ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠠᠷᠠᠳ᠎ᠤᠨ ᠶᠠᠪᠤᠳᠠᠯ᠎ᠤᠨ ᠲᠢᠩᠬᠢᠮ᠎ᠠᠴᠠ 《2020 ᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠲᠥᠯᠥᠪᠯᠡᠭᠡ》 ᠵᠢ ᠲᠣᠭᠲᠠᠭ᠋ᠠᠵᠠᠢ
ᠨᠡᠶᠢᠲᠡᠯᠡᠭᠰᠡᠨ ᠴᠠᠭ᠄ 2020-05-15


      ᠤᠢ᠍ᠢ᠍ᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ 《2020 ᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠲᠥᠯᠥᠪᠯᠡᠭᠡ》 ᠵᠢ ᠳᠠᠷᠤᠮᠠᠯᠯᠠᠨ ᠲᠠᠷᠬᠠᠭ᠋ᠠᠪᠠ᠃
  《ᠲᠥᠯᠥᠪᠯᠡᠭᠡ》᠎ᠳᠤ 2020 ᠣᠨ᠎ᠳᠤ ᠪᠥᠬᠥ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠢᠭᠡᠳᠦᠭᠡᠷ ᠭᠠᠷ᠎ᠤᠨ ᠬᠠᠷᠢᠭᠤᠴᠠᠯᠭ᠎ᠠ ᠵᠢ ᠡᠭᠦᠷᠭᠡᠯᠡᠬᠦ ᠬᠠᠷᠢᠭᠤᠴᠠᠯᠭ᠎ᠠ ᠵᠢᠨ ᠲᠦᠷᠢᠮ᠎ᠢ ᠪᠠᠷᠢᠮᠲᠠᠯᠠᠬᠤ᠂   ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠳᠦᠷᠢᠮ ᠬᠢᠭᠡᠳ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠵᠢᠨ ᠪᠣᠳᠣᠯᠭ᠎ᠠ ᠵᠢ ᠪᠦᠲᠦᠮᠵᠢᠲᠡᠶ ᠵᠣᠯᠭ᠋ᠠᠭᠤᠯᠬᠤ᠂ ᠨᠥᠬᠥᠴᠡᠯ᠎ᠳᠤ ᠨᠡᠶ᠋ᠢᠴᠡᠬᠦ ᠶᠠᠳᠠᠭᠤ ᠬᠦᠴᠢᠷᠳᠡᠯᠲᠡᠶ ᠬᠦᠮᠤᠰ᠎ᠢ ᠴᠠᠭ ᠲᠤᠬᠠᠶ᠎ᠳᠤᠨᠢ ᠳᠤᠰᠠᠯᠠᠮᠵᠢ ᠵᠢᠨ ᠬᠡᠪᠴᠢᠶᠡᠨ᠎ᠳᠤ ᠣᠷᠣᠭᠤᠯᠤᠭᠰᠠᠨ ᠰᠠᠭᠤᠷᠢᠨ ᠳᠡᠭᠡᠷ᠎ᠡ᠂ ᠳᠣᠣᠷᠠᠬᠢ ᠳᠣᠯᠣᠭ᠋ᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠬᠦ ᠳᠤᠬᠠᠢ ᠲᠣᠳᠣᠷᠬᠠᠢ᠌ᠯᠠᠵᠠᠢ᠄ ᠨᠢᠭᠡ᠎ᠳᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠤᠰᠠᠯᠠᠮᠵᠢ ᠵᠢᠨ ᠦᠨᠳᠦᠰᠦᠨ ᠵᠦᠢ᠍ᠯ᠎ᠢ ᠪᠠᠲᠤᠯᠠᠬᠤ ᠶᠡᠬᠡ ᠪᠠᠶ᠋ᠢᠴᠠᠭ᠋ᠠᠯᠲᠠ ᠵᠢ ᠪᠥᠬᠥ ᠲᠠᠯ᠎ᠠ᠎ᠪᠠᠷ ᠦᠷᠨᠢᠭᠦᠯᠵᠤ᠂   ᠪᠥᠬᠥ ᠣᠷᠣᠨ᠎ᠤ ᠶᠠᠳᠠᠭᠤ᠎ᠠᠴᠠ ᠠᠩᠭᠢᠵᠢᠷᠠᠭ᠋ᠠᠳᠤᠶ ᠲᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠤᠰ᠂ ᠨᠢᠭᠡᠨᠲᠡ ᠶᠠᠳᠠᠭᠤ᠎ᠠᠴᠠ ᠠᠩᠭᠢᠵᠢᠷᠠᠭ᠋ᠠᠳ ᠳᠠᠬᠢᠨ ᠶᠠᠳᠠᠭᠤᠷᠠᠬᠤ ᠲᠦᠭᠰᠢᠭᠦᠷᠢ᠎ᠲᠠᠢ ᠶᠠᠳᠠᠭᠤ ᠬᠦᠴᠢᠷᠳᠡᠯ᠎ᠲᠠᠢ ᠬᠦᠮᠤᠰ᠂ ᠵᠠᠬ᠎ᠠ ᠬᠠᠪᠢ ᠵᠢᠨ ᠡᠷᠦᠬᠡ ᠵᠢᠨ ᠶᠠᠳᠠᠭᠤᠷᠠᠬᠤ ᠠᠶᠤᠯ᠎ᠲᠠᠢ ᠬᠦᠮᠤᠰ᠂ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠶᠠᠳᠠᠭᠤ ᠬᠦᠴᠢᠷᠳᠡᠯᠲᠡᠶ ᠬᠦᠮᠤᠰ᠂ ᠬᠡᠷ ᠪᠦᠯᠢ ᠵᠢᠨ ᠣᠷᠣᠯᠭ᠎ᠠ᠎ᠨᠢ ᠭᠡᠨᠡᠳᠲᠡ ᠬᠠᠰᠤᠭᠳᠠᠭᠰᠠᠨ ᠪᠤᠶᠤ ᠵᠠᠷᠤᠯᠭ᠎ᠠ᠎ᠨᠢ ᠭᠡᠨᠡᠳᠲᠡ ᠨᠡᠮᠡᠭᠳᠡᠭᠰᠡᠨ ᠡᠷᠦᠬᠡ ᠵᠡᠷᠭᠡ ᠲᠠᠪᠤᠨ ᠲᠥᠷᠥᠯ᠎ᠤᠨ ᠭᠣᠣᠯᠳᠠᠯᠭ᠎ᠠ᠎ᠲᠠᠢ ᠡᠲᠡᠭᠡᠳ᠎ᠤᠨ ᠬᠥᠮᠦᠨ ᠨᠢᠭᠡᠪᠤᠷᠢ ᠦᠨᠳᠦᠰᠦᠨ ᠠᠮᠢᠳᠤᠷᠠᠯ᠎ᠤᠨ ᠪᠠᠶ᠋ᠢᠳᠠᠯ ᠪᠠ ᠲᠤᠰᠠᠯᠠᠵᠤ ᠲᠡᠳᠬᠦᠬᠦ ᠬᠡᠷᠡᠭᠴᠡᠭᠡ ᠱᠠᠭ᠋ᠠᠷᠳᠠᠯᠭ᠎ᠠ ᠵᠢ ᠲᠣᠳᠣᠷᠬᠠᠶ ᠣᠶ᠋ᠢᠯᠠᠭ᠋ᠠᠵᠤ᠂ ᠨᠥᠬᠥᠴᠡᠯ᠎ᠳᠤ ᠨᠡᠶ᠋ᠢᠴᠡᠬᠦ ᠵᠢ᠎ᠨᠢ ᠴᠠᠭ ᠳᠤᠬᠠᠢ᠎ᠳᠤ᠎ᠨᠢ ᠲᠥᠷᠥᠯ ᠬᠤᠪᠢᠶᠠᠨ ᠣᠨᠣᠴᠠᠲᠠᠢ ᠬᠠᠪᠰᠤᠷᠤᠨ ᠲᠡᠳᠬᠦᠨ᠎ᠡ᠃ ᠬᠣᠶᠠᠷ᠎ᠲᠤ᠂ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠶᠠᠳᠠᠭᠤ ᠬᠦᠴᠢᠷᠳᠡᠯᠲᠡᠶ ᠬᠦᠮᠤᠰ᠎ᠤᠨ   ᠦᠨᠳᠦᠰᠦᠨ ᠠᠮᠢᠳᠤᠷᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢ ᠬᠢᠨᠠᠨ ᠶᠠᠪᠤᠭᠳᠠᠭᠤᠯᠵᠤ᠂ ᠬᠠᠷᠢᠭᠤᠴᠠᠯᠭ᠎ᠠ᠂ ᠲᠥᠷᠥ ᠵᠢᠨ ᠪᠣᠳᠣᠯᠭ᠎ᠠ᠂ ᠠᠵᠢᠯ 《ᠭᠤᠷᠪᠠ ᠵᠢ ᠨᠠᠢ᠌ᠲᠠᠪᠤᠷᠢᠵᠢᠭᠤᠯᠤᠭᠰᠠᠨ》 ᠪᠠᠢ᠌ᠳᠠᠯ᠎ᠳᠤ ᠭᠣᠤᠯᠳᠠᠯᠭ᠎ᠠ᠎ᠲᠠᠢ ᠬᠢᠨᠠᠯᠲᠠ ᠬᠢᠨ᠎ᠡ᠃ ᠭᠤᠷᠪᠠ᠎ᠳᠤ᠂ ᠲᠦᠷ ᠴᠠᠭ᠎ᠤᠨ ᠳᠤᠰᠠᠯᠠᠮᠵᠢ ᠵᠢᠨ ᠳᠦᠷᠢᠮ᠎ᠤᠨ ᠦᠢ᠍ᠯᠡᠳᠤᠯ᠎ᠢ ᠭᠦᠶᠴᠡᠳ ᠪᠠᠳᠠᠷᠠᠭᠤᠯᠵᠤ᠂ ᠬᠢᠨᠠᠨ ᠬᠠᠷᠭᠤᠭᠤᠯᠬᠤ   ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠥᠭᠥᠮᠴᠢᠯᠡᠵᠦ᠂ ᠡᠪᠡᠳᠴᠢᠨ᠎ᠠᠴᠠ ᠪᠣᠯᠵᠤ᠂ ᠭᠠᠮᠰᠢᠭ᠎ᠠᠴᠠ ᠪᠣᠯᠵᠤ᠂ ᠬᠢᠵᠢᠭ᠎ᠠᠴᠠ ᠪᠣᠯᠵᠤ᠂ ᠭᠡᠷ ᠪᠦᠯᠢ ᠵᠢᠨ ᠠᠮᠢᠳᠤᠷᠠᠯ᠎ᠨᠢ ᠬᠦᠴᠢᠷᠳᠡᠯᠲᠡᠶ ᠪᠣᠯᠤᠭᠰᠠᠨ ᠶᠠᠳᠠᠭᠤ ᠬᠦᠴᠢᠷᠳᠡᠯᠲᠡᠶ ᠭᠡᠷ ᠪᠦᠯᠢ᠎ᠳᠤ ᠴᠠᠭ ᠲᠤᠬᠠᠶ᠎ᠳᠤᠨᠢ ᠲᠦᠷ ᠴᠠᠭ᠎ᠤᠨ ᠳᠤᠰᠠᠯᠠᠮᠵᠢ ᠣᠯᠭᠣᠵᠤ᠂ ᠶᠠᠳᠠᠭᠤ᠎ᠠᠴᠠ ᠠᠩᠭᠢᠵᠢᠷᠠᠭᠰᠠᠨ ᠣᠯᠠᠨ ᠲᠦᠮᠡᠨ᠎ᠤ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠡᠷᠡᠭᠲᠡᠶ᠃ ᠳᠥᠷᠪᠡ᠎ᠳᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠦᠷᠢᠨᠰᠢᠬᠦᠯᠵᠦ᠂ ᠶᠠᠳᠠᠭᠤ᠎ᠠᠴᠠ ᠠᠩᠭᠢᠵᠢᠷᠠᠭ᠋ᠠᠳᠤᠶ ᠬᠥᠮᠦᠨ ᠠᠮᠠ ᠪᠠ ᠣᠷᠣᠯᠭ᠎ᠠ᠎ᠨᠢ ᠲᠣᠭᠲᠠᠭᠤᠨ ᠪᠤᠰᠤ᠂ ᠳᠠᠬᠢᠨ ᠶᠠᠳᠠᠭᠤᠷᠠᠬᠤ   ᠠᠶᠤᠯ᠎ᠲᠠᠢ ᠬᠥᠮᠦᠨ ᠠᠮᠠ ᠵᠢᠨ ᠬᠥᠳᠡᠯᠦᠩᠭᠦᠶ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠨᠥᠬᠥᠴᠡᠯ᠎ᠳᠤ ᠨᠡᠢ᠌ᠴᠡᠭᠰᠡᠳ᠎ᠢ ᠴᠠᠭ ᠲᠤᠬᠠᠶ᠎ᠳᠤᠨᠢ ᠲᠤᠰᠠᠯᠠᠬᠤ ᠬᠡᠪᠴᠢᠶᠡᠨ᠎ᠳᠤ ᠣᠷᠣᠭᠤᠯᠤᠨ᠎ᠠ᠃ ᠲᠠᠪᠤ᠎ᠳᠤ᠂ ᠬᠦᠴᠢᠷᠳᠡᠯᠲᠡᠶ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠥᠷᠢ ᠪᠣᠯᠤᠨ ᠬᠦᠨᠳᠦ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠣᠨᠣᠴᠠᠲᠠᠢ ᠨᠠᠢ᠌ᠲᠠᠪᠤᠷᠢᠵᠢᠭᠤᠯᠵᠤ᠂ ᠬᠥᠳᠡᠯᠦᠩᠭᠦᠶ ᠬᠠᠮᠢᠶᠠᠷᠤᠯᠲᠠ ᠪᠣᠯᠤᠨ ᠪᠡᠯᠡ ᠮᠥᠩᠭᠥ ᠣᠯᠭᠣᠬᠤ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠦᠨᠳᠦ ᠵᠡᠮᠳᠡᠭᠴᠦᠳ᠎ᠤᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡ   ᠪᠠ 《ᠹᠦ᠋ ᠺᠠᠩ ᠢᠨᠵᠧᠨᠧᠷᠢᠩ》᠂ 《ᠵᠤ᠌ ᠺᠠᠩ ᠢᠨᠵᠧᠨᠧᠷᠢᠩ》 ᠵᠡᠷᠭᠡ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠪᠠ ᠲᠥᠷᠥᠯ ᠵᠦᠢ᠍ᠯ᠎ᠢ   ᠰᠠᠢ᠌ᠳᠤᠷ ᠨᠠᠶ᠋ᠢᠳᠠᠪᠤᠷᠢᠵᠢᠭᠤᠯᠤᠨ᠎ᠠ᠃ ᠵᠢᠷᠭᠤᠭ᠎ᠠ᠎ᠳᠤ᠂ ᠲᠠᠩᠰᠠ ᠺᠠᠷᠲ᠎ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠵᠢᠨ   ᠳᠣᠲᠣᠷᠠᠬᠢ ᠬᠡᠷ ᠵᠶ᠋ᠠᠨ ᠰᠠᠬᠢᠵᠤ ᠬᠣᠴᠣᠷᠤᠭᠰᠠᠨ ᠬᠡᠤᠬᠡᠳ᠂ ᠡᠮᠡᠭᠲᠡᠶ᠋ᠢᠴᠦᠳ᠂   ᠨᠠᠰᠤᠲᠠᠶ᠋ᠢᠴᠤᠳ ᠵᠡᠷᠭᠡ ᠬᠠᠯᠠᠮᠵᠢᠯᠠᠨ   ᠬᠠᠷᠠᠭ᠋ᠠᠯᠵᠠᠬᠤ ᠦᠢ᠍ᠯᠡᠴᠢᠯᠡᠭᠡᠨ᠎ᠤ ᠰᠢᠰᠲᠸᠮ᠎ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠂ ᠠᠵᠢᠯ᠎ᠢ ᠨᠠᠶ᠋ᠢᠳᠠᠪᠤᠷᠢᠵᠢᠭᠤᠯᠬᠤ ᠵᠢ ᠪᠡᠶᠡᠯᠡᠭᠦᠯᠦᠨ᠎ᠡ᠃ ᠳᠣᠯᠣᠭ᠎ᠠ᠎ᠳᠤ᠂ ᠪᠣᠳᠠᠲᠠᠶ ᠠᠰᠠᠷᠠᠨ ᠬᠠᠷᠠᠭ᠋ᠠᠯᠵᠠᠬᠤ ᠬᠥᠮᠦᠨ ᠥᠬᠡᠶ ᠬᠡᠤᠬᠡᠳ᠎ᠤᠨ ᠪᠠᠲᠤᠯᠠᠭ᠋ᠠᠨ᠎ᠤ ᠠᠵᠢᠯ᠎ᠢ ᠰᠠᠶ᠋ᠢᠲᠤᠷ ᠬᠢᠵᠦ᠂ ᠮᠡᠳᠡᠭᠡ ᠵᠠᠩᠭᠢ ᠵᠢᠨ ᠡᠬᠡ ᠲᠠᠩᠰᠠ ᠵᠢ ᠪᠠᠶ᠋ᠢᠭᠤᠯᠵᠤ᠂ ᠠᠰᠠᠷᠠᠨ ᠬᠠᠷᠠᠭ᠋ᠠᠯᠵᠠᠬᠤ ᠬᠥᠮᠦᠨ ᠥᠬᠡᠶ ᠬᠡᠤᠬᠡᠳ᠎ᠲᠤ ᠦᠨᠳᠦᠰᠦᠨ ᠠᠮᠢᠳᠤᠷᠠᠯ᠎ᠤᠨ ᠵᠠᠷᠤᠳᠠᠯ ᠣᠯᠭᠣᠵᠤ᠂ ᠲᠡᠳᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨᠬᠦ ᠪᠠᠲᠤᠯᠠᠨ᠎ᠠ᠃
   《ᠲᠥᠯᠥᠪᠯᠡᠭᠡ》᠎ᠳᠤ᠂ ᠪᠥᠬᠥ ᠣᠷᠣᠨ᠎ᠤ ᠡᠯ᠎ᠡ ᠭᠠᠵᠠᠷ᠎ᠤᠨ᠎ᠬᠢᠨ 《13 · 5》᠎ᠤᠨ ᠨᠡᠶ᠋ᠢᠭᠡᠮ᠎ᠤᠨ ᠦᠢ᠍ᠯᠡᠴᠢᠯᠡᠭᠡᠨ᠎ᠤ ᠦᠨᠳᠦᠰᠦᠨ ᠵᠦᠢ᠍ᠯ᠎ᠢ ᠪᠠᠲᠤᠯᠠᠬᠤ ᠢᠨᠵᠧᠨᠧᠷᠢᠩ᠎ᠢ ᠬᠡᠷᠡᠭᠵᠢᠭᠦᠯᠬᠦ᠎ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠦᠬᠦᠭᠡᠷᠤᠮᠵᠢ ᠵᠢᠨ ᠪᠥᠲᠥᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠵᠢᠨ ᠵᠣᠯ ᠵᠢᠷᠭ᠋ᠠᠯ᠎ᠤᠨ ᠬᠦᠷᠢᠶᠡᠯᠡᠩ᠂ ᠮᠠᠯᠵᠢᠬᠤ ᠣᠷᠣᠨ᠎ᠤ ᠨᠠᠰᠤᠲᠠᠶ᠋ᠢᠴᠤᠳ᠎ᠤᠨ ᠨᠡᠶ᠋ᠢᠲᠡ ᠵᠢᠨ ᠪᠠᠶ᠋ᠢᠷᠢ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ ᠵᠢᠨ ᠪᠥᠲᠥᠭᠡᠨ ᠪᠠᠶ᠋ᠢᠭᠤᠯᠤᠯᠲᠠ ᠵᠢ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ᠎ᠤ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ  ᠎ᠤ ᠬᠥᠭᠵᠢᠯᠲᠡ ᠵᠢ ᠠᠬᠢᠭᠤᠯᠬᠤ ᠬᠡᠷᠡᠭᠲᠡᠶ᠃ ᠪᠡᠭᠡᠵᠢᠩ ᠥᠪᠥᠷ ᠮᠣᠩᠭᠣᠯ᠎ᠤᠨ ᠨᠡᠶ᠋ᠢᠭᠡᠮ᠎ᠤᠨ ᠠᠵᠢᠯ᠎ᠤᠨ ᠦᠢ᠍ᠯᠡᠴᠢᠯᠡᠭᠡᠨ ᠎ᠤ ᠪᠠᠶ᠋ᠢᠭᠤᠯᠤᠮᠵᠢ ᠵᠢᠨ 《ᠭᠠᠷ ᠬᠣᠯᠪᠣᠯᠴᠠᠬᠤ ᠲᠥᠯᠥᠪᠯᠡᠭᠡ》 ᠵᠢ ᠦᠷᠭᠦᠯᠵᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ 20 ᠶᠠᠳᠠᠭᠤ ᠬᠦᠴᠢᠷᠳᠡᠯ᠎ᠲᠠᠢ ᠬᠣᠰᠢᠭᠤ ᠰᠢᠶᠠᠨ᠎ᠤ ᠨᠡᠶ᠋ᠢᠭᠡᠮ᠎ᠤᠨ ᠦᠢ᠍ᠯᠡᠴᠢᠯᠡᠭᠡᠨ ᠎ᠤ ᠪᠠᠶ᠋ᠢᠭᠤᠯᠤᠮᠵᠢ ᠵᠢ ᠪᠡᠭᠡᠵᠢᠩ ᠬᠣᠲᠠ ᠵᠢᠨ   ᠳᠤᠰᠠᠯᠠᠨ ᠲᠣᠮᠢᠯᠠᠬᠤ ᠪᠠᠶ᠋ᠢᠭᠤᠯᠤᠮᠵᠢ᠎ᠯᠤᠭ᠎ᠠ ᠨᠢᠭᠡ ᠨᠢᠭᠡ᠎ᠪᠠᠷ ᠭᠠᠷ ᠬᠣᠯᠪᠣᠭᠤᠯᠵᠤ᠂ ᠨᠡᠶ᠋ᠢᠭᠡᠮ᠎ᠤᠨ ᠠᠵᠢᠯᠲᠠᠨ᠎ᠤ ᠳᠤᠰᠬᠠᠢ   ᠮᠡᠷᠭᠡᠵᠢᠯ᠎ᠤᠨ ᠴᠢᠳᠠᠪᠤᠷᠢᠲᠠᠨ᠎ᠢ ᠬᠠᠪᠰᠤᠷᠤᠨ ᠬᠥᠮᠦᠵᠢᠭᠦᠯᠵᠦ᠂ ᠨᠡᠶ᠋ᠢᠭᠡᠮ᠎ᠤᠨ ᠠᠵᠢᠯᠲᠠᠨ ᠎ᠤ ᠦᠢ᠍ᠯᠡᠴᠢᠯᠡᠭᠡᠨ ᠎ᠤ ᠪᠠᠶ᠋ᠢᠭᠤᠯᠤᠮᠵᠢ ᠵᠢ ᠪᠤᠵᠠᠭ᠋ᠠᠢ᠌ᠷᠠᠭᠤᠯᠤᠨ ᠪᠣᠶ᠋ᠢᠵᠢᠭᠤᠯᠵᠤ᠂ ᠨᠡᠶ᠋ᠢᠭᠡᠮ᠎ᠤᠨ ᠠᠵᠢᠯᠲᠠᠨ᠎ᠤ ᠦᠢ᠍ᠯᠡᠴᠢᠯᠡᠭᠡᠨ ᠎ᠤ ᠳᠦᠷᠢᠮ᠎ᠢ ᠪᠦᠷᠢᠨ ᠪᠣᠯᠭ᠋ᠠᠨ ᠲᠡᠭᠦᠯᠳᠡᠷᠵᠢᠭᠦᠯᠬᠦ ᠬᠡᠷᠡᠭᠲᠡᠶ᠃
   《ᠲᠥᠯᠥᠪᠯᠡᠭᠡ》᠎ᠳᠤ ᠱᠠᠭ᠋ᠠᠷᠳᠠᠭᠰᠠᠨ᠎ᠨᠢ᠂ ᠪᠥᠬᠥ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ  ᠎ᠤᠨ᠎ᠬᠢᠨ ᠤᠬᠠᠮᠰᠠᠷ᠎ᠠᠴᠠ᠎ᠪᠠᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠦᠷᠤ ᠵᠢᠨ ᠡᠭᠦᠷᠭᠡᠯᠡᠯ ᠵᠶ᠋ᠠᠨ ᠴᠢᠩᠭ᠋ᠠᠳᠬᠠᠨ᠂ ᠦᠵᠡᠯ ᠰᠠᠨᠠᠭ᠎ᠠ ᠲᠠᠨᠢᠯᠲᠠ᠎ᠪᠠᠨ ᠦᠨᠡᠨ ᠬᠦ᠌ ᠳᠡᠭᠡᠭᠰᠢᠯᠡᠭᠦᠯᠵᠦ᠂ ᠵᠢᠯᠣᠭᠤᠳᠤᠯᠭ᠎ᠠ᠎ᠪᠠᠨ ᠴᠢᠩᠭ᠋ᠠᠳᠬᠠᠵᠤ᠂ ᠳᠤᠰ ᠵᠢᠯ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠯᠥᠪᠯᠡᠭᠡ ᠨᠠᠷᠢᠨ ᠬᠢᠨᠠᠮᠠᠭ᠋ᠠᠢ ᠪᠡᠶᠡᠯᠡᠭᠦᠯᠬᠦ ᠬᠡᠷᠡᠭᠲᠠᠢ  ᠃


ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠭᠠᠯ᠎ᠤᠨ ᠠᠶᠤᠯ᠎ᠢ ᠰᠡᠷᠭᠡᠢ᠌ᠯᠡᠬᠦ ᠠᠵᠢᠯ᠎ᠤᠨ ᠪᠠᠢ᠌ᠷᠢᠯᠠᠭᠤᠯᠤᠯᠲᠠ ᠬᠢᠪᠡ
ᠮᠠᠨ᠎ᠤ ᠣᠷᠣᠨ ᠨᠡᠶ᠋ᠢᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢ ᠲᠣᠭᠲᠠᠭᠤᠨ ᠵᠶ᠋ᠠᠷ ᠳᠡᠭᠡᠭᠰᠢᠯᠡᠭᠦᠯᠵᠦ ᠠᠷᠠᠳ ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ
ᠪᠦᠬᠦ ᠣᠷᠣᠨ᠎ᠤ 《ᠯᠣᠲᠲᠸᠷᠢ ᠰᠤᠭᠤᠯᠤᠭ᠎ᠠ᠎ᠪᠠᠷ ᠬᠦᠰᠡᠯ᠎ᠢ᠎ᠨᠢ ᠲᠡᠷᠭᠡᠯᠰᠢᠭᠦᠯᠤᠨ · ᠥᠨᠥᠴᠢᠨ ᠬᠡᠤᠬᠡᠳ᠎ᠤᠨ ᠰᠤᠷᠤᠯᠭ᠎ᠠ ᠵᠢ ᠲᠡᠳᠬᠦᠬᠦ ᠢᠨᠵᠸᠨ᠋ᠸᠷᠢᠩ》᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢᠨ ᠣᠯᠭᠣᠭᠰᠠᠨ ᠪᠠᠢ᠌ᠳᠠᠯ
ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠠᠷᠢᠯᠴᠠᠨ ᠪᠠᠷᠠᠯᠠᠵᠤ ᠬᠠᠷᠢᠯᠴᠠᠨ ᠲᠦᠰᠢᠯᠴᠡᠬᠦ ᠬᠠᠢ᠌ᠷ᠎ᠠ ᠬᠠᠯᠠᠮᠵᠢ ᠵᠢᠨ ᠠᠵᠢᠯᠯᠠᠭ᠎ᠠ ᠦᠷᠨᠢᠬᠦᠯᠬᠦ ᠲᠤᠬᠠᠢ ᠮᠡᠲᠡᠭᠲᠡᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠰᠠᠯᠠᠭ᠎ᠠ ᠮᠥᠴᠢᠷ ᠬᠠᠮᠲᠤᠷᠠᠨ 《ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠪᠡ
 
            