ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠯᠢ ᠺᠸ ᠴᠢᠶᠠᠩ ᠹᠢᠨᠯᠠᠨᠳ᠋ ᠵᠢᠨ ᠶᠡᠷᠦᠩᠭᠡᠢ᠌ᠯᠡᠭᠴᠢ ᠨᠢᠨᠢᠰᠲ᠋ᠦᠸᠸ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2019-01-18


     1 ᠳ᠋ᠤᠭᠡᠷ ᠰᠠᠷ᠎ᠡ ᠵᠢᠨ 15᠎ᠤ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ ᠪᠡᠭᠡᠵᠢᠩ᠎ᠳᠤ ᠹᠢᠨᠯᠠᠨᠳ᠋᠎ᠤᠨ ᠶᠡᠷᠦᠩᠭᠡᠢ᠌ᠯᠡᠭᠴᠢ ᠨᠢᠨᠢᠰᠲ᠋ᠦᠸᠸ᠎ᠲᠠᠢ ᠠᠭᠤᠯᠵᠠᠪᠠ᠃
      ᠯᠢ ᠺᠸ ᠴᠢᠶᠠᠩ᠂ ᠳᠤᠮᠳᠠᠳᠤ ᠹᠢᠨᠯᠠᠨᠳ᠋᠎ᠤᠨ ᠬᠠᠷᠢᠴᠠᠭ᠎ᠠ ᠤᠷᠳᠤ ᠬᠤᠭᠤᠴᠠᠭ᠎ᠠ᠎ᠪᠠᠷ ᠰᠠᠢ᠌ᠨ ᠪᠦᠭᠡᠳ ᠳᠤᠭᠳᠠᠭᠤᠨ ᠵᠶ᠋ᠡᠷ ᠬᠦᠭᠵᠢᠵᠤ᠂ ᠳᠤᠮᠳᠠᠳᠤ ᠤᠯᠤᠰ᠎ᠤᠨ ᠦᠷᠦᠨᠡᠳᠤ ᠵᠢᠨ ᠤᠯᠤᠰ᠎ᠤᠳ᠎ᠤᠨ ᠬᠠᠷᠢᠴᠠᠭ᠋ᠠᠨ᠎ᠤ ᠳᠦᠷᠦᠬᠦᠨ᠎ᠳᠤ ᠤᠷᠤᠪᠠ᠃ ᠦᠴᠦᠭᠡᠳᠤᠷ ᠰᠢ ᠵᠢᠨ ᠫᠢᠩ ᠳᠡᠷᠢᠬᠦᠯᠡᠭᠴᠢ ᠶᠠᠷᠦᠩᠭᠡᠢ᠌ᠯᠡᠭᠴᠢ ᠠᠪᠤᠭ᠋ᠠᠢ᠎ᠲᠠᠢ ᠠᠭᠤᠯᠵᠠᠨ ᠶᠠᠷᠢᠯᠴᠠᠵᠤ ᠬᠤᠶᠠᠷ ᠤᠯᠤᠰ᠎ᠤᠨ ᠢᠷᠡᠭᠡᠳᠦᠢ ᠵᠢᠨ ᠬᠦᠭᠵᠢᠯᠳᠡ ᠵᠢ ᠬᠠᠮᠳᠤᠪᠠᠷ ᠳᠦᠯᠦᠪᠵᠢᠬᠦᠯᠪᠡ᠃ ᠳᠤᠮᠳᠠᠳᠤ ᠵᠢᠨ᠎ᠬᠢᠨ ᠳᠤᠷᠠᠳᠠᠶ᠎ᠠ ᠹᠢᠨᠯᠠᠨᠳ᠋᠎ᠲᠠᠢ ᠬᠠᠮᠳᠤᠪᠠᠷ ᠴᠢᠷᠮᠠᠢ᠌ᠵᠤ ᠳᠤᠮᠳᠠᠳᠤ ᠹᠢᠨᠯᠠᠨᠳ᠋᠎ᠤᠨ ᠬᠠᠮᠳᠤᠷᠠᠯᠴᠠᠭ᠋ᠠᠨ᠎ᠤ ᠰᠢᠨ᠎ᠠ ᠦᠷ᠎ᠡ ᠪᠦᠳᠦᠮᠵᠢ ᠤᠯᠵᠤ᠂ ᠳᠤᠮᠳᠠᠳᠤ ᠹᠢᠨᠯᠠᠨᠳ᠋᠎ᠤᠨ ᠬᠠᠷᠢᠴᠠᠭ᠋ᠠᠨ᠎ᠳᠤ ᠰᠢᠨ᠎ᠠ ᠬᠦᠳᠡᠯᠭᠡᠬᠦ ᠬᠦᠴᠦᠨ ᠨᠡᠮᠡᠷᠢᠯᠡᠨ᠎ᠡ ᠭᠡᠵᠤ ᠢᠯᠡᠷᠭᠡᠢ᠌ᠯᠡᠪᠡ᠃
      ᠯᠢ ᠺᠸ ᠴᠢᠶᠠᠩ᠂ ᠳᠤᠮᠳᠠᠳᠤ ᠹᠢᠨᠯᠠᠨᠳ᠋᠎ᠤᠨ ᠠᠵᠤ ᠠᠬᠤᠢ ᠮᠡᠷᠭᠡᠵᠢᠯ ᠵᠡᠷᠭᠡ ᠳᠡᠯ᠎ᠡ ᠵᠢᠨ ᠬᠠᠮᠳᠤᠷᠠᠯᠴᠠᠭ᠎ᠠ᠎ᠨᠢ ᠳᠠᠪᠠᠭᠤᠯᠢᠭ ᠵᠶ᠋ᠡᠨ ᠬᠠᠷᠢᠯᠴᠠᠨ ᠨᠦᠬᠦᠪᠤᠷᠢᠯᠡᠬᠦ ᠪᠦᠭᠡᠳ ᠢᠷᠡᠭᠡᠳᠦᠢ᠎ᠨᠢ ᠭᠡᠭᠡᠨ ᠰᠠᠷᠠᠭᠤᠯ ᠶᠤᠮ᠃ ᠳᠤᠮᠳᠠᠳᠤ ᠤᠯᠤᠰ ᠯᠤᠳᠤ ᠶᠡᠭᠡ ᠵᠠᠬ᠎ᠠ ᠳᠡᠯᠭᠡᠬᠦᠷ᠎ᠲᠠᠢ ᠪᠠᠢ᠌ᠵᠤ᠂ ᠹᠢᠨᠯᠠᠨᠳ᠋᠎ᠤᠨ᠎ᠬᠢᠨ᠎ᠳᠤ ᠮᠡᠷᠭᠡᠵᠢᠯ᠎ᠤᠨ ᠰᠢᠨ᠎ᠠ ᠵᠢ ᠠ᠋ᠬᠦᠳᠬᠦ᠂ ᠠᠷᠠᠯᠵᠢᠶ᠎ᠠ ᠬᠤᠳᠠᠯᠳᠤᠭ᠎ᠠ ᠵᠢ ᠬᠦᠭᠵᠢᠬᠦᠯᠺᠬᠦ ᠠᠵᠠ ᠳᠤᠬᠢᠶᠠᠯ ᠬᠠᠩᠭ᠋ᠠᠬᠤ ᠶᠤᠮ᠃ ᠪᠢᠳᠡ ᠬᠤᠵᠢᠮ ᠮᠡᠳᠡᠯᠭᠡ ᠵᠢᠨ ᠦᠮᠴᠢᠯᠡᠯ᠎ᠤᠨ ᠠ᠋ᠷᠭᠡ ᠵᠢ ᠶᠡᠭᠡᠪᠡᠷ ᠬᠠᠮᠠᠭ᠋ᠠᠯᠠᠬᠤ ᠪᠤᠯᠤᠨ᠎ᠠ᠃ ᠠ᠋ᠨᠡ᠎ᠨᠢ ᠳᠤᠮᠳᠠᠳᠤ ᠤᠯᠤᠰ᠎ᠤᠨ ᠳᠤᠰ ᠪᠡᠶ᠎ᠡ ᠵᠢᠨ ᠬᠦᠭᠵᠢᠯᠳᠡ ᠵᠢᠨ ᠭᠡᠯᠪᠡᠷᠢ᠎ᠪᠠᠨ ᠬᠤᠪᠢᠷᠠᠭᠤᠯᠬᠤ ᠭᠡᠷᠡᠭᠴᠡᠭᠡ᠎ᠳᠤ ᠵᠤᠬᠢᠴᠠᠬᠤ᠎ᠪᠠᠷ ᠪᠠᠷᠠᠬᠤ ᠦᠭᠡᠢ᠂ ᠳᠡᠷᠢᠬᠦᠨ᠎ᠤ ᠮᠡᠷᠭᠡᠵᠢᠯ ᠪᠤᠯᠤᠨ ᠤᠢ᠌ᠯᠠᠭ᠋ᠠᠭᠳᠠᠬᠤᠨ᠎ᠢ ᠰᠤᠷᠴᠤ ᠰᠤᠯᠢᠯᠴᠠᠬᠤ᠎ᠳᠤ ᠠᠰᠢᠭ᠎ᠲᠠᠢ ᠶᠤᠮ᠃ ᠳᠤᠮᠳᠠᠳᠤ ᠵᠢᠨ ᠳᠠᠯ᠎ᠠ ᠵᠢᠨ᠎ᠬᠢᠨ ᠳᠤᠷᠠᠳᠠᠶ᠎ᠠ ᠹᠢᠨᠯᠠᠨᠳ᠋᠎ᠲᠠᠢ ᠬᠠᠮᠳᠤᠪᠠᠷ ᠠ᠋ᠳ᠋ ᠪᠠᠷᠠᠭ᠎ᠠ᠂ ᠦᠢ᠍ᠯᠡᠴᠢᠯᠡᠭᠡ ᠪᠤᠯᠤᠨ ᠮᠡᠷᠭᠡᠵᠢᠯ᠎ᠤᠨ ᠬᠠᠮᠳᠤᠷᠠᠯᠴᠠᠭ᠎ᠠ ᠵᠢ ᠬᠦᠨᠵᠡᠭᠡᠢ᠌ᠷᠡᠬᠦᠯᠵᠤ᠂ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠬᠤ᠂ ᠪᠤᠬᠢᠷᠳᠤᠯ ᠦᠭᠡᠢ ᠬᠦᠭᠵᠢᠯᠳᠡ᠂ ᠴᠡᠪᠡᠷ ᠠ᠋ᠨ᠋ᠸᠷᠬᠢ ᠵᠡᠷᠭᠡ ᠬᠦᠷᠢᠶ᠎ᠡ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠴᠢᠩᠭ᠋ᠠᠳᠬᠠᠨ᠂ ᠬᠠᠷᠢᠯᠴᠠᠨ ᠠᠰᠢᠭᠳᠠᠢ ᠬᠠᠮᠳᠤᠪᠠᠷ ᠠᠰᠢᠭ ᠬᠦᠷᠳᠡᠬᠦ ᠵᠢ ᠪᠡᠶᠡᠯᠡᠬᠦᠯᠦᠨ᠎ᠡ ᠭᠡᠵᠤ ᠢᠯᠡᠷᠭᠡᠢ᠌ᠯᠡᠪᠡ᠃
      ᠯᠢ ᠺᠸ ᠴᠢᠶᠠᠩ᠂ ᠳᠤᠮᠳᠠᠳᠤ ᠤᠯᠤᠰ ᠠ᠋ᠸᠦᠢ᠍ᠷᠦᠫᠠ ᠵᠢᠨ ᠨᠢᠭᠡ ᠴᠤᠭᠴᠠᠵᠢᠯᠳᠠ ᠵᠢ ᠳᠡᠮᠵᠢᠵᠤ᠂ ᠠ᠋ᠸᠦᠢ᠍ᠷᠦᠫᠠ ᠵᠢᠨ ᠬᠤᠯᠪᠤᠭ᠎ᠠ ᠵᠢ ᠳᠡᠯᠡᠭᠡᠢ ᠵᠢᠨ ᠠᠮᠤᠷ ᠳᠤᠭᠳᠠᠭᠤᠨ᠎ᠢ ᠬᠠᠮᠠᠭ᠋ᠠᠯᠠᠬᠤ ᠪᠠ ᠴᠢᠯᠦᠭᠡᠳᠤ ᠠᠷᠠᠯᠵᠢᠶ᠎ᠠ ᠵᠢ ᠠᠬᠢᠭᠤᠯᠬᠤ ᠴᠢᠬᠤᠯᠠ ᠬᠦᠴᠦᠨ ᠵᠶ᠋ᠡᠷ ᠦᠵᠡᠭᠰᠡᠭᠡᠷ ᠢᠷᠡᠪᠡ᠃ ᠰᠢᠨ᠎ᠠ ᠨᠢᠭᠡᠨ ᠠ᠋ᠭᠡᠯᠵᠢ ᠵᠢᠨ ᠳᠤᠮᠳᠠᠳᠤ ᠠ᠋ᠸᠦᠢ᠍ᠷᠦᠫᠠ ᠵᠢᠨ ᠬᠤᠯᠪᠤᠭ᠎ᠠ ᠵᠢᠨ ᠤᠳᠤᠷᠢᠳᠬᠤ ᠬᠦᠮᠦᠨ᠎ᠤ ᠠᠭᠤᠯᠵᠠᠯᠳᠠ᠎ᠪᠠᠷ ᠳᠠᠮᠵᠢᠨ᠂ ᠬᠤᠶᠠᠷ ᠳᠠᠯ᠎ᠠ ᠵᠢᠨ ᠬᠠᠮᠳᠤᠷᠠᠯᠴᠠᠭ᠎ᠠ ᠵᠢ ᠰᠢᠨ᠎ᠠ ᠳᠡᠭᠳᠡᠷ᠎ᠲᠤ ᠠᠬᠢᠭᠤᠯᠬᠤ ᠵᠢ ᠬᠦᠰᠡᠨ ᠬᠦᠯᠢᠶᠡᠵᠤ ᠪᠠᠢ᠌ᠨ᠎ᠠ᠃ ᠹᠢᠨᠯᠠᠨᠳ᠋ ᠤᠯᠤᠰ ᠠ᠋ᠨᠡ ᠵᠢᠯ᠎ᠤᠨ ᠳᠤᠤᠷᠠᠳᠤ ᠬᠠᠭ᠋ᠠᠰ ᠵᠢᠯ᠎ᠠᠴᠠ ᠠ᠋ᠸᠦᠢ᠍ᠷᠦᠫᠠ ᠵᠢᠨ ᠬᠤᠯᠪᠤᠭ᠎ᠠ ᠵᠢᠨ ᠵᠢᠵᠢᠬᠦᠷ ᠠ᠋ᠭᠡᠯᠵᠢ ᠵᠢᠨ ᠳᠡᠷᠢᠬᠦᠯᠡᠭᠴᠢ ᠤᠯᠤᠰ᠎ᠤᠨ ᠳᠤᠰᠢᠶᠠᠯ᠎ᠢ ᠬᠠᠷᠢᠭᠤᠴᠠᠬᠤ ᠪᠤᠯᠤᠨ᠎ᠠ᠂ ᠹᠢᠨᠯᠠᠨᠳ᠋᠎ᠤᠨ᠎ᠬᠢᠨ᠎ᠤ ᠳᠤᠮᠳᠠᠳᠤ ᠠ᠋ᠸᠦᠢ᠍ᠷᠦᠫᠠ ᠵᠢᠨ ᠬᠤᠯᠪᠤᠭ᠎ᠠ ᠵᠢᠨ ᠬᠠᠷᠢᠴᠠᠭ᠋ᠠᠨ᠎ᠤ ᠬᠦᠭᠵᠢᠯᠳᠡ ᠪᠤᠯᠤᠨ ᠠ᠋ᠸᠦᠢ᠍ᠷᠦᠫᠠ ᠵᠢᠨ ᠬᠤᠯᠪᠤᠭ᠎ᠠ ᠵᠢᠨ ᠪᠦᠯᠬᠦᠮᠳᠡᠯ ᠴᠡᠴᠡᠭᠯᠡᠯ᠎ᠳᠤ ᠢᠳᠡᠪᠬᠢᠳᠡᠢ ᠬᠤᠪᠢ ᠨᠡᠮᠡᠷᠢ ᠦᠵᠡᠬᠦᠯᠬᠦ ᠵᠢ ᠬᠦᠰᠡᠵᠤ ᠪᠠᠢ᠌ᠨ᠎ᠠ ᠭᠡᠵᠤ ᠢᠯᠡᠷᠭᠡᠢ᠌ᠯᠡᠪᠡ᠃
      ᠨᠢᠨᠢᠰᠲ᠋ᠦᠸᠸ᠂ ᠪᠢ ᠳᠤᠮᠳᠠᠳᠤ ᠤᠯᠤᠰ᠎ᠲᠤ ᠠᠢ᠌ᠯᠴᠢᠠᠯᠬᠤ ᠪᠦᠷᠢ ᠳᠤᠮᠳᠠᠳᠤ ᠵᠢᠨ ᠰᠢᠨ᠎ᠠ ᠬᠦᠭᠵᠢᠯᠳᠡ ᠵᠢ ᠤᠯᠵᠤ ᠬᠠᠷᠠᠳᠠᠭ᠂ ᠠ᠋ᠨᠡ ᠬᠦ᠌ ᠬᠦᠭᠵᠢᠯᠳᠡ᠎ᠨᠢ ᠹᠢᠨᠯᠠᠨᠳ᠋ ᠪᠤᠯᠤᠨ ᠳᠡᠯᠡᠭᠡᠢ ᠵᠢᠨ ᠡᠯ᠎ᠡ ᠤᠯᠤᠰ᠎ᠲᠤ ᠠᠵᠠ ᠳᠤᠬᠢᠶᠠᠯ ᠤᠯᠭᠤᠳᠠᠭ᠃ ᠳᠤᠮᠳᠠᠳᠤ ᠤᠯᠤᠰ ᠤᠳᠤᠬᠠᠨ᠎ᠳᠤ ᠳᠡᠯᠡᠭᠡᠢ ᠵᠢᠨ ᠳᠤᠭᠳᠠᠭᠤᠨ᠎ᠢ ᠪᠠᠳᠤᠯᠠᠬᠤ ᠴᠢᠬᠤᠯᠠ ᠬᠦᠴᠦᠨ ᠪᠤᠯᠤᠭ᠋ᠠᠳ ᠪᠤᠢ᠃ ᠹᠢᠨᠯᠠᠨᠳ᠋᠎ᠤᠨ᠎ᠬᠢᠨ ᠳᠤᠮᠳᠠᠳᠤ᠎ᠯᠤᠭ᠎ᠠ ᠵᠢᠨ ᠬᠠᠷᠢᠴᠠᠭ᠎ᠠ᠎ᠪᠠᠨ ᠴᠢᠬᠤᠯᠠᠴᠢᠯᠠᠵᠤ᠂ ᠳᠤᠮᠳᠠᠳᠤ ᠵᠢᠨ ᠶᠡᠭᠡ ᠵᠠᠬ᠎ᠠ ᠳᠡᠯᠭᠡᠬᠦᠷ᠎ᠢ ᠨᠠᠨᠳᠢᠩᠨᠠᠳᠠᠭ᠃ ᠪᠢᠳᠠ ᠳᠤᠷᠠᠳᠠᠶ᠎ᠠ ᠬᠤᠶᠠᠷ ᠤᠯᠤᠰ᠎ᠤᠨ ᠠᠵᠤ ᠠᠬᠤᠢ᠌ᠯᠠᠯ᠂ ᠢᠯᠠᠩᠭᠤᠶ᠎ᠡ ᠪᠠᠭ᠎ᠠ ᠵᠢᠵᠢᠭ ᠠᠵᠤ ᠠᠬᠤᠢ᠌ᠯᠠᠯ᠎ᠤᠨ ᠬᠠᠮᠳᠤᠷᠠᠯᠴᠠᠭ᠎ᠠ ᠵᠢ ᠴᠢᠩᠭ᠋ᠠᠳᠬᠠᠨ᠂ ᠠᠭᠤᠷ ᠠᠮᠢᠰᠬᠤᠯ᠎ᠤᠨ ᠬᠤᠪᠢᠷᠠᠯᠳᠠ᠂ ᠮᠡᠷᠭᠡᠵᠢᠯ᠎ᠤᠨ ᠰᠢᠨ᠎ᠠ ᠵᠢ ᠠ᠋ᠬᠦᠳᠬᠦ᠂ ᠴᠡᠪᠡᠷ ᠠ᠋ᠨ᠋ᠸᠷᠬᠢ ᠵᠡᠷᠭᠡ ᠳᠡᠯ᠎ᠡ ᠵᠢᠨ ᠬᠠᠮᠳᠤᠷᠠᠯᠴᠠᠭ᠎ᠠ᠎ᠪᠠᠨ ᠬᠦᠨᠵᠡᠭᠡᠢ᠌ᠷᠡᠬᠦᠯᠵᠤ᠂ ᠤᠯᠠᠨ ᠳᠠᠯᠠᠳᠤ ᠠᠷᠠᠯᠵᠢᠶᠠᠨ᠎ᠤ ᠰᠢᠰᠲᠸᠮ᠎ᠢ ᠬᠠᠮᠳᠤᠪᠠᠷ ᠬᠠᠮᠠᠭ᠋ᠠᠯᠠᠨ᠎ᠠ ᠭᠡᠵᠤ ᠢᠯᠡᠷᠭᠡᠢ᠌ᠯᠡᠪᠡ᠃
      ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠠᠭᠤᠯᠵᠠᠯᠳᠠ᠎ᠳᠤ ᠤᠷᠤᠯᠴᠠᠪᠠ᠃


ᠢᠷᠡᠯᠲᠡ᠄ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠡᠵᠡᠩᠨᠡᠯᠲᠡ ᠵᠢᠨ ᠠᠵᠦ ᠠᠬᠤᠢ᠌ᠯᠠᠯ᠎ᠤᠨ ᠲᠦᠷᠦ ᠵᠢᠨ ᠪᠤᠳᠤᠯᠭ᠎ᠠ ᠬᠤᠪᠢᠷᠠᠬᠤ ᠪᠤᠯᠤᠭᠤᠵᠠᠢ ᠭᠡᠮᠡᠨ ᠵᠠᠷᠢᠮ ᠬᠦᠮᠦᠰ᠎ᠤᠨ ᠯᠢ ᠺᠸ ᠴᠢᠶᠠᠩ᠄ ᠬᠤᠪᠢᠷᠠᠬᠤ ᠦᠭᠡᠢ᠂ ᠬᠤᠪᠢᠷᠠᠬᠤ ᠪᠤᠯᠤᠯᠴᠠᠭ᠎ᠠ ᠪᠠᠢ᠌ᠬᠤ ᠦᠭᠡᠢ ᠭᠡᠵᠦ ᠲᠠᠪᠲᠠᠨ ᠢᠯᠡᠷᠬᠡᠢ᠌ᠯᠡᠪᠡ
ᠯᠢ ᠺᠸ ᠴᠢᠶᠠᠩ ᠰᠤᠷᠪᠤᠯᠵᠢᠯᠠᠭᠴᠢᠳ᠎ᠤᠨ ᠬᠤᠷᠠᠯ ᠲᠡᠭᠡᠷ᠎ᠡ ᠶᠠᠮᠠᠷ ᠠᠵᠦ ᠠᠬᠤᠢ ᠵᠢᠨ ᠲᠤᠬᠢᠶ᠎ᠠ ᠲᠠᠯᠪᠢᠭᠰᠠᠨ ᠪᠤᠢ?
ᠳᠤᠮᠳᠠᠳᠦ ᠠᠮᠸᠷᠢᠺᠠ ᠵᠢᠨ ᠰᠢᠨ᠎ᠡ ᠨᠢᠭᠡ ᠠ᠋ᠭᠡᠯᠵᠢ ᠵᠢᠨ ᠠᠵᠦ ᠠᠬᠤᠢ ᠠᠷᠠᠯᠵᠢᠶᠠᠨ᠎ᠤ ᠦᠨᠳᠦᠷ ᠲᠡᠰ᠎ᠤᠨ ᠵᠦᠪᠳᠡᠯᠴᠡᠭᠡ ᠪᠡᠭᠡᠵᠢᠩ᠎ᠳᠤ ᠠ᠋ᠬᠢᠯᠡᠪᠡ
ᠸᠠᠩ ᠢ᠎ᠲᠠᠢ ᠤᠯᠤᠰ᠎ᠤᠨ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠳ᠋ᠦᠨ᠎ᠯᠦᠭᠡ ᠪᠠᠢ᠌ᠯᠳᠤᠬᠤ ᠪᠤᠳᠤᠯᠭ᠎ᠠ ᠵᠢᠨ ᠵᠦᠪᠳᠡᠯᠴᠡᠭᠡ ᠬᠢᠵᠤ᠄ ᠠ᠋ᠮᠦᠨᠡᠲᠦ ᠲᠠᠯᠠᠢ ᠵᠢᠨ ᠠᠶᠠᠯᠠᠯ ᠪᠤᠯᠤᠨ ᠨᠢᠰᠦᠨ ᠭᠠᠷᠬᠤ ᠠ᠋ᠷᠬᠡ ᠴᠢᠯᠦᠭᠡ ᠵᠢ ᠬᠠᠮᠲᠦᠪᠡᠷ ᠬᠠᠮᠠᠭ᠋ᠠᠯᠠᠨ᠎ᠠ ᠭᠡᠵᠠᠢ
ᠳᠤᠮᠳᠠᠳᠦ ᠠᠮᠸᠷᠢᠺᠠ ᠵᠢᠨ ᠠᠵᠦ ᠠᠬᠤᠢ ᠠᠷᠠᠯᠵᠢᠶᠠᠨ᠎ᠤ ᠦᠨᠳᠦᠷ ᠲᠡᠰ᠎ᠤᠨ ᠵᠦᠪᠳᠡᠯᠴᠡᠭᠡ ᠲᠠᠭᠤᠰᠪᠠ
 
            