ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠮᠠᠨ᠎ᠤ ᠣᠷᠣᠨ ᠨᠡᠶ᠋ᠢᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢ ᠲᠣᠭᠲᠠᠭᠤᠨ ᠵᠶ᠋ᠠᠷ ᠳᠡᠭᠡᠭᠰᠢᠯᠡᠭᠦᠯᠵᠦ ᠠᠷᠠᠳ ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄ 2020-06-05

    ᠶᠡᠷᠦᠩᠬᠡᠶ ᠱᠦᠵᠢ ᠰᠢ ᠵᠢᠨ ᠫᠢᠩ᠎ᠤᠨ 4 ᠳ᠋ᠦ᠍ᠭᠡᠷ ᠰᠠᠷ᠎ᠠ ᠵᠢᠨ 8᠎ᠤ ᠡᠳᠦᠷ᠎ᠤᠨ ᠲᠥᠪ᠎ᠤᠨ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶ᠎ᠠ ᠵᠢᠨ ᠬᠤᠷᠠᠯ ᠳᠡᠭᠡᠷᠡᠬᠢ 《ᠠᠷᠠᠳ᠎ᠤᠨ ᠠᠮᠢᠳᠤᠷᠠᠯ᠎ᠢ ᠪᠠᠳᠤᠯᠠᠬᠤ ᠪᠠ ᠰᠠᠶ᠋ᠢᠵᠢᠷᠠᠭᠤᠯᠬᠤ ᠠᠵᠢᠯ᠎ᠢ ᠴᠢᠩᠭ᠋ᠠᠤᠡᠬᠠᠵᠤ》 《ᠬᠣᠲᠠ ᠬᠥᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠡᠷᠭᠡ ᠪᠠᠲᠤᠯᠠᠭ᠎ᠠ ᠵᠢᠨ   ᠪᠠᠷᠢᠮᠵᠢᠶ᠎ᠠ ᠵᠢ ᠵᠣᠬᠢᠰᠲᠠᠶ ᠳᠡᠭᠡᠭᠰᠢᠯᠡᠭᠦᠯᠬᠦ》 ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠵᠤ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢᠨ ᠲᠦᠯᠦᠭᠡ᠂ ᠣᠶ᠋ᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《2020 ᠣᠨ᠎ᠤ ᠪᠥᠬᠥ ᠣᠷᠣᠨ᠎ᠤ ᠨᠡᠶ᠋ᠢᠭᠡᠮ᠎ᠤᠨ ᠳᠤᠰᠠᠯᠠᠮᠵᠢ ᠵᠢᠨ   ᠪᠠᠷᠢᠮᠵᠢᠶ᠎ᠠ᠎ᠳᠤ ᠬᠤᠯᠪᠤᠠᠠᠳᠠᠬᠤ ᠶᠠᠪᠤᠳᠠᠯ᠎ᠤᠨ ᠲᠤᠬᠠᠶ ᠮᠡᠳᠡᠭᠳᠡᠯ》 ᠎ᠢ ᠳᠠᠷᠤᠮᠠᠯᠯᠠᠨ   ᠲᠠᠷᠬᠠᠭ᠋ᠠᠵᠤ᠂ 2020 ᠣᠨ᠎ᠤ ᠪᠥᠬᠥ ᠣᠷᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠪᠠᠷᠢᠮᠵᠢᠶ᠎ᠠ᠂ ᠣᠨᠴᠠ ᠬᠦᠴᠢᠷᠳᠡᠯᠲᠡᠶ ᠬᠥᠮᠦᠰ᠎ᠤᠨ ᠠᠮᠢᠳᠤᠷᠠᠯ᠎ᠤᠨ ᠦᠨᠳᠦᠰᠦᠨ ᠪᠠᠷᠢᠮᠵᠢᠶ᠎ᠠ ᠪᠠ ᠬᠠᠷᠠᠭ᠋ᠠᠯᠵᠠᠵᠤ ᠰᠤᠪᠢᠯᠠᠬᠤ ᠪᠠᠷᠢᠮᠵᠢᠶ᠎ᠠ ᠵᠢ ᠲᠣᠭᠲᠠᠭ᠋ᠠᠪᠠ᠃
   2020 ᠣᠨ᠎ᠳᠤ ᠮᠠᠨ᠎ᠤ ᠣᠷᠣᠨ᠎ᠤ ᠬᠣᠲᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠳᠤᠮᠳᠠᠴᠢ ᠪᠠᠷᠢᠮᠵᠢᠶ᠎ᠠ᠎ᠨᠢ 732 ᠲᠥᠭᠥᠷᠢᠭ / ᠬᠥᠮᠦᠨ · ᠰᠠᠷ᠎ᠠ᠎ᠳᠤ ᠬᠦᠷᠴᠦ᠂ 2019 ᠣᠨ᠎ᠤ᠎ᠬᠢ᠎ᠠᠴᠠ 5.8%᠎ᠪᠠᠷ ᠨᠡᠮᠡᠭᠳᠡᠬᠦᠯᠵᠡᠢ᠃ ᠪᠥᠬᠥ ᠤᠯᠤᠰ᠎ᠤᠨ 8 ᠳ᠋ᠤᠭ᠋ᠠᠷ᠎ᠲᠤ ᠵᠢᠭᠰᠠᠭ᠋ᠠᠭᠳᠠᠪᠠ; ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠳᠤᠮᠳᠠᠴᠢ ᠪᠠᠷᠢᠮᠵᠢᠶ᠎ᠠ᠎ᠨᠢ ᠬᠥᠮᠦᠨ ᠪᠦᠷᠢ᠎ᠳᠤ 6307 ᠲᠥᠭᠥᠷᠢᠭ ᠪᠤᠯᠵᠤ᠂ 2019 ᠣᠨ᠎ᠤ᠎ᠬᠢ᠎ᠠᠴᠠ 6.6%᠎ᠪᠠᠷ ᠨᠡᠮᠡᠭᠳᠡᠵᠦ᠂ ᠪᠦᠬᠦ ᠤᠯᠤᠰ᠎ᠤᠨ ᠶᠢᠰᠦᠳᠦᠭᠡᠷ᠎ᠲᠤ ᠵᠢᠭᠰᠠᠭ᠋ᠠᠭᠳᠠᠪᠠ᠃ ᠮᠠᠨ᠎ᠤ ᠣᠷᠣᠨ᠎ᠤ ᠬᠣᠲᠠ ᠵᠢᠨ ᠣᠨᠴᠠ ᠬᠦᠴᠢᠷᠳᠡᠯᠲᠡᠶ ᠬᠥᠮᠦᠰ᠎ᠤᠨ ᠳᠤᠮᠳᠠᠴᠢ ᠦᠨᠳᠦᠰᠦᠨ ᠠᠮᠢᠳᠤᠷᠠᠯ᠎ᠤᠨ ᠪᠠᠷᠢᠮᠵᠢᠶ᠎ᠠ ᠵᠢ ᠬᠥᠮᠦᠨ ᠪᠦᠷᠢ · ᠰᠠᠷ᠎ᠠ᠎ᠳᠤ 1246 ᠲᠥᠭᠥᠷᠢᠭ᠎ᠲᠤ ᠬᠦᠷᠭᠡᠵᠤ᠂ ᠲᠠᠷᠢᠶᠠᠯᠠᠬᠤ ᠮᠠᠯᠵᠢᠬᠤ ᠣᠷᠣᠨ᠎ᠤ ᠣᠨᠴᠠ ᠬᠦᠴᠢᠷᠳᠡᠯᠲᠡᠶ ᠬᠥᠮᠦᠰ᠎ᠤᠨ ᠳᠤᠮᠳᠠᠴᠢ ᠦᠨᠳᠦᠰᠦᠨ ᠠᠮᠢᠳᠤᠷᠠᠯ᠎ᠤᠨ ᠪᠠᠷᠢᠮᠵᠢᠶ᠎ᠠ ᠵᠢ ᠬᠥᠮᠦᠨ ᠪᠦᠷᠢ ᠵᠢᠯ᠎ᠳᠤ 10043 ᠲᠥᠭᠥᠷᠢᠭ᠎ᠲᠤ ᠬᠦᠷᠭᠡᠵᠠᠢ᠃ ᠠᠮᠢᠳᠤᠷᠠᠯ ᠵᠶ᠋ᠠᠨ ᠠᠷᠭ᠋ᠠᠴᠠᠭ᠋ᠠᠬᠤ ᠴᠢᠳᠠᠪᠤᠷᠢ᠎ᠪᠠᠨ ᠬᠡᠰᠡᠭ ᠠᠯᠳᠠᠭᠰᠠᠤᠨ᠎ᠤᠨ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠵᠢ ᠬᠥᠮᠦᠨ ᠪᠦᠷᠢ ᠰᠠᠷ᠎ᠠ᠎ᠳᠤ 430 ᠲᠥᠭᠥᠷᠢᠭ᠎ᠲᠤ ᠬᠦᠷᠴᠡᠢ; ᠠᠮᠢᠳᠤᠷᠠᠯ ᠵᠶ᠋ᠠᠨ ᠠᠷᠭ᠋ᠠᠴᠠᠭ᠋ᠠᠬᠤ ᠴᠢᠳᠠᠪᠤᠷᠢ᠎ᠪᠠᠨ ᠪᠦᠷᠢᠮᠦᠰᠦᠨ ᠠᠯᠳᠠᠭᠰᠠᠤᠨ᠎ᠤᠨ ᠬᠠᠷᠠᠭ᠋ᠠᠯᠵᠠᠵᠤ ᠰᠤᠪᠢᠯᠠᠬᠤ ᠲᠤᠮᠳᠠᠴᠢ ᠪᠠᠷᠢᠮᠵᠢᠶ᠎ᠠ ᠵᠢ ᠬᠥᠮᠦᠨ ᠪᠦᠷᠢ ᠰᠠᠷ᠎ᠠ᠎ᠳᠤ 1078 ᠲᠥᠭᠥᠷᠢᠭ᠎ᠲᠤ ᠬᠦᠷᠦᠬᠦᠯᠵᠡᠢ  ᠃
    《ᠮᠡᠳᠡᠭᠳᠡᠯ》᠎ᠳᠤ᠂ ᠡᠯ᠎ᠡ ᠭᠠᠵᠠᠷ ᠣᠷᠣᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠢᠨᠠᠨ ᠬᠠᠷᠭᠤᠭᠤᠯᠵᠤ ᠲᠣᠭᠲᠠᠭ᠋ᠠᠭᠰᠠᠨ ᠨᠡᠶ᠋ᠢᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢ ᠴᠠᠭ ᠲᠤᠬᠠᠶ᠎ᠳᠤᠨᠢ ᠨᠡᠶ᠋ᠢᠭᠡᠮ᠎ᠳᠤ ᠨᠡᠶ᠋ᠢᠲᠡᠯᠡᠬᠦ ᠵᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠨᠢ 2020 ᠣᠨ᠎ᠤ 5 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭ᠋ᠠᠷ ᠪᠡᠯᠡ ᠮᠥᠩᠭᠥ ᠵᠢ ᠨᠥᠬᠥᠪᠥᠷᠢᠯᠡᠨ ᠣᠯᠭᠣᠵᠤ ᠳᠠᠭᠤᠰᠬᠠᠬᠤ ᠬᠡᠷᠡᠭᠲᠡᠶ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠠᠴᠠ ᠭᠠᠷᠤᠠᠠᠰᠠᠤᠨ᠎ᠲᠤ ᠦᠭᠬᠦ ᠦᠭᠡᠢ ᠭᠡᠵᠦ ᠲᠤᠳᠤᠷᠬᠠᠢ᠌ᠯᠠᠪᠠ᠃
   《ᠮᠡᠳᠡᠭᠳᠡᠯ》᠎ᠳᠤ ᠴᠢᠬᠤᠯᠠᠴᠢᠯᠠᠭᠰᠠᠨ᠎ᠨᠢ᠂ ᠡᠯ᠎ᠡ ᠭᠠᠵᠠᠷ ᠣᠷᠣᠨ ᠦᠨᠳᠦᠰᠦᠨ ᠵᠤᠢ᠌ᠯ ᠎ᠤᠨ ᠪᠠᠲᠤᠯᠠᠭ᠋ᠠᠨ᠎ᠤ   ᠪᠠᠢ᠌ᠳᠠᠯ   ᠵᠶ᠋ᠠᠨ ᠵᠢᠭᠰᠠᠭ᠋ᠠᠨ ᠪᠠᠢ᠌ᠴᠠᠭ᠋ᠠᠵᠤ᠂ ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠳᠠᠩᠰᠠ ᠺᠠᠷᠲ᠎ᠲᠠᠢ ᠶᠠᠳᠠᠭᠤ ᠬᠦᠴᠢᠷᠳᠡᠯᠲᠡᠢ ᠡᠷᠦᠬᠡ ᠵᠢᠨ 《ᠠᠭ᠋ᠠᠵᠢᠮ ᠵᠶ᠋ᠠᠷ ᠤᠬᠤᠷᠢᠬᠤ ᠬᠤᠭᠤᠴᠠᠭ᠎ᠠ》 ᠵᠢᠨ ᠳᠦᠷᠢᠮ᠎ᠢ ᠴᠢᠩᠭ᠎ᠠ ᠨᠡᠢ᠌ᠳᠡᠪᠤᠷᠢᠵᠢᠭᠤᠯᠵᠤ᠂ ᠲᠦᠷ ᠴᠠᠭ᠎ᠤᠨ ᠳᠤᠰᠠᠯᠠᠮᠵᠢ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠬᠥᠳᠡᠯᠮᠦᠷᠢᠯᠡᠬᠦ ᠴᠢᠳᠠᠪᠤᠷᠢ ᠥᠬᠡᠶ ᠪᠣᠯᠤᠭᠰᠠᠨ ᠲᠠᠩᠰᠠ ᠺᠠᠷᠲ᠎ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠦᠨᠳᠦᠰᠦᠨ ᠠᠮᠢᠳᠤᠷᠠᠯ ᠎ᠢ ᠪᠠᠲᠤᠯᠠᠬᠤ ᠠᠵᠢᠯ᠎ᠢ   ᠱᠠᠯᠠᠪᠳᠠᠨ ᠰᠢᠢ᠍ᠳᠪᠤᠷᠢᠯᠡᠵᠤ᠂ ᠨᠡᠶ᠋ᠢᠭᠡᠮ᠎ᠤᠨ ᠳᠤᠰᠠᠯᠠᠮᠵᠢ ᠵᠢᠨ   ᠦᠨᠳᠦᠰᠦᠨ   ᠵᠤᠢ᠌ᠯ᠎ᠢ ᠪᠠᠲᠤᠯᠠᠬᠤ ᠠᠵᠢᠯ᠎ᠢ ᠦᠨᠡᠨ ᠬᠦ᠌ ᠰᠠᠶ᠋ᠢᠲᠤᠷ   ᠬᠢᠬᠦ ᠭᠡᠷᠡᠭᠳᠡᠢ᠃
   《ᠮᠡᠳᠡᠭᠳᠡᠯ》᠎ᠳᠤ ᠴᠢᠬᠤᠯᠠᠴᠢᠯᠠᠭᠰᠠᠨ᠎ᠨᠢ᠂ ᠨᠡᠶ᠋ᠢᠭᠡᠮ᠎ᠤᠨ ᠳᠤᠰᠠᠯᠠᠮᠵᠢ ᠵᠢᠨ ᠵᠢᠷᠤᠮᠵᠢᠭᠰᠠᠨ ᠬᠠᠮᠢᠶᠠᠷᠤᠯᠲᠠ ᠵᠢ ᠦᠷᠭᠦᠯᠵᠢᠯᠡᠨ ᠲᠦᠯᠬᠢᠨ ᠠᠬᠢᠭᠤᠯᠵᠤ᠂ ᠳᠣᠤᠷᠠᠬᠢ ᠠᠵᠢᠯ᠎ᠢ ᠭᠣᠤᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠶ᠄ ᠨᠢᠭᠡ᠎ᠳᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠵᠢᠷᠤᠮᠵᠢᠭᠰᠠᠨ ᠬᠠᠮᠢᠶᠠᠷᠤᠯᠲᠠ ᠵᠢ ᠬᠦᠡᠵᠡᠭᠡᠢ᠌ᠷᠡᠬᠦᠯᠵᠤ᠂ ᠪᠠᠲᠤᠯᠠᠭ᠎ᠠ ᠵᠢᠨ ᠡᠲᠡᠭᠡᠳ᠎ᠢ ᠨᠠᠷᠢᠯᠢᠭ ᠣᠨᠣᠴᠠᠲᠠᠶ ᠲᠤᠠᠠᠳᠠᠭ᠋ᠠᠬᠤ ᠬᠡᠷᠡᠭᠲᠡᠶ᠃ ᠬᠣᠶᠠᠷ᠎ᠲᠤ᠂ ᠣᠨᠴᠠ ᠬᠦᠴᠢᠷᠳᠡᠯᠲᠡᠢ ᠬᠥᠮᠦᠰ᠎ᠢ   ᠲᠤᠰᠠᠯᠠᠵᠤ ᠬᠠᠷᠠᠭ᠋ᠠᠯᠵᠠᠬᠤ ᠠᠵᠢᠯ ᠪᠠ ᠲᠦᠷ ᠴᠠᠭ᠎ᠤᠨ ᠳᠤᠰᠠᠯᠠᠮᠵᠢ ᠵᠢᠨ ᠠᠵᠢᠯ᠎ᠢ ᠰᠠᠶ᠋ᠢᠲᠤᠷ ᠬᠢᠬᠦ ᠭᠡᠷᠡᠭᠳᠡᠢ᠃ ᠡᠯ᠎ᠡ ᠭᠠᠵᠠᠷ ᠣᠷᠣᠨ ᠣᠨᠴᠠ ᠬᠦᠴᠢᠷᠳᠡᠯᠲᠡᠶ ᠬᠥᠮᠦᠰ᠎ᠢ   ᠨᠣᠲᠠᠯᠠᠨ ᠲᠣᠭᠲᠠᠭ᠋ᠠᠬᠤ ᠵᠢ ᠵᠢᠷᠤᠮᠵᠢᠭᠤᠯᠵᠤ᠂ 《ᠠᠪᠤᠷᠠᠪᠠᠰᠤ ᠵᠣᠬᠢᠬᠤ ᠪᠦᠬᠦᠨ᠎ᠢ ᠠᠪᠤᠷᠠᠵᠤ᠂   ᠲᠡᠤᠡᠬᠦᠪᠡᠰᠤ ᠵᠣᠬᠢᠬᠤ   ᠪᠦᠬᠦᠨ᠎ᠢ ᠲᠡᠤᠡᠬᠦᠬᠦ》 ᠵᠢ ᠪᠡᠶᠡᠯᠡᠬᠦᠯᠬᠦ ᠬᠡᠷᠡᠭᠲᠡᠶ᠃ ᠬᠣᠰᠢᠭᠤ ᠰᠢᠶᠠᠨ (ᠬᠣᠲᠠ᠂ ᠲᠣᠭᠣᠷᠢᠭ)᠎ᠨᠢ ᠲᠦᠷ ᠴᠠᠭ᠎ᠤᠨ ᠳᠤᠰᠠᠯᠠᠮᠵᠢ ᠵᠢᠨ 《ᠤᠷᠢᠳᠠᠪᠠᠷ ᠲᠤᠰᠠᠯᠠᠬᠤ》 ᠪᠠ 《ᠱᠠᠲᠤ ᠬᠤᠪᠢᠶᠠᠨ ᠬᠢᠨᠠᠨ ᠵᠥᠪᠰᠢᠶᠡᠷᠡᠬᠦ》 ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠤᠯᠠᠮ ᠨᠠᠷᠢᠯᠢᠭᠵᠢᠭᠤᠯᠤᠨ ᠪᠣᠳᠠᠲᠠᠶ᠋ᠢᠵᠢᠭᠤᠯᠵᠤ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠲᠦᠷ ᠴᠠᠭ᠎ᠤᠨ ᠳᠤᠰᠠᠯᠠᠮᠵᠢ ᠵᠢᠨ ᠪᠡᠯᠡᠳᠬᠡᠯ ᠮᠥᠩᠭᠥ ᠵᠢᠨ ᠳᠦᠷᠢᠮ᠎ᠢ ᠬᠢᠨᠠᠮᠠᠭ᠋ᠠᠶ ᠬᠡᠷᠡᠭᠵᠢᠭᠦᠯᠵᠦ᠂ ᠲᠦᠷ ᠴᠠᠭ᠎ᠤᠨ ᠳᠤᠰᠠᠯᠠᠮᠵᠢ   ᠵᠢᠨ ᠴᠠᠭ᠎ᠢ ᠵᠠᠪᠳᠤᠭᠤᠯᠬᠤ ᠭᠡᠷᠡᠭᠳᠡᠢ᠃ ᠭᠤᠷᠪᠠ᠎ᠳᠤ᠂ ᠭᠡᠷ ᠪᠦᠯᠢ ᠵᠢᠨ ᠠᠵᠤ ᠠᠬᠤᠢ ᠵᠢᠨ ᠪᠠᠶ᠋ᠢᠳᠠᠯ᠎ᠢ ᠬᠠᠷᠭᠤᠭᠤᠯᠬᠤ ᠲᠣᠭᠲᠠᠴᠠ ᠵᠢ ᠲᠡᠬᠦᠯᠳᠡᠷᠵᠢᠬᠦᠯᠬᠦ ᠭᠡᠷᠡᠭᠳᠡᠢ᠃ ᠰᠢᠨ᠎ᠡ᠎ᠪᠠᠷ ᠭᠤᠶᠤᠴᠢᠯᠠᠭᠰᠠᠨ ᠨᠡᠶ᠋ᠢᠭᠡᠮ᠎ᠤᠨ ᠳᠤᠰᠠᠯᠠᠮᠵᠢ ᠵᠢᠨ ᠡᠳᠡᠭᠡᠤᠨ᠎ᠢ ᠴᠢᠩᠭ᠎ᠠ ᠬᠢᠨᠠᠵᠤ᠂ ᠦᠨᠡᠨ ᠮᠦᠨ᠎ᠢ ᠪᠠᠲᠤᠯᠠᠬᠤ ᠬᠡᠷᠡᠭᠲᠡᠶ; ᠨᠢᠭᠡᠨᠲᠡ ᠨᠡᠶ᠋ᠢᠭᠡᠮ᠎ᠤᠨ ᠳᠤᠰᠠᠯᠠᠮᠵᠢ ᠬᠦᠷᠲᠡᠵᠦ ᠪᠠᠢ᠌ᠭ᠎ᠠ ᠡᠲᠡᠭᠡᠳ᠎ᠢ ᠠᠳᠠᠭ᠎ᠲᠠᠭᠠᠨ ᠤᠯᠠᠷᠢᠯ ᠪᠦᠷᠢ ᠨᠢᠭᠡ ᠤᠳᠠᠭ᠎ᠠ ᠬᠠᠷᠭᠤᠭᠤᠯᠵᠤ᠂ ᠨᠥᠬᠥᠴᠡᠯ᠎ᠳᠤ ᠨᠡᠶ᠋ᠢᠴᠡᠬᠦ ᠦᠭᠡᠢ ᠡᠲᠡᠭᠡᠳ᠎ᠢ ᠴᠠᠭ ᠲᠤᠬᠠᠶ᠎ᠳᠤᠨᠢ ᠢᠯᠭ᠋ᠠᠷᠠᠭᠤᠯᠤᠨ ᠭᠠᠷᠭ᠋ᠠᠬᠤ ᠬᠡᠷᠡᠭᠲᠡᠶ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ 《ᠯᠣᠲᠲᠸᠷᠢ ᠰᠤᠭᠤᠯᠤᠭ᠎ᠠ᠎ᠪᠠᠷ ᠬᠦᠰᠡᠯ᠎ᠢ᠎ᠨᠢ ᠲᠡᠷᠭᠡᠯᠰᠢᠭᠦᠯᠤᠨ · ᠥᠨᠥᠴᠢᠨ ᠬᠡᠤᠬᠡᠳ᠎ᠤᠨ ᠰᠤᠷᠤᠯᠭ᠎ᠠ ᠵᠢ ᠲᠡᠳᠬᠦᠬᠦ ᠢᠨᠵᠸᠨ᠋ᠸᠷᠢᠩ》᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢᠨ ᠣᠯᠭᠣᠭᠰᠠᠨ ᠪᠠᠢ᠌ᠳᠠᠯ
ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠠᠷᠢᠯᠴᠠᠨ ᠪᠠᠷᠠᠯᠠᠵᠤ ᠬᠠᠷᠢᠯᠴᠠᠨ ᠲᠦᠰᠢᠯᠴᠡᠬᠦ ᠬᠠᠢ᠌ᠷ᠎ᠠ ᠬᠠᠯᠠᠮᠵᠢ ᠵᠢᠨ ᠠᠵᠢᠯᠯᠠᠭ᠎ᠠ ᠦᠷᠨᠢᠬᠦᠯᠬᠦ ᠲᠤᠬᠠᠢ ᠮᠡᠲᠡᠭᠲᠡᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠰᠠᠯᠠᠭ᠎ᠠ ᠮᠥᠴᠢᠷ ᠬᠠᠮᠲᠤᠷᠠᠨ 《ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠪᠡ
ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ ᠵᠢᠨ 2020 ᠤᠨ᠎ᠤ ᠲᠡᠬᠡᠳᠤ ᠲᠡᠰ᠎ᠤᠨ ᠴᠢᠳᠠᠪᠤᠷᠢᠳᠠᠨ ᠵᠶ᠋ᠠᠷ ᠤᠷᠢᠵᠤ ᠠᠪᠴᠢᠷᠠᠬᠤ᠎ᠪᠠᠷ ᠪᠠᠢ᠌ᠭ᠎ᠠ ᠬᠦᠮᠦᠨ᠎ᠤ ᠲᠣᠬᠠᠢ ᠠᠯᠪᠠᠨ ᠵᠠᠷᠯᠠᠯ
ᠠᠷᠠᠳ᠎ᠤᠨ ᠶᠠᠪᠤᠳᠠᠯ᠎ᠤᠨ ᠶᠠᠮᠤᠨ ᠵᠡᠷᠬᠡ 9 ᠰᠠᠯᠠᠭ᠎ᠠ ᠮᠦᠴᠢᠷ᠎ᠠᠴᠠ ᠪᠢᠴᠢᠭ ᠮᠠᠲᠸᠷᠢᠶᠠᠯ ᠬᠡᠪᠯᠡᠨ ᠲᠠᠷᠬᠠᠭ᠋ᠠᠵᠤ ᠶᠠᠳᠠᠭᠤ᠎ᠠᠴᠠ ᠠᠡᠭᠬᠢᠵᠢᠷᠠᠭᠤᠯᠬᠤ᠎ᠳᠤ ᠲᠦᠬᠦᠮ ᠭᠠᠵᠠᠷ ᠤᠷᠤᠭᠤ ᠨᠡᠬᠦᠯᠬᠡᠵᠤ ᠲᠦᠪᠯᠡᠷᠡᠬᠦᠯᠤᠨ ᠲᠦᠪᠬᠢᠨᠡᠬᠦᠯᠬᠦ ᠨᠡᠢ᠌ᠬᠡᠮ ᠲᠤᠭᠤᠷᠢᠭ᠎ᠢ ᠴᠡᠭᠴᠡᠯᠡᠬᠦ ᠠᠵᠢᠯ᠎ᠢ ᠵᠢᠯᠤᠭᠤᠳᠪᠠ
 
            