1 ᠳ᠋ᠤᠭᠡᠷ ᠰᠠᠷ᠎ᠠ ᠵᠢᠨ 25᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠹᠷᠡᠨᠼᠢ ᠢᠲ᠋ᠠᠯᠢ᠎ᠳᠠᠬᠢ ᠠᠢ᠌ᠯᠴᠢᠯᠠᠯᠳᠠ᠎ᠪᠠᠨ ᠳᠠᠭᠤᠰᠬᠠᠨ᠂ ᠰᠤᠷᠪᠤᠯᠵᠢᠯᠠᠭᠴᠢ ᠵᠢᠨ ᠰᠤᠷᠪᠤᠯᠵᠢᠯᠠᠭ᠎ᠠ ᠵᠢ ᠬᠦᠯᠢᠶᠡᠵᠤ᠂ ᠠ᠋ᠸᠦᠢ᠍ᠷᠦᠫᠠ᠎ᠪᠠᠷ ᠠᠢ᠌ᠯᠴᠢᠯᠠᠭᠰᠠᠨ ᠲᠦᠷᠦᠭᠳᠡᠯ ᠵᠶ᠋ᠡᠨ ᠶᠠᠷᠢᠬᠤ ᠵᠢᠨ ᠬᠠᠮᠳᠤ ᠰᠤᠷᠪᠤᠯᠵᠢᠯᠠᠭᠴᠢ ᠵᠢᠨ ᠠᠰᠠᠭᠤᠯᠳᠠ ᠵᠢ ᠬᠠᠷᠢᠭᠤᠯᠵᠠᠢ᠃
ᠸᠠᠩ ᠢ᠂ ᠠ᠋ᠨᠡ ᠤᠳᠠᠭ᠎ᠠ ᠹᠷᠡᠨᠼᠢ᠎ᠲᠠᠢ ᠬᠢᠭᠰᠡᠨ ᠪᠠᠢ᠌ᠯᠳᠤᠬᠤ ᠪᠤᠳᠤᠯᠭ᠎ᠠ ᠵᠢᠨ ᠶᠠᠷᠢᠯᠴᠠᠭ᠎ᠠ᠂ ᠢᠲ᠋ᠠᠯᠢ ᠵᠢᠨ ᠵᠠᠰᠠᠭ᠎ᠤᠨ ᠤᠷᠳᠤᠨ᠎ᠤ ᠵᠦᠪᠯᠡᠯ᠎ᠲᠠᠢ ᠬᠢᠭᠰᠡᠨ ᠬᠤᠯᠪᠤᠭ᠋ᠠᠳᠤ ᠬᠤᠷᠠᠯᠳᠤᠭ᠋ᠠᠨ᠎ᠨᠢ ᠳᠦᠢ᠍ᠯ᠎ᠤᠨ ᠠᠮᠵᠢᠯᠳᠠ᠎ᠲᠠᠢ ᠪᠤᠯᠪᠠ᠃ ᠹᠷᠠᠨᠼᠢ ᠪᠤᠯᠤᠨ ᠢᠲ᠋ᠠᠯᠢ ᠪᠤᠯ ᠴᠦᠮ ᠳᠡᠯᠡᠭᠡᠢ᠎ᠳᠤ ᠨᠦᠯᠦᠭᠡ᠎ᠲᠠᠢ ᠶᠡᠭᠡ ᠤᠯᠤᠰ ᠪᠤᠯᠬᠤ ᠪᠦᠭᠡᠳ ᠠ᠋ᠸᠦᠢ᠍ᠷᠦᠫᠠ ᠵᠢᠨ ᠬᠤᠯᠪᠤᠭ᠎ᠠ ᠵᠢᠨ ᠭᠤᠤᠯ ᠪᠦᠷᠢᠯᠳᠦᠬᠦᠨ ᠪᠤᠯᠤᠨ᠎ᠠ᠃ ᠤᠳᠤᠬᠠᠨ᠎ᠤ ᠶᠡᠭᠡ ᠤᠯᠤᠰ᠎ᠤᠳ᠎ᠤᠨ ᠬᠠᠷᠢᠴᠠᠭ᠎ᠠ᠎ᠪᠠᠨ ᠬᠦᠨᠵᠡᠭᠡᠢ ᠳᠤᠬᠢᠷᠠᠭᠤᠯᠵᠤ ᠪᠠᠢ᠌ᠬᠤ ᠪᠠ ᠵᠦᠷᠢᠴᠡᠯ ᠮᠦᠷᠬᠦᠯᠳᠦᠭᠡᠨ ᠨᠡᠮᠡᠭᠳᠡᠵᠤ ᠪᠠᠢ᠌ᠭ᠎ᠠ ᠪᠠᠢ᠌ᠳᠠᠯ ᠳᠤᠤᠷ᠎ᠠ ᠹᠷᠡᠨᠼᠢ ᠴᠤ᠌ ᠪᠤᠯᠤᠭ᠂ ᠢᠲ᠋ᠠᠯᠢ ᠴᠤ᠌ ᠪᠤᠯᠤᠭ ᠪᠦᠷ ᠳᠤᠰᠠᠭ᠋ᠠᠷ ᠳᠤᠭᠳᠠᠨᠢᠵᠤ ᠠ᠋ᠷᠭᠡ ᠮᠡᠳᠡᠬᠦ ᠭᠠᠳᠠᠭ᠋ᠠᠳᠤ ᠬᠠᠷᠢᠴᠠᠭ᠋ᠠᠨ᠎ᠤ ᠳᠦᠷᠦ ᠵᠢᠨ ᠪᠤᠳᠤᠯᠭ᠎ᠠ ᠵᠢ ᠪᠠᠷᠢᠮᠳᠠᠯᠠᠵᠤ᠂ ᠳᠡᠬᠦᠨᠴᠢᠯᠠᠨ ᠳᠤᠮᠳᠠᠳᠤ ᠤᠯᠤᠰ᠎ᠯᠤᠭ᠎ᠠ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ ᠪᠠᠢ᠌ᠭᠤᠯᠬᠤ ᠵᠢ ᠨᠠᠨᠳᠢᠩᠨᠠᠨ᠂ ᠳᠤᠮᠳᠠᠳᠤ ᠤᠯᠤᠰ᠎ᠲᠠᠢ ᠪᠦᠬᠦ ᠳᠠᠯ᠎ᠠ ᠵᠢᠨ ᠬᠠᠮᠳᠤᠷᠠᠯᠴᠠᠭ᠎ᠠ ᠬᠢᠬᠦ ᠵᠢ ᠬᠦᠰᠡᠵᠤ᠂ ᠳᠤᠮᠳᠠᠳᠤ ᠤᠯᠤᠰ᠎ᠯᠤᠭ᠎ᠠ ᠵᠢᠨ ᠬᠠᠷᠢᠴᠠᠭ᠎ᠠ᠎ᠪᠠᠨ ᠴᠢᠬᠤᠯᠠ ᠪᠠᠢ᠌ᠷᠢᠨ᠎ᠳᠤ ᠳᠠᠯᠪᠢᠵᠤ ᠪᠠᠢ᠌ᠨ᠎ᠠ᠃ ᠮᠢᠨᠦ ᠦᠵᠡᠬᠦ᠎ᠪᠠᠷ᠂ ᠳᠤᠮᠳᠠᠳᠤ ᠹᠷᠡᠨᠼᠢ᠂ ᠳᠤᠮᠳᠠᠳᠤ ᠢᠲ᠋ᠠᠯᠢ ᠵᠢᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ ᠵᠢᠨ ᠤᠷᠳᠤ ᠬᠤᠭᠤᠴᠠᠭ᠋ᠠᠨ᠎ᠤ ᠴᠢᠨᠠᠷ᠂ ᠳᠤᠭᠳᠠᠭᠤᠨ ᠴᠢᠨᠠᠷ ᠪᠤᠯᠤᠨ ᠬᠠᠷᠢᠯᠴᠠᠨ ᠠᠰᠢᠭᠲᠠᠢ ᠴᠢᠨᠠᠷ ᠨᠦᠯᠦᠭᠡᠯᠡᠭᠳᠡᠭᠰᠡᠨ ᠦᠭᠡᠢ᠎ᠪᠠᠷ ᠦᠯᠦ ᠪᠠᠷᠠᠮ᠂ ᠬᠠᠷᠢᠨ ᠤᠯᠠᠮ ᠵᠶ᠋ᠡᠷ ᠰᠠᠢ᠌ᠵᠢᠷᠠᠭᠰᠠᠨ ᠪᠠᠢ᠌ᠨ᠎ᠠ᠃ ᠪᠢᠳᠡ ᠳᠤᠷᠠᠳᠠᠶ᠎ᠠ ᠹᠷᠡᠨᠼᠢ ᠢᠲ᠋ᠠᠯᠢ᠎ᠲᠠᠢ ᠬᠠᠮᠳᠤ᠎ᠪᠠᠷ ᠤᠷᠤᠭᠰᠢᠯᠠᠵᠤ᠂ ᠪᠠᠢ᠌ᠯᠳᠤᠬᠤ ᠪᠤᠳᠤᠯᠭ᠎ᠠ ᠵᠢᠨ ᠤᠯᠤᠯᠴᠠᠭ᠎ᠠ᠎ᠪᠠᠨ ᠴᠢᠩᠭ᠋ᠠᠳᠬᠠᠨ᠂ ᠪᠠᠢ᠌ᠯᠳᠤᠬᠤ ᠪᠤᠳᠤᠯᠭ᠎ᠠ ᠵᠢᠨ ᠬᠠᠷᠢᠯᠴᠠᠨ ᠢᠳᠡᠭᠡᠯᠴᠡᠭᠡ᠎ᠪᠠᠨ ᠪᠠᠳᠤᠳᠬᠠᠵᠤ᠂ ᠪᠠᠢ᠌ᠯᠳᠤᠬᠤ ᠪᠤᠳᠤᠯᠭ᠎ᠠ ᠵᠢᠨ ᠬᠠᠮᠳᠤᠷᠠᠯᠴᠠᠭ᠎ᠠ᠎ᠪᠠᠨ ᠬᠦᠨᠵᠡᠭᠡᠢ᠌ᠷᠡᠬᠦᠯᠦᠨ᠂ ᠪᠦᠬᠦ ᠳᠡᠯ᠎ᠡ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ᠎ᠳᠤ ᠳᠠᠰᠤᠷᠠᠯᠳᠠ ᠦᠭᠡᠢ ᠰᠢᠨ᠎ᠠ ᠠᠭᠤᠯᠭ᠎ᠠ ᠨᠡᠮᠡᠵᠤ᠂ ᠳᠡᠯᠡᠭᠡᠢ ᠨᠡᠢ᠌ᠲᠡ ᠵᠢᠨ ᠬᠦᠭᠵᠢᠯᠳᠡ᠎ᠳᠤ ᠳᠠᠰᠤᠷᠠᠯᠳᠠ ᠦᠭᠡᠢ ᠵᠦᠪ ᠠ᠋ᠨ᠋ᠸᠷᠬᠢ ᠬᠠᠩᠭ᠋ᠠᠨ᠎ᠠ ᠭᠡᠵᠤ ᠭᠡᠯᠡᠪᠡ᠃
ᠸᠠᠩ ᠢ᠂ ᠠ᠋ᠨᠡ ᠤᠳᠠᠭ᠋ᠠᠨ᠎ᠤ ᠠᠢ᠌ᠯᠴᠢᠯᠠᠯᠳᠠ ᠵᠢᠨ ᠪᠠᠰᠠ ᠨᠢᠭᠡᠨ ᠤᠯᠤᠯᠳᠠ ᠭᠡᠪᠡᠯ᠂ ᠹᠷᠡᠨᠼᠢ ᠴᠤ᠌ ᠪᠤᠯᠤᠭ᠂ ᠢᠲ᠋ᠠᠯᠢ ᠴᠤ᠌ ᠪᠤᠯᠤᠭ ᠪᠦᠷ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠳᠡᠨᠳᠡ ᠤᠴᠢᠵᠤ ᠪᠡᠯᠡ ᠤᠷᠤᠭᠤᠯᠤᠨ ᠦᠢ᠍ᠯᠡᠰ ᠪᠦᠳᠦᠭᠡᠬᠦ ᠵᠢ ᠪᠠᠶᠠᠷᠯᠠᠨ ᠤᠭᠳᠤᠵᠤ ᠪᠠᠢ᠌ᠭ᠎ᠠ ᠪᠦᠭᠡᠳ ᠬᠢᠵᠠᠭ᠋ᠠᠷᠯᠠᠵᠤ ᠭᠠᠳᠠᠭᠤᠷᠴᠢᠯᠠᠬᠤ ᠦᠭᠡᠢ᠂ ᠳᠤᠮᠳᠠᠳᠤ ᠤᠯᠤᠰ᠎ᠢ ᠪᠠᠭᠳᠠᠭ᠋ᠠᠭᠰᠠᠨ ᠭᠠᠳᠠᠭ᠋ᠠᠳᠤ ᠤᠯᠤᠰ᠎ᠤᠨ ᠠᠵᠤ ᠠᠬᠤᠢ᠌ᠯᠠᠯ᠎ᠳᠤ ᠠ᠋ᠷᠭᠡ ᠳᠡᠭᠰᠢ᠂ ᠴᠢᠯᠦᠭᠡᠳᠡᠢ᠂ ᠢᠯᠡ ᠳᠤᠳᠤᠷᠬᠠᠢ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠬᠠᠩᠭ᠋ᠠᠨ᠎ᠠ ᠭᠡᠵᠤ ᠪᠠᠢ᠌ᠨ᠎ᠠ᠃ ᠤᠳᠤᠬᠠᠨ᠎ᠤ ᠪᠠᠢ᠌ᠳᠠᠯ᠎ᠳᠤ ᠠ᠋ᠳᠡᠭᠡᠷ ᠤᠪᠤᠷ᠎ᠨᠢ ᠴᠠᠭ᠎ᠲᠤ᠎ᠪᠠᠨ ᠳᠦᠢ᠍ᠯ ᠵᠶ᠋ᠡᠷ ᠳᠤᠬᠢᠷᠠᠵᠤ ᠪᠠᠢ᠌ᠭ᠎ᠠ ᠪᠦᠭᠡᠳ ᠴᠢᠬᠤᠯᠠ ᠵᠦᠢ᠍ᠯ ᠪᠤᠯᠤᠨ᠎ᠠ᠃ ᠳᠤᠮᠳᠠᠳᠤ ᠤᠯᠤᠰ᠎ᠤᠨ ᠠᠵᠤ ᠠᠬᠤᠢ᠌ᠯᠠᠯ ᠬᠠᠷᠠᠯᠳᠠ᠎ᠪᠠᠨ ᠠᠰᠢᠭᠲᠠᠢ ᠪᠦᠭᠡᠳ ᠢᠳᠡᠭᠡᠯ᠎ᠲᠠᠢ ᠤᠯᠤᠰ᠎ᠲᠤ ᠰᠢᠯᠵᠢᠬᠦᠯᠦᠨ᠎ᠠ ᠭᠡᠳᠡᠭ᠎ᠢ ᠪᠢ ᠢᠳᠡᠭᠡᠵᠤ ᠪᠠᠢ᠌ᠨ᠎ᠠ ᠭᠡᠪᠡ᠃
ᠸᠠᠩ ᠢ᠂ ᠮᠠᠨ᠎ᠤ ᠭᠤᠷᠪᠠᠨ ᠳᠠᠯ᠎ᠠ᠎ᠪᠠᠷ ᠵᠶ᠋ᠡᠨ ᠴᠦᠮ ᠳᠦᠷᠢᠮ ᠵᠶ᠋ᠡᠷ ᠰᠠᠭᠤᠷᠢ ᠪᠤᠯᠭ᠋ᠠᠭᠰᠠᠨ ᠤᠯᠠᠨ ᠳᠠᠯᠠᠳᠤ ᠦᠵᠡᠯ᠎ᠢ ᠠ᠋ᠷᠡᠰ ᠬᠠᠮᠠᠭ᠋ᠠᠯᠠᠨ᠂ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ᠎ᠪᠠᠷ ᠭᠤᠤᠯ ᠪᠤᠯᠭ᠋ᠠᠭᠰᠠᠨ ᠤᠳᠤ ᠦᠶ᠎ᠡ ᠵᠢᠨ ᠤᠯᠠᠨ ᠤᠯᠤᠰ᠎ᠤᠨ ᠰᠢᠰᠲᠸᠮ᠎ᠢ ᠠ᠋ᠷᠡᠰ ᠬᠠᠮᠠᠭ᠋ᠠᠯᠠᠨ᠎ᠠ᠃ ᠠ᠋ᠬᠦᠨ᠎ᠤ ᠵᠡᠷᠭᠡ᠎ᠪᠠᠷ ᠪᠢᠳᠡ ᠪᠦᠬᠦ ᠪᠦᠮᠪᠦᠷᠴᠡᠭ᠎ᠤᠨ ᠵᠠᠰᠠᠯᠳᠠ ᠵᠢ ᠠ᠋ᠷᠭᠡᠪᠰᠢ ᠴᠠᠭ ᠦᠶ᠎ᠡ᠎ᠳᠤ ᠵᠤᠬᠢᠴᠠᠭᠤᠯᠵᠤ᠂ ᠵᠦᠢ ᠶᠤᠰᠤᠨ᠎ᠤ ᠦᠭᠡᠷᠡᠴᠢᠯᠡᠯᠳᠡ ᠪᠠ ᠰᠠᠢ᠌ᠵᠢᠷᠠᠭᠤᠯᠤᠯᠳᠠ ᠬᠢᠬᠦ ᠭᠡᠷᠡᠭᠳᠡᠢ ᠭᠡᠪᠡ᠃ ᠮᠠᠨ᠎ᠤ ᠭᠤᠷᠪᠠᠨ ᠳᠠᠯ᠎ᠠ᠎ᠪᠠᠷ ᠵᠶ᠋ᠡᠨ ᠭᠠᠭᠴᠠ ᠳᠠᠯᠠᠳᠤ ᠦᠵᠡᠯ ᠪᠤᠯᠤᠨ ᠬᠤᠪᠢ ᠵᠢᠨ ᠠᠰᠢᠭ᠎ᠤᠨ ᠦᠵᠡᠯ᠎ᠤᠨ ᠠᠷᠭ᠎ᠠ ᠵᠢ ᠪᠦᠷᠢᠮᠦᠰᠦᠨ ᠵᠦᠪᠰᠢᠶᠡᠷᠡᠬᠦ ᠦᠭᠡᠢ ᠪᠠᠢ᠌ᠵᠤ᠂ ᠠ᠋ᠨᠡ᠎ᠨᠢ ᠦᠨᠠᠨ᠎ᠳᠤ᠎ᠪᠠᠨ ᠳᠡᠯᠡᠭᠡᠢ ᠨᠡᠢ᠌ᠲᠡ ᠵᠢᠨ ᠨᠡᠢ᠌ᠳᠡᠮ᠎ᠤᠨ ᠬᠦᠰᠡᠯ ᠱᠠᠭ᠋ᠠᠷᠳᠠᠯᠭ᠎ᠠ ᠵᠢ ᠳᠦᠯᠦᠭᠡᠯᠡᠵᠤ ᠪᠠᠢ᠌ᠬᠤ ᠶᠤᠮ᠃ ᠶᠠᠮᠠᠷᠪᠠ ᠭᠠᠭᠴᠠ ᠳᠠᠯᠠᠳᠤ ᠦᠵᠡᠯ ᠪᠤᠯᠤᠨ ᠬᠤᠪᠢ ᠵᠢᠨ ᠠᠰᠢᠭ᠎ᠤᠨ ᠦᠵᠡᠯ᠎ᠨᠢ ᠬᠦᠮᠦᠨ᠎ᠤ ᠰᠡᠳᠬᠢᠯ᠎ᠢ ᠤᠯᠬᠤ ᠦᠭᠡᠢ ᠵᠢ ᠦᠢ᠍ᠯᠡᠳᠦᠯᠭᠡ ᠭᠡᠷᠡᠴᠢᠯᠡᠬᠦ ᠪᠤᠯᠤᠨ᠎ᠠ ᠭᠡᠵᠤ ᠭᠡᠯᠡᠪᠡ᠃
ᠸᠠᠩ ᠢ᠂ ᠰᠤᠷᠪᠤᠯᠵᠢᠯᠠᠭᠴᠢ ᠵᠢᠨ ᠠᠰᠠᠭᠤᠭᠰᠠᠨ ᠤᠢ᠌ᠷ᠎ᠠ ᠵᠢᠨ ᠬᠤᠭᠤᠴᠠᠭ᠋ᠠᠨ᠎ᠳᠤ ᠤᠨᠴᠠᠭ᠋ᠠᠢ ᠵᠠᠷᠢᠮ ᠤᠯᠤᠰ ᠬᠤᠸᠠ ᠸᠸᠢ ᠵᠡᠷᠭᠡ ᠳᠤᠮᠳᠠᠳᠤ ᠤᠯᠤᠰ᠎ᠤᠨ ᠠᠵᠤ ᠠᠬᠤᠢ᠌ᠯᠠᠯ᠎ᠳᠤ ᠢᠯᠡ᠎ᠪᠠᠷ ᠳᠠᠷᠤᠯᠳᠠ ᠦᠵᠡᠬᠦᠯᠵᠤ ᠪᠠᠢ᠌ᠬᠤ ᠠᠰᠠᠭᠤᠳᠠᠯ᠎ᠢ ᠭᠡᠷᠬᠢᠨ ᠦᠵᠡᠬᠦ ᠪᠤᠢ ᠭᠡᠰᠡᠨ ᠠᠰᠠᠭᠤᠯᠳᠠ ᠵᠢ ᠬᠠᠷᠢᠭᠤᠯᠬᠤ᠎ᠳᠤ᠎ᠪᠠᠨ᠂ ᠠ᠋ᠨᠡ ᠤᠴᠢᠷ᠎ᠤᠨ ᠦᠨᠡᠨ ᠬᠤᠳᠠᠯ ᠵᠦᠪ ᠪᠤᠷᠤᠭᠤ᠎ᠨᠢ ᠢᠯᠡ ᠳᠤᠳᠤᠷᠬᠠᠢ ᠪᠠᠢ᠌ᠭ᠎ᠠ ᠶᠤᠮ᠃ ᠶᠠᠮᠠᠷᠪᠠ ᠭᠡᠷᠡᠴᠢ ᠪᠠᠷᠢᠮᠳᠠ ᠦᠭᠡᠢ ᠪᠠᠢ᠌ᠳᠠᠯ᠎ᠳᠤ ᠤᠯᠤᠰ᠎ᠤᠨ ᠬᠦᠴᠦᠨ᠎ᠢ ᠬᠦᠳᠡᠯᠭᠡᠵᠤ ᠤᠨᠴᠠᠭ᠋ᠠᠢ ᠠᠵᠤ ᠠᠬᠤᠢ᠌ᠯᠠᠯ᠎ᠳᠤ ᠴᠤᠬᠢᠯᠳᠠ ᠦᠭᠴᠤ ᠬᠠᠷᠠᠳᠠᠬᠤ᠎ᠨᠢ ᠳᠦᠪ ᠭᠤᠤᠯᠴᠢ ᠪᠤᠰᠤ ᠪᠦᠭᠡᠳ ᠶᠤᠰᠤ ᠰᠤᠷᠳᠠᠬᠤᠨ ᠦᠭᠡᠢ ᠶᠠᠪᠤᠳᠠᠯ ᠪᠤᠯᠤᠨ᠎ᠠ᠃ ᠮᠢᠨᠦ ᠦᠵᠡᠬᠦ᠎ᠪᠠᠷ᠂ ᠡᠯ᠎ᠡ ᠤᠯᠤᠰ᠎ᠤᠨ᠎ᠬᠢᠨ ᠪᠦᠷ ᠠ᠋ᠢ᠌ᠮᠦᠷᠬᠦ ᠶᠤᠰᠤ ᠪᠤᠰᠤ ᠠᠷᠭ᠎ᠠ ᠠᠪᠴᠠᠯ᠎ᠢ ᠠᠷᠭ᠋ᠠᠴᠠᠵᠤ᠂ ᠠ᠋ᠢ᠌ᠮᠦᠷᠬᠦ ᠡᠵᠡᠷᠭᠡᠭᠴᠢ ᠠᠵᠢᠯᠯᠠᠭ᠎ᠠ ᠵᠢ ᠰᠡᠷᠭᠡᠢ᠌ᠯᠡᠨ ᠬᠤᠷᠢᠭᠯᠠᠬᠤ ᠭᠡᠷᠡᠭᠳᠡᠢ᠃ ᠠᠵᠤ ᠠᠬᠤᠢ᠌ᠯᠠᠯ ᠪᠤᠯ ᠳᠠᠷᠤᠢ ᠠᠵᠤ ᠠᠬᠤᠢ᠌ᠯᠠᠯ ᠪᠤᠯᠤᠨ᠎ᠠ᠂ ᠠᠵᠤ ᠠᠬᠤᠢ᠌ᠯᠠᠯ᠎ᠤᠨ ᠤᠷᠤᠰᠢᠨ ᠬᠦᠭᠵᠢᠬᠦ᠎ᠨᠢ ᠬᠠᠮᠤᠭ ᠡᠴᠤᠰ᠎ᠲᠤ ᠵᠠᠬ᠎ᠠ ᠳᠡᠯᠭᠡᠬᠦᠷ᠎ᠤᠨ ᠦᠷᠢᠰᠦᠯᠳᠦᠭᠡᠨ ᠵᠶ᠋ᠡᠷ ᠳᠤᠭᠳᠠᠭ᠋ᠠᠭᠳᠠᠭ᠃ ᠵᠠᠰᠠᠭ᠎ᠤᠨ ᠤᠷᠳᠤᠨ᠎ᠤ ᠬᠢᠬᠦ ᠵᠦᠢ᠍ᠯ᠎ᠨᠢ ᠳᠡᠳᠡᠨ᠎ᠳᠤ ᠠ᠋ᠷᠭᠡ ᠳᠡᠭᠰᠢ᠂ ᠳᠦᠪ ᠭᠤᠤᠯᠴᠢ᠂ ᠢᠯᠠ ᠳᠤᠳᠤᠷᠬᠠᠢ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠬᠠᠩᠭ᠋ᠠᠬᠤ ᠶᠠᠪᠤᠳᠠᠯ ᠪᠤᠯᠤᠨ᠎ᠠ᠃ ᠡᠯ᠎ᠡ ᠤᠯᠤᠰ᠎ᠤᠨ᠎ᠬᠢᠨ ᠴᠦᠮ ᠤᠯᠤᠰ᠎ᠤᠨ ᠮᠡᠳᠡᠭᠡ ᠵᠠᠩᠬᠢ ᠵᠢᠨ ᠠᠮᠤᠷ ᠳᠦᠪᠰᠢᠨ ᠵᠶ᠋ᠡᠨ ᠬᠠᠮᠠᠭ᠋ᠠᠯᠠᠬᠤ ᠠ᠋ᠷᠭᠡ᠎ᠲᠠᠢ᠃ ᠭᠡᠬᠦ᠎ᠳᠤ ᠠᠮᠤᠷ ᠳᠦᠪᠰᠢᠨ᠎ᠢ ᠬᠠᠮᠠᠭ᠋ᠠᠯᠠᠬᠤ ᠨᠡᠷ᠎ᠡ᠎ᠪᠠᠷ ᠠᠵᠤ ᠠᠬᠤᠢ᠌ᠯᠠᠯ᠎ᠤᠨ ᠬᠠᠤᠯᠢ ᠶᠤᠰᠤᠨ᠎ᠤ ᠡᠵᠡᠩᠨᠡᠯᠳᠡ ᠵᠢ ᠨᠦᠯᠦᠭᠡᠯᠡᠵᠤ ᠪᠤᠯᠬᠤ ᠦᠭᠡᠢ ᠭᠡᠵᠤ ᠭᠡᠯᠡᠪᠡ᠃