2 ᠳ᠋ᠤᠭ᠋ᠠᠷ ᠰᠠᠷ᠎ᠠ ᠵᠢᠨ 15᠎ᠤ ᠠ᠋ᠳᠤᠷ ᠲᠦᠷᠤ ᠵᠢᠨ ᠶᠠᠪᠤᠳᠠᠯ᠎ᠤᠨ ᠬᠡᠰᠢᠭᠦᠨ ᠪᠦᠭᠡᠳ ᠭᠠᠳᠠᠭ᠋ᠠᠳᠤ ᠶᠠᠪᠤᠳᠠᠯ᠎ᠤᠨ ᠰᠠᠢ᠌ᠳ ᠸᠠᠩ ᠢ ᠪᠡᠭᠡᠵᠢᠩ᠎ᠳᠤ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠰᠢᠨ᠎ᠡ ᠨᠠᠷᠢᠨ ᠪᠢᠴᠢᠭ᠎ᠤᠨ ᠳᠠᠷᠤᠭ᠎ᠠ ᠨᠦᠸᠸ ᠯᠦᠸᠸ ᠹᠦ᠋᠎ᠲᠠᠢ ᠠᠭᠤᠯᠵᠠᠵᠠᠢ᠃
ᠸᠠᠩ ᠢ ᠨᠦᠸᠸ ᠯᠦᠸᠸ ᠹᠦ᠋ ᠵᠢᠨ ᠰᠢᠨ᠎ᠡ ᠳᠤᠰᠢᠶᠠᠯ ᠠ᠋ᠭᠦᠷᠭᠡᠯᠡᠭᠰᠡᠨᠳᠤ ᠪᠠᠶᠠᠷ ᠬᠦᠷᠭᠡᠭᠰᠡᠨ ᠪᠦᠭᠡᠳ ᠳᠤᠮᠳᠠᠳᠤ ᠤᠯᠤᠰ ᠳᠤᠷᠠᠲᠠᠶ᠎ᠠ ᠱᠠᠩᠬᠠᠢ ᠵᠢᠨ ᠬᠠᠮᠳᠤᠷᠠᠯᠴᠠᠭ᠋ᠠᠨ᠎ᠤ ᠨᠠᠷᠢᠨ ᠪᠢᠴᠢᠭ᠎ᠤᠨ ᠭᠠᠵᠠᠷ᠎ᠲᠠᠢ ᠨᠠᠷᠢᠨ ᠨᠢᠭᠲᠠ ᠬᠠᠷᠢᠴᠠᠭ᠎ᠠ ᠬᠣᠯᠪᠣᠭ᠎ᠠ ᠠᠪᠤᠯᠴᠠᠨ᠂ 〈〈ᠱᠠᠩᠬᠠᠢ ᠵᠢᠨ ᠵᠣᠷᠢᠭ ᠰᠠᠨᠠᠭ᠎ᠠ〉〉 ᠵᠢ ᠪᠠᠳᠠᠷᠠᠭᠤᠯᠤᠨ᠂ ᠴᠢᠩᠳᠣᠣ ᠵᠢᠨ ᠲᠦᠷᠤᠭᠦᠴᠤᠳ᠎ᠤᠨ ᠬᠤᠷᠠᠯ᠎ᠤᠨ ᠦᠷ᠎ᠡ ᠪᠦᠲᠣᠭᠡᠯᠢ ᠰᠠᠢ᠌ᠨ ᠨᠠᠢ᠌ᠲᠠᠪᠤᠷᠢᠵᠢᠭᠤᠯᠵᠤ᠂ ᠰᠦᠷᠳᠡᠭᠦᠯᠤᠯᠢ ᠠ᠋ᠰᠡᠷᠭᠦᠴᠡᠬᠦ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠨ᠂ ᠴᠢᠯᠤᠭᠡᠲᠤ ᠠᠷᠠᠯᠵᠢᠶᠠᠨ᠎ᠤ ᠲᠣᠭᠣᠷᠢᠭ᠎ᠤᠨ ᠪᠣᠯᠣᠮᠵᠢᠲᠤ ᠰᠤᠳᠤᠯᠤᠯ ᠵᠶ᠋ᠠᠨ ᠠ᠋ᠬᠢᠯᠡᠭᠦᠯᠵᠤ᠂ ᠬᠦᠮᠤᠨ ᠨᠡᠢ᠌ᠬᠡᠮ᠎ᠤᠨ ᠰᠣᠯᠢᠯᠴᠠᠭ᠎ᠠ᠎ᠪᠠᠨ ᠬᠦᠭᠵᠢᠶᠠᠨᠲᠠᠢ ᠪᠣᠯᠭ᠋ᠠᠨ᠂ 〈〈ᠨᠢᠭᠡ ᠪᠦᠰᠡ ᠨᠢᠭᠡ ᠵᠠᠮ〉〉᠎ᠤᠨ ᠪᠦᠲᠤᠭᠡᠨ ᠪᠠᠢ᠌ᠭᠤᠯᠤᠯᠲᠠ ᠵᠢ ᠡᠯ᠎ᠡ ᠤᠯᠤᠰ᠎ᠤᠨ ᠬᠦᠭᠵᠢᠯᠲᠡ ᠵᠢᠨ ᠪᠠᠢ᠌ᠯᠳᠤᠬᠤ ᠪᠣᠳᠣᠯᠭ᠎ᠠ᠎ᠲᠠᠢ ᠵᠣᠯᠭ᠋ᠠᠭᠤᠯᠤᠨ ᠭᠦᠨᠵᠡᠭᠡᠢ᠌ᠷᠡᠭᠦᠯᠵᠤ᠂ ᠣᠷᠣᠨ ᠨᠤᠲᠤᠭ ᠨᠡᠢ᠌ᠯᠡᠨ ᠬᠦᠭᠵᠢᠬᠦ ᠵᠢ ᠠᠬᠢᠭᠤᠯᠤᠨ᠎ᠠ ᠭᠡᠵᠡᠢ᠃
ᠨᠦᠸᠸ ᠯᠦᠸᠸ ᠹᠦ᠋ ᠰᠢᠨ᠎ᠡ ᠳᠤᠰᠢᠶᠠᠯ᠎ᠳᠤ ᠢᠳᠡᠪᠬᠢᠲᠠᠢ ᠠᠵᠢᠯᠯᠠᠬᠤ᠎ᠪᠠᠨ ᠢᠯᠡᠳᠬᠡᠭᠰᠡᠨ ᠪᠦᠭᠡᠳ ᠪᠦᠷᠢᠯᠳᠤᠭᠦᠨ ᠤᠯᠤᠰ᠎ᠤᠨ ᠤᠳᠤᠷᠢᠳᠬᠤ ᠬᠦᠮᠤᠰ᠎ᠤᠨ ᠬᠠᠮᠲᠤ ᠵᠢᠨ ᠲᠠᠨᠢᠯᠲᠠ ᠪᠣᠯᠤᠨ ᠴᠢᠩᠳᠣᠣ ᠵᠢᠨ ᠲᠦᠷᠤᠭᠦᠴᠤᠳ᠎ᠤᠨ ᠬᠤᠷᠠᠯ᠎ᠤᠨ ᠦᠷ᠎ᠡ ᠪᠦᠲᠤᠭᠡᠯᠢ ᠭᠦᠨᠵᠡᠭᠡᠢ ᠨᠠᠢ᠌ᠲᠠᠪᠤᠷᠢᠵᠢᠭᠤᠯᠵᠤ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠳᠠᠰᠤᠷᠠᠯ ᠦᠭᠡᠢ ᠬᠦᠭᠵᠢᠨ ᠪᠤᠵᠠᠭ᠋ᠠᠢ᠌ᠷᠠᠬᠤ᠎ᠳᠤ ᠬᠤᠪᠢ ᠨᠡᠮᠡᠷᠢ᠎ᠪᠠᠨ ᠠ᠋ᠷᠭᠦᠨᠡ ᠭᠡᠪᠡ᠃