ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠠᠷᠠᠳ᠎ᠤᠨ ᠡᠵᠡᠩᠨᠡᠯᠲᠡ ᠵᠢᠨ ᠠᠵᠦ ᠠᠬᠤᠢ᠌ᠯᠠᠯ᠎ᠤᠨ ᠲᠦᠷᠦ ᠵᠢᠨ ᠪᠤᠳᠤᠯᠭ᠎ᠠ ᠬᠤᠪᠢᠷᠠᠬᠤ ᠪᠤᠯᠤᠭᠤᠵᠠᠢ ᠭᠡᠮᠡᠨ ᠵᠠᠷᠢᠮ ᠬᠦᠮᠦᠰ᠎ᠤᠨ ᠯᠢ ᠺᠸ ᠴᠢᠶᠠᠩ᠄ ᠬᠤᠪᠢᠷᠠᠬᠤ ᠦᠭᠡᠢ᠂ ᠬᠤᠪᠢᠷᠠᠬᠤ ᠪᠤᠯᠤᠯᠴᠠᠭ᠎ᠠ ᠪᠠᠢ᠌ᠬᠤ ᠦᠭᠡᠢ ᠭᠡᠵᠦ ᠲᠠᠪᠲᠠᠨ ᠢᠯᠡᠷᠬᠡᠢ᠌ᠯᠡᠪᠡ
ᠨᠡᠶᠢᠲᠡᠯᠡᠭᠰᠡᠨ ᠴᠠᠭ᠄ 2019-03-07

   
      ᠶᠡᠷᠦᠩᠬᠡᠢ ᠰᠠᠢ᠌ᠳ ᠯᠢ ᠺᠸ ᠴᠢᠶᠠᠩ 3 ᠳ᠋ᠤᠭ᠋ᠠᠷ ᠰᠠᠷ᠎ᠠ ᠵᠢᠨ 4᠎ᠤ ᠠ᠋ᠳᠦᠷ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠠᠨ᠎ᠤ ᠬᠤᠷᠢᠶᠠᠨ᠎ᠤ ᠬᠤᠶᠠᠳᠤᠭ᠋ᠠᠷ ᠬᠤᠷᠠᠯ᠎ᠤᠨ ᠳᠤᠮᠳᠠᠳᠤ ᠤᠯᠤᠰ᠎ᠤᠨ ᠠᠷᠠᠳᠴᠢᠯᠠᠯ ᠵᠶ᠋ᠠᠷ ᠤᠯᠤᠰ ᠵᠶ᠋ᠠᠨ ᠪᠠᠢ᠌ᠭᠤᠯᠬᠤ ᠡᠪᠯᠡᠯ᠂ ᠦᠢ᠍ᠯᠡᠳᠪᠤᠷᠢ ᠬᠤᠳᠠᠯᠳᠤᠭ᠋ᠠᠴᠢᠳ᠎ᠤᠨ ᠬᠣᠯᠪᠣᠭ᠋ᠠᠨ᠎ᠤ ᠠ᠋ᠳᠡᠭᠡᠳ᠎ᠤᠨ᠎ᠬᠢᠨ᠎ᠤ ᠬᠡᠰᠢᠭᠦᠳ᠎ᠤᠨ ᠬᠠᠮᠲᠤᠷᠠᠭᠰᠠᠨ ᠲᠤᠭᠤᠢ᠌ᠯᠠᠠᠩ᠎ᠤᠨ ᠬᠤᠷᠠᠯ᠎ᠳᠤ ᠤᠷᠤᠯᠴᠠᠬᠤ᠎ᠳᠠᠭᠠᠨ᠂ ᠵᠠᠷᠢᠮ ᠬᠦᠮᠦᠰ ᠠᠷᠠᠳ᠎ᠤᠨ ᠡᠵᠡᠩᠨᠡᠯᠲᠡ ᠵᠢᠨ ᠠᠵᠦ ᠠᠬᠤᠢ᠌ᠯᠠᠯ᠎ᠤᠨ ᠲᠦᠷᠦ ᠵᠢᠨ ᠪᠤᠳᠤᠯᠭ᠎ᠠ ᠬᠤᠪᠢᠷᠠᠬᠤ ᠪᠤᠯᠤᠭᠤᠵᠠᠢ ᠭᠡᠮᠡᠨ ᠰᠠᠨᠠᠭ᠋ᠠᠰᠢᠷᠠᠵᠦ ᠪᠤᠢ᠂ ᠬᠤᠪᠢᠷᠠᠬᠤ ᠦᠭᠡᠢ᠂ ᠬᠤᠪᠢᠷᠠᠬᠤ ᠪᠤᠯᠤᠯᠴᠠᠭ᠎ᠠ ᠪᠠᠢ᠌ᠬᠤ ᠦᠭᠡᠢ! ᠭᠡᠵᠦ ᠪᠢ ᠠ᠋ᠨᠳᠡ ᠲᠠᠪᠲᠠᠨ ᠢᠯᠡᠷᠬᠡᠢ᠌ᠯᠡᠶ᠎ᠡ ᠭᠡᠵᠠᠢ᠃ ᠯᠢ ᠺᠸ ᠴᠢᠶᠠᠩ ᠮᠠᠨ᠎ᠤ ᠤᠯᠤᠰ᠎ᠤᠨ ᠠᠷᠠᠳ᠎ᠤᠨ ᠡᠵᠡᠩᠨᠡᠯᠲᠡ ᠵᠢᠨ ᠠᠵᠦ ᠠᠬᠤᠢ᠌ᠯᠠᠯ᠎ᠤᠨ ᠲᠤᠭ᠎ᠠ ᠬᠡᠮᠵᠢᠶ᠎ᠡ 2700 ᠲᠦᠮᠡ ᠵᠢ ᠲᠠᠪᠠᠵᠦ᠂ ᠬᠤᠪᠢ ᠵᠢᠨ ᠦᠢ᠍ᠯᠡᠳᠪᠤᠷᠢ ᠬᠤᠳᠠᠯᠳᠤᠭ᠋ᠠᠴᠢᠨ᠎ᠤ ᠠ᠋ᠷᠦᠭᠡ 6500 ᠲᠦᠮᠡ ᠵᠢ ᠲᠠᠪᠠᠪᠠ᠂ ᠪᠦᠬᠦ ᠤᠯᠤᠰ᠎ᠤᠨ ᠳ᠋ᠦᠩᠰᠢᠭᠤᠷ ᠭᠠᠷᠤᠢ ᠵᠠᠬ᠎ᠠ ᠲᠡᠯᠭᠡᠭᠦᠷ᠎ᠤᠨ ᠭᠤᠤᠯ ᠴᠤᠭᠴᠠ ᠵᠢᠨ ᠲᠤᠲᠤᠷ᠎ᠠ 9000 ᠲᠦᠮᠡ ᠭᠠᠷᠤᠢ᠎ᠨᠢ ᠠᠷᠠᠳ᠎ᠤᠨ ᠡᠵᠡᠩᠨᠡᠯᠲᠡ ᠵᠢᠨ ᠠᠵᠦ ᠠᠬᠤᠢ᠎ᠳᠤ ᠬᠠᠷᠢᠶᠠᠯᠠᠭᠳᠠᠨ᠎ᠠ᠂ ᠶᠠᠭ᠋ᠠᠬᠢᠨ ᠬᠤᠪᠢᠷᠠᠭᠤᠯᠵᠦ ᠪᠤᠯᠬᠤ ᠪᠤᠢ? ᠠᠷᠠᠳ᠎ᠤᠨ ᠡᠵᠡᠩᠨᠡᠯᠲᠡ ᠵᠢᠨ ᠠᠵᠦ ᠠᠬᠤᠢ᠌ᠯᠠᠯ᠎ᠨᠢ ᠮᠠᠨ᠎ᠤ ᠤᠯᠤᠰ᠎ᠤᠨ ᠬᠦᠭᠵᠢᠯᠲᠡ ᠵᠢᠨ ᠭᠣᠣᠯ ᠬᠦᠴᠦᠨ ᠪᠤᠯᠬᠤ᠎ᠪᠠᠷ ᠪᠠᠷᠠᠬᠤ ᠦᠭᠡᠢ᠂ ᠨᠡᠩ ᠴᠤ᠌ ᠠᠵᠢᠯ ᠤᠯᠤᠬᠰᠠᠳ᠎ᠢ ᠰᠢᠩᠭᠡᠭᠡᠬᠦ ᠰᠢᠨ᠎ᠡ ᠬᠦᠴᠦᠨ ᠮᠦᠨ᠂ ᠳᠤᠮᠳᠠᠳᠦ ᠤᠯᠤᠰ᠎ᠤᠨ ᠤᠳᠤᠬᠢᠴᠢᠯᠠᠯᠲᠠ ᠵᠢᠨ ᠶᠠᠪᠤᠴᠠ᠎ᠳᠤ ᠤᠷᠤᠯᠠᠭᠤᠯᠵᠦ ᠪᠤᠯᠤᠰᠢ ᠦᠭᠡᠢ ᠴᠢᠬᠤᠯᠠ ᠦᠢ᠍ᠯᠡᠳᠦᠯ ᠭᠠᠷᠭ᠋ᠠᠵᠦ ᠪᠤᠢ᠃ ᠤᠯᠠᠨ ᠵᠢᠡᠷ ᠵᠢᠡᠨ ᠵᠠᠪᠠᠯ ᠢᠲᠡᠭᠡᠯ ᠵᠤᠷᠢᠭ ᠵᠢᠡᠨ ᠪᠠᠲᠤᠳᠬᠠᠬᠤ ᠬᠡᠷᠡᠭᠲᠠᠢ᠂ ᠪᠢᠳᠡ 《ᠠ᠋ᠨ᠋ᠨ ᠬᠤᠶᠠᠷ᠎ᠲᠤ ᠦᠴᠦᠬᠡᠨ ᠴᠤ᠌ ᠭᠤᠢ᠌ᠪᠢᠯᠵᠠᠬᠤ ᠦᠭᠡᠢ》 ᠮᠦᠷᠲᠡᠭᠡᠨ ᠢᠮᠠᠬᠲᠠ ᠪᠠᠷᠢᠮᠲᠠᠯᠠᠨ᠎ᠠ᠃ ᠨᠡᠢ᠌ᠲᠡ ᠵᠢᠨ ᠥᠮᠴᠢᠯᠡᠯ ᠪᠤᠯᠤᠨ ᠨᠡᠢ᠌ᠲᠡ ᠵᠢᠨ ᠥᠮᠴᠢᠯᠡᠯ᠎ᠤᠨ ᠪᠤᠰᠤ ᠠᠵᠦ ᠠᠬᠤᠢ᠌ᠯᠠᠯ᠎ᠳᠤ ᠠ᠋ᠬᠡᠬᠡ ᠠᠳᠠᠯᠢᠬᠠᠨ ᠵᠢᠡᠷ ᠬᠠᠨᠳᠤᠵᠦ᠂ ᠤᠯᠤᠰ᠎ᠤᠨ ᠦᠮᠴᠢᠯᠡᠯ᠎ᠤᠨ ᠠᠵᠦ ᠠᠬᠤᠢ᠌ᠯᠠᠯ ᠪᠤᠯᠤᠨ ᠠᠷᠠᠳ᠎ᠤᠨ ᠡᠵᠡᠩᠨᠡᠯᠲᠡ ᠵᠢᠨ ᠠᠵᠦ ᠠᠬᠤᠢ᠌ᠯᠠᠯ᠎ᠳᠤ ᠠ᠋ᠬᠡᠬᠡ ᠠᠳᠠᠯᠢᠬᠠᠨ ᠵᠢᠡᠷ ᠬᠠᠨᠳᠤᠵᠦ᠂ ᠴᠢᠨᠠᠬᠰᠢᠳᠠ ᠠᠷᠠᠳ᠎ᠤᠨ ᠡᠵᠡᠩᠨᠡᠯᠲᠡ ᠵᠢᠨ ᠠᠵᠦ ᠠᠬᠤᠢ᠌ᠯᠠᠯ᠎ᠳᠤ ᠬᠦᠭᠵᠢᠯᠲᠡ ᠵᠢᠨ ᠨᠡᠩ ᠶᠡᠬᠡ ᠤᠷᠤᠨ ᠵᠠᠢ ᠪᠤᠢ ᠪᠤᠯᠭ᠋ᠠᠵᠦ ᠥᠭᠭᠦᠨ᠎ᠡ ᠭᠡᠵᠦ ᠬᠡᠯᠡᠵᠠᠢ᠃
    ᠶᠡᠷᠦᠩᠬᠡᠢ ᠰᠠᠢ᠌ᠳ ᠯᠢ ᠺᠸ ᠴᠢᠶᠠᠩ ᠠᠷᠠᠳ ᠤᠯᠠᠨ᠎ᠤ ᠠ᠋ᠭᠦᠳᠦᠨ ᠪᠦᠲᠦᠭᠡᠭᠰᠡᠨ ᠵᠠᠬ᠎ᠠ ᠲᠡᠯᠭᠡᠭᠦᠷ᠎ᠤᠨ ᠭᠤᠤᠯ ᠴᠤᠭᠴᠠ᠎ᠨᠢ ᠥᠷᠨᠢᠨ ᠬᠥᠭᠵᠢᠬᠦ ᠠᠮᠢᠳᠤᠯᠢᠭ ᠬᠦᠴᠦᠨ᠎ᠲᠠᠢ ᠶᠤᠮ᠃ ᠠᠷᠠᠳ ᠲᠦᠮᠡᠨ ᠵᠢᠡᠷ ᠲᠦᠪ ᠪᠤᠯᠭ᠋ᠠᠬᠤ ᠬᠦᠭᠵᠢᠯᠲᠡ ᠵᠢᠨ ᠦᠵᠡᠯ ᠰᠠᠨᠠᠭ᠎ᠠ ᠵᠢ ᠲᠤᠤᠱᠯᠠᠭᠤᠯᠬᠤ᠎ᠳᠤ᠂ ᠵᠠᠰᠠᠭ᠎ᠤᠨ ᠤᠷᠳᠤᠨ᠎ᠤ ᠦᠢ᠍ᠯᠡᠴᠢᠯᠡᠭᠡ ᠠ᠋ᠷᠬᠡᠪᠰᠢ ᠵᠠᠬ᠎ᠠ ᠲᠡᠯᠭᠡᠭᠦᠷ᠎ᠤᠨ ᠭᠤᠤᠯ ᠴᠤᠭᠴᠠ ᠪᠤᠯᠤᠨ ᠠᠷᠠᠳ ᠤᠯᠠᠨ ᠵᠢᠡᠷ ᠭᠤᠤᠯᠯᠠᠭᠤᠯᠤᠨ᠂ ᠠᠵᠦ ᠠᠬᠤᠢ᠌ᠯᠠᠯ᠎ᠳᠤ ᠠᠰᠢᠬᠲᠠᠢ ᠠᠷᠠᠳ ᠤᠯᠠᠨ᠎ᠳᠤ ᠲᠦᠬᠦᠮ ᠦᠵᠡᠭᠦᠯᠬᠦ ᠬᠤᠳᠠᠯᠳᠤᠭ᠎ᠠ ᠡᠵᠡᠩᠨᠡᠬᠦ ᠲᠡᠷᠢᠭᠦᠨ ᠵᠡᠷᠭᠡ ᠵᠢᠨ ᠤᠷᠴᠢᠨ ᠠᠬᠤᠢ ᠵᠢ ᠪᠤᠢ ᠪᠤᠯᠭ᠋ᠠᠬᠤ ᠬᠡᠷᠡᠭᠲᠠᠢ᠃ ᠤᠢ᠌ᠷ᠎ᠠ ᠵᠢᠨ ᠬᠡᠳᠦᠨ ᠵᠢᠯ᠎ᠳᠤ ᠮᠠᠨ᠎ᠤ ᠤᠯᠤᠰ᠎ᠤᠨ ᠬᠤᠳᠠᠯᠳᠤᠭ᠎ᠠ ᠡᠵᠡᠩᠨᠡᠬᠦ ᠤᠷᠴᠢᠨ ᠠᠬᠤᠢ ᠢᠯᠡᠷᠬᠡᠢ ᠰᠠᠢ᠌ᠵᠢᠷᠠᠪᠠ᠂ ᠨᠢᠲᠤᠨᠤᠨ ᠲᠡᠯᠡᠬᠡᠢ ᠵᠢᠨ ᠪᠠᠩᠭᠢ ᠵᠡᠷᠭᠡ ᠤᠯᠠᠨ ᠤᠯᠤᠰ᠎ᠤᠨ ᠵᠤᠬᠢᠶᠠᠨ ᠪᠠᠢ᠌ᠭᠤᠯᠤᠯᠲᠠ ᠮᠡᠳᠡᠭᠦᠯᠦᠯᠲᠡ ᠨᠡᠢ᠌ᠲᠡᠯᠡᠨ᠂ ᠳᠤᠮᠳᠠᠳᠦ ᠤᠯᠤᠰ᠎ᠤᠨ ᠬᠤᠳᠠᠯᠳᠤᠭ᠎ᠠ ᠡᠵᠡᠩᠨᠡᠬᠦ ᠤᠷᠴᠢᠨ ᠠᠬᠤᠢ ᠵᠢᠨ ᠨᠡᠷ᠎ᠡ ᠵᠢᠬᠰᠠᠭ᠋ᠠᠯᠲᠠ ᠵᠢᠨ ᠲᠡᠰ ᠳᠠᠷᠠᠭ᠋ᠠᠯᠠᠯ ᠶᠡᠬᠡᠪᠡᠷ ᠲᠡᠭᠡᠭᠰᠢᠯᠡᠪᠡ ᠭᠡᠵᠠᠢ᠃ ᠭᠡᠪᠡᠴᠤ ᠪᠢᠳᠡ 《ᠤᠷᠤᠭᠤᠯᠬᠤ ᠵᠢ ᠵᠦᠪᠰᠢᠶᠡᠷᠡᠬᠦ ᠠ᠋ᠰᠡᠬᠦ》᠂ ᠬᠢᠨᠠᠨ ᠵᠦᠪᠰᠢᠶᠡᠷᠡᠬᠦ ᠴᠠᠭ᠎ᠢ ᠤᠯᠠᠮ ᠪᠤᠭᠤᠨᠢᠰᠬᠠᠬᠤ ᠵᠡᠷᠭᠡ ᠲᠠᠯ᠎ᠠ᠎ᠪᠠᠷ ᠪᠠᠰᠠ ᠴᠦᠭᠡᠨ ᠪᠤᠰᠤ ᠠᠵᠢᠯ ᠬᠢᠬᠦ ᠬᠡᠷᠡᠭᠲᠠᠢ᠃ ᠰᠠᠶᠢᠬᠠᠨ ᠬᠡᠳᠦᠨ ᠬᠡᠰᠢᠭᠦᠨ᠎ᠤ ᠲᠤᠷᠠᠳᠤᠭᠰᠠᠨ ᠲᠠᠭ᠋ᠠᠭ᠋ᠠᠴᠢᠯᠠᠯᠲᠠ ᠵᠠᠷᠯᠠᠬᠤ ᠲᠠᠭ᠋ᠠᠭ᠋ᠠᠴᠢᠯᠠᠯᠲᠠ ᠬᠦᠯᠢᠶᠡᠬᠦ᠂ ᠬᠢᠨᠠᠨ ᠦᠨᠡᠯᠡᠬᠦ ᠲᠦᠷᠢᠮ᠂ ᠪᠠᠷᠢᠮᠵᠢᠶ᠎ᠠ ᠲᠤᠭᠲᠠᠭ᠋ᠠᠬᠤ ᠵᠡᠷᠭᠡ ᠵᠢ ᠲᠡᠭᠦᠯᠳᠡᠷᠵᠢᠭᠦᠯᠬᠦ ᠰᠠᠠᠨᠠᠭᠤᠯᠭ᠎ᠠ᠎ᠨᠢ ᠪᠦᠷ ᠬᠤᠳᠠᠯᠳᠤᠭ᠎ᠠ ᠡᠵᠡᠩᠨᠡᠬᠦ ᠤᠷᠴᠢᠨ ᠠᠬᠤᠢ ᠵᠢ ᠰᠠᠢ᠌ᠵᠢᠷᠠᠭᠤᠯᠬᠤ ᠬᠡᠪᠴᠢᠶᠡᠨ᠎ᠳᠤ ᠬᠠᠷᠢᠶᠠᠯᠠᠭᠳᠠᠨ᠎ᠠ᠃ ᠳᠠᠷᠠᠭ᠎ᠠ ᠠᠯᠬᠤᠮ᠎ᠳᠤ ᠪᠢᠳᠡ ᠠᠯᠬᠤᠴᠠ᠎ᠪᠠᠨ ᠲᠦᠷᠭᠡᠳᠭᠡᠵᠦ᠂ ᠬᠤᠳᠠᠯᠳᠤᠭ᠎ᠠ ᠡᠵᠡᠩᠨᠡᠬᠦ ᠤᠷᠴᠢᠨ ᠠᠬᠤᠢ ᠵᠢ ᠰᠢᠯᠢᠳᠡᠭᠵᠢᠭᠦᠯᠤᠨ᠎ᠡ᠂ ᠢᠯᠠᠩᠭᠤᠶ᠎ᠠ ᠲᠦᠪ ᠭᠤᠤᠯᠴᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠦ᠂ ᠡᠯ᠎ᠡ ᠲᠦᠷᠦᠯ᠎ᠤᠨ ᠵᠠᠬ᠎ᠠ ᠲᠡᠯᠭᠡᠭᠦᠷ᠎ᠤᠨ ᠭᠤᠤᠯ ᠴᠤᠭᠴᠠ᠎ᠳᠤ ᠵᠠᠬ᠎ᠠ ᠲᠡᠯᠭᠡᠭᠦᠷ᠎ᠢ ᠬᠦᠭᠵᠢᠭᠦᠯᠬᠦ ᠠ᠋ᠬᠡᠬᠡ ᠠᠳᠠᠯᠢᠬᠠᠨ ᠤᠷᠴᠢᠨ ᠠᠬᠤᠢ ᠵᠢ ᠪᠤᠢ ᠪᠤᠯᠭ᠋ᠠᠠᠵᠦ ᠦᠭᠭᠦᠨ᠎ᠡ ᠭᠡᠪᠡ᠃
      ᠶᠡᠷᠦᠩᠬᠡᠢ ᠰᠠᠢ᠌ᠳ ᠯᠢ ᠺᠸ ᠴᠢᠶᠠᠩ ᠪᠠᠰᠠ ᠠᠵᠦ ᠠᠬᠤᠢ ᠤᠷᠤᠭᠤᠳᠠᠵᠦ ᠪᠠᠢ᠌ᠬᠤ ᠲᠠᠷᠤᠯᠲᠠ ᠵᠢᠨ ᠠ᠋ᠮᠦᠨ᠎ᠡ᠂ ᠵᠤᠭᠤᠰᠤᠨ᠎ᠤ ᠲᠦᠷᠦ ᠵᠢᠨ ᠪᠤᠳᠤᠯᠭ᠎ᠠ ᠵᠢ ᠠᠭᠤᠳᠠᠮ ᠪᠤᠯᠭ᠋ᠠᠵᠦ᠂ ᠠ᠋ᠳ᠋᠎ᠤᠨ ᠵᠠᠰᠠᠭ᠎ᠤᠨ ᠰᠡᠳᠡᠯᠲᠡ ᠦᠭᠬᠦ ᠲᠦᠷᠦ ᠵᠢᠨ ᠪᠤᠳᠤᠯᠭ᠎ᠠ ᠵᠢ ᠨᠡᠩ ᠴᠢᠩᠭ᠎ᠠ ᠬᠡᠷᠡᠭᠯᠡᠬᠦ᠎ᠨᠢ ᠨᠢᠭᠡ ᠵᠦᠢ᠍ᠯ᠎ᠤᠨ ᠠᠷᠭ᠎ᠠ ᠪᠤᠯᠤᠨ᠎ᠠ᠂ ᠢᠩᠬᠢᠪᠡᠯ ᠤᠬᠤᠷᠬᠠᠨ ᠬᠤᠭᠤᠴᠠᠭ᠋ᠠᠨ᠎ᠳᠤ ᠲᠦᠷᠭᠡᠨ ᠦᠷ᠎ᠡ ᠪᠦᠲᠦᠮᠵᠢ ᠤᠯᠤᠨ᠎ᠠ᠂ ᠭᠡᠪᠡᠴᠦ ᠤᠷᠲᠦ ᠬᠤᠭᠤᠴᠠᠭ᠋ᠠᠨ᠎ᠤ ᠨᠠᠵᠠᠭ᠋ᠠᠢ ᠦᠢ᠍ᠯᠡᠳᠦᠯ᠎ᠢ᠎ᠨᠢ ᠤᠮᠳᠤᠭ᠋ᠠᠢ᠌ᠯᠠᠵᠦ ᠪᠤᠯᠬᠤ ᠦᠭᠡᠢ᠃ ᠪᠢᠳᠡ ᠠ᠋ᠨᠡᠬᠦ 《ᠬᠠᠭᠤᠴᠢᠨ ᠵᠠᠮ》 ᠵᠢᠡᠷ ᠶᠠᠪᠤᠭᠰᠠᠨ ᠦᠭᠡᠢ᠂ 《ᠭᠡᠲᠤᠷᠡᠲᠡᠯ᠎ᠡ ᠤᠰᠤᠯᠠᠬᠤ》 ᠠᠷᠭ᠎ᠠ ᠠᠪᠴᠠᠯ᠎ᠢ ᠶᠠᠭ᠋ᠠᠬᠢᠬᠰᠠᠨ ᠴᠤ᠌ ᠠᠪᠴᠤ ᠪᠤᠯᠬᠤ ᠦᠭᠡᠢ᠂ ᠬᠠᠷᠢᠨ ᠬᠤᠷᠸ᠎ᠠ ᠡᠵᠡᠮᠰᠢᠯ ᠲᠤᠬᠢᠷᠠᠭᠤᠯᠭ᠎ᠠ ᠵᠢᠨ ᠠᠷᠭ᠎ᠠ ᠮᠠᠶᠢᠭ᠎ᠢ ᠰᠢᠨᠡᠴᠢᠯᠡᠭᠰᠡᠨ ᠰᠠᠭᠤᠷᠢᠨ ᠳᠡᠭᠡᠷ᠎ᠡ᠂ ᠨᠡᠩ ᠶᠡᠬᠡ ᠭᠦᠴᠤᠯᠡᠴᠡ᠎ᠪᠠᠷ ᠵᠠᠰᠠᠭ᠎ᠢ ᠴᠣᠮᠬᠠᠳᠬᠠᠵᠤ ᠭᠠᠢ᠌ᠯᠢ ᠵᠢ ᠬᠥᠩᠭᠡᠷᠡᠭᠦᠯᠵᠦ ᠵᠠᠷᠤᠳᠠᠯ᠎ᠢ ᠪᠠᠭ᠋ᠠᠰᠬᠠᠨ᠂ ᠵᠠᠬ᠎ᠠ ᠲᠡᠯᠭᠡᠭᠦᠷ᠎ᠤᠨ ᠭᠤᠤᠯ ᠴᠤᠭᠴᠠ᠂ ᠢᠯᠠᠩᠭᠤᠶ᠎ᠠ ᠠᠷᠠᠳ᠎ᠤᠨ ᠡᠵᠡᠩᠨᠡᠯᠲᠡ ᠵᠢᠨ ᠠᠵᠦ ᠠᠠᠬᠤᠢ᠌ᠯᠠᠯ ᠪᠤᠯᠤᠨ ᠪᠢᠴᠢᠯ ᠪᠠᠭ᠎ᠠ ᠠᠵᠦ ᠠᠬᠤᠢ᠌ᠯᠠᠯ᠎ᠢ ᠦᠨᠡᠨᠬᠦ ᠤᠯᠤᠯᠲᠠ᠎ᠲᠠᠢ ᠪᠤᠯᠭ᠋ᠠᠵᠦ᠂ ᠦᠢ ᠤᠯᠠᠨ ᠵᠠᠬ᠎ᠠ ᠲᠡᠯᠭᠡᠭᠦᠷ᠎ᠤᠨ ᠭᠤᠤᠯ ᠴᠤᠭᠴᠠ ᠵᠢᠨ ᠠᠮᠢᠳᠤᠯᠢᠭ ᠬᠦᠴᠦᠨ ᠪᠤᠯᠤᠨ ᠨᠡᠢ᠌ᠭᠡᠮ᠎ᠤᠨ ᠠ᠋ᠭᠦᠳᠦᠨ ᠪᠦᠲᠦᠭᠡᠬᠦ ᠴᠢᠳᠠᠪᠤᠷᠢ ᠵᠢ ᠬᠦᠭᠵᠢᠭᠡᠬᠦ ᠬᠡᠷᠡᠭᠲᠠᠢ᠃ ᠠ᠋ᠬᠦᠨ᠎ᠤ ᠬᠠᠮᠲᠦ᠂ ᠵᠠᠰᠠᠭ᠎ᠤᠨ ᠤᠷᠳᠤᠨ᠎ᠤ ᠠ᠋ᠩ᠎ᠤᠨ ᠵᠠᠷᠤᠯᠭ᠎ᠠ ᠵᠢ ᠤᠯᠠᠮ ᠪᠠᠭ᠋ᠠᠰᠬᠠᠵᠦ᠂ ᠠᠵᠦ ᠠᠬᠤᠢ᠌ᠯᠠᠯ᠎ᠤᠨ ᠭᠠᠢ᠌ᠯᠢ ᠵᠢ ᠬᠥᠩᠭᠡᠷᠡᠭᠦᠯᠬᠦ᠎ᠳᠤ ᠨᠡᠩ ᠶᠡᠬᠡ ᠤᠷᠤᠨ ᠵᠠᠢ ᠭᠠᠷᠭ᠋ᠠᠵᠦ ᠦᠭᠬᠦ ᠬᠡᠷᠡᠭᠲᠠᠢ ᠭᠡᠵᠠᠢ᠃


ᠢᠷᠡᠯᠲᠡ᠄ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠰᠤᠷᠪᠤᠯᠵᠢᠯᠠᠭᠴᠢᠳ᠎ᠤᠨ ᠬᠤᠷᠠᠯ ᠲᠡᠭᠡᠷ᠎ᠡ ᠶᠠᠮᠠᠷ ᠠᠵᠦ ᠠᠬᠤᠢ ᠵᠢᠨ ᠲᠤᠬᠢᠶ᠎ᠠ ᠲᠠᠯᠪᠢᠭᠰᠠᠨ ᠪᠤᠢ?
ᠳᠤᠮᠳᠠᠳᠦ ᠠᠮᠸᠷᠢᠺᠠ ᠵᠢᠨ ᠰᠢᠨ᠎ᠡ ᠨᠢᠭᠡ ᠠ᠋ᠭᠡᠯᠵᠢ ᠵᠢᠨ ᠠᠵᠦ ᠠᠬᠤᠢ ᠠᠷᠠᠯᠵᠢᠶᠠᠨ᠎ᠤ ᠦᠨᠳᠦᠷ ᠲᠡᠰ᠎ᠤᠨ ᠵᠦᠪᠳᠡᠯᠴᠡᠭᠡ ᠪᠡᠭᠡᠵᠢᠩ᠎ᠳᠤ ᠠ᠋ᠬᠢᠯᠡᠪᠡ
ᠸᠠᠩ ᠢ᠎ᠲᠠᠢ ᠤᠯᠤᠰ᠎ᠤᠨ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠳ᠋ᠦᠨ᠎ᠯᠦᠭᠡ ᠪᠠᠢ᠌ᠯᠳᠤᠬᠤ ᠪᠤᠳᠤᠯᠭ᠎ᠠ ᠵᠢᠨ ᠵᠦᠪᠳᠡᠯᠴᠡᠭᠡ ᠬᠢᠵᠤ᠄ ᠠ᠋ᠮᠦᠨᠡᠲᠦ ᠲᠠᠯᠠᠢ ᠵᠢᠨ ᠠᠶᠠᠯᠠᠯ ᠪᠤᠯᠤᠨ ᠨᠢᠰᠦᠨ ᠭᠠᠷᠬᠤ ᠠ᠋ᠷᠬᠡ ᠴᠢᠯᠦᠭᠡ ᠵᠢ ᠬᠠᠮᠲᠦᠪᠡᠷ ᠬᠠᠮᠠᠭ᠋ᠠᠯᠠᠨ᠎ᠠ ᠭᠡᠵᠠᠢ
ᠳᠤᠮᠳᠠᠳᠦ ᠠᠮᠸᠷᠢᠺᠠ ᠵᠢᠨ ᠠᠵᠦ ᠠᠬᠤᠢ ᠠᠷᠠᠯᠵᠢᠶᠠᠨ᠎ᠤ ᠦᠨᠳᠦᠷ ᠲᠡᠰ᠎ᠤᠨ ᠵᠦᠪᠳᠡᠯᠴᠡᠭᠡ ᠲᠠᠭᠤᠰᠪᠠ
ᠸᠠᠩ ᠢ ᠢᠷᠠᠨ ᠤᠯᠤᠰ᠎ᠤᠨ ᠭᠠᠳᠠᠭ᠋ᠠᠳᠤ ᠶᠠᠪᠤᠳᠠᠯ᠎ᠤᠨ ᠰᠠᠢ᠌ᠳ ᠽᠠᠷᠢᠹ᠎ᠲᠠᠢ ᠠᠭᠤᠯᠵᠠᠪᠠ
 
            