ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠸᠠᠩ ᠢ᠎ᠲᠠᠢ ᠤᠯᠤᠰ᠎ᠤᠨ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠳ᠋ᠦᠨ᠎ᠯᠦᠭᠡ ᠪᠠᠢ᠌ᠯᠳᠤᠬᠤ ᠪᠤᠳᠤᠯᠭ᠎ᠠ ᠵᠢᠨ ᠵᠦᠪᠳᠡᠯᠴᠡᠭᠡ ᠬᠢᠵᠤ᠄ ᠠ᠋ᠮᠦᠨᠡᠲᠦ ᠲᠠᠯᠠᠢ ᠵᠢᠨ ᠠᠶᠠᠯᠠᠯ ᠪᠤᠯᠤᠨ ᠨᠢᠰᠦᠨ ᠭᠠᠷᠬᠤ ᠠ᠋ᠷᠬᠡ ᠴᠢᠯᠦᠭᠡ ᠵᠢ ᠬᠠᠮᠲᠦᠪᠡᠷ ᠬᠠᠮᠠᠭ᠋ᠠᠯᠠᠨ᠎ᠠ ᠭᠡᠵᠠᠢ
ᠨᠡᠶᠢᠲᠡᠯᠡᠭᠰᠡᠨ ᠴᠠᠭ᠄ 2019-02-20

           
     2 ᠳ᠋ᠤᠭ᠋ᠠᠷ ᠰᠠᠷ᠎ᠠ ᠵᠢᠨ 16᠎ᠤ ᠠ᠋ᠳᠦᠷ ᠲᠦᠷᠦ ᠵᠢᠨ ᠶᠠᠪᠤᠳᠠᠯ᠎ᠤᠨ ᠬᠡᠰᠢᠭᠦᠨ ᠪᠦᠭᠡᠳ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠴᠢᠶᠠᠩ ᠮᠠᠢ᠎ᠳᠤ᠎ᠲᠠᠢ ᠤᠯᠤᠰ᠎ᠤᠨ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠳ᠋ᠦᠨ᠎ᠯᠦᠭᠡ ᠪᠠᠢ᠌ᠯᠳᠤᠬᠤ ᠪᠤᠳᠤᠯᠭ᠎ᠠ ᠵᠢᠨ ᠵᠦᠪᠳᠡᠯᠴᠡᠭᠡ ᠬᠢᠵᠠᠢ᠃ ᠬᠤᠶᠠᠷ ᠠ᠋ᠲᠡᠭᠡᠳ ᠠ᠋ᠮᠦᠨᠡᠲᠦ ᠲᠠᠯᠠᠢ ᠵᠢᠨ ᠠᠰᠠᠭᠤᠳᠠᠯ᠎ᠤᠨ ᠲᠤᠬᠠᠢ ᠰᠠᠨᠠᠯ ᠵᠢᠡᠨ ᠭᠦᠨᠵᠡᠭᠡᠢ ᠰᠤᠯᠢᠯᠴᠠᠵᠠᠢ᠃
      ᠬᠤᠶᠠᠷ ᠠ᠋ᠲᠡᠭᠡᠳ ᠤᠳᠤᠬᠠᠨ᠎ᠤ ᠠ᠋ᠮᠦᠨᠡᠲᠦ ᠳᠠᠯᠠᠢ ᠵᠢᠨ ᠪᠠᠢ᠌ᠳᠠᠯ ᠲᠤᠭᠲᠠᠭᠤᠨ ᠪᠤᠯᠵᠦ ᠪᠠᠢ᠌ᠬᠤ ᠵᠢ ᠢᠲᠡᠪᠬᠢᠲᠠᠢ ᠦᠨᠡᠯᠡᠵᠦ᠂ ᠡᠯ᠎ᠡ ᠲᠠᠯ᠎ᠠ ᠵᠢᠨ ᠶᠠᠷᠢᠯᠴᠠᠭ᠎ᠠ᠎ᠪᠠᠨ ᠴᠢᠩᠭ᠋ᠠᠳᠬᠠᠬᠤ᠂ ᠵᠦᠷᠢᠯᠳᠦᠭᠡᠨ ᠵᠢᠡᠨ ᠬᠠᠮᠢᠶᠠᠷᠴᠤ ᠡᠵᠡᠮᠳᠡᠬᠦ᠂ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠬᠦ ᠬᠠᠨᠳᠤᠰᠢ ᠲᠠᠰᠤᠷᠠᠯᠲᠠ ᠦᠭᠡᠢ ᠴᠢᠩᠭ᠋ᠠᠷᠠᠵᠦ ᠪᠤᠢ ᠭᠡᠵᠦ ᠢᠯᠡᠳᠭᠡᠨ᠂ ᠬᠤᠯᠪᠤᠭᠳᠠᠯ ᠪᠦᠬᠦᠢ ᠤᠯᠤᠰ᠎ᠤᠳ ᠦᠷᠭᠦᠯᠵᠢᠯᠡᠨ ᠨᠦᠬᠦᠷᠰᠡᠭ ᠵᠢᠡᠷ ᠵᠦᠪᠳᠡᠯᠴᠡᠬᠦ ᠪᠠ ᠭᠡᠯᠡᠯᠴᠡᠭᠡ ᠬᠢᠬᠦ᠎ᠪᠠᠷ ᠲᠠᠮᠵᠢᠨ᠂ ᠨᠠᠢ᠌ᠷᠠᠮᠳᠠᠯ᠎ᠤᠨ ᠠᠷᠭ᠎ᠠ ᠮᠠᠶᠢᠭ ᠵᠢᠡᠷ ᠮᠠᠷᠭᠤᠯᠳᠤᠭ᠋ᠠᠨ᠎ᠢ ᠰᠢᠢ᠍ᠳᠪᠤᠷᠢᠯᠡᠪᠡᠯ ᠵᠤᠬᠢᠨ᠎ᠠ᠃ ᠳᠤᠮᠳᠠᠳᠦ ᠤᠯᠤᠰ ᠪᠤᠯᠤᠨ ᠵᠡᠭᠦᠨ ᠠ᠋ᠮᠦᠨᠡᠲᠦ ᠠᠽᠢᠶ᠎ᠠ ᠵᠢᠨ ᠤᠯᠤᠰ᠎ᠤᠳ᠎ᠤᠨ ᠬᠤᠯᠪᠤᠭ᠋ᠠᠨ᠎ᠤ ᠤᠯᠤᠰ 《ᠤᠯᠠᠨ ᠤᠯᠤᠰ᠎ᠤᠨ ᠬᠤᠯᠪᠤᠭ᠋ᠠᠲᠦ ᠪᠠᠢ᠌ᠭᠤᠯᠭ᠎ᠠ ᠵᠢᠨ ᠲᠠᠯᠠᠢ ᠲᠠᠩᠭᠢᠰ᠎ᠤᠨ ᠬᠠᠤᠯᠢ ᠵᠢᠨ ᠨᠡᠢ᠌ᠲᠡ ᠵᠢᠨ ᠭᠡᠷ᠎ᠡ》 ᠵᠢ ᠲᠤᠭᠲᠠᠭᠰᠠᠨ ᠤᠯᠤᠰ᠎ᠤᠨ ᠬᠤᠪᠢ᠎ᠳᠤ᠂ ᠬᠠᠤᠯᠢ ᠶᠤᠰᠤᠭ᠋ᠠᠷ ᠠ᠋ᠮᠦᠨᠡᠲᠦ ᠲᠠᠯᠠᠢ ᠵᠢᠨ ᠠᠶᠠᠯᠠᠯ ᠪᠤᠯᠤᠨ ᠨᠢᠰᠦᠨ ᠥᠩᠭᠡᠷᠡᠬᠦ ᠠ᠋ᠷᠬᠡ ᠴᠢᠯᠦᠭᠡ ᠵᠢ ᠬᠠᠮᠲᠦᠪᠡᠷ ᠬᠠᠮᠠᠭ᠋ᠠᠯᠠᠵᠦ᠂ ᠠ᠋ᠮᠦᠨᠡᠲᠦ ᠳᠠᠯᠠᠢ ᠵᠢᠨ ᠠ᠋ᠩᠭᠡ ᠲᠠᠢ᠌ᠪᠤᠩ ᠲᠤᠭᠲᠠᠭᠤᠨ ᠪᠠᠢ᠌ᠳᠠᠯ᠎ᠢ ᠬᠠᠮᠠᠭ᠋ᠠᠯᠠᠨ᠎ᠠ ᠭᠡᠵᠦ ᠴᠢᠬᠤᠯᠠᠴᠢᠯᠠᠵᠠᠢ᠃
     ᠎ᠲᠠᠢ ᠤᠯᠤᠰ᠎ᠤᠨ᠎ᠬᠢᠨ ᠳᠤᠮᠳᠠᠳᠦ ᠤᠯᠤᠰ᠎ᠤᠨ᠎ᠬᠢᠨ᠎ᠤ ᠲᠤᠷᠠᠳᠤᠭᠰᠠᠨ ᠭᠤᠷᠪᠠᠨ ᠵᠢᠯ᠎ᠳᠤ 《ᠠ᠋ᠮᠦᠨᠡᠲᠦ ᠳᠠᠯᠠᠢ ᠵᠢᠨ ᠦᠢ᠍ᠯᠡ ᠠᠵᠢᠯᠯᠠᠭ᠎ᠠ ᠵᠢᠨ ᠭᠡᠪ ᠵᠠᠷᠴᠢᠮ》᠎ᠤᠨ ᠲᠤᠬᠠᠢ ᠵᠦᠪᠳᠡᠯᠴᠡᠭᠡ ᠵᠢ ᠪᠡᠶᠡᠯᠡᠭᠦᠯᠬᠦ ᠪᠤᠳᠤᠯᠬᠢᠯᠠᠯ᠎ᠢ ᠮᠠᠭᠲᠠᠨ ᠰᠠᠢ᠌ᠰᠢᠶᠠᠵᠦ᠂ ᠲᠤᠷᠠᠲᠠᠶ᠎ᠠ ᠠ᠋ᠭᠦᠨ ᠵᠢᠡᠷ ᠬᠠᠷᠠᠯᠲᠠ ᠪᠤᠯᠭ᠋ᠠᠵᠦ᠂ ᠵᠡᠭᠦᠨ ᠠ᠋ᠮᠦᠨᠡᠲᠦ ᠠᠽᠢᠶ᠎ᠠ ᠵᠢᠨ ᠤᠯᠤᠰ᠎ᠤᠳ᠎ᠤᠨ ᠬᠤᠯᠪᠤᠭ᠋ᠠᠨ᠎ᠤ ᠪᠤᠰᠤᠳ ᠤᠯᠤᠰ᠎ᠤᠳ᠎ᠲᠠᠢ ᠬᠠᠮᠲᠦᠪᠡᠷ ᠵᠦᠪᠳᠡᠯᠴᠡᠭᠡ ᠵᠢᠨ ᠬᠤᠷᠳᠤᠴᠠ ᠲᠦᠷᠭᠡᠰᠴᠤ ᠦᠷ᠎ᠡ ᠪᠦᠲᠦᠮᠵᠢ ᠨᠡᠮᠡᠭᠳᠡᠬᠦ ᠵᠢ ᠢᠲᠡᠪᠬᠢᠲᠠᠢ ᠠᠬᠢᠭᠤᠯᠤᠨ᠂ ᠭᠠᠵᠠᠷ ᠤᠷᠤᠨ᠎ᠤ ᠪᠤᠳᠠᠲᠠᠢ ᠪᠠᠢ᠌ᠳᠠᠯ᠎ᠯᠤᠭ᠎ᠠ ᠨᠡᠢ᠌ᠴᠡᠭᠰᠡᠨ᠂ ᠡᠯ᠎ᠡ ᠲᠠᠯ᠎ᠠ ᠵᠢᠨ᠎ᠬᠢᠨ ᠬᠠᠮᠲᠦᠪᠡᠷ ᠵᠢᠷᠤᠮᠯᠠᠬᠤ ᠭᠠᠵᠠᠷ ᠤᠷᠤᠨ᠎ᠤ ᠳᠦᠷᠢᠮ᠎ᠢ ᠠ᠋ᠷᠲᠡᠬᠡᠨ ᠲᠤᠭᠲᠠᠭ᠋ᠠᠵᠦ᠂ ᠭᠠᠵᠠᠷ ᠤᠷᠤᠨ ᠪᠤᠯᠤᠨ ᠲᠡᠯᠡᠬᠡᠢ ᠨᠡᠢ᠌ᠲᠡ᠎ᠳᠤ ᠪᠤᠶᠠᠨ ᠦᠢ᠍ᠯᠡᠳᠴᠤ ᠦᠭᠭᠦᠨ᠎ᠡ ᠭᠡᠵᠦ ᠴᠢᠬᠤᠯᠠᠴᠢᠯᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠳᠤᠮᠳᠠᠳᠦ ᠠᠮᠸᠷᠢᠺᠠ ᠵᠢᠨ ᠠᠵᠦ ᠠᠬᠤᠢ ᠠᠷᠠᠯᠵᠢᠶᠠᠨ᠎ᠤ ᠦᠨᠳᠦᠷ ᠲᠡᠰ᠎ᠤᠨ ᠵᠦᠪᠳᠡᠯᠴᠡᠭᠡ ᠲᠠᠭᠤᠰᠪᠠ
ᠸᠠᠩ ᠢ ᠢᠷᠠᠨ ᠤᠯᠤᠰ᠎ᠤᠨ ᠭᠠᠳᠠᠭ᠋ᠠᠳᠤ ᠶᠠᠪᠤᠳᠠᠯ᠎ᠤᠨ ᠰᠠᠢ᠌ᠳ ᠽᠠᠷᠢᠹ᠎ᠲᠠᠢ ᠠᠭᠤᠯᠵᠠᠪᠠ
ᠸᠠᠩ ᠢ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠰᠢᠨ᠎ᠡ ᠨᠠᠷᠢᠨ ᠪᠢᠴᠢᠭ᠎ᠤᠨ ᠳᠠᠷᠤᠭ᠎ᠠ ᠨᠦᠸᠸ ᠯᠦᠸᠸ ᠹᠦ᠋᠎ᠲᠠᠢ ᠠᠭᠤᠯᠵᠠᠪᠠ
ᠸᠠᠩ ᠢ ᠶᠦᠨᠨᠠᠨ᠎ᠤ ᠳᠤᠮᠳᠠᠳᠤ ᠪᠢᠷᠮᠠ ᠵᠢᠨ ᠬᠢᠯᠢ᠎ᠪᠠᠷ ᠪᠠᠢ᠌ᠴᠠᠭ᠋ᠠᠨ ᠦᠵᠡᠪᠡ
ᠳᠤᠮᠳᠠᠳᠤ ᠣᠷᠣᠰ ᠡᠨᠡᠳᠬᠡᠭ᠎ᠤᠨ ᠭᠠᠳᠠᠭ᠋ᠠᠳᠤ ᠶᠠᠪᠤᠳᠠᠯ᠎ᠤᠨ ᠰᠠᠢ᠌ᠳ᠎ᠤᠨ ᠠᠷᠪᠠᠨ ᠵᠢᠷᠭᠤᠳᠤᠭ᠋ᠠᠷ ᠤᠳᠠᠭ᠎ᠠ ᠵᠢᠨ ᠠᠭᠤᠯᠵᠠᠯᠲᠠ ᠳᠤᠮᠳᠠᠳᠤ ᠤᠯᠤᠰ᠎ᠤᠨ ᠵᠸᠵᠢᠶᠠᠩ᠎ᠳᠤ ᠪᠣᠯᠪᠠ
 
            