ᠣᠶ᠋ᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠬᠠᠮᠲᠤᠷᠠᠨ 《2020 ᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 2020 ᠣᠨ᠎ᠳᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠬᠥᠮᠦᠨ ᠳᠤᠮᠳᠠᠴᠢ ᠵᠢᠨ ᠡᠳ᠋᠎ᠤᠨ ᠵᠠᠰᠠᠭ᠎ᠤᠨ ᠨᠥᠬᠥᠪᠥᠷᠢ ᠵᠢᠨ ᠪᠠᠷᠢᠮᠵᠢᠶ᠎ᠠ ᠵᠢ ᠣᠣᠯ᠎ᠤᠨ ᠰᠠᠭᠤᠷᠢᠨ ᠳᠡᠭᠡᠷ᠎ᠡ 30 ᠲᠥᠭᠥᠷᠢᠭ ᠨᠡᠮᠡᠭᠳᠡᠭᠦᠯᠵᠤ᠂ ᠬᠥᠮᠦᠨ ᠨᠢᠭᠡᠪᠦᠷᠢ᠎ᠳᠤ ᠵᠢᠯ ᠪᠦᠷᠢ 550 ᠲᠥᠭᠥᠷᠢᠭ᠎ᠠᠴᠠ ᠳᠣᠤᠷ᠎ᠠ ᠪᠠᠶ᠋ᠢᠯᠭ᠋ᠠᠵᠤ ᠪᠣᠯᠬᠤ ᠥᠬᠡᠶ ᠭᠡᠵᠦ ᠲᠣᠭᠲᠠᠭ᠋ᠠᠪᠠ᠃ ᠡᠭᠦᠨ᠎ᠤ ᠬᠠᠮᠲᠤ ᠬᠤᠪᠢ ᠬᠥᠮᠦᠨ᠎ᠤ ᠰᠦᠢ᠍ᠳᠬᠡᠯ ᠲᠤᠰᠢᠶᠠᠬᠤ ᠪᠠᠷᠢᠮᠵᠢᠶ᠎ᠠ ᠵᠢ 30 ᠲᠥᠭᠥᠷᠢᠭ ᠳᠡᠭᠡᠭᠰᠢᠯᠡᠭᠦᠯᠵᠦ᠂ ᠬᠥᠮᠦᠨ ᠨᠢᠭᠡᠪᠤᠷᠢ ᠵᠢᠯ᠎ᠳᠤ 280 ᠲᠥᠭᠥᠷᠢᠭ᠎ᠲᠤ ᠬᠦᠷᠭᠡᠭᠰᠡᠨ ᠪᠠᠢ᠌ᠨ᠎ᠠ᠃ ᠡᠭᠦᠨ᠎ᠠᠴᠠ ᠭᠠᠳᠠᠨ᠎ᠠ 《ᠮᠡᠳᠡᠭᠳᠡᠯ》᠎ᠳᠤ ᠨᠢᠭᠡᠳᠦᠯᠲᠡᠶ ᠲᠥᠯᠥᠪᠯᠡᠬᠦ ᠡᠯ᠎ᠡ ᠭᠠᠵᠠᠷ ᠣᠷᠣᠨ᠎ᠨᠢ ᠰᠠᠭᠤᠭ᠋ᠠᠯᠢ ᠠᠷᠠᠳ᠎ᠤᠨ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠣᠷᠣᠯᠭ᠎ᠠ ᠵᠠᠷᠤᠯᠭ᠎ᠠ ᠵᠢᠨ ᠪᠠᠶ᠋ᠢᠳᠠᠯ ᠵᠢᠴᠢ ᠲᠦᠷᠦᠭᠦᠤ ᠭᠤᠷᠪᠠᠨ ᠵᠢᠯ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯᠯᠠᠭ᠋ᠠᠨ᠎ᠤ ᠪᠠᠶ᠋ᠢᠳᠠᠯ᠎ᠢ ᠦᠨᠳᠦᠰᠦᠯᠡᠨ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠠᠯᠠ ᠴᠤᠭᠯᠠᠭᠤᠯᠬᠤ ᠪᠠᠷᠢᠮᠵᠢᠶ᠎ᠠ ᠵᠢ ᠵᠦᠶ ᠵᠣᠬᠢᠰᠲᠠᠶ ᠲᠣᠭᠲᠠᠭ᠋ᠠᠬᠤ ᠬᠡᠷᠡᠭᠲᠡᠶ ᠭᠡᠵᠦ ᠱᠠᠭ᠋ᠠᠷᠳᠠᠪᠠ᠃
ᠬᠠᠷᠠᠭ᠋ᠠᠯᠵᠠᠯ᠎ᠤᠨ ᠲᠦᠪᠰᠢᠨ᠎ᠢ ᠲᠣᠭᠲᠠᠪᠤᠷᠢᠵᠢᠭᠤᠯᠬᠤ ᠲᠠᠯ᠎ᠠ᠎ᠪᠠᠷ 《ᠮᠡᠳᠡᠭᠳᠡᠯ》᠎ᠳᠤ ᠡᠯ᠎ᠡ ᠭᠠᠵᠠᠷ᠎ᠤᠨ᠎ᠬᠢᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮ ᠡᠮᠨᠡᠯᠭᠡ ᠵᠢᠨ ᠳᠤᠰᠠᠯᠠᠮᠵᠢ ᠵᠡᠷᠭᠡ ᠭᠤᠷᠪᠠᠨ ᠳᠠᠪᠬᠤᠷ ᠪᠠᠲᠤᠯᠠᠭ᠎ᠠ ᠵᠢᠨ ᠴᠢᠳᠠᠮᠵᠢ ᠵᠢ ᠴᠢᠩᠭ᠋ᠠᠳᠬᠠᠬᠤ ᠬᠡᠷᠡᠭᠲᠡᠶ ᠭᠡᠵᠦ ᠱᠠᠭ᠋ᠠᠷᠳᠠᠪᠠ᠃ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠡᠮᠨᠡᠯᠭᠡ᠎ᠳᠤ ᠰᠠᠭᠤᠬᠤ ᠬᠠᠷᠠᠭ᠋ᠠᠯᠵᠠᠯ᠎ᠤᠨ ᠬᠢᠷᠢ ᠬᠡᠮᠵᠢᠶ᠎ᠡ ᠵᠢ ᠳᠣᠭᠲᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠵᠢᠨ ᠬᠡᠪᠴᠢᠶᠡᠨ ᠳᠣᠲᠣᠷᠠᠬᠢ ᠡᠮᠨᠡᠯᠭᠡ᠎ᠳᠤ ᠰᠠᠭᠤᠬᠤ ᠵᠠᠷᠤᠳᠠᠯ᠎ᠤᠨ ᠥᠭᠬᠦ ᠬᠠᠷᠢᠴᠠᠯ᠎ᠢ 75% ᠣᠷᠴᠢᠮ᠎ᠳᠤ ᠬᠦᠷᠦᠭᠦᠯᠦᠨ᠎ᠡ᠃ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠠᠲᠤᠯᠠᠭ᠎ᠠ ᠵᠢᠨ ᠲᠦᠪᠰᠢᠨ᠎ᠢ ᠪᠡᠬᠢᠵᠢᠭᠦᠯᠦᠨ ᠳᠡᠭᠡᠭᠰᠢᠯᠡᠭᠦᠯᠵᠦ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠨ᠎ᠤ ᠲᠥᠯᠥᠬᠦ ᠪᠠᠷᠢᠮᠵᠢᠶ᠎ᠠ ᠵᠢ 1.4 ᠲᠦᠮᠡᠨ ᠲᠥᠭᠥᠷᠢᠭ ᠪᠣᠯᠭ᠋ᠠᠵᠤ᠂ ᠲᠥᠷᠦ ᠵᠢᠨ ᠪᠣᠳᠣᠯᠭ᠎ᠠ ᠵᠢᠨ ᠬᠡᠪᠴᠢᠶᠡᠨ ᠳᠣᠲᠣᠷ᠎ᠠ ᠥᠭᠬᠦ ᠬᠠᠷᠢᠴᠠᠯ᠎ᠢ 60%᠎ᠠᠴᠠ ᠳᠡᠭᠡᠭᠰᠢ᠎ᠳᠤ ᠬᠦᠷᠭᠡᠨ᠎ᠡ᠃
ᠬᠦᠨᠳᠦ ᠡᠪᠡᠳᠴᠢᠨ᠎ᠤ ᠳᠠᠭ᠋ᠠᠳᠬᠠᠯ᠎ᠢ ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠬᠡᠯᠪᠡᠶ᠋ᠢᠯᠭᠡᠵᠦ ᠥᠭᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠬᠤᠭᠤᠴᠠᠭ᠋ᠠᠨ᠎ᠳᠤ ᠮᠠᠯᠵᠢᠬᠤ ᠲᠠᠷᠢᠶᠠᠯᠠᠬᠤ ᠣᠷᠣᠨ᠎ᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠡᠬᠢᠯᠡᠵᠦ ᠥᠭᠬᠦ ᠪᠠᠷᠢᠮᠵᠢᠶ᠎ᠠ ᠵᠢ ᠳᠠᠭ᠋ᠠᠳᠬᠠᠯ᠎ᠳᠤ ᠣᠷᠣᠭᠰᠠᠨ ᠡᠩ᠎ᠤᠨ ᠰᠠᠭᠤᠭ᠋ᠠᠯᠢ ᠠᠷᠠᠳᠤᠨᠬᠢᠠᠴᠠ ᠬᠠᠭ᠋ᠠᠰ ᠵᠶ᠋ᠠᠷ ᠪᠠᠭᠤᠷᠠᠭᠤᠯᠵᠤ᠂ ᠨᠦᠬᠦᠪᠤᠷᠢ ᠣᠯᠭᠣᠬᠤ ᠬᠠᠷᠢᠴᠠᠯ᠎ᠢ 5%᠎ᠪᠠᠷ ᠳᠡᠭᠡᠭᠰᠢᠯᠡᠭᠦᠯᠵᠦ᠂ ᠨᠦᠬᠦᠪᠤᠷᠢ ᠣᠯᠭᠤᠬᠤ ᠬᠠᠮᠤᠭ᠎ᠤᠨ ᠦᠨᠳᠤᠷ ᠬᠢᠵᠠᠭ᠋ᠠᠷᠯᠠᠯ᠎ᠢ ᠬᠦᠴᠦᠨ ᠥᠬᠡᠶ ᠪᠣᠯᠭ᠋ᠠᠨᠡ᠃ ᠡᠮᠨᠡᠯᠭᠡ᠎ᠳᠤ ᠰᠠᠭᠤᠬᠤ ᠪᠠ ᠡᠭᠦᠳᠡᠨ ᠡᠮᠨᠡᠯᠭᠡ ᠵᠢᠨ ᠳᠤᠰᠠᠯᠠᠮᠵᠢ ᠬᠢᠷᠢ ᠬᠡᠮᠵᠢᠶ᠎ᠡ ᠵᠢ ᠪᠡᠬᠢᠵᠢᠭᠦᠯᠦᠨ ᠂ ᠬᠦᠨᠳᠦ᠂ ᠣᠨᠴᠠ᠂ ᠶᠡᠬᠡ ᠡᠪᠡᠳᠴᠢᠲᠡᠨ᠎ᠢ ᠲᠤᠰᠠᠯᠠᠬᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠵᠤ᠂ ᠡᠪᠡᠳᠴᠢᠨ᠎ᠤ ᠲᠥᠷᠥᠯ ᠵᠶ᠋ᠠᠷ ᠬᠦᠨᠳᠦ᠂ ᠣᠨᠴᠠ᠂ ᠶᠡᠬᠡ ᠡᠪᠡᠳᠴᠢᠲᠡᠨ᠎ᠢ ᠲᠤᠰᠠᠯᠠᠬᠤ ᠪᠠᠷᠢᠮᠵᠢᠶ᠎ᠠ ᠪᠣᠯᠭ᠋ᠠᠬᠤ ᠵᠢ ᠰᠦᠪᠡᠭᠴᠢᠯᠡᠨ᠎ᠡ᠃