ 《ᠰᠢᠵᠢᠷ ᠠᠯᠳᠠᠨ ᠴᠠᠭ ᠦᠶ᠎ᠡ》 ᠵᠢ ᠪᠠᠢ᠌ᠭᠤᠯᠬᠤ ᠬᠠᠮᠳᠤ ᠵᠢᠨ ᠳᠠᠨᠢᠯᠳᠠ ᠵᠢ ᠦᠨᠡᠨ ᠬᠦ᠌ ᠨᠠᠢ᠌ᠳᠠᠪᠤᠷᠢᠵᠢᠭᠤᠯᠬᠤ ᠵᠢ ᠬᠦᠰᠡᠵᠤ ᠪᠠᠢ᠌ᠨ᠎ᠠ ᠭᠡᠪᠡ᠃ ᠪᠢᠷᠮᠠ ᠵᠢᠨ ᠠᠰᠠᠭᠤᠳᠠᠯ᠎ᠤᠨ ᠳᠤᠬᠠᠢ ᠸᠠᠩ ᠢ᠂ ᠤᠳᠤᠬᠠᠨ᠎ᠤ ᠪᠠᠴᠢᠮ ᠠ᠋ᠬᠦᠷᠭᠡ ᠪᠤᠯ ᠪᠢᠷᠮᠠ ᠪᠤᠯᠤᠨ ᠪᠸᠩᠭ᠋ᠠᠯ ᠬᠤᠶᠠᠷ ᠳᠠᠯ᠎ᠠ ᠵᠢᠨ ᠶᠠᠷᠢᠯᠴᠠᠨ ᠵᠦᠪᠳᠡᠯᠴᠡᠬᠦ ᠵᠢ ᠠᠬᠢᠭᠤᠯᠤᠨ᠂ ᠪᠤᠴᠠᠭ᠋ᠠᠨ ᠶᠠᠪᠤᠭᠤᠯᠬᠤ ᠠᠵᠢᠯ᠎ᠢ ᠳᠦᠷᠭᠡᠨ ᠠ᠋ᠬᠢᠯᠡᠬᠦᠯᠬᠦ ᠵᠢ ᠵᠤᠷᠢᠬ᠍ᠵᠢᠭᠤᠯᠵᠤ᠂ ᠠᠰᠠᠭᠤᠳᠠᠯ᠎ᠢ ᠰᠢᠢ᠍ᠳᠪᠤᠷᠢᠯᠡᠬᠦ᠎ᠳᠤ ᠪᠦᠳᠦᠭᠡᠯᠴᠢ ᠴᠢᠨᠠᠷᠲᠠᠢ ᠦᠢ᠍ᠯᠡᠳᠤᠯ ᠦᠵᠡᠬᠦᠯᠬᠦ ᠶᠠᠪᠤᠳᠠᠯ ᠪᠤᠯᠤᠨ᠎ᠠ ᠭᠡᠵᠤ ᠢᠯᠡᠷᠭᠡᠢ᠌ᠯᠡᠪᠡ᠃ ᠬᠠᠨᠲᠸ᠂ ᠠᠩᠭ᠍ᠯᠢ ᠵᠢᠨ᠎ᠬᠢᠨ ᠳᠤᠮᠳᠠᠳᠤ ᠵᠢᠨ ᠬᠠᠷᠢᠯᠴᠠᠭ᠎ᠠ᠎ᠪᠠᠨ ᠴᠢᠬᠤᠯᠠᠴᠢᠯᠠᠨ ᠦᠵᠡᠵᠤ᠂ ᠳᠤᠮᠳᠠᠳᠤ ᠵᠢᠨ᠎ᠬᠢᠨ᠎ᠤ ᠳᠡᠯᠡᠭᠡᠢ ᠪᠤᠯᠤᠨ ᠭᠠᠵᠠᠷ ᠤᠷᠤᠨ᠎ᠤ ᠭᠡᠷᠡᠭ ᠶᠡᠪᠤᠳᠠᠯ᠎ᠳᠤ ᠦᠵᠡᠬᠦᠯᠦᠭᠰᠡᠨ ᠴᠢᠬᠤᠯᠠ ᠦᠢ᠍ᠯᠡᠳᠤᠯ᠎ᠢ ᠮᠠᠭᠳᠠᠨ ᠰᠠᠢ᠌ᠰᠢᠶᠠᠵᠤ ᠪᠠᠢ᠌ᠨ᠎ᠠ᠂ ᠳᠤᠷᠠᠳᠠᠶ᠎ᠠ ᠬᠤᠶᠠᠷ ᠳᠠᠯ᠎ᠠ ᠵᠢᠨ ᠬᠠᠷᠢᠴᠠᠭ᠎ᠠ ᠵᠢᠨ ᠬᠦᠭᠵᠢᠯᠳᠡ ᠪᠤᠯᠤᠨ ᠪᠢᠷᠮᠠ ᠵᠢᠨ ᠠᠰᠠᠭᠤᠳᠠᠯ᠎ᠢ ᠪᠠᠭᠳᠠᠭ᠋ᠠᠭᠰᠠᠨ ᠬᠤᠯᠪᠤᠭᠳᠠᠯ ᠪᠦᠬᠦᠢ ᠬᠠᠯᠠᠮᠰᠢᠯ ᠠᠰᠠᠭᠤᠳᠠᠯ ᠳᠡᠭᠡᠷ᠎ᠡ ᠳᠤᠮᠳᠠᠳᠤ ᠤᠯᠤᠰ᠎ᠲᠠᠢ ᠶᠠᠷᠢᠯᠴᠠᠵᠤ ᠵᠦᠪᠳᠡᠯᠴᠡᠬᠦ ᠵᠢ ᠪᠠᠳᠤᠯᠠᠨ᠎ᠠ ᠭᠡᠵᠤ ᠢᠯᠡᠷᠭᠡᠢ᠌ᠯᠡᠪᠡ᠃