ᠣᠶ᠋ᠢᠷ᠎ᠠ᠎ᠳᠤ ᠠᠷᠠᠳ᠎ᠤᠨ ᠶᠠᠪᠤᠳᠠᠯ᠎ᠤᠨ ᠲᠢᠩᠬᠢᠮ 《ᠭᠠᠯ᠎ᠤᠨ ᠠᠶᠤᠯ᠎ᠢ ᠰᠡᠷᠭᠡᠢ᠌ᠯᠡᠬᠦ ᠠᠵᠢᠯ᠎ᠢ ᠴᠢᠩᠭ᠋ᠠᠳᠬᠠᠬᠤ ᠬᠣᠯᠪᠣᠭᠳᠠᠯ ᠪᠥᠬᠥᠶ ᠶᠠᠪᠤᠳᠠᠯ᠎ᠤᠨ ᠲᠤᠬᠠᠶ ᠮᠡᠳᠡᠭᠳᠡᠯ》 ᠢ ᠳᠠᠷᠤᠮᠠᠯᠯᠠᠨ ᠲᠠᠷᠬᠠᠭ᠋ᠠᠪᠠ᠃
《ᠮᠡᠳᠡᠭᠳᠡᠯ》᠎ᠳᠤ ᠲᠢᠩᠬᠢᠮ᠎ᠤᠨ ᠪᠠᠶ᠋ᠢᠭᠤᠯᠭ᠎ᠠ ᠪᠠ ᠡᠯ᠎ᠡ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ᠎ᠨᠦᠭᠦᠳ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠭᠣᠤᠯ ᠬᠠᠷᠢᠭᠤᠴᠠᠯᠭ᠋ᠠᠲᠠᠨ ᠪᠤᠶᠤ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠨ ᠵᠶ᠋ᠠᠷ ᠲᠦᠷᠦᠭᠦᠯᠡᠭᠦᠯᠦᠭᠰᠡᠨ ᠭᠠᠯ᠎ᠤᠨ ᠠᠶᠤᠯ᠎ᠢ ᠰᠡᠷᠭᠡᠢ᠌ᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠭᠠᠯ᠎ᠤᠨ ᠠᠶᠤᠯ᠎ᠢ ᠰᠡᠷᠭᠡᠢ᠌ᠯᠡᠬᠦ ᠦᠵᠡᠯ ᠤᠬᠠᠮᠰᠠᠷ ᠵᠶ᠋ᠠᠨ ᠳᠡᠭᠡᠭᠰᠢᠯᠡᠭᠦᠯᠦᠨ᠂ ᠭᠠᠯ᠎ᠤᠨ ᠠᠶᠤᠯ᠎ᠢ ᠰᠡᠷᠭᠡᠢ᠌ᠯᠡᠬᠦ ᠠᠵᠢᠯ᠎ᠤᠨ ᠬᠠᠷᠢᠭᠤᠴᠠᠯᠭ᠎ᠠ᠎ᠪᠠᠨ ᠦᠨᠡᠨ ᠬᠦ᠌ ᠪᠡᠶᠡᠯᠡᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
《ᠮᠡᠳᠡᠭᠳᠡᠯ》᠎ᠳᠤ ᠲᠢᠩᠬᠢᠮ᠎ᠤᠨ ᠪᠠᠶ᠋ᠢᠭᠤᠯᠭ᠎ᠠ ᠪᠠ ᠡᠯ᠎ᠡ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ᠎ᠨᠦᠭᠦᠳ ᠠᠵᠢᠯᠲᠠᠨ ᠵᠶ᠋ᠠᠨ ᠢᠳᠡᠪᠬᠢᠲᠡᠶ ᠵᠣᠬᠢᠶᠠᠨ ᠪᠠᠶ᠋ᠢᠭᠤᠯᠤᠨ ᠭᠠᠯ ᠤᠨᠲᠠᠷᠠᠭ᠋ᠠᠬᠤ ᠪᠣᠯᠪᠠᠰᠤᠷᠠᠯ ᠪᠠ ᠰᠣᠷᠢᠯᠲᠠ᠎ᠳᠤ ᠣ ᠷᠣᠯᠴᠠᠭᠤᠯᠵᠤ᠂ ᠭᠠᠯ᠎ᠤᠨ ᠠᠶᠤᠯ᠎ᠤᠨ ᠤᠬᠠᠭᠤᠯᠭ᠎ᠠ ᠬᠥᠮᠦᠵᠢᠯ᠎ᠢ ᠪᠠᠶ᠋ᠢᠩᠭᠤ ᠵᠢᠨ ᠴᠢᠨᠠᠷᠲᠠᠶ ᠥᠷᠨᠢᠭᠦᠯᠵᠦ᠂ ᠭᠠᠯ᠎ᠤᠨ ᠠᠶᠤᠯ᠎ᠢ ᠰᠡᠷᠭᠡᠢ᠌ᠯᠡᠬᠦ ᠠᠵᠢᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠯᠲᠠ ᠬᠢᠵᠤ᠂ ᠴᠢᠬᠤᠯᠠ ᠶᠡᠬᠡ ᠠᠵᠢᠯᠯᠠᠭ᠎ᠠ ᠵᠢᠨ ᠦᠶ᠎ᠡ᠂ ᠴᠢᠬᠤᠯᠠ ᠶᠡᠬᠡ ᠪᠠᠶᠠᠷ᠎ᠤᠨ ᠡᠳᠦᠷ ᠵᠢᠴᠢ ᠭᠠᠯ᠎ᠤᠨ ᠠᠶᠤᠯ ᠣᠯᠠᠨ ᠡᠭᠦᠰᠬᠦ ᠤᠯᠠᠷᠢᠯ ᠳᠤ᠎ᠬᠢ ᠭᠠᠯ᠎ᠤᠨ ᠠᠶᠤᠯ᠎ᠢ ᠰᠡᠷᠭᠡᠢ᠌ᠯᠡᠵᠤ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠢ ᠦᠨᠡᠨᠬᠦ ᠰᠠᠶ᠋ᠢᠲᠤᠷ ᠬᠢᠬᠦ ᠬᠡᠷᠡᠭᠲᠡᠶ ᠭᠡᠵᠤ ᠲᠣᠳᠣᠷᠬᠠᠢ᠌ᠯᠠᠭᠰᠠᠨ ᠪᠠᠢ᠌ᠨ᠎ᠠ᠃