1 ᠳ᠋ᠤᠭᠡᠷ ᠰᠠᠷ᠎ᠠ ᠵᠢᠨ 15᠎ᠤ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠠᠷᠦᠩᠭᠡᠢ ᠰᠠᠢ᠌ᠳ ᠰᠦᠨ ᠴᠦᠨ ᠯᠠᠨ ᠹᠢᠨᠯᠠᠨᠳ᠋᠎ᠤᠨ ᠶᠡᠷᠦᠩᠭᠡᠢ᠌ᠯᠡᠭᠴᠢ ᠨᠢᠨᠢᠰᠲ᠋ᠦᠸᠸ᠎ᠲᠠᠢ ᠬᠠᠮᠳᠤ᠎ᠪᠠᠷ ᠪᠡᠭᠡᠵᠢᠩ᠎ᠳᠤ 《2019 ᠳᠤᠮᠳᠠᠳᠤ ᠹᠢᠨᠯᠠᠨᠳ᠋᠎ᠤᠨ ᠡᠪᠤᠯ᠎ᠤᠨ ᠤᠯᠠᠷᠢᠯ᠎ᠤᠨ ᠳᠠᠮᠢᠷ᠎ᠤᠨ ᠴᠤᠭᠯᠠᠭ᠋ᠠᠨ᠎ᠤ ᠤᠨ》᠎ᠤ ᠠ᠋ᠬᠢᠯᠡᠯᠳᠡ ᠵᠢᠨ ᠶᠤᠰᠤᠯᠠᠯ᠎ᠳᠤ ᠤᠷᠤᠯᠴᠠᠪᠠ᠃
ᠰᠦᠨ ᠴᠦᠨ ᠯᠠᠨ᠂ 《2019 ᠳᠤᠮᠳᠠᠳᠤ ᠹᠢᠨᠯᠠᠨᠳ᠋᠎ᠤᠨ ᠡᠪᠤᠯ᠎ᠤᠨ ᠤᠯᠠᠷᠢᠯ᠎ᠤᠨ ᠳᠠᠮᠢᠷ᠎ᠤᠨ ᠴᠤᠭᠯᠠᠭ᠋ᠠᠨ᠎ᠤ ᠤᠨ》᠎ᠤ ᠠᠵᠢᠯᠯᠠᠭ᠎ᠠ ᠪᠤᠯ ᠰᠢ ᠵᠢᠨ ᠫᠢᠩ ᠳᠡᠷᠢᠬᠦᠯᠡᠭᠴᠢ ᠪᠤᠯᠤᠨ ᠨᠢᠨᠢᠰᠲ᠋ᠦᠸᠸ ᠶᠡᠷᠦᠩᠭᠡᠢ᠌ᠯᠡᠭᠴᠢ ᠵᠢᠨ ᠵᠦᠪᠳᠡᠨ ᠳᠤᠭᠳᠠᠭᠰᠠᠨ ᠬᠠᠮᠳᠤ ᠵᠢᠨ ᠳᠠᠨᠢᠯᠳᠠ ᠪᠤᠯᠬᠤ ᠶᠤᠮ᠃ ᠦᠴᠦᠭᠡᠳᠤᠷ ᠬᠤᠶᠠᠷ ᠤᠯᠤᠰ᠎ᠤᠨ ᠳᠡᠷᠢᠬᠦᠨ ᠬᠠᠮᠳᠤ᠎ᠪᠠᠷ ᠳᠠᠮᠢᠷ᠎ᠤᠨ ᠴᠤᠭᠯᠠᠭ᠋ᠠᠨ᠎ᠤ ᠤᠨ᠎ᠤ ᠠᠵᠢᠯᠯᠠᠭ᠎ᠠ ᠵᠢ ᠠ᠋ᠬᠢᠯᠡᠬᠦᠯᠪᠡ᠃ ᠳᠤᠮᠳᠠᠳᠤ ᠹᠢᠨᠯᠠᠨᠳ᠋᠎ᠤᠨ ᠪᠡᠶ᠎ᠡ ᠳᠠᠮᠢᠷ᠂ ᠢᠯᠠᠩᠭᠤᠶ᠎ᠠ ᠡᠪᠤᠯ᠎ᠤᠨ ᠤᠯᠠᠷᠢᠯ᠎ᠤᠨ ᠳᠠᠮᠢᠷ᠎ᠤᠨ ᠴᠤᠭᠯᠠᠭ᠋ᠠᠨ᠎ᠤ ᠬᠠᠮᠳᠤᠷᠠᠯᠴᠠᠭ᠎ᠠ᠎ᠨᠢ ᠪᠠᠳᠤ ᠪᠡᠬᠢ ᠰᠠᠭᠤᠷᠢ᠎ᠲᠠᠢ ᠪᠦᠭᠡᠳ ᠳᠦᠷᠭᠡᠨ ᠬᠦᠭᠵᠢᠪᠡ᠃ ᠬᠤᠶᠠᠷ ᠳᠠᠯ᠎ᠠ᠎ᠪᠠᠷ ᠵᠶ᠋ᠡᠨ ᠦᠷᠬᠦᠯᠵᠢᠯᠡᠨ ᠬᠠᠮᠳᠤᠷᠠᠯᠴᠠᠭ᠎ᠠ᠎ᠪᠠᠨ ᠴᠢᠩᠭ᠋ᠠᠳᠬᠠᠵᠤ᠂ ᠬᠤᠶᠠᠷ ᠤᠯᠤᠰ᠎ᠤᠨ ᠳᠡᠷᠢᠬᠦᠨ᠎ᠤ ᠬᠠᠮᠳᠤ ᠵᠢᠨ ᠳᠠᠨᠢᠯᠳᠠ ᠵᠢ ᠰᠠᠢ᠌ᠳᠤᠷ ᠨᠠᠢ᠌ᠳᠠᠪᠤᠷᠢᠵᠢᠭᠤᠯᠤᠨ᠂ ᠬᠠᠮᠳᠤ᠎ᠪᠠᠷ ᠴᠢᠷᠮᠠᠢ᠌ᠵᠤ ᠪᠠᠢ᠌ᠭ᠋ᠠᠳ ᠠ᠋ᠨᠡ ᠤᠳᠠᠭ᠋ᠠᠨ᠎ᠤ ᠡᠪᠤᠯ᠎ᠤᠨ ᠤᠯᠠᠷᠢᠯ᠎ᠤᠨ ᠳᠠᠮᠢᠷ᠎ᠤᠨ ᠴᠤᠭᠯᠠᠭ᠋ᠠᠨ᠎ᠤ ᠤᠨ᠎ᠤ ᠠᠵᠢᠯᠯᠠᠭ᠎ᠠ ᠵᠢ ᠪᠦᠳᠦᠮᠵᠢᠳᠡᠢ ᠦᠷᠨᠢᠬᠦᠯᠦᠶᠡ ᠭᠡᠵᠤ ᠵᠢᠭ᠋ᠠᠵᠤ ᠭᠠᠷᠭ᠋ᠠᠪᠠ᠃ ᠨᠢᠨᠢᠰᠲ᠋ᠦᠸᠸ᠂ ᠹᠢᠨᠯᠠᠨᠳ᠋᠎ᠤᠨ᠎ᠬᠢᠨ ᠠ᠋ᠨᠡ ᠤᠳᠠᠭ᠋ᠠᠨ᠎ᠤ ᠡᠪᠤᠯ᠎ᠤᠨ ᠤᠯᠠᠷᠢᠯ᠎ᠤᠨ ᠳᠠᠮᠢᠷ᠎ᠤᠨ ᠴᠤᠭᠯᠠᠭ᠋ᠠᠨ᠎ᠤ ᠤᠨ᠎ᠤ ᠠᠵᠢᠯᠯᠠᠭ᠎ᠠ ᠵᠢ ᠴᠢᠬᠤᠯᠠᠴᠢᠯᠠᠨ ᠦᠵᠡᠵᠤ ᠪᠠᠢ᠌ᠨ᠎ᠠ᠂ ᠬᠤᠶᠠᠷ ᠤᠯᠤᠰ᠎ᠤᠨ ᠡᠪᠤᠯ᠎ᠤᠨ ᠤᠯᠠᠷᠢᠯ᠎ᠤᠨ ᠳᠡᠮᠢᠷ᠎ᠤᠨ ᠴᠤᠭᠯᠠᠭ᠋ᠠᠨ᠎ᠤ ᠤᠨ᠎ᠤ ᠠᠵᠢᠯᠯᠠᠭ᠎ᠠ ᠵᠢᠨ ᠬᠠᠮᠳᠤᠷᠠᠯᠴᠠᠭ᠎ᠠ᠎ᠨᠢ ᠹᠢᠨᠯᠠᠨᠳ᠋ ᠳᠤᠮᠳᠠᠳᠤ ᠬᠤᠶᠠᠷ ᠤᠯᠤᠰ᠎ᠤᠨ ᠬᠠᠷᠢᠯᠴᠠᠭ᠋ᠠᠨ᠎ᠳᠤ ᠰᠢᠨ᠎ᠠ ᠠᠮᠢᠵᠢᠷᠠᠯ᠎ᠤᠨ ᠬᠦᠴᠦᠨ ᠨᠡᠮᠡᠷᠢᠯᠡᠬᠦ ᠵᠢ ᠢᠳᠡᠭᠡᠵᠤ ᠪᠠᠢ᠌ᠨ᠎ᠠ ᠭᠡᠵᠤ ᠢᠯᠡᠷᠭᠡᠢ᠌ᠯᠡᠪᠡ᠃
ᠠ᠋ᠬᠢᠯᠡᠯᠳᠡ ᠵᠢᠨ ᠶᠤᠰᠤᠯᠠᠯ᠎ᠠᠴᠠ ᠠ᠋ᠮᠤᠨ᠎ᠡ᠂ ᠰᠦᠨ ᠴᠦᠨ ᠯᠠᠨ ᠪᠤᠯᠤᠨ ᠨᠢᠨᠢᠰᠲ᠋ᠦᠸᠸ ᠬᠠᠮᠳᠤ᠎ᠪᠠᠷ ᠳᠤᠮᠳᠠᠳᠤ ᠹᠢᠨᠯᠠᠨᠳ᠋᠎ᠤᠨ ᠪᠡᠶ᠎ᠡ ᠳᠠᠮᠢᠷ᠎ᠤᠨ ᠰᠤᠯᠢᠯᠴᠠᠭ᠋ᠠᠨ᠎ᠤ ᠵᠢᠷᠤᠭ᠎ᠤᠨ ᠦᠵᠡᠰᠬᠦᠯᠡᠩ᠎ᠢ ᠳᠤᠭᠤᠷᠢᠨ ᠦᠵᠡᠵᠡᠢ᠃