ᠡᠯ᠎ᠡ ᠠᠢ᠌ᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠤᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠤᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ᠎ᠳᠤ᠄
ᠨᠠᠮ᠎ᠤᠨ ᠠᠷᠪᠠ ᠶᠢᠰᠤᠳᠤᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠵᠢᠨ ᠲᠦᠯᠣᠭᠡ᠂ 《ᠤᠯᠤᠰ᠎ᠤᠨ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠭ᠋ᠠᠬᠤ ᠳᠤᠮᠳᠠ᠂ ᠤᠷᠲᠤ ᠬᠤᠭᠤᠴᠠᠭ᠋ᠠᠨ᠎ᠤ ᠲᠦᠯᠣᠪᠵᠢᠭᠦᠯᠭᠡ 》᠂ 《ᠨᠠᠰᠤᠵᠢᠯ᠎ᠤᠨ ᠦᠢ᠍ᠯᠡᠴᠢᠯᠡᠭᠡᠨ᠎ᠤ ᠬᠥᠭᠵᠢᠯᠲᠡ ᠵᠢ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2019] 5 ᠳ᠋ᠤᠭ᠋ᠠᠷ ᠲᠣᠭ᠋ᠠᠲᠤ) ᠪᠠ 《ᠨᠠᠰᠤᠵᠢᠯ᠎ᠤᠨ ᠦᠢ᠍ᠯᠡᠴᠢᠯᠡᠭᠡᠨ ᠤ ᠬᠠᠩᠭ᠋ᠠᠯᠲᠠ ᠵᠢ ᠥᠷᠭᠡᠳᠬᠡᠨ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠯᠡᠭᠡ ᠵᠢ ᠤᠯᠠᠮ ᠨᠢᠭᠡ ᠠᠯᠬᠤᠮ ᠠᠬᠢᠭᠤᠯᠬᠤ ᠲᠤᠬᠠᠶ ᠠᠷᠠᠳ᠎ᠤᠨ ᠶᠠᠪᠤᠳᠠᠯ᠎ᠤᠨ ᠶᠠᠮᠤᠨ᠎ᠤ ᠬᠡᠷᠡᠭᠵᠢᠭᠦᠯᠬᠦ ᠰᠠᠨᠠᠯ》 (ᠠᠷᠠᠳ ᠲᠠᠷᠬᠠᠭ᠋ᠠᠭᠰᠠᠨ [2019] 88 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠨᠠᠢ᠌ᠲᠠᠪᠤᠷᠢᠵᠢᠭᠤᠯᠤᠨ᠂ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠶ᠎ᠪᠠᠷ ᠠᠷᠭ᠋ᠠᠴᠠᠭ᠋ᠠᠵᠤ᠂ ᠭᠡᠷ᠎ᠲᠤ᠎ᠪᠠᠨ ᠰᠠᠭᠤᠭ᠋ᠠᠳ ᠨᠡᠶ᠋ᠢᠭᠡᠮ ᠲᠣᠭᠣᠷᠢᠭ᠎ᠤᠨ ᠪᠠᠶ᠋ᠢᠭᠤᠯᠤᠮᠵᠢ᠎ᠪᠠᠷ ᠠᠰᠠᠷᠠᠭᠤᠯᠬᠤ ᠵᠢ ᠬᠠᠷᠢᠯᠴᠠᠨ ᠵᠣᠬᠢᠴᠠᠭᠤᠯᠤᠨ ᠂ ᠡᠮᠨᠡᠨ ᠰᠤᠪᠢᠯᠠᠬᠤ ᠡᠷᠡᠭᠦᠯᠵᠢᠭᠦᠯᠤᠨ ᠠᠰᠠᠷᠠᠬᠤ ᠬᠠᠷᠢᠯᠴᠠᠨ ᠤᠶᠠᠯᠳᠤᠭᠰᠠᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ ᠤ ᠰᠢᠰᠲ᠋ᠧᠮ᠎ᠢ ᠲᠦᠷᠬᠡᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠨᠠᠰᠤᠲᠠᠶ᠋ᠢᠴᠤᠳ᠎ᠤᠨ ᠣᠯᠠᠨ ᠵᠦᠢ᠍ᠯ᠂ ᠣᠯᠠᠨ ᠳᠡᠰ ᠳᠠᠪᠬᠤᠷᠭ᠎ᠠ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠥᠬᠡᠶ ᠬᠠᠩᠭ᠋ᠠᠬᠤ ᠵᠢᠨ ᠲᠤᠯᠠᠳᠠ᠂ ᠳᠤᠰᠬᠠᠢ᠌ᠯᠠᠨ ᠳᠣᠣᠷᠠᠬᠢ ᠮᠡᠲᠦ ᠠᠵᠢᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠪᠠ᠃
ᠨᠢᠭᠡ᠂ ᠭᠡᠷ᠎ᠲᠤ᠎ᠪᠠᠨ ᠰᠠᠭᠤᠭ᠎ᠠ ᠨᠠᠰᠤᠲᠠᠢ᠌ᠴᠤᠳ᠎ᠢ ᠠᠰᠠᠷᠠᠬᠤ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠢ ᠶᠡᠬᠡ᠎ᠪᠠᠷ ᠬᠦᠭᠵᠢᠭᠦᠯᠤᠨ᠎ᠡ
(ᠨᠢᠭᠡ) ᠨᠡᠶ᠋ᠢᠭᠡᠮ ᠲᠣᠭᠣᠷᠢᠭ ᠤᠨ ᠨᠠᠰᠤᠵᠢᠯ ᠤᠨ ᠦᠢ᠍ᠯᠡᠴᠢᠯᠡᠭᠡᠨ ᠤ ᠭᠠᠵᠠᠷ ᠲᠠᠯᠠᠪᠤᠷ ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠬᠦ ᠬᠡᠷᠡᠭᠲᠡᠶ᠃ ᠨᠡᠶ᠋ᠢᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠥᠪ ᠪᠣᠯᠤᠨ ᠣᠳᠣ ᠪᠠᠢ᠌ᠭ᠎ᠠ ᠨᠠᠰᠤᠵᠢᠯ᠎ᠤᠨ ᠦᠢ᠍ᠯᠡᠴᠢᠯᠡᠭᠡᠨ᠎ᠤ ᠲᠠᠯᠠᠪᠤᠷ ᠭᠠᠵᠠᠷ ᠵᠶ᠋ᠠᠨ ᠲᠦᠰᠢᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠣᠯᠤᠨ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠠᠯᠠᠪᠤᠷ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠬᠤ ᠬᠡᠷᠡᠭᠲᠡᠶ᠃ ᠵᠡᠭᠡᠯᠢ ᠭᠤᠳᠤᠮᠵᠢ ᠵᠢᠨ ᠳᠠᠪᠬᠤᠷᠭ᠋ᠠᠨ ᠳᠤ ᠪᠦᠷᠢᠨ ᠨᠠᠢ᠌ᠲᠠᠬᠤ᠂ ᠡᠳᠦᠷ ᠵᠶ᠋ᠠᠷ ᠨᠠᠢ᠌ᠲᠠᠬᠤ ᠂ ᠡᠭᠦᠳᠡᠨ᠎ᠳᠤᠨᠢ ᠣᠴᠢᠵᠤ ᠦᠢ᠍ᠯᠡᠴᠢᠯᠡᠬᠦ᠂ ᠳᠣᠣᠷᠠᠬᠢ᠎ᠪᠠᠨ ᠵᠢᠯᠣᠭᠣᠳᠬᠤ ᠵᠡᠷᠭᠡ ᠶᠡᠷᠦᠩᠬᠡᠶ᠋ᠢᠯᠡᠭᠰᠡᠨ ᠴᠢᠳᠠᠮᠵᠢ ᠲᠠᠢ ᠨᠡᠶ᠋ᠢᠭᠡᠮ ᠲᠣᠭᠣᠷᠢᠭ᠎ᠤᠨ ᠨᠠᠰᠤᠵᠢᠯ ᠤᠨ ᠦᠢ᠍ᠯᠡᠴᠢᠯᠡᠭᠡᠨ ᠤ ᠪᠠᠶ᠋ᠢᠭᠤᠯᠤᠮᠵᠢ ᠵᠢ ᠪᠠᠶ᠋ᠢᠭᠤᠯᠵᠤ᠂ ᠨᠡᠶ᠋ᠢᠭᠡᠮ ᠲᠣᠭᠣᠷᠢᠭ᠎ᠤᠨ ᠳᠠᠪᠬᠤᠷᠭ᠎ᠠ᠎ᠳᠤ ᠵᠢᠬᠢᠷᠢᠭ ᠮᠠᠶᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ ᠤ ᠪᠠᠶ᠋ᠢᠭᠤᠯᠤᠮᠵᠢ ᠪᠤᠶᠤ ᠡᠳᠦᠷ ᠵᠶ᠋ᠠᠷ ᠬᠠᠷᠠᠭ᠋ᠠᠯᠵᠠᠬᠤ ᠲᠥᠪ ᠪᠠᠶ᠋ᠢᠭᠤᠯᠵᠤ᠂ ᠨᠠᠰᠤᠲᠠᠶ᠋ᠢᠴᠤᠳ᠎ᠤᠨ ᠪᠠᠴᠢᠮ ᠱᠠᠭ᠋ᠠᠷᠳᠠᠭᠳᠠᠵᠤ ᠪᠠᠶ᠋ᠢᠭ᠎ᠠ ᠬᠣᠭᠣᠯᠠ ᠤᠮᠳᠠ᠂ ᠡᠮᠴᠢᠯᠡᠭᠡ᠎ᠳᠤᠨᠢ ᠲᠤᠰᠠᠯᠠᠬᠤ᠂ ᠪᠠᠴᠢᠮ ᠦᠶ᠎ᠡ᠎ᠳᠤ᠎ᠨᠢ ᠲᠤᠰᠠᠯᠠᠬᠤ᠂ ᠠᠯᠬᠤᠵᠤ ᠶᠠᠪᠤᠬᠤ᠎ᠳᠤ᠎ᠨᠢ ᠲᠤᠰᠠᠯᠠᠬᠤ᠂ ᠠᠷᠢᠭᠤᠨ ᠴᠡᠪᠡᠷᠯᠡᠭᠡ ᠬᠢᠬᠦ᠎ᠳᠤ᠎ᠨᠢ ᠲᠤᠰᠠᠯᠠᠬᠤ ᠵᠡᠷᠭᠡ ᠦᠢ᠍ᠯᠡᠴᠢᠯᠡᠭᠡ ᠵᠢ ᠶᠡᠬᠡᠪᠡᠷ ᠬᠥᠭᠵᠢᠭᠦᠯᠦᠨ᠎ᠡ᠃ 2022 ᠣᠨ ᠪᠣᠯᠬᠤ᠎ᠳᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠨᠢᠭᠡᠪᠦᠷᠢ᠎ᠳᠤ ᠶᠡᠷᠦᠩᠬᠡᠶ᠋ᠢᠯᠡᠭᠰᠡᠨ ᠴᠢᠳᠠᠮᠵᠢ᠎ᠲᠠᠢ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠪᠠᠶ᠋ᠢᠭᠤᠯᠬᠤ ᠪᠠᠷ ᠴᠢᠷᠮᠠᠶ᠋ᠢᠵᠤ᠂ ᠨᠡᠶ᠋ᠢᠭᠡᠮ ᠲᠣᠭᠣᠷᠢᠭ ᠤᠨ ᠵᠢᠬᠢᠷᠢᠭ ᠮᠠᠶᠢᠭ ᠤᠨ ᠨᠠᠰᠤᠵᠢᠯ ᠤᠨ ᠦᠢ᠍ᠯᠡᠴᠢᠯᠡᠭᠡᠨ ᠤ ᠪᠠᠶ᠋ᠢᠭᠤᠯᠤᠮᠵᠢ ᠪᠤᠶᠤ ᠡᠳᠦᠷ ᠵᠶ᠋ᠠᠷ ᠬᠠᠷᠠᠭ᠋ᠠᠯᠵᠠᠬᠤ ᠲᠥᠪ ᠤᠨ ᠪᠦᠷᠬᠦᠴᠡ ᠵᠢᠨ ᠨᠣᠷᠮ᠎ᠠ ᠵᠢ 90% ᠠᠴᠠ ᠳᠡᠭᠡᠭᠰᠢ ᠪᠣᠯᠭ᠋ᠠᠨ᠎ᠠ ᠃
(ᠬᠣᠶᠠᠷ) ᠭᠡᠷ᠎ᠲᠤ᠎ᠪᠠᠨ ᠰᠠᠭᠤᠭ᠎ᠠ ᠨᠠᠰᠤᠲᠠᠶ᠋ᠢᠴᠤᠳ᠎ᠢ ᠠᠰᠠᠷᠠᠬᠤ ᠦᠢ᠍ᠯᠡᠴᠢᠯᠡᠭᠡᠨ᠎ᠢ ᠢᠳᠡᠪᠬᠢᠲᠠᠢ ᠬᠦᠭᠵᠢᠭᠦᠯᠤᠨ᠎ᠡ ᠃ ᠨᠡᠶ᠋ᠢᠭᠡᠮ ᠲᠣᠭᠣᠷᠢᠭ ᠤᠨ ᠨᠠᠰᠤᠵᠢᠯ ᠤᠨ ᠦᠢ᠍ᠯᠡᠴᠢᠯᠡᠭᠡᠨ ᠤ ᠪᠠᠶ᠋ᠢᠭᠤᠯᠤᠮᠵᠢ ᠪᠣᠯᠤᠨ ᠨᠥᠬᠥᠴᠡᠯ ᠲᠠᠢ ᠨᠠᠰᠤᠵᠢᠯ ᠤᠨ ᠠᠰᠠᠷᠠᠮᠵᠢ ᠵᠢᠨ ᠪᠠᠶ᠋ᠢᠭᠤᠯᠤᠮᠵᠢ᠎ᠨᠢ ᠭᠡᠷ᠎ᠲᠤ᠎ᠪᠠᠨ ᠰᠠᠭᠤᠭ᠎ᠠ ᠨᠠᠰᠤᠲᠠᠢ᠌ᠴᠤᠳ᠎ᠲᠤ ᠨᠠᠰᠤᠵᠢᠯ ᠤᠨ ᠠᠰᠠᠷᠠᠮᠵᠢ ᠬᠠᠩᠭ᠋ᠠᠬᠤ ᠬᠡᠷᠡᠭᠲᠡᠶ᠃ ᠲᠤᠰᠬᠠᠶ ᠮᠡᠷᠭᠡᠵᠢᠯ᠎ᠤᠨ ᠦᠢ᠍ᠯᠡᠴᠢᠯᠡᠭᠡ᠎ᠪᠠᠨ ᠭᠡᠷ ᠪᠦᠯᠢ ᠬᠦᠷᠲᠡᠯ᠎ᠡ ᠦᠷᠭᠦᠯᠵᠢᠯᠡᠭᠦᠯᠵᠦ᠂ ᠬᠡᠷ᠎ᠲᠡᠭᠡᠨ ᠰᠠᠭᠤᠭ᠎ᠠ ᠨᠠᠰᠤᠲᠠᠶ᠋ᠢᠴᠤᠳ᠎ᠲᠤ ᠠᠮᠢᠳᠤᠷᠠᠯ᠎ᠤᠨ ᠬᠠᠷᠠᠭ᠋ᠠᠯᠵᠠᠯ᠂ ᠬᠡᠷ᠎ᠤᠨ ᠶᠠᠪᠤᠳᠠᠯ᠎ᠤᠨ ᠬᠠᠷᠠᠭ᠋ᠠᠯᠵᠠᠯ ᠂ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ ᠵᠡᠷᠭᠡ ᠬᠡᠷ ᠪᠦᠯᠢ ᠵᠢᠨ ᠦᠢ᠍ᠯᠡᠴᠢᠯᠡᠭᠡ ᠬᠠᠩᠭ᠋ᠠᠵᠤ᠂ ᠭᠡᠷ᠎ᠲᠡᠭᠡᠨ ᠰᠠᠭᠤᠵᠤ ᠪᠠᠶ᠋ᠢᠭ᠎ᠠ ᠨᠠᠰᠤᠲᠠᠶ᠋ᠢᠴᠤᠳ᠎ᠢ ᠠᠰᠠᠷᠠᠬᠤ ᠠᠵᠢᠯ᠎ᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠤᠨ ᠲᠡᠭᠦᠯᠳᠡᠷᠵᠢᠭᠦᠯᠤᠨ᠎ᠡ᠃ ᠨᠠᠰᠤᠵᠢᠯ᠎ᠤᠨ ᠦᠢ᠍ᠯᠡᠴᠢᠯᠡᠭᠡᠨ᠎ᠤ ᠵᠥᠪᠯᠡᠭᠴᠢ ᠵᠢᠨ ᠲᠦᠷᠢᠮ᠎ᠢ ᠪᠠᠶ᠋ᠢᠭᠤᠯᠵᠤ᠂ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠨ᠎ᠠ᠃ ᠬᠡᠷ᠎ᠲᠡᠭᠡᠨ ᠰᠠᠭᠤᠭ᠎ᠠ ᠨᠠᠰᠤᠲᠠᠢ᠌ᠴᠤᠳ᠎ᠢ ᠡᠷᠬᠢᠨ ᠦᠵᠡᠵᠤ ᠪᠣᠯᠭᠤᠭ᠋ᠠᠬᠤ ᠲᠦᠷᠢᠮ᠎ᠢ ᠪᠦᠷᠢᠨ ᠳᠣᠭᠲᠠᠭ᠋ᠠᠵᠤ᠂ ᠵᠠᠰᠠᠭ᠎ᠤᠨ ᠣᠷᠳᠣᠨ᠎ᠤ ᠦᠢ᠍ᠯᠡᠴᠢᠡᠯᠭᠡ ᠵᠢ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠨ᠂ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ᠎ᠬᠢᠨ ᠭᠠᠨᠢ ᠨᠠᠰᠤᠲᠠᠨ᠂ ᠬᠣᠭᠣᠰᠣᠨ ᠭᠡᠷ᠎ᠲᠤ᠎ᠪᠠᠨ ᠬᠣᠴᠤᠷᠤᠭᠰᠠᠨ ᠨᠠᠰᠤᠲᠠᠨ᠂ ᠠᠮᠢᠳᠤᠷᠠᠬᠤ ᠴᠢᠳᠠᠪᠤᠷᠢ᠎ᠪᠠᠨ ᠠᠯᠳᠠᠭᠰᠠᠨ ᠨᠠᠰᠤᠲᠠᠨ᠂ ᠲᠦᠯᠣᠪᠯᠡᠭᠡ᠎ᠲᠤ ᠦᠷᠡᠵᠢᠯ᠎ᠤᠨ ᠣᠨᠴᠠᠭ᠋ᠠᠶ ᠬᠡᠷ ᠪᠦᠯᠢ ᠵᠡᠷᠭᠡ ᠣᠨᠴᠠ ᠬᠦᠴᠢᠷᠳᠡᠯ᠎ᠲᠠᠢ ᠨᠠᠰᠤᠲᠠᠶ᠋ᠢᠴᠤᠳ᠎ᠲᠤ ᠠᠩᠬᠠᠷᠤᠯ ᠵᠶ᠋ᠠᠨ ᠬᠠᠨᠳᠤᠭᠤᠯᠤᠨ᠂ ᠡᠷᠬᠢᠨ ᠦᠵᠡᠵᠤ ᠪᠣᠯᠭᠤᠭ᠋ᠠᠬᠤ ᠪᠠ ᠬᠠᠪᠰᠤᠷᠤᠨ ᠲᠡᠳᠬᠦᠬᠦ ᠦᠢ᠍ᠯᠡᠴᠢᠯᠡᠬᠦ ᠵᠢ ᠳᠡᠮᠵᠢᠨ ᠵᠢᠯᠣᠭᠣᠳᠤᠨ᠎ᠠ᠃ 2022 ᠣᠨ ᠪᠣᠯᠬᠤ᠎ᠳᠤ ᠣᠨᠴᠠ ᠬᠦᠴᠢᠷᠳᠡᠯ᠎ᠲᠠᠢ ᠨᠠᠰᠤᠲᠠᠶ᠋ᠢᠴᠤᠳ᠎ᠤᠨ ᠰᠠᠷ᠎ᠠ ᠵᠢᠨ ᠡᠷᠭᠢᠵᠦ ᠦᠵᠡᠵᠤ ᠪᠣᠯᠭᠤᠭ᠋ᠠᠬᠤ ᠨᠣᠷᠮ᠎ᠠ ᠵᠢ 100%᠎ᠳᠤ ᠬᠦᠷᠭᠡᠨ᠎ᠡ᠃ ᠨᠠᠰᠤᠲᠠᠶ᠋ᠢᠴᠤᠳ᠎ᠤᠨ ᠭᠡᠷ ᠪᠦᠯᠢ ᠵᠢᠨ ᠨᠠᠰᠤᠵᠢᠯ᠎ᠤᠨ ᠦᠢ᠍ᠯᠡᠴᠢᠯᠡᠭᠡᠨ᠎ᠳᠤ ᠲᠣᠬᠢᠷᠠᠬᠤ ᠥᠭᠡᠷᠡᠴᠢᠯᠡᠯᠲᠡ ᠵᠢ ᠬᠡᠷᠡᠭᠵᠢᠭᠦᠯᠤᠨ᠂ 《ᠭᠡᠷ ᠪᠦᠯᠢ ᠵᠢᠨ ᠠᠰᠠᠷᠠᠨ ᠰᠤᠪᠢᠯᠠᠬᠤ ᠣᠷᠣ》 ᠭᠠᠷᠭ᠋ᠠᠬᠤ ᠵᠢ ᠬᠠᠢ᠌ᠨ ᠰᠦᠪᠡᠭᠴᠢᠯᠡᠨ᠎ᠠ᠃
(ᠭᠤᠷᠪᠠ) ᠳᠠᠭ᠋ᠠᠭ᠋ᠠᠨ ᠠᠪᠬᠤ ᠭᠣᠣᠯ ᠴᠣᠭᠴᠠ ᠵᠢ ᠶᠡᠬᠡ᠎ᠪᠠᠷ ᠪᠣᠢ ᠪᠣᠯᠭ᠋ᠠᠨ᠎ᠠ᠃ ᠨᠡᠶ᠋ᠢᠭᠡᠮ᠎ᠤᠨ ᠬᠦᠴᠦᠨ᠎ᠢ ᠢᠳᠡᠪᠬᠢᠲᠡᠢ ᠳᠠᠢ᠌ᠴᠢᠯᠠᠨ ᠨᠡᠶ᠋ᠢᠭᠡᠮ ᠲᠣᠭᠣᠷᠢᠭ᠎ᠤᠨ ᠭᠡᠷ᠎ᠲᠤ᠎ᠪᠠᠨ ᠰᠠᠭᠤᠭ᠎ᠠ ᠨᠠᠰᠤᠲᠠᠶ᠋ᠢᠴᠤᠳ᠎ᠢ ᠠᠰᠠᠷᠠᠬᠤ ᠦᠢ᠍ᠯᠡᠴᠢᠯᠡᠭᠡᠨ᠎ᠳᠤ ᠥᠷᠭᠡᠨ ᠵᠶ᠋ᠡᠷ ᠣᠷᠣᠯᠴᠠᠭᠤᠯᠵᠤ᠂ ᠳᠤᠰᠬᠠᠢ᠌ᠴᠢᠯᠠᠭᠰᠠᠨ᠂ ᠬᠡᠯᠬᠢᠶᠡᠵᠢᠭᠰᠡᠨ᠂ ᠨᠡᠷ᠎ᠡ ᠲᠦᠷᠤ᠎ᠲᠠᠢ ᠨᠢᠭᠡ ᠪᠦᠯᠦᠭ ᠨᠡᠶ᠋ᠢᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠲᠡᠳᠬᠦᠨ ᠪᠣᠶ᠋ᠢᠵᠢᠭᠤᠯᠵᠤ᠂ ᠵᠦᠶ ᠵᠣᠬᠢᠰᠲᠠᠶ ᠠᠴᠢ ᠬᠠᠷᠢᠭᠤ ᠣᠯᠬᠤ ᠪᠠ ᠦᠷᠭᠦᠯᠵᠢᠯᠡᠨ ᠬᠥᠭᠵᠢᠬᠦ ᠵᠢ᠎ᠨᠢ ᠳᠡᠮᠵᠢᠬᠦ ᠬᠡᠷᠡᠭᠲᠡᠶ᠃ ᠨᠡᠶ᠋ᠢᠭᠡᠮ᠎ᠤᠨ ᠬᠦᠴᠦᠨ᠎ᠤ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠴᠤ ᠳᠤᠰᠬᠤ ᠵᠢ ᠵᠣᠷᠢᠭᠵᠢᠭᠤᠯᠤᠨ ᠵᠢᠯᠣᠭᠣᠳᠤᠨ᠎ᠠ᠃ ᠨᠥᠬᠥᠴᠡᠯ᠎ᠲᠠᠢ ᠭᠠᠵᠠᠷ ᠣᠷᠣᠨ᠎ᠨᠢ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠳᠠᠮᠵᠢᠨ᠂ ᠣᠨᠴᠠ ᠬᠦᠴᠢᠷᠳᠡᠯᠲᠡᠶ ᠨᠠᠰᠤᠲᠠᠶ᠋ᠢᠴᠤᠳ᠎ᠢ ᠭᠡᠷ᠎ᠲᠤ᠎ᠨᠢ ᠠᠰᠠᠷᠠᠬᠤ ᠦᠢ᠍ᠯᠡᠴᠢᠯᠡᠭᠡᠨ᠎ᠢ ᠥᠷᠨᠢᠭᠦᠯᠵᠦ ᠪᠣᠯᠤᠨ᠎ᠠ᠃ ᠡᠳ᠋᠎ᠤᠨ ᠵᠠᠰᠠᠭ᠎ᠤᠨ ᠶᠠᠮᠤᠨ᠂ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠡᠷᠭᠡ 6 ᠰᠠᠯᠠᠭ᠎ᠠ ᠮᠥᠴᠢᠷ ᠤᠨ 〈〈ᠨᠠᠰᠤᠵᠢᠯ᠎ᠤᠨ ᠠᠰᠠᠷᠠᠮᠵᠢ᠂ ᠨᠠᠶ᠋ᠢᠳᠠᠨ ᠬᠥᠮᠦᠵᠢᠭᠦᠯᠬᠦ᠂ ᠭᠡᠷ᠎ᠤᠨ ᠶᠠᠪᠤᠳᠠᠯ ᠵᠡᠷᠭᠡ ᠨᠡᠶ᠋ᠢᠭᠡᠮ ᠲᠣᠭᠣᠷᠢᠭ᠎ᠤᠨ ᠭᠡᠷ ᠪᠦᠯᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠭᠠᠶ᠋ᠢᠯᠢ ᠰᠦᠢ᠍ᠳᠬᠡᠯ᠎ᠤᠨ ᠬᠠᠷᠠᠭ᠋ᠠᠯᠵᠠᠯ᠎ᠤᠨ ᠲᠤᠬᠠᠶ ᠠᠯᠪᠠᠨ ᠵᠠᠷ〉〉᠎ᠢ ᠪᠣᠳᠠᠲᠠᠢ᠌ᠵᠢᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠭᠠᠶ᠋ᠢᠯᠢ ᠰᠦᠢ᠍ᠳᠬᠡᠯ ᠢ ᠦᠨᠡᠨ ᠬᠦ᠌ ᠪᠠᠭᠤᠷᠠᠭᠤᠯᠤᠨ᠎ᠠ᠃ ᠡᠯ᠎ᠡ ᠭᠠᠵᠠᠷ᠎ᠤᠨ᠎ᠬᠢᠨ᠎ᠤ ᠨᠠᠰᠤᠵᠢᠯ᠎ᠤᠨ ᠦᠢ᠍ᠯᠡᠴᠢᠯᠡᠭᠡᠨ᠎ᠤ 《ᠬᠤᠭᠤᠴᠠᠭ᠋ᠠᠲᠤ ᠪᠠᠩᠬᠢ》 ᠵᠢ ᠬᠠᠢ᠌ᠨ ᠰᠦᠪᠡᠭᠴᠢᠯᠡᠵᠤ ᠪᠠᠶ᠋ᠢᠭᠤᠯᠬᠤ ᠵᠢ ᠵᠣᠷᠢᠭᠵᠢᠭᠤᠯᠤᠨ᠂ ᠨᠠᠩ ᠣᠯᠠᠨ ᠰᠠᠶ᠋ᠢᠨ ᠲᠤᠷᠠᠴᠤᠳ᠎ᠤᠨ ᠨᠠᠰᠤᠲᠠᠶ᠋ᠢᠴᠤᠳ᠎ᠲᠤ ᠦᠢ᠍ᠯᠡᠴᠢᠯᠡᠬᠦ ᠠᠵᠢᠯ ᠳᠤ ᠣᠷᠣᠯᠴᠠᠬᠤ ᠵᠢ ᠬᠥᠲᠥᠯᠥᠨ ᠵᠢᠯᠣᠭᠣᠳᠤᠨ᠎ᠠ᠃
ᠬᠣᠶᠠᠷ᠂ ᠪᠠᠶ᠋ᠢᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠳᠡᠭᠡᠭᠰᠢᠯᠡᠭᠦᠯᠦᠨ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠠᠬᠢᠭᠤᠯᠤᠨ᠎ᠠ
(ᠳᠥᠷᠪᠡ) ᠠᠯᠪᠠᠨ᠎ᠠᠴᠠ ᠡᠷᠭᠢᠯᠡᠭᠰᠡᠨ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠤᠨᠡ ᠃ ᠨᠡᠶ᠋ᠢᠭᠡᠮ ᠤᠨ ᠠᠰᠠᠷᠠᠮᠵᠢ ᠵᠢᠨ ᠬᠦᠷᠢᠶᠡᠯᠡᠩ᠂ ᠨᠠᠰᠤᠲᠠᠳ᠎ᠢ ᠠᠰᠠᠷᠠᠬᠤ ᠬᠦᠷᠢᠶᠡᠯᠡᠩ᠂ ᠨᠠᠰᠤᠲᠠᠳ᠎ᠤᠨ ᠬᠦᠷᠢᠶᠡᠯᠡᠩ᠎ᠨᠢ ᠠᠯᠪᠠᠨ᠎ᠠᠴᠠ ᠡᠷᠬᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠦᠨᠳᠦᠰᠦᠨ ᠵᠦᠢ᠍ᠯ᠎ᠢ ᠪᠠᠲᠤᠯᠠᠬᠤ ᠦᠢ᠍ᠯᠡᠳᠤᠯ᠎ᠢ ᠭᠦᠢ᠍ᠴᠡᠳ ᠪᠠᠳᠠᠷᠠᠭᠤᠯᠵᠤ᠂ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠰᠤᠪᠢᠯᠠᠯᠲᠠ ᠣᠷᠣ ᠵᠢᠨ ᠡᠵᠡᠯᠡᠬᠦ ᠬᠠᠷᠢᠴᠠᠯ᠎ᠢ ᠨᠡᠮᠡᠭᠳᠡᠭᠦᠯᠤᠨ᠂ ᠣᠳᠣᠬᠠᠨ᠎ᠤ ᠪᠠ ᠬᠣᠵᠢᠮ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠣᠨᠴᠠ ᠬᠦᠴᠢᠷᠳᠡᠯᠲᠡᠶ ᠬᠥᠮᠦᠰ᠎ᠢ ᠲᠥᠪᠯᠡᠷᠡᠭᠦᠯᠦᠨ ᠠᠰᠠᠷᠠᠨ ᠬᠠᠷᠠᠭ᠋ᠠᠯᠵᠠᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠭᠰᠠᠨ ᠤᠷᠢᠲᠠᠯ ᠳᠣᠣᠷ᠎ᠠ᠂ ᠠᠵᠤ ᠠᠬᠤᠶ ᠵᠢᠨ ᠬᠦᠴᠢᠷᠳᠡᠯ᠎ᠲᠠᠢ ᠠᠮᠢᠳᠤᠷᠠᠬᠤ ᠴᠢᠳᠠᠪᠤᠷᠢ᠂ ᠣᠶᠤᠨ ᠤᠬᠠᠭ᠋ᠠᠨ ᠵᠶ᠋ᠠᠨ ᠠᠯᠳᠠᠭᠰᠠᠨ ᠨᠠᠰᠤᠲᠠᠶ᠋ᠢᠴᠤᠳ᠂ ᠲᠦᠯᠣᠪᠯᠡᠭᠡ᠎ᠲᠤ ᠦᠷᠡᠵᠢᠯ᠎ᠤᠨ ᠣᠨᠴᠠᠭ᠋ᠠᠢ ᠭᠡᠷ ᠪᠦᠯᠢ ᠵᠢᠨ ᠨᠠᠰᠤᠲᠠᠶ᠋ᠢᠴᠤᠳ᠎ᠲᠤ ᠲᠥᠯᠥᠪᠦᠷᠢ ᠥᠬᠡᠶ ᠪᠤᠶᠤ ᠲᠥᠯᠥᠪᠦᠷᠢ ᠪᠠᠭ᠎ᠠ ᠨᠠᠶ᠋ᠢᠳᠠᠨ ᠠᠰᠠᠷᠠᠭᠤᠯᠬᠤ ᠦᠢ᠍ᠯᠡᠴᠢᠯᠡᠭᠡᠨ᠎ᠢ ᠭᠣᠣᠯᠳᠠᠯᠭ᠎ᠠ᠎ᠲᠠᠢ ᠬᠠᠩᠭ᠋ᠠᠨ᠎ᠠ᠃ ᠠᠯᠪᠠᠨ᠎ᠠᠴᠠ ᠡᠷᠬᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠨᠡᠢ᠍ᠢ᠍ᠲᠡ ᠵᠢᠨ ᠠᠰᠠᠷᠠᠮᠵᠢ ᠵᠢᠨ ᠰᠢᠨᠵᠢ ᠴᠢᠨᠠᠷ᠎ᠢ ᠪᠠᠷᠢᠮᠲᠠᠯᠠᠵᠤ᠂ ᠬᠣᠭᠣᠰᠣᠨ ᠣᠷᠣ ᠵᠢ ᠨᠡᠶ᠋ᠢᠭᠡᠮ᠎ᠳᠤ ᠴᠢᠯᠥᠭᠡᠲᠡᠶ ᠲᠠᠯᠪᠢᠵᠤ᠂ ᠰᠦᠢ᠍ᠳᠬᠡᠯ ᠬᠤᠷᠢᠶᠠᠬᠤ ᠵᠢ ᠵᠢᠯᠣᠭᠣᠳᠬᠤ ᠲᠥᠷᠥ ᠵᠢᠨ ᠪᠣᠳᠤᠯᠭ᠎ᠠ ᠵᠢ ᠰᠤᠳᠤᠯᠤᠨ ᠲᠣᠭᠲᠠᠭ᠋ᠠᠵᠤ᠂ ᠠᠯᠪᠠᠨ᠎ᠠᠴᠠ ᠡᠷᠬᠢᠯᠡᠭᠰᠡᠨ ᠨᠠᠰᠤᠵᠢᠯ᠎ᠤᠨ ᠪᠠᠶ᠋ᠢᠭᠤᠯᠤᠮᠵᠢ ᠵᠢᠨ ᠠᠰᠢᠭ ᠣᠯᠵᠠᠪᠤᠷᠢ ᠵᠢ ᠦᠨᠳᠤᠰᠤᠨ ᠵᠦᠢ᠍ᠯ ᠤᠨ ᠪᠠᠲᠤᠯᠠᠭ᠋ᠠᠨ᠎ᠤ ᠡᠲᠡᠭᠡᠳ᠎ᠤᠨ ᠨᠠᠰᠤᠵᠢᠯ᠎ᠤᠨ ᠦᠢ᠍ᠯᠡᠴᠢᠯᠡᠭᠡᠨ᠎ᠢ ᠳᠡᠮᠵᠢᠬᠦ᠎ᠳᠤ ᠬᠡᠷᠡᠭᠯᠡᠨ᠎ᠡ᠃ 〈〈ᠨᠢᠭᠡ ᠬᠦᠷᠢᠶᠡᠯᠡᠩ᠎ᠳᠤ ᠬᠣᠶᠠᠷ ᠵᠦᠢ᠍ᠯ᠎ᠤᠨ ᠳᠦᠷᠢᠮ᠎ᠢ ᠬᠡᠷᠡᠭᠵᠢᠭᠦᠯᠬᠦ〉〉᠎ᠪᠠᠷ ᠳᠠᠮᠵᠢᠨ᠂ ᠨᠡᠶ᠋ᠢᠭᠡᠮ᠎ᠤᠨ ᠬᠦᠴᠦᠨ᠎ᠳᠤ ᠨᠠᠶ᠋ᠢᠳᠠᠵᠤ ᠠᠯᠪᠠᠨ᠎ᠠᠴᠠ ᠡᠷᠬᠢᠯᠡᠭᠰᠡᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠡᠵᠡᠩᠨᠡᠬᠦ ᠵᠡᠷᠭᠡ ᠠᠷᠭ᠎ᠠ ᠮᠠᠶᠢᠭ ᠵᠶ᠋ᠠᠷ ᠠᠯᠪᠠᠨ᠎ᠠᠴᠠ ᠪᠠᠶ᠋ᠢᠭᠤᠯᠵᠤ ᠠᠷᠠᠳ᠎ᠠᠴᠠ ᠡᠵᠡᠩᠨᠡᠬᠦ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠤ᠂ ᠡᠵᠡᠩᠨᠡᠯᠲᠡ ᠵᠢᠨ ᠲᠠᠯ᠎ᠠ᠎ᠨᠢ ᠲᠣᠭᠲᠠᠮᠠᠯ ᠬᠤᠭᠤᠴᠠᠭ᠎ᠠ᠎ᠪᠠᠷ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠪᠠᠶ᠋ᠢᠭᠤᠯᠤᠮᠵᠢ ᠵᠢᠨ ᠵᠶ᠋ᠠᠨ ᠡᠳ᠋ ᠬᠥᠷᠥᠩᠭᠡ ᠂ ᠡᠵᠡᠩᠨᠡᠯᠲᠡ ᠵᠢᠨ ᠪᠠᠶ᠋ᠢᠳᠠᠯ ᠵᠶ᠋ᠠᠨ ᠮᠡᠳᠡᠭᠦᠯᠵᠦ᠂ ᠬᠦᠨᠳᠤ ᠰᠦᠷᠡᠬᠡᠢ ᠡᠨᠳᠡᠯ ᠭᠡᠨᠡᠳᠡᠯ ᠡᠭᠦᠰᠦᠭᠰᠡᠨ ᠪᠠᠶ᠋ᠢᠳᠠᠯ᠎ᠢ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃
(ᠲᠠᠪᠤ) ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠢ ᠪᠦᠲᠦᠮᠵᠢᠲᠡᠶ ᠥᠷᠭᠡᠳᠬᠡᠨ᠎ᠡ᠃ 2020 ᠣᠨ᠎ᠠᠴᠠ ᠡᠬᠢᠯᠡᠨ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡᠨ᠎ᠤ ᠳᠦᠬᠦᠭᠡᠷᠤᠮᠵᠢ (ᠨᠠᠰᠤᠲᠠᠢ᠌ᠴᠤᠳ᠎ᠤᠨ ᠬᠦᠷᠢᠶᠡᠯᠡᠩ) ᠵᠢ ᠥᠭᠡᠷᠡᠴᠢᠯᠡᠨ ᠰᠠᠢ᠌ᠵᠢᠷᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠪᠥᠬᠥ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠬᠦᠷᠢᠶᠡᠯᠡᠩ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠶ᠋ᠢᠭᠤᠯᠤᠯᠲᠠ ᠵᠢᠨ ᠲᠤᠰᠬᠠᠶ ᠠᠵᠢᠯᠯᠠᠭ᠎ᠠ ᠪᠠᠷ ᠵᠢᠭᠰᠠᠭ᠋ᠠᠨ ᠪᠠᠶ᠋ᠢᠴᠠᠭ᠋ᠠᠵᠤ ᠭᠠᠷᠭ᠋ᠠᠭᠰᠠᠨ ᠣᠨᠴᠠ ᠬᠦᠴᠢᠷᠳᠡᠯ᠎ᠲᠠᠢ ᠬᠥᠮᠦᠰ᠎ᠢ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡᠨ᠎ᠤ ᠳᠦᠬᠦᠭᠡᠷᠤᠮᠵᠢ (ᠨᠠᠰᠤᠲᠠᠢ᠌ᠴᠤᠳ᠎ᠤᠨ ᠬᠦᠷᠢᠶᠡᠯᠡᠩ) ᠵᠢᠨ ᠬᠦᠨᠳᠦ ᠭᠡᠴᠡᠭᠦᠤ ᠠᠮᠤᠷ ᠲᠦᠪᠰᠢᠨ᠎ᠤ ᠬᠡᠮ ᠰᠣᠭᠣᠭ᠎ᠢ 2020 ᠣᠨ᠎ᠤ ᠰᠡᠭᠦᠯᠴᠢ᠎ᠠᠴᠠ ᠡᠮᠦᠨ᠎ᠡ ᠪᠦᠬᠦᠨ᠎ᠢ ᠴᠡᠭᠴᠡᠯᠡᠨ ᠰᠠᠶ᠋ᠢᠵᠢᠷᠠᠭᠤᠯᠬᠤ ᠵᠢ ᠪᠠᠲᠤᠯᠠᠨ᠎ᠠ᠃ ᠭᠠᠯ᠎ᠤᠨ ᠠᠶᠤᠯ᠎ᠤᠨ ᠠᠦᠢ᠍ᠲ᠋ᠤ᠋ ᠰᠡᠷᠡᠮᠵᠢ ᠵᠢᠨ ᠳᠣᠬᠢᠶᠠᠨ᠎ᠤ ᠳᠦᠬᠦᠭᠡᠷᠤᠮᠵᠢ ᠪᠠ ᠠᠤᠢ᠍ᠲ᠋ᠤ᠋ ᠭᠠᠯ ᠤᠨᠲᠠᠷᠠᠭ᠋ᠠᠬᠤ ᠳᠦᠬᠦᠭᠡᠷᠤᠮᠵᠢ ᠵᠢ ᠤᠭᠰᠠᠷᠠᠭᠰᠠᠨ ᠦᠭᠡᠢ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠵᠢᠯᠣᠭᠣᠳᠤᠨ᠂ ᠤᠲᠤᠭ᠋ᠠᠨ᠎ᠤ ᠰᠡᠷᠡᠮᠵᠢᠯᠡᠭᠦᠷ ᠪᠠ ᠳᠦᠬᠦᠮ ᠭᠠᠯ ᠤᠨᠲᠠᠭ᠋ᠠᠭᠤᠷᠢ ᠳᠤᠰᠠᠭ᠋ᠠᠷ ᠤᠭᠰᠠᠷᠠᠭᠤᠯᠵᠤ ᠦᠭᠭᠦᠨ᠎ᠡ᠃ ᠬᠠᠰᠤᠵᠤ ᠨᠡᠶ᠋ᠢᠯᠡᠭᠦᠯᠬᠦ ᠵᠢ ᠦᠷᠭᠦᠯᠵᠢᠯᠡᠨ ᠠᠬᠢᠭᠤᠯᠵᠤ᠂ ᠬᠠᠷᠠᠭ᠋ᠠᠯᠵᠠᠨ ᠠᠰᠠᠷᠠᠬᠤ ᠬᠡᠯᠪᠡᠷᠢ ᠵᠢᠨ ᠣᠷᠣ ᠵᠢ ᠦᠭᠡᠷᠡᠴᠢᠯᠡᠨ ᠲᠠᠰ ᠳᠡᠪᠰᠢᠭᠦᠯᠵᠦ᠂ ᠴᠢᠳᠠᠪᠤᠷᠢ᠎ᠪᠠᠨ ᠠᠯᠳᠠᠭᠰᠠᠨ (ᠣᠶᠤᠨ ᠤᠬᠠᠭ᠋ᠠᠨ ᠵᠶ᠋ᠠᠨ ᠠᠯᠳᠠᠭᠰᠠᠨ) ᠨᠠᠰᠤᠲᠠᠢ᠌ᠴᠤᠳ ᠢ ᠬᠠᠷᠠᠭ᠋ᠠᠯᠵᠠᠨ ᠠᠰᠠᠷᠠᠬᠤ ᠣᠷᠣᠴᠠ ᠨᠢᠬᠡᠴᠢ ᠵᠢ ᠨᠡᠭᠡᠭᠡᠨ᠎ᠡ᠃ 2022 ᠣᠨ᠎ᠤ ᠡᠴᠦᠰ ᠪᠣᠯᠲᠠᠯ᠎ᠠ ᠬᠣᠰᠢᠭᠤ ᠰᠢᠶᠠᠨ (ᠬᠣᠲᠠ᠂ ᠲᠣᠭᠣᠷᠢᠭ) ᠨᠢᠭᠡᠪᠦᠷᠢ᠎ᠳᠤ ᠳᠤᠰᠬᠠᠢ᠌ᠯᠠᠨ ᠴᠢᠳᠠᠪᠤᠷᠢ᠎ᠪᠠᠨ ᠠᠯᠳᠠᠭᠰᠠᠨ (ᠣᠶᠤᠨ ᠤᠬᠠᠭ᠋ᠠᠨ ᠵᠶ᠋ᠠᠨ ᠠᠯᠳᠠᠭᠰᠠᠨ) ᠣᠨᠴᠠ ᠬᠦᠴᠢᠷᠳᠡᠯᠲᠡᠶ ᠬᠥᠮᠦᠰ᠎ᠢ ᠬᠠᠷᠠᠭ᠋ᠠᠯᠵᠠᠨ ᠠᠰᠠᠷᠠᠬᠤ᠎ᠪᠠᠷ ᠭᠣᠣᠯ ᠪᠣᠯᠭ᠋ᠠᠭᠰᠠᠨ ᠬᠣᠰᠢᠭᠤ ᠰᠢᠶᠠᠨ᠎ᠤ ᠱᠠᠲᠤᠨ᠎ᠤ ᠦᠢ᠍ᠯᠡᠴᠢᠯᠡᠭᠡᠨ᠎ᠤ ᠪᠠᠶ᠋ᠢᠭᠤᠯᠤᠮᠵᠢ (ᠨᠠᠰᠤᠲᠠᠢ᠌ᠴᠤᠳ᠎ᠤᠨ ᠬᠦᠷᠢᠶᠡᠯᠡᠩ) ᠵᠢ ᠶᠠᠳᠠᠬᠤᠳᠤᠪᠠᠨ ᠨᠢᠭᠡ ᠵᠢ ᠪᠠᠢ᠌ᠭᠤᠯᠤᠨ᠎ᠠ᠃ ᠨᠥᠬᠥᠴᠡᠯ᠎ᠳᠤ ᠨᠡᠢ᠌ᠴᠡᠭᠰᠠᠨ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡᠨ᠎ᠤ ᠳᠦᠬᠦᠭᠡᠷᠤᠮᠵᠢ᠎ᠲᠠᠢ ᠦᠢ᠍ᠯᠡᠴᠢᠯᠡᠭᠡᠨ᠎ᠤ ᠪᠠᠢ᠌ᠭᠤᠯᠤᠮᠵᠢ (ᠨᠠᠰᠤᠲᠠᠢ᠌ᠴᠤᠳ᠎ᠤᠨ ᠬᠦᠷᠢᠶᠡᠯᠡᠩ)᠎ᠳᠤ ᠡᠳᠦᠷ᠎ᠤᠨ ᠨᠠᠶ᠋ᠢᠳᠠᠯᠭ᠎ᠠ᠂ ᠡᠭᠦᠳᠡᠨ᠎ᠳᠤᠨᠢ ᠣᠴᠢᠵᠤ ᠦᠢ᠍ᠯᠡᠴᠢᠯᠡᠬᠦ ᠲᠦᠷᠣᠯ ᠵᠦᠢ᠍ᠯ᠎ᠢ ᠨᠠᠮᠡᠭᠳᠡᠭᠦᠯᠤᠨᠡ᠃ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠴᠢᠬᠤᠯᠠ ᠠᠭᠤᠯᠭ᠎ᠠ ᠪᠣᠯᠭ᠋ᠠᠵᠤ᠂ ᠲᠤᠬᠠᠶ ᠵᠢᠨ ᠭᠠᠵᠠᠷ ᠣᠷᠣᠨ᠎ᠤ᠎ᠪᠠᠨ ᠪᠠᠶ᠋ᠢᠳᠠᠯ᠎ᠳᠤᠨᠢ ᠲᠤᠬᠢᠷᠠᠭᠤᠯᠤᠨ ᠬᠥᠳᠡᠭᠡ ᠲᠣᠰᠬᠣᠨ᠎ᠤ ᠬᠠᠷᠢᠯᠴᠠᠨ ᠬᠠᠪᠰᠤᠷᠤᠯᠴᠠᠬᠤ ᠵᠣᠯ ᠵᠢᠷᠭ᠋ᠠᠯ᠎ᠤᠨ ᠬᠦᠷᠢᠶᠡᠯᠡᠩ ᠪᠣᠯᠤᠨ ᠮᠠᠯᠵᠢᠬᠤ ᠣᠷᠣᠨ᠎ᠤ ᠨᠠᠰᠤᠲᠠᠶ᠋ᠢᠴᠤᠳ᠎ᠤᠨ ᠨᠡᠢ᠍ᠢ᠍ᠲᠡ ᠵᠢᠨ ᠪᠠᠶ᠋ᠢᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ ᠦᠷᠭᠦᠯᠵᠢᠯᠡᠨ ᠬᠥᠭᠵᠢᠬᠦ ᠵᠢ ᠪᠡᠶᠡᠯᠡᠭᠦᠯᠦᠨ᠎ᠡ᠃
(ᠵᠢᠷᠭᠤᠭ᠎ᠠ) ᠠᠷᠠᠳ᠎ᠠᠴᠠ ᠡᠷᠭᠢᠯᠡᠭᠰᠡᠨ ᠨᠠᠰᠤᠵᠢᠯ᠎ᠤᠨ ᠪᠠᠶ᠋ᠢᠭᠤᠯᠤᠮᠵᠢ ᠵᠢᠨ ᠬᠥᠭᠵᠢᠯᠲᠡ ᠵᠢ ᠳᠡᠮᠵᠢᠨ᠎ᠡ᠃ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠠᠬᠤᠶ᠋ᠢᠯᠠᠯ᠎ᠤᠨ ᠬᠠᠤᠯᠢ ᠶᠣᠰᠣᠭ᠋ᠠᠷ ᠰᠠᠯᠪᠤᠷᠢ ᠪᠠᠶ᠋ᠢᠭᠤᠯᠤᠮᠵᠢ ᠪᠠᠶ᠋ᠢᠭᠤᠯᠬᠤ ᠵᠢ ᠳᠠᠮᠵᠢᠨ᠎ᠠ᠃ ᠠᠰᠢᠭ ᠬᠣᠨᠵᠢᠪᠣᠷᠢ ᠵᠢᠨ ᠪᠤᠰᠤ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ᠎ᠨᠢ ᠳᠠᠩᠰᠠᠯᠠᠨ ᠬᠠᠮᠢᠶᠠᠷᠴᠤ ᠪᠦᠬᠦᠢ ᠪᠠᠶ᠋ᠢᠭᠤᠯᠭ᠎ᠠ ᠵᠢᠨ ᠵᠶ᠋ᠠᠨ ᠬᠠᠷᠢᠶᠠᠨ ᠳᠣᠲᠣᠷ᠎ᠠ ᠬᠠᠤᠯᠢ ᠵᠢᠨ ᠬᠥᠮᠦᠨ᠎ᠤ ᠬᠢᠷᠢ ᠬᠡᠮ ᠪᠦᠷᠢᠳᠤᠭᠡ ᠥᠬᠡᠶ ᠣᠯᠠᠨ ᠦᠢ᠍ᠯᠡᠴᠢᠯᠡᠭᠡᠨ᠎ᠤ ᠲᠣᠣᠷ ᠴᠡᠭ᠎ᠢ ᠪᠠᠶ᠋ᠢᠭᠤᠯᠵᠤ ᠪᠣᠯᠤᠨ᠎ᠠ᠃ ᠤᠯᠤᠰ᠎ᠤᠨ 〈〈ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠵᠡᠷᠭᠡ ᠳᠡᠰ᠎ᠢ ᠬᠤᠪᠢᠶᠠᠷᠢᠯᠠᠬᠤ ᠪᠠ ᠦᠨᠡᠯᠡᠨ ᠲᠣᠭᠲᠠᠭ᠋ᠠᠬᠤ〉〉 ᠪᠠᠷᠢᠮᠵᠢᠶ᠎ᠠ ᠵᠢ ᠦᠨᠳᠦᠰᠦᠯᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠵᠡᠷᠭᠡ ᠳᠡᠰ᠎ᠢ ᠦᠨᠡᠯᠡᠨ ᠲᠣᠭᠲᠠᠭ᠋ᠠᠬᠤ ᠠᠷᠭ᠎ᠠ》 ᠵᠢ ᠲᠣᠭᠲᠠᠭ᠋ᠠᠵᠤ᠂ ᠦᠨᠡᠯᠡᠨ ᠲᠣᠭᠲᠠᠭ᠋ᠠᠭᠰᠠᠨ ᠦᠷ᠎ᠡ ᠳ᠋ᠦᠩ ᠢ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠡᠵᠡᠩᠨᠡᠯᠲᠡ ᠵᠢᠨ ᠨᠥᠬᠥᠪᠥᠷᠢ ᠣᠯᠭᠣᠬᠤ ᠴᠢᠬᠤᠯᠠ ᠦᠨᠳᠦᠰᠦᠯᠡᠯ ᠪᠣᠯᠭ᠋ᠠᠨ᠎ᠠ᠃ 《ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠦᠢ᠍ᠯᠡᠴᠢᠯᠡᠭᠡᠨ ᠤ ᠠᠮᠤᠷ ᠲᠦᠪᠰᠢᠨ᠎ᠤ ᠦᠨᠳᠦᠰᠦᠨ ᠵᠢᠷᠤᠮᠵᠢᠯ》᠂ 《ᠨᠠᠰᠤᠵᠢᠯ ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠦᠨᠳᠦᠰᠦᠨ ᠵᠢᠷᠤᠮᠵᠢᠯ》 ᠵᠡᠷᠭᠡ ᠤᠯᠤᠰ᠎ᠤᠨ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶᠠᠨ᠎ᠳᠤ ᠬᠦᠷᠦᠭᠦᠯᠬᠦ ᠠᠵᠢᠯ᠎ᠢ ᠠᠬᠢᠭᠤᠯᠤᠨ᠎ᠠ᠃ ᠴᠢᠳᠠᠪᠤᠷᠢ᠎ᠪᠠᠨ ᠠᠯᠳᠠᠭᠰᠠᠨ (ᠣᠶᠤᠨ ᠤᠬᠠᠭ᠋ᠠᠨ ᠵᠶ᠋ᠠᠨ ᠠᠯᠳᠠᠭᠰᠠᠨ) ᠨᠠᠰᠤᠲᠠᠶ᠋ᠢᠴᠤᠳ᠎ᠢ ᠭᠥᠯᠢᠶᠡᠨ ᠠᠪᠴᠤ ᠰᠠᠭᠤᠯᠭ᠋ᠠᠬᠤ ᠵᠢᠨ ᠬᠠᠮᠲᠤ ᠡᠮᠴᠢᠯᠡᠭᠡ ᠰᠤᠪᠢᠯᠠᠯᠲᠠ ᠬᠠᠩᠭ᠋ᠠᠭᠰᠠᠨ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠳᠡᠮᠵᠢᠬᠦ ᠡᠷᠴᠢᠮ ᠵᠶ᠋ᠡᠨ ᠴᠢᠩᠭ᠋ᠠᠳᠬᠠᠨ᠎ᠠ᠃ ᠨᠡᠢ᠌ᠲᠡᠮ ᠬᠠᠷᠠᠭ᠋ᠠᠯᠵᠠᠯ ᠦᠵᠡᠭᠦᠯᠬᠦ ᠨᠠᠰᠤᠵᠢᠯ᠎ᠤᠨ ᠠᠰᠠᠷᠠᠮᠵᠢ ᠵᠢ ᠶᠡᠬᠡ᠎ᠪᠠᠷ ᠬᠥᠭᠵᠢᠭᠦᠯᠦᠭᠰᠡᠨᠤ ᠰᠠᠭᠤᠷᠢᠨ ᠳᠡᠭᠡᠷ᠎ᠡ᠂ ᠨᠡᠶ᠋ᠢᠭᠡᠮ᠎ᠤᠨ ᠬᠦᠴᠦᠨ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠦᠨᠳᠦᠰᠦᠯᠡᠨ ᠳᠤᠮᠳᠠ ᠥᠨᠳᠥᠷ ᠣᠷᠣᠯᠭ᠎ᠠ᠎ᠲᠠᠢ ᠭᠡᠷ ᠪᠦᠯᠢ᠎ᠳᠤ ᠬᠠᠨᠳᠤᠭᠤᠯᠤᠭᠰᠠᠨ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠡᠷᠬᠢᠯᠡᠬᠦ ᠵᠢ ᠵᠣᠷᠢᠭᠵᠢᠭᠤᠯᠵᠤ᠂ ᠬᠠᠷᠢ ᠭᠠᠵᠠᠷ ᠰᠠᠭᠤᠭ᠎ᠠ ᠬᠦᠮᠤᠰ᠎ᠤᠨ ᠨᠠᠰᠤᠵᠢᠯ᠎ᠤᠨ ᠠᠰᠠᠷᠠᠮᠵᠢ᠂ ᠰᠣᠶᠣᠯ᠎ᠤᠨ ᠨᠠᠰᠤᠵᠢᠯ᠎ᠤᠨ ᠠᠰᠠᠷᠠᠮᠵᠢ᠂ ᠡᠷᠡᠭᠦᠯ ᠮᠡᠨᠳᠤ ᠵᠢᠨ ᠨᠠᠰᠤᠵᠢᠯ᠎ᠤᠨ ᠠᠰᠠᠷᠠᠮᠵᠢ ᠵᠡᠷᠭᠡ ᠰᠢᠨ᠎ᠡ᠎ᠪᠠᠷ ᠬᠦᠭᠵᠢᠵᠤ ᠪᠠᠢ᠌ᠭ᠎ᠠ ᠡᠵᠡᠩᠨᠡᠯᠲᠡ ᠵᠢᠨ ᠬᠡᠯᠪᠡᠷᠢ ᠮᠠᠶᠢᠭ᠎ᠢ ᠬᠥᠭᠵᠢᠭᠦᠯᠵᠦ᠂ ᠣᠯᠠᠨ ᠡᠰᠢ᠎ᠲᠠᠢ᠂ ᠳᠦᠭᠦᠮ ᠲᠦᠳᠡ᠂ ᠥᠪᠡᠷᠮᠢᠴᠡ ᠣᠨᠴᠠᠯᠢᠭ᠎ᠲᠠᠢ ᠦᠢ᠍ᠯᠡᠴᠢᠯᠡᠭᠡᠨ᠎ᠤ ᠬᠡᠷᠡᠭᠴᠡᠭᠡ ᠵᠢ ᠬᠠᠩᠭ᠋ᠠᠨ᠎ᠠ᠃
ᠭᠤᠷᠪᠠ᠂ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠨ᠎ᠠ
(ᠳᠣᠯᠣᠭ᠎ᠠ) ᠡᠮᠴᠢᠯᠡᠭᠡ ᠡᠷᠡᠭᠦᠯᠵᠢᠯ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠭᠦᠯᠤᠨ᠎ᠡ ᠃ ᠨᠠᠰᠤᠲᠠᠶ᠋ᠢᠴᠤᠳ ᠵᠶ᠋ᠠᠷ ᠭᠣᠣᠯᠳᠠᠯᠭ᠎ᠠ ᠪᠣᠯᠭ᠋ᠠᠭᠰᠠᠨ ᠭᠡᠷ ᠪᠦᠯᠢ ᠵᠢᠨ ᠡᠮᠴᠢ ᠵᠢᠨ ᠭᠡᠷ᠎ᠡ ᠲᠣᠭᠲᠠᠬᠤ ᠦᠢ᠍ᠯᠡᠴᠢᠯᠡᠭᠡ ᠵᠢ ᠪᠦᠬᠦ ᠲᠠᠯ᠎ᠠ᠎ᠪᠠᠷ ᠥᠷᠨᠢᠭᠦᠯᠵᠦ᠂ 2022 ᠣᠨ ᠪᠣᠯᠬᠤ᠎ᠳᠤ ᠬᠡᠷ ᠪᠦᠯᠢ ᠵᠢᠨ ᠡᠮᠴᠢ ᠵᠢᠨ ᠭᠡᠷᠡᠲᠦ ᠦᠢ᠍ᠯᠡᠴᠢᠯᠡᠭᠡᠨ᠎ᠢ 80%᠎ᠠᠴᠠ ᠳᠡᠭᠡᠭᠰᠢᠬᠢ ᠴᠢᠳᠠᠪᠤᠷᠢ᠎ᠪᠠᠨ ᠠᠯᠳᠠᠭᠰᠠᠨ (ᠣᠶᠤᠨ ᠤᠬᠠᠭ᠋ᠠᠨ ᠵᠶ᠋ᠠᠨ ᠠᠯᠳᠠᠭᠰᠠᠨ) ᠨᠠᠰᠤᠲᠠᠶ᠋ᠢᠴᠤᠳ᠎ᠲᠤ ᠵᠣᠷᠢᠭᠤᠯᠤᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠳᠣᠲᠣᠭ᠋ᠠᠳᠤ ᠵᠢᠨ ᠡᠮᠴᠢᠯᠡᠭᠡᠨ᠎ᠤ ᠲᠠᠰᠤᠭ (ᠥᠷᠲᠡᠭᠡ) ᠪᠠᠶ᠋ᠢᠭᠤᠯᠬᠤ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠯᠤᠭ᠎ᠠ ᠭᠡᠷ᠎ᠡ ᠲᠣᠭᠲᠠᠬᠤ᠂ ᠦᠢ᠍ᠯᠡᠴᠢᠯᠡᠭᠡ ᠵᠢ ᠭᠠᠳᠠᠭᠰᠢ ᠳᠠᠭ᠋ᠠᠭ᠋ᠠᠴᠢᠯᠠᠭᠤᠯᠬᠤ ᠂ ᠨᠠᠶ᠋ᠢᠳᠠᠨ ᠡᠵᠡᠩᠨᠡᠭᠦᠯᠬᠦ ᠵᠡᠷᠭᠡ ᠠᠷᠭ᠎ᠠ ᠮᠠᠶᠢᠭ ᠵᠶ᠋ᠠᠷ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠠᠴᠠ ᠡᠮᠴᠢᠯᠡᠭᠡ ᠡᠷᠡᠭᠦᠯᠵᠢᠯ᠎ᠤᠨ ᠨᠠᠰᠤᠵᠢᠯ᠎ᠤᠨ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠎ᠠ᠃ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠡᠷᠬᠢᠯᠡᠭᠰᠡᠨ ᠪᠠ ᠳᠣᠲᠣᠭ᠋ᠠᠳ᠋᠊ᠳᠤᠪᠠᠨ ᠪᠠᠶ᠋ᠢᠭᠤᠯᠤᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠣᠨᠴᠠᠯᠢᠭ᠎ᠢ ᠦᠨᠳᠦᠰᠦᠯᠡᠨ᠂ ᠨᠥᠬᠥᠴᠡᠯ᠎ᠳᠤ ᠨᠡᠶ᠋ᠢᠴᠡᠬᠦ ᠵᠢ᠎ᠨᠢ ᠲᠣᠭᠲᠠᠭ᠋ᠠᠯ ᠶᠣᠰᠣᠭ᠋ᠠᠷ ᠡᠮ ᠡᠮᠨᠡᠯᠭᠡ ᠵᠢᠨ ᠳᠠᠭ᠋ᠠᠳᠬᠠᠯ᠎ᠤᠨ ᠬᠡᠯᠡᠯᠴᠡᠭᠡᠷ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠵᠤ᠂ ᠬᠡᠯᠡᠯᠴᠡᠭᠡᠷ ᠬᠠᠮᠢᠶᠠᠷᠤᠯᠲᠠ ᠵᠢᠨ ᠲᠣᠭᠲᠠᠭ᠋ᠠᠯ ᠵᠶ᠋ᠠᠨ ᠲᠡᠭᠦᠯᠳᠡᠷᠵᠢᠭᠦᠯᠵᠤ᠂ ᠬᠠᠤᠯᠢ ᠶᠣᠰᠣᠭ᠋ᠠᠷ ᠴᠢᠩᠭ᠎ᠠ ᠬᠢᠨᠠᠨ ᠬᠠᠮᠢᠶᠠᠷᠬᠤ ᠬᠡᠷᠡᠭᠲᠡᠶ᠃ ᠨᠠᠰᠤᠵᠢᠯ᠎ᠤᠨ ᠪᠠᠶ᠋ᠢᠭᠤᠯᠤᠮᠵᠢ ᠬᠢᠭᠡᠳ ᠵᠥᠪᠳᠡᠯᠴᠡᠨ ᠬᠠᠮᠲᠤᠷᠠᠯᠴᠠᠬᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠨᠢ ᠡᠮᠨᠡᠯᠭᠡ ᠰᠢᠯᠵᠢᠭᠦᠯᠦᠨ ᠡᠮᠨᠡᠭᠦᠯᠬᠦ ᠰᠠᠭ᠋ᠠᠳ ᠥᠬᠡᠶ ᠵᠠᠮ᠎ᠢ ᠨᠡᠶ᠋ᠢᠳᠡᠮ ᠨᠡᠭᠡᠭᠡᠵᠦ᠂ 2020 ᠣᠨ᠎ᠤ ᠡᠴᠦᠰ ᠪᠣᠯᠬᠤ᠎ᠳᠤ ᠪᠣᠶ ᠪᠥᠬᠥᠶ ᠨᠠᠰᠤᠵᠢᠯ᠎ᠤᠨ ᠪᠠᠶ᠋ᠢᠭᠤᠯᠤᠮᠵᠢ ᠠᠳᠠᠯᠢ ᠪᠤᠰᠤ ᠬᠡᠯᠪᠡᠷᠢ᠎ᠪᠠᠷ ᠣᠷᠣᠵᠤ ᠰᠠᠭᠤᠬᠤ ᠨᠠᠰᠤᠲᠠᠶ᠋ᠢᠴᠤᠳ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠢ ᠬᠠᠩᠭ᠋ᠠᠵᠤ ᠴᠢᠳᠠᠬᠤ ᠪᠣᠯᠭ᠋ᠠᠨ᠎ᠠ᠃ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠣᠷᠣᠭᠰᠢᠬᠢ ᠡᠮᠴᠢᠯᠡᠭᠡᠨ᠎ᠤ ᠪᠠᠶ᠋ᠢᠭᠤᠯᠤᠮᠵᠢ ᠡᠷᠬᠢᠯᠡᠬᠦ (ᠲᠦᠷᠭᠡᠨ ᠠᠪᠤᠷᠠᠬᠤ ᠲᠥᠪ᠂ ᠲᠦᠷᠭᠡᠨ ᠠᠪᠤᠷᠠᠬᠤ ᠥᠷᠲᠡᠭᠡ᠂ ᠡᠮᠴᠢᠯᠡᠭᠡᠨ᠎ᠤ ᠰᠠᠯᠠᠭ᠋ᠠᠨ᠎ᠤ ᠪᠠᠶ᠋ᠢᠴᠠᠭ᠋ᠠᠬᠤ ᠲᠥᠪ᠂ ᠳᠤᠮᠳᠠᠳᠤ ᠭᠠᠳᠠᠭ᠋ᠠᠳᠤ ᠵᠢᠨ ᠪᠡᠯᠡ ᠨᠡᠶ᠋ᠢᠯᠡᠭᠦᠯᠦᠭᠰᠡᠨ ᠬᠣᠷᠰᠢᠭᠰᠠᠨ ᠡᠮᠨᠡᠯᠭᠡ ᠵᠢᠨ ᠪᠠᠶ᠋ᠢᠭᠤᠯᠤᠮᠵᠢ᠂ ᠰᠢᠶᠠᠩᠭ᠋ᠠᠩ ᠣᠣᠮᠧᠨ ᠲᠠᠶ᠋ᠢᠸᠠᠨ᠎ᠤ ᠲᠤᠰᠠᠭ᠋ᠠᠷ ᠪᠡᠯᠡ ᠣᠷᠣᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠠᠭᠲᠠᠬᠤ ᠦᠭᠡᠢ)᠂ ᠬᠢᠨᠠᠨ ᠵᠥᠪᠰᠢᠶᠡᠷᠡᠬᠦ ᠬᠢᠭᠡᠳ ᠠᠵᠢᠯ ᠡᠷᠬᠢᠯᠡᠬᠦ ᠳᠠᠩᠰᠠᠯᠠᠯ ᠬᠢᠬᠦ 〈〈ᠬᠣᠶᠠᠷ ᠦᠨᠡᠮᠯᠡᠯ᠎ᠢ ᠨᠢᠭᠡ ᠪᠣᠯᠭ᠋ᠠᠨ〉〉 ᠪᠠᠶ᠋ᠢᠷᠢᠯᠠᠭᠤᠯᠬᠤ ᠬᠡᠷᠡᠭᠲᠡᠶ᠃ ᠬᠣᠲᠠ ᠵᠢᠨ ᠵᠶ᠋ᠠᠨ ᠬᠣᠶᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ᠎ᠪᠠᠨ ᠬᠤᠪᠢᠷᠠᠭᠤᠯᠬᠤ᠂ ᠰᠢᠨ᠎ᠡ᠎ᠪᠠᠷ ᠪᠠᠶ᠋ᠢᠭᠤᠯᠬᠤ ᠵᠡᠷᠭᠡ ᠣᠯᠠᠨ ᠵᠦᠢ᠍ᠯ ᠤᠨ ᠠᠷᠭ᠎ᠠ ᠮᠠᠶᠢᠭ ᠵᠶ᠋ᠠᠷ ᠨᠠᠰᠤᠲᠠᠶ᠋ᠢᠴᠤᠳ᠎ᠤᠨ ᠡᠮᠨᠡᠯᠭᠡ ᠵᠢᠨ ᠬᠣᠷᠢᠶ᠎ᠠ᠂ ᠡᠷᠡᠭᠦᠯᠵᠢᠯ᠎ᠤᠨ ᠡᠮᠨᠡᠯᠭᠡ ᠵᠢᠨ ᠬᠣᠷᠢᠶ᠎ᠠ᠂ ᠰᠤᠪᠢᠯᠠᠯᠲᠠ ᠵᠢᠨ ᠬᠦᠷᠢᠶᠡᠯᠡᠩ ᠵᠡᠷᠭᠡ ᠨᠠᠰᠤᠲᠠᠶ᠋ᠢᠴᠤᠳ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ ᠤ ᠪᠠᠶ᠋ᠢᠭᠤᠯᠤᠮᠵᠢ ᠵᠢ ᠢᠳᠡᠪᠬᠢᠲᠡᠶ᠎ᠪᠠᠷ ᠬᠥᠭᠵᠢᠭᠦᠯᠬᠦ ᠬᠡᠷᠡᠭᠲᠡᠶ᠃ ᠰᠤᠪᠢᠯᠠᠬᠤ ᠦᠢ᠍ᠯᠡᠴᠢᠯᠡᠭᠡ ᠂ ᠬᠡᠷ ᠪᠦᠯᠢ ᠵᠢᠨ ᠡᠪᠡᠳᠴᠢᠲᠡᠨ᠎ᠤ ᠣᠷᠣ ᠵᠢ ᠨᠡᠶ᠋ᠢᠭᠡᠮ ᠲᠣᠭᠣᠷᠢᠭ᠎ᠲᠤ ᠣᠷᠣᠭᠤᠯᠤᠨ ᠳᠡᠯᠭᠡᠷᠡᠭᠦᠯᠵᠤ᠂ ᠬᠡᠷ᠎ᠲᠡᠭᠡᠨ ᠰᠠᠭᠤᠭ᠎ᠠ ᠨᠠᠰᠤᠲᠠᠶ᠋ᠢᠴᠤᠳ᠎ᠲᠤ ᠬᠡᠷ᠎ᠲᠤ᠎ᠨᠢ ᠬᠦᠷᠴᠦ ᠡᠮᠨᠡᠨ ᠰᠤᠪᠢᠯᠠᠬᠤ ᠦᠢ᠍ᠯᠡᠴᠢᠯᠡᠭᠡ ᠬᠠᠩᠭ᠋ᠠᠨ᠎ᠠ᠃
(ᠨᠠᠢ᠍ᠮᠠ) ᠣᠷᠳᠣ ᠬᠤᠭᠤᠴᠠᠭ᠎ᠠ᠎ᠪᠠᠷ ᠰᠤᠪᠢᠯᠠᠬᠤ ᠪᠠᠲᠤᠯᠠᠭ᠎ᠠ ᠵᠢᠨ ᠰᠢᠰᠲᠸᠮ᠎ᠢ ᠰᠦᠪᠡᠭᠴᠢᠯᠡᠨ ᠪᠠᠢ᠌ᠭᠤᠯᠤᠨ᠎ᠠ᠃ ᠤᠯᠤᠰ᠎ᠤᠨ ᠨᠢᠭᠡᠳᠦᠯᠲᠡᠶ ᠪᠠᠶ᠋ᠢᠷᠢᠯᠠᠭᠤᠯᠤᠯᠲᠠ᠎ᠪᠠᠷ ᠤᠷᠲᠤ ᠬᠤᠭᠤᠴᠠᠭ᠎ᠠ᠎ᠪᠠᠷ ᠰᠤᠪᠢᠯᠠᠬᠤ ᠳᠠᠭ᠋ᠠᠳᠬᠠᠯ ᠤᠨ ᠳᠦᠷᠢᠮ ᠤᠨ ᠲᠤᠷᠰᠢᠯᠲᠠ ᠬᠢᠵᠤ ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠰᠠᠯᠠᠯᠴᠠᠬᠤ᠂ ᠬᠠᠷᠢᠭᠤᠴᠠᠯᠭ᠎ᠠ ᠵᠢ ᠬᠠᠮᠳᠤ᠎ᠪᠠᠷ ᠡᠭᠦᠷᠭᠡᠯᠡᠬᠦ ᠪᠠᠯᠠ ᠬᠤᠷᠠᠮᠳᠤᠭᠤᠯᠬᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠡᠳ᠋᠎ᠤᠨ ᠵᠠᠰᠠᠭ᠂ ᠡᠮᠴᠢᠯᠡᠭᠡᠨ᠎ᠤ ᠳᠠᠭ᠋ᠠᠳᠬᠠᠯ᠂ ᠨᠢᠭᠦᠯᠡᠰᠦᠩᠭᠦᠶ ᠵᠢᠨ ᠦᠢ᠍ᠯᠡᠰ ᠪᠠ ᠬᠤᠪᠢ ᠬᠥᠮᠦᠨ᠎ᠤ ᠰᠤᠢ᠌ᠳᠬᠡᠯ ᠲᠤᠰᠢᠶᠠᠬᠤ ᠵᠢ ᠬᠠᠷᠢᠯᠴᠠᠨ ᠤᠶᠠᠯᠳᠤᠭᠤᠯᠤᠭᠰᠠᠨ ᠣᠯᠠᠨ ᠡᠰᠢᠲᠦ ᠪᠠᠯᠠ ᠴᠤᠭᠯᠠᠭᠤᠯᠬᠤ ᠠᠷᠭ᠎ᠠ ᠮᠠᠶᠢᠭ ᠵᠶ᠋ᠠᠨ ᠲᠡᠭᠦᠯᠳᠡᠷᠵᠢᠭᠦᠯᠦᠨ᠎ᠡ᠃ ᠤᠷᠲᠤ ᠬᠤᠭᠤᠴᠠᠭ᠎ᠠ᠎ᠪᠠᠷ ᠰᠤᠪᠢᠯᠠᠬᠤ ᠳᠠᠭ᠋ᠠᠳᠬᠠᠯ᠎ᠤᠨ ᠳᠦᠷᠢᠮ ᠤᠨ ᠬᠥᠭᠵᠢᠯᠲᠡ ᠵᠢ ᠥᠪᠡᠷᠲᠡᠭᠡᠨ ᠵᠠᠰᠠᠬᠤ ᠣᠷᠣᠨ᠎ᠤ 〈〈ᠠᠷᠪᠠᠨ ᠳᠥᠷᠪᠡᠳᠦᠭᠡᠷ ᠲᠠᠪᠤᠨ ᠵᠢᠯ〉〉 ᠤᠨ ᠬᠠᠮᠢᠶ᠎ᠠ ᠪᠦᠬᠦᠢ ᠲᠤᠰᠬᠠᠶ ᠲᠥᠯᠥᠪᠵᠢᠭᠦᠯᠭᠡ᠎ᠳᠤ ᠣᠷᠣᠭᠤᠯᠵᠤ᠂ ᠣᠷᠳᠣ ᠬᠤᠭᠤᠴᠠᠭ᠎ᠠ᠎ᠪᠠᠷ ᠰᠤᠪᠢᠯᠠᠬᠤ ᠳᠠᠭ᠋ᠠᠳᠬᠠᠯ᠎ᠤᠨ ᠲᠦᠷᠢᠮ᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃ ᠰᠤᠪᠢᠯᠠᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠠᠵᠢᠯ ᠡᠷᠬᠢᠯᠡᠭᠰᠡᠳ᠎ᠤᠨ ᠡᠩᠨᠡᠭᠡᠨ᠎ᠤ ᠪᠠᠶ᠋ᠢᠭᠤᠯᠤᠯᠲᠠ ᠪᠠ ᠰᠤᠪᠢᠯᠠᠯᠲᠠ ᠵᠢᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠡᠷᠴᠢᠮ᠎ᠢ ᠴᠢᠩᠭ᠋ᠠᠳᠬᠠᠨ ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠨᠠᠢ᠌ᠲᠠᠪᠤᠷᠢᠵᠢᠭᠤᠯᠵᠤ᠂ ᠤᠷᠲᠤ ᠬᠤᠭᠤᠴᠠᠭ᠎ᠠ᠎ᠪᠠᠷ ᠰᠤᠪᠢᠯᠠᠬᠤ ᠰᠤᠪᠢᠯᠠᠯᠲᠠ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠵᠢ ᠠᠯᠬᠤᠮ ᠠᠯᠬᠤᠮ ᠵᠶ᠋ᠠᠷ ᠰᠦᠪᠡᠭᠴᠢᠯᠡᠨ ᠪᠠᠶ᠋ᠢᠭᠤᠯᠬᠤ ᠬᠡᠷᠡᠭᠲᠡᠶ᠃ ᠬᠤᠳᠠᠯᠳᠤᠭ᠋ᠠᠨ᠎ᠤ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠢ ᠲᠦᠷᠭᠡᠳᠬᠡᠨ ᠬᠥᠭᠵᠢᠭᠦᠯᠵᠦ᠂ ᠬᠤᠳᠠᠯᠳᠤᠭ᠋ᠠᠨ᠎ᠤ ᠳᠠᠭ᠋ᠠᠳᠬᠠᠯ᠎ᠤᠨ ᠪᠠᠶ᠋ᠢᠭᠤᠯᠤᠮᠵᠢ ᠵᠢ ᠵᠢᠯᠣᠭᠣᠳᠴᠤ ᠪᠠᠶ᠋ᠢᠭ᠋ᠠᠳ ᠭᠡᠷ᠎ᠤᠨ ᠰᠤᠪᠢᠯᠠᠯᠲᠠ᠂ ᠨᠡᠶ᠋ᠢᠭᠡᠮ ᠲᠣᠭᠣᠷᠢᠭ᠎ᠤᠨ ᠰᠤᠪᠢᠯᠠᠯᠲᠠ ᠵᠢᠴᠢ ᠪᠠᠶ᠋ᠢᠭᠤᠯᠤᠮᠵᠢ᠎ᠤᠨ ᠰᠤᠪᠢᠯᠠᠯᠲᠠ ᠵᠡᠷᠭᠡ᠎ᠳᠤ ᠳᠣᠬᠢᠷᠠᠬᠤ ᠣᠯᠠᠨ ᠵᠦᠢ᠍ᠯ᠎ᠤᠨ ᠰᠤᠪᠢᠯᠠᠯᠲᠠ ᠵᠢᠨ ᠬᠡᠷᠡᠭᠴᠡᠭᠡ ᠪᠦᠬᠦᠢ ᠦᠢ᠍ᠯᠡᠳᠭᠦᠨ ᠢ ᠰᠤᠳᠤᠯᠤᠨ ᠨᠡᠭᠡᠭᠡᠵᠤ ᠬᠥᠭᠵᠢᠭᠦᠯᠦᠨ᠎ᠡ᠃
(ᠶᠢᠰᠤ) ᠨᠠᠰᠤᠵᠢᠯ᠎ᠤᠨ ᠦᠢ᠍ᠯᠡᠴᠢᠯᠡᠭᠡᠨ᠎ᠤ ᠡᠩᠨᠡᠭᠡᠨ᠎ᠤ ᠪᠠᠶ᠋ᠢᠭᠤᠯᠤᠯᠲᠠ᠎ᠪᠠᠨ ᠲᠡᠭᠦᠯᠳᠡᠷᠵᠢᠭᠦᠯᠤᠨ᠎ᠡ᠃ ᠡᠯ᠎ᠡ ᠲᠥᠷᠥᠯ᠎ᠤᠨ ᠳᠡᠭᠡᠳᠤ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠂ ᠮᠠᠰᠲ᠋ᠧᠷ᠎ᠤᠨ ᠳᠡᠭᠡᠳᠤ ᠰᠤᠷᠭ᠋ᠠᠭᠤᠯᠢ ᠪᠠᠭᠲᠠᠨ᠎ᠠ) ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶ᠎ᠠ ᠪᠦᠬᠦᠢ ᠲᠤᠰᠬᠠᠶ ᠮᠡᠷᠭᠡᠵᠢᠯ᠎ᠤᠨ ᠰᠠᠯᠪᠤᠷᠢ ᠪᠠᠢ᠌ᠭᠤᠯᠬᠤ ᠵᠢ ᠳᠠᠮᠵᠢᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶᠡᠨ᠎ᠳᠤ 1+X ᠦᠨᠡᠮᠯᠡᠯ᠎ᠤᠨ ᠲᠦᠷᠢᠮ᠎ᠤᠨ ᠲᠤᠷᠰᠢᠯᠲᠠ ᠬᠢᠨ᠎ᠡ᠃ ᠶᠡᠬᠡ ᠳᠡᠭᠡᠳᠦ ᠰᠤᠷᠭ᠋ᠠᠭᠤᠯᠢ ᠬᠢᠭᠡᠳ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠰᠤᠷᠭ᠋ᠠᠭᠤᠯᠢ ᠠᠵᠤ ᠠᠬᠤᠢ᠌ᠯᠠᠯ᠎ᠤᠨ ᠬᠠᠮᠲᠤᠷᠠᠯᠴᠠᠭ᠎ᠠ ᠥᠷᠨᠢᠭᠦᠯᠵᠤ᠂ ᠬᠠᠨᠳᠤᠯᠭ᠎ᠠ᠎ᠲᠠᠢ ᠬᠥᠮᠦᠵᠢᠭᠦᠯᠬᠦ ᠵᠡᠷᠭᠡ ᠠᠷᠭ᠎ᠠ ᠮᠠᠶᠢᠭ ᠵᠶ᠋ᠠᠷ ᠰᠤᠷᠤᠭᠴᠢᠳ᠎ᠢ ᠲᠡᠳᠡᠨ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶ᠎ᠠ ᠪᠥᠬᠥᠶ ᠲᠤᠰᠬᠠᠶ ᠮᠡᠷᠭᠡᠵᠢᠯ᠎ᠳᠤ ᠰᠤᠷᠤᠯᠴᠠᠭᠤᠯᠬᠤ ᠬᠡᠷᠡᠭᠲᠡᠶ᠃ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠨᠡᠶ᠋ᠢᠭᠡᠮᠯᠢᠭ᠂ ᠪᠣᠯᠪᠠᠰᠤᠷᠠᠯ᠎ᠤᠨ ᠪᠠᠶ᠋ᠢᠭᠤᠯᠤᠮᠵᠢ ᠵᠢ ᠵᠣᠷᠢᠭᠵᠢᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠭᠰᠠᠨ᠎ᠤ ᠳᠠᠷᠠᠭ᠎ᠠ᠂ ᠨᠠᠰᠤᠵᠢᠯ᠎ᠤᠨ ᠦᠢ᠍ᠯᠡᠴᠢᠯᠡᠭᠡᠨ᠎ᠤ ᠰᠤᠪᠢᠯᠠᠭᠴᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠬᠤ ᠵᠢ ᠥᠷᠨᠢᠭᠦᠯᠦᠨ᠎ᠡ᠃ ᠨᠠᠰᠤᠵᠢᠯ᠎ᠤᠨ ᠦᠢ᠍ᠯᠡᠴᠢᠯᠡᠭᠡᠨ ᠰᠤᠪᠢᠯᠠᠭᠴᠢ ᠵᠢᠨ ᠪᠣᠯᠪᠠᠰᠤᠷᠠᠯ᠎ᠢ ᠨᠠᠰᠤᠨ ᠲᠤᠷᠰᠢᠳᠠ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠰᠢᠰᠲᠸᠮ᠎ᠳᠤ ᠣᠷᠣᠭᠤᠯᠵᠤ᠂ ᠨᠥᠬᠥᠴᠡᠯ᠎ᠳᠤ ᠨᠡᠶ᠋ᠢᠴᠡᠬᠦ ᠬᠥᠮᠦᠰ᠎ᠲᠤ ᠲᠣᠭᠲᠠᠭ᠋ᠠᠯ ᠶᠣᠰᠣᠭ᠋ᠠᠷ ᠪᠣᠯᠪᠠᠰᠤᠷᠠᠯ᠎ᠤᠨ ᠨᠥᠬᠥᠪᠥᠷᠢ ᠣᠯᠭᠣᠬᠤ ᠬᠡᠷᠡᠭᠲᠡᠶ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠪᠣᠯᠪᠠᠰᠤᠷᠠᠯ᠎ᠢ ᠳᠡᠭᠡᠭᠰᠢᠯᠡᠭᠦᠯᠬᠦ ᠢᠨᠵᠧᠨᠧᠷᠢᠩ᠎ᠢ ᠥᠷᠨᠢᠭᠦᠯᠵᠦ᠂ 2022 ᠣᠨ᠎ᠤ ᠡᠴᠦᠰ ᠪᠣᠯᠲᠠᠯ᠎ᠠ ᠪᠥᠬᠥ ᠣᠷᠣᠨ᠎ᠳᠤ 1 ᠲᠦᠮᠡᠨ ᠨᠠᠰᠤᠵᠢᠯ᠎ᠤᠨ ᠦᠢ᠍ᠯᠡᠴᠢᠯᠡᠭᠡᠨ᠎ᠤ ᠰᠤᠪᠢᠯᠠᠭᠴᠢ ᠂ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶᠡᠯᠡᠩ᠎ᠤᠨ ᠬᠠᠷᠢᠭᠤᠴᠠᠯᠭ᠋ᠠᠲᠠᠨ ᠪᠠ ᠨᠠᠰᠤᠲᠠᠶ᠋ᠢᠴᠤᠳ᠎ᠤᠨ ᠨᠡᠶ᠋ᠢᠭᠡᠮ᠎ᠤᠨ ᠠᠵᠢᠯᠲᠠᠨ᠎ᠢ ᠬᠥᠮᠦᠵᠢᠭᠦᠯᠬᠦ ᠪᠠᠷ ᠴᠢᠷᠮᠠᠶ᠋ᠢᠨ᠎ᠠ᠃
(ᠠᠷᠪᠠ) ᠨᠠᠰᠤᠵᠢᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠭᠰᠠᠨ ᠪᠠᠶ᠋ᠢᠭᠤᠯᠤᠯᠲᠠ ᠵᠢ ᠳᠦᠯᠬᠢᠨ ᠠᠬᠢᠭᠤᠯᠤᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠣᠷᠣᠨ ᠨᠤᠲᠤᠭ᠎ᠤᠨ ᠪᠠᠷᠢᠮᠵᠢᠶ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠢ ᠪᠠᠷᠢᠮᠵᠢᠶᠠᠵᠢᠭᠤᠯᠬᠤ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠨ᠎ᠠ᠃
ᠳᠥᠷᠪᠡ᠂ ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ
(ᠠᠷᠪᠠᠨ ᠨᠢᠭᠡ) ᠨᠠᠰᠤᠵᠢᠯ᠎ᠤᠨ ᠦᠢ᠍ᠯᠡᠴᠢᠯᠡᠭᠡᠨ ᠤ ᠢᠲᠡᠭᠡᠮᠵᠢ ᠵᠢᠨ ᠰᠢᠰᠲᠸᠮ᠎ᠤᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠠᠬᠤᠶ᠋ᠢᠯᠠᠯ (ᠪᠠᠶ᠋ᠢᠭᠤᠯᠤᠮᠵᠢ) ᠵᠢᠴᠢ ᠬᠠᠤᠯᠢ ᠵᠢᠨ ᠡᠷᠬᠡᠲᠡᠨ᠂ ᠠᠵᠢᠯᠲᠠᠨ ᠪᠠ ᠦᠢ᠍ᠯᠡᠴᠢᠯᠡᠬᠦ ᠡᠲᠡᠭᠡᠳ᠎ᠢ ᠬᠠᠮᠤᠷᠤᠭᠰᠠᠨ ᠠᠵᠢᠯ ᠲᠥᠷᠥᠯ᠎ᠤᠨ ᠢᠲᠡᠭᠡᠮᠵᠢ ᠵᠢᠨ ᠰᠢᠰᠲ᠋ᠧᠮ᠎ᠢ ᠪᠠᠶ᠋ᠢᠭᠤᠯᠵᠤ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠢᠲᠡᠭᠡᠮᠵᠢ ᠠᠯᠳᠠᠭᠰᠠᠳ᠎ᠢ ᠬᠣᠯᠪᠣᠭ᠋ᠠᠯᠠᠨ ᠵᠠᠯᠬᠠᠭ᠋ᠠᠵᠤ ᠴᠡᠭᠡᠷᠯᠡᠭᠦᠯᠬᠦ ᠲᠣᠭᠲᠠᠴᠠ ᠵᠢ ᠪᠠᠶ᠋ᠢᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠢᠲᠡᠭᠡᠮᠵᠢ ᠠᠯᠳᠠᠭᠰᠠᠨ ᠬᠣᠯᠪᠣᠭ᠋ᠠᠯᠠᠨ ᠵᠠᠯᠬᠠᠭ᠋ᠠᠵᠤ ᠴᠡᠭᠡᠷᠯᠡᠭᠦᠯᠬᠦ ᠡᠲᠡᠭᠡᠳ᠎ᠤᠨ ᠨᠡᠷᠡᠰ᠎ᠲᠤ ᠣᠷᠣᠭᠰᠠᠳᠢ ᠨᠠᠰᠤᠵᠢᠯ᠎ᠤᠨ ᠪᠠᠶ᠋ᠢᠭᠤᠯᠤᠮᠵᠢ ᠵᠢᠴᠢ ᠦᠢ᠍ᠯᠡᠴᠢᠯᠡᠭᠡᠨ᠎ᠤ ᠠᠵᠤ ᠠᠬᠤᠢ᠌ᠯᠠᠯ ᠭᠣᠣᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠬᠦ ᠵᠢᠨ ᠬᠠᠮᠲᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠤᠯᠢ᠎ᠪᠠᠷ ᠵᠠᠯᠬᠠᠭ᠋ᠠᠨ ᠴᠡᠭᠡᠷᠯᠡᠭᠦᠯᠦᠨ᠎ᠡ᠃
(ᠠᠷᠪᠠᠨ ᠬᠣᠶᠠᠷ) ᠨᠠᠰᠤᠵᠢᠯ᠎ᠤᠨ ᠦᠢ᠍ᠯᠡᠴᠢᠯᠡᠭᠡᠨ᠎ᠤ ᠬᠠᠮᠲᠤᠷᠠᠭᠰᠠᠨ ᠬᠢᠨᠠᠨ ᠬᠠᠮᠢᠶᠠᠷᠬᠤ ᠲᠣᠭᠲᠠᠴᠠ ᠵᠢ ᠪᠦᠷᠢᠨ ᠪᠣᠯᠭ᠋ᠠᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶᠡᠨ᠎ᠳᠠᠬᠢ 〈〈 ᠬᠣᠶᠠᠷ ᠳᠠᠰᠢᠷᠠᠮ᠂ ᠨᠢᠭᠡ ᠢᠯᠡ〉〉 ᠵᠢᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠲᠣᠭᠲᠠᠭ᠋ᠠᠯ᠎ᠠᠴᠠ ᠵᠥᠷᠢᠴᠡᠭᠰᠡᠨ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠤᠷᠢᠯᠡᠵᠤ ᠵᠠᠯᠬᠠᠭ᠋ᠠᠨ ᠴᠡᠭᠡᠷᠯᠡᠭᠦᠯᠬᠦ ᠡᠷᠴᠢᠮ ᠵᠶ᠋ᠠᠨ ᠴᠢᠩᠭ᠋ᠠᠷᠠᠭᠤᠯᠤᠨᠡ᠃ ᠨᠠᠰᠤᠵᠢᠯ᠎ᠤᠨ ᠦᠢ᠍ᠯᠡᠴᠢᠯᠡᠭᠡᠨ᠎ᠤ ᠵᠠᠭ᠋ᠠᠯᠳᠤᠵᠤ ᠢᠯᠡᠴᠢᠯᠡᠨ ᠮᠡᠳᠡᠭᠦᠯᠬᠦ ᠵᠢ ᠭᠥᠯᠢᠶᠡᠨ ᠠᠪᠴᠤ ᠰᠢᠢ᠍ᠳᠪᠤᠷᠢᠯᠡᠬᠦ ᠲᠠᠪᠴᠠᠩ᠎ᠢ ᠪᠠᠶ᠋ᠢᠭᠤᠯᠵᠤ᠂ ᠣᠯᠠᠨ ᠨᠡᠶ᠋ᠢᠲᠡ ᠵᠢᠨ ᠨᠡᠶ᠋ᠢᠭᠡᠮ᠎ᠤᠨ ᠬᠢᠨᠠᠯᠲᠠ᠎ᠳᠤ ᠣᠷᠣᠯᠴᠠᠬᠤ ᠠᠷᠭ᠎ᠠ ᠵᠠᠮ ᠪᠠ ᠬᠡᠯᠪᠡᠷᠢ ᠮᠠᠶᠢᠭ᠎ᠢ ᠥᠷᠭᠡᠳᠬᠡᠨ᠎ᠡ᠃ ᠨᠠᠰᠤᠵᠢᠯ᠎ᠤᠨ ᠦᠢ᠍ᠯᠡᠴᠢᠯᠡᠭᠡᠨ ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠪᠣᠯᠵᠣᠨ ᠶᠠᠷᠢᠯᠴᠠᠬᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠨᠠᠰᠤᠵᠢᠯ᠎ᠤᠨ ᠦᠢ᠍ᠯᠡᠴᠢᠯᠡᠭᠡᠨ ᠤ ᠬᠦᠷᠢᠶ᠎ᠡ ᠴᠠᠷᠠᠭ᠋ᠠᠨ᠎ᠳᠤ᠎ᠬᠢ ᠬᠡᠷᠡᠭᠯᠡᠯᠲᠡ ᠵᠢ ᠨᠡᠮᠡᠭᠳᠡᠭᠦᠯᠤᠨ᠎ᠡ ᠃
ᠲᠠᠪᠤ᠂ ᠨᠠᠰᠤᠵᠢᠯ᠎ᠤᠨ ᠦᠢ᠍ᠯᠡᠴᠢᠯᠡᠭᠡᠨ᠎ᠤ ᠬᠥᠭᠵᠢᠯᠲᠡ ᠵᠢ ᠬᠢᠵᠠᠭ᠋ᠠᠷᠯᠠᠬᠤ ᠪᠣᠭᠣᠮᠢ ᠵᠢ ᠠᠪᠴᠤ ᠬᠠᠶᠠᠨ᠎ᠠ
(ᠠᠷᠪᠠᠨ ᠭᠤᠷᠪᠠ) ᠨᠠᠰᠤᠵᠢᠯ᠎ᠤᠨ ᠪᠠᠶ᠋ᠢᠭᠤᠯᠤᠮᠵᠢ ᠵᠢ ᠪᠦᠷᠢᠳᠬᠡᠨ ᠳᠠᠩᠰᠠᠯᠠᠭᠤᠯᠤᠨ᠎ᠠ᠃ ᠠᠵᠢᠯ ᠦᠢ᠍ᠯᠡᠰ᠎ᠤᠨ ᠨᠢᠭᠡᠴᠢ ᠵᠢᠨ ᠰᠢᠨᠵᠢ ᠴᠢᠨᠠᠷᠲᠠᠢ ᠨᠠᠰᠤᠵᠢᠯ᠎ᠤᠨ ᠪᠠᠶ᠋ᠢᠭᠤᠯᠤᠮᠵᠢ ᠵᠢ ᠡᠷᠬᠢᠯᠡᠵᠦ᠂ ᠬᠣᠰᠢᠭᠤ ᠰᠢᠶᠡᠨ᠎ᠤ ᠱᠠᠲᠤᠨ᠎ᠠᠴᠠ ᠳᠡᠭᠡᠭᠰᠢᠬᠢ ᠪᠠᠶ᠋ᠢᠭᠤᠯᠤᠮᠵᠢ ᠵᠢᠨ ᠣᠷᠣᠨ ᠲᠣᠭ᠋ᠠᠨ᠎ᠤ ᠰᠠᠯᠠᠭ᠎ᠠ ᠮᠥᠴᠢᠷ᠎ᠲᠤ ᠬᠢᠨᠠᠨ ᠵᠦᠪᠰᠢᠶᠡᠷᠡᠭᠦᠯᠬᠦ ᠪᠠ ᠳᠠᠩᠰᠠᠯᠠᠭᠤᠯᠬᠤ ᠭᠤᠶᠤᠴᠢᠯᠠᠯ ᠭᠠᠷᠭ᠋ᠠᠯᠭ᠋ᠠᠨᠠ ᠃ ᠠᠰᠢᠭ ᠬᠣᠨᠵᠢᠪᠣᠷᠢ ᠵᠢᠨ ᠪᠤᠰᠤ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠪᠠᠶ᠋ᠢᠭᠤᠯᠬᠤ᠎ᠳᠤ ᠡᠷᠬᠡᠪᠰᠢ ᠬᠠᠤᠯᠢ ᠶᠣᠰᠣᠭ᠋ᠠᠷ ᠵᠦᠢ ᠵᠣᠬᠢᠰᠲᠠᠢ ᠳᠡᠩᠰᠡᠯᠡᠯᠲᠡ ᠬᠢᠯᠭᠡᠬᠦ ᠬᠡᠷᠡᠭᠲᠡᠶ᠃ ᠠᠰᠢᠭ ᠬᠣᠨᠵᠢᠪᠣᠷᠢ ᠵᠢᠨ ᠴᠢᠨᠠᠷᠲᠠᠶ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠪᠠᠶ᠋ᠢᠭᠤᠯᠬᠤ᠎ᠳᠤ ᠡᠷᠬᠡᠪᠰᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠶ᠃ ᠠᠰᠢᠭ ᠣᠯᠵᠠᠪᠤᠷᠢ ᠵᠢᠨ ᠪᠤᠰᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠭ᠎ᠠ ᠳᠠᠩᠰᠠᠯᠠᠭᠤᠯᠬᠤ᠎ᠳᠤ᠎ᠪᠠᠨ ᠡᠷᠬᠡᠪᠰᠢ ᠨᠠᠰᠤᠲᠠᠢ᠌ᠴᠤᠳ᠎ᠢ ᠭᠥᠯᠢᠶᠡᠨ ᠠᠪᠴᠤ ᠰᠠᠭᠤᠯᠭ᠋ᠠᠭᠰᠠᠨᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ ᠳᠡᠩᠰᠡᠯᠡᠨ ᠬᠠᠮᠢᠶᠠᠷᠬᠤ ᠪᠠᠶ᠋ᠢᠭᠤᠯᠭ᠎ᠠ ᠵᠢᠨ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃ ᠠᠰᠢᠭ ᠣᠯᠵᠠᠪᠤᠷᠢ ᠵᠢᠨ ᠴᠢᠨᠠᠷᠲᠠᠶ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠳᠠᠩᠰᠠᠯᠠᠭᠤᠯᠬᠤ᠎ᠳᠤ᠎ᠪᠠᠨ ᠨᠠᠰᠦᠲᠠᠢ᠌ᠴᠤᠳᠢ ᠭᠥᠯᠢᠶᠡᠨ ᠠᠪᠴᠤ ᠰᠠᠭᠤᠯᠭ᠋ᠠᠭᠰᠠᠨᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ ᠦᠢ᠍ᠯᠡᠴᠢᠯᠡᠭᠡᠨ᠎ᠤ ᠭᠠᠵᠠᠷ ᠪᠠᠶ᠋ᠢᠭ᠎ᠠ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠳᠠᠩᠰᠠᠯᠠᠭᠤᠯᠬᠤ ᠮᠠᠲ᠋ᠧᠷᠢᠶᠠᠯ᠎ᠳᠤ ᠳᠠᠩᠰᠠᠯᠠᠭᠤᠯᠬᠤ ᠭᠤᠶᠤᠴᠢᠯᠠᠯ᠎ᠤᠨ ᠪᠢᠴᠢᠭ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠳᠠᠩᠰᠠᠯᠠᠭᠰᠠᠨ ᠦᠨᠡᠮᠯᠡᠯ᠂ ᠪᠠᠷᠢᠯᠭ᠎ᠠ᠂ ᠭᠠᠯ ᠤᠨᠲᠠᠷᠠᠭ᠋ᠠᠬᠤ᠂ ᠢᠳᠡᠭᠡᠨ ᠤᠮᠳᠠᠭ᠋ᠠᠨ᠎ᠤ ᠠᠮᠤᠷ ᠲᠦᠪᠰᠢᠨ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠣᠨᠴᠠᠭ᠋ᠠᠢ ᠲᠣᠨᠣᠭ ᠲᠥᠬᠥᠭᠡᠷᠦᠮᠵᠢ ᠵᠡᠷᠭᠡ ᠬᠠᠤᠯᠢ ᠴᠠᠭ᠋ᠠᠵᠠ᠎ᠳᠤ ᠨᠡᠶ᠋ᠢᠴᠡᠭᠰᠡᠨ ᠠᠮᠠᠯᠠᠯᠲᠠ ᠵᠢᠨ ᠪᠢᠴᠢᠭ ᠵᠡᠷᠭᠡ ᠮᠠᠲ᠋ᠧᠷᠢᠶᠠᠯ᠎ᠢ ᠪᠠᠭᠲᠠᠭ᠋ᠠᠬᠤ ᠵᠢᠨ ᠬᠠᠮᠲᠤ ᠲᠡᠭᠦᠨ᠎ᠤ ᠦᠨᠡᠨ ᠪᠣᠳᠠᠲᠤ ᠴᠢᠨᠠᠷ᠎ᠲᠤ ᠬᠠᠷᠢᠭᠤᠴᠠᠨ᠎ᠠ᠃ ᠳᠠᠩᠰᠠᠯᠠᠭᠤᠯᠬᠤ ᠭᠤᠶᠤᠴᠢᠯᠠᠯ᠎ᠤᠨ ᠪᠢᠴᠢᠭ᠎ᠲᠤ ᠨᠠᠰᠤᠵᠢᠯ᠎ᠤᠨ ᠪᠠᠶ᠋ᠢᠭᠤᠯᠤᠮᠵᠢ ᠵᠢᠨ ᠦᠨᠳᠦᠰᠦᠨ ᠪᠠᠶ᠋ᠢᠳᠠᠯ (ᠨᠡᠷᠡᠢ᠌ᠲᠤᠯ ᠂ ᠬᠠᠶᠢᠭ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠣᠣᠯ ᠬᠠᠷᠢᠭᠤᠴᠠᠯᠭ᠋ᠠᠲᠠᠨ᠎ᠤ ᠮᠡᠳᠡᠭᠡ ᠵᠠᠩᠭᠢ)᠂ ᠦᠢ᠍ᠯᠡᠴᠢᠯᠡᠭᠡᠨ ᠤ ᠲᠠᠯᠠᠪᠤᠷ ᠭᠠᠵᠠᠷ᠎ᠤᠨ ᠡᠷᠬᠡ ᠮᠡᠳᠡᠯ᠂ ᠨᠠᠰᠤᠵᠢᠯ᠎ᠤᠨ ᠦᠢ᠍ᠯᠡᠴᠢᠯᠡᠭᠡᠨ᠎ᠤ ᠣᠷᠣ ᠵᠢᠨ ᠲᠣᠭ᠎ᠠ᠂ ᠦᠢ᠍ᠯᠡᠴᠢᠯᠡᠭᠡᠨ᠎ᠤ ᠳᠦᠬᠦᠭᠡᠷᠤᠮᠵᠢ ᠵᠢᠨ ᠲᠠᠯᠠᠪᠠᠶ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ ᠵᠡᠷᠭᠡ ᠵᠢ ᠪᠠᠭᠲᠠᠭ᠋ᠠᠨ᠎ᠠ᠃
(ᠠᠷᠪᠠᠨ ᠳᠦᠷᠪᠡ) ᠨᠠᠰᠤᠵᠢᠯ᠎ᠤᠨ ᠦᠢ᠍ᠯᠡᠴᠢᠯᠡᠭᠡᠨ᠎ᠤ ᠳᠦᠬᠦᠭᠡᠷᠤᠮᠵᠢ ᠵᠢᠨ ᠭᠠᠯ ᠰᠡᠷᠭᠡᠢ᠌ᠯᠡᠯᠲᠡ ᠵᠢᠨ ᠬᠢᠨᠠᠨ ᠰᠢᠯᠭ᠋ᠠᠬᠤ ᠪᠣᠭᠣᠮᠢ ᠵᠢ ᠲᠠᠶ᠋ᠢᠯᠬᠤ ᠬᠡᠷᠡᠭᠲᠡᠶ᠃ ᠨᠠᠰᠤᠲᠠᠳ᠎ᠢ ᠠᠰᠠᠷᠠᠬᠤ ᠬᠦᠷᠢᠶᠡᠯᠡᠩ ᠵᠢᠴᠢ ᠰᠤᠷᠭ᠋ᠠᠭᠤᠯᠢ᠂ ᠦᠢ᠍ᠯᠡᠳᠪᠤᠷᠢ ᠵᠢᠨ ᠭᠡᠷ ᠪᠠᠶ᠋ᠢᠰᠢᠩ᠂ ᠬᠤᠳᠠᠯᠳᠤᠭ᠋ᠠᠨ᠎ᠤ ᠲᠠᠯᠠᠪᠤᠷ ᠢ ᠠᠰᠢᠭᠯᠠᠨ ᠡᠷᠬᠢᠯᠡᠭᠰᠡᠨ ᠭᠠᠯ ᠰᠡᠷᠭᠡᠢ᠌ᠯᠡᠯᠲᠡ ᠵᠢᠨ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠢ᠌ᠴᠡᠭᠰᠡᠨ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠦᠯᠦ ᠬᠥᠳᠡᠯᠬᠦ ᠬᠥᠷᠥᠩᠭᠡ ᠵᠢᠨ ᠳᠠᠩᠰᠠᠯᠠᠯᠲᠠ᠂ ᠭᠠᠵᠠᠷ ᠰᠢᠷᠣᠶ ᠵᠢᠨ ᠲᠥᠯᠥᠪᠵᠢᠭᠦᠯᠪᠡ ᠵᠡᠷᠭᠡ ᠭᠠᠷ ᠭᠦᠢ᠍ᠴᠡᠳᠬᠡᠯ ᠬᠢᠭᠡᠳᠤᠢᠠᠴᠠ ᠪᠣᠯᠵᠤ ᠭᠠᠯ ᠰᠡᠷᠭᠡᠢ᠌ᠯᠡᠯᠲᠡ ᠵᠢᠨ ᠬᠢᠨᠠᠨ ᠰᠢᠯᠭ᠋ᠠᠯᠲᠠ ᠵᠢ ᠲᠤᠭᠤᠯᠵᠤ ᠳᠡᠢ᠌ᠯᠤᠭᠡ ᠦᠭᠡᠢ ᠵᠢ᠎ᠨᠢ 2020 ᠣᠨ᠎ᠤ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠠᠶ᠋ᠢᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠬᠤᠷᠢᠶᠠᠩᠭᠤᠶ᠋ᠢᠯᠠᠭᠰᠠᠨ᠎ᠤ ᠳᠠᠷᠠᠭ᠎ᠠ ᠠᠶ᠋ᠢᠮᠠᠭ᠎ᠤᠨ ᠵᠠᠬᠢᠷᠭ᠎ᠠ ᠪᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠦᠨ᠂ 〈〈ᠨᠡᠢ᠌ᠲᠡᠯᠢᠭ ᠤᠴᠢᠷ᠎ᠢ ᠨᠢᠭᠡ ᠵᠥᠪᠯᠡᠬᠦ〉〉᠂ 〈〈ᠨᠢᠭᠡ ᠬᠣᠷᠢᠶᠠᠨ᠎ᠳᠤ ᠨᠢᠭᠡ ᠵᠦᠢ᠍ᠯ᠎ᠤᠨ ᠠᠷᠭ᠎ᠠ ᠪᠤᠳᠤᠯᠭ᠎ᠠ〉〉 ᠠᠪᠬᠤ ᠠᠷᠭ᠎ᠠ ᠮᠠᠶᠢᠭ ᠵᠶ᠋ᠠᠷ ᠶᠠᠷᠢᠯᠴᠠᠨ ᠰᠢᠢ᠍ᠳᠪᠤᠷᠢᠯᠡᠨ᠎ᠡ ᠃
(ᠠᠷᠪᠠᠨ ᠲᠠᠪᠤ) ᠨᠠᠰᠤᠵᠢᠯ᠎ᠤᠨ ᠦᠢ᠍ᠯᠡᠴᠢᠯᠡᠭᠡᠨ᠎ᠤ ᠳᠦᠬᠦᠭᠡᠷᠤᠮᠵᠢ ᠵᠢᠨ ᠬᠡᠷᠡᠭᠯᠡᠬᠦ ᠭᠠᠵᠠᠷ᠎ᠤᠨ ᠬᠠᠩᠭ᠋ᠠᠯᠲᠠ ᠵᠢᠨ ᠪᠠᠲᠤᠯᠠᠭ᠎ᠠ᠎ᠪᠠᠨ ᠴᠢᠩᠭ᠋ᠠᠳᠬᠠᠨ᠎ᠠ᠃ ᠡᠯ᠎ᠡ ᠲᠥᠷᠥᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠪᠡ ᠪᠠ ᠣᠨ᠎ᠤ᠎ᠪᠠᠨ ᠭᠠᠵᠠᠷ ᠬᠡᠷᠡᠭᠯᠡᠬᠦ ᠲᠥᠯᠥᠪᠯᠡᠭᠡ᠎ᠳᠤ ᠣᠷᠣᠭᠤᠯᠵᠤ᠂ ᠭᠠᠵᠠᠷ ᠬᠡᠷᠡᠭᠯᠡᠬᠦ ᠲᠥᠯᠥᠪᠯᠡᠭᠡ ᠵᠢᠨ ᠨᠠᠢ᠌ᠲᠠᠪᠤᠷᠢᠵᠢᠭᠤᠯᠤᠯᠲᠠ ᠵᠢ ᠦᠨᠡᠨᠬᠦ ᠪᠠᠲᠤᠯᠠᠬᠤ ᠬᠡᠷᠡᠭᠲᠡᠶ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠦᠬᠦᠭᠡᠷᠤᠮᠵᠢ᠎ᠳᠤ ᠬᠡᠷᠡᠭᠯᠡᠬᠦ ᠭᠠᠵᠠᠷ᠎ᠨᠢ ᠰᠢᠨ᠎ᠡ ᠨᠡᠮᠡᠭᠰᠡᠨ ᠪᠦᠲᠦᠭᠡᠨ ᠪᠠᠶ᠋ᠢᠭᠤᠯᠤᠯᠲᠠ ᠵᠢᠨ ᠬᠡᠷᠡᠭᠯᠡᠬᠦ ᠭᠠᠵᠠᠷ᠎ᠲᠠᠢ ᠬᠣᠯᠪᠣᠭᠳᠠᠪᠠᠯ᠂ ᠭᠠᠵᠠᠷ ᠰᠢᠷᠣᠶ ᠵᠢ ᠠᠰᠢᠭᠯᠠᠬᠤ ᠣᠨ᠎ᠤ ᠲᠥᠯᠥᠪᠯᠡᠭᠡ ᠵᠢᠨ ᠭᠦᠢ᠍ᠴᠡᠳᠬᠡᠬᠦ ᠲᠣᠭ᠋ᠠᠨ᠎ᠠᠴᠠ ᠤᠷᠢᠳ ᠵᠶ᠋ᠠᠷ ᠲᠣᠬᠢᠷᠠᠭᠤᠯᠬᠤ ᠬᠡᠷᠡᠭᠲᠡᠶ᠃ ᠠᠰᠢᠭ ᠣᠯᠵᠠᠪᠤᠷᠢ ᠵᠢᠨ ᠪᠤᠰᠤ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠡᠷᠬᠢᠯᠡᠬᠦ ᠭᠡᠪᠡᠯ ᠠᠷᠠᠳ᠎ᠠᠴᠠ ᠡᠷᠬᠢᠯᠡᠭᠰᠡᠨ ᠠᠵᠤ ᠠᠬᠤᠶ᠋ᠢᠯᠠᠯ᠎ᠤᠨ ᠪᠤᠰᠤ ᠨᠢᠭᠡᠴᠢ ᠵᠢᠨ ᠳᠠᠩᠰᠠᠯᠠᠭᠤᠯᠤᠭᠰᠠᠨ ᠦᠨᠡᠮᠯᠡᠯ ᠪᠣᠯᠤᠨ ᠪᠤᠰᠤᠳ ᠬᠠᠤᠯᠢ᠎ᠪᠠᠷ ᠲᠣᠭᠲᠠᠭ᠋ᠠᠭᠰᠠᠨ ᠮᠠᠲ᠋ᠧᠷᠢᠶᠠᠯ ᠵᠶ᠋ᠠᠷ ᠵᠶ᠋ᠠᠨ ᠭᠠᠵᠠᠷ ᠬᠠᠩᠭ᠋ᠠᠬᠤ ᠭᠤᠶᠤᠴᠢᠯᠠᠯ ᠭᠠᠷᠭ᠋ᠠᠵᠤ ᠪᠣᠯᠤᠨ᠎ᠠ᠃ ᠠᠰᠢᠭ ᠣᠯᠵᠠᠪᠤᠷᠢ ᠵᠢᠨ ᠴᠢᠨᠠᠷᠲᠠᠶ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠦᠯᠡᠳᠡᠭᠰᠡᠨ ᠭᠠᠵᠠᠷ᠎ᠢ ᠠᠰᠢᠭᠯᠠᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢ ᠪᠠᠶ᠋ᠢᠭᠤᠯᠵᠤ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠬᠢᠮᠳᠠ᠎ᠪᠠᠷ ᠬᠤᠳᠠᠯᠳᠤᠬᠤ (ᠲᠦᠷᠢᠶᠡᠰᠤᠯᠡᠬᠦ) ᠪᠤᠶᠤ ᠰᠢᠯᠵᠢᠭᠦᠯᠬᠦ᠎ᠳᠤ ᠬᠣᠯᠪᠣᠭᠳᠠᠭᠰᠠᠨ ᠪᠠᠢ᠌ᠪᠠᠯ ᠤᠤᠯ᠎ᠤᠨ ᠭᠠᠵᠠᠷ ᠰᠢᠷᠣᠢ ᠵᠢᠨ ᠬᠡᠷᠡᠭᠯᠡᠭᠡᠨ᠎ᠢ ᠲᠥᠯᠥᠪᠵᠢᠭᠦᠯᠭᠡ᠎ᠳᠤ ᠨᠡᠶ᠋ᠢᠴᠡᠭᠰᠡᠨ ᠤᠷᠢᠲᠠᠯ ᠳᠣᠣᠷ᠎ᠠ᠂ ᠭᠠᠵᠠᠷ ᠰᠢᠷᠣᠶ ᠵᠢ ᠬᠢᠮᠳᠠ ᠪᠠᠷ ᠬᠤᠳᠠᠯᠳᠤᠭᠰᠠᠨ ᠮᠥᠩᠭᠥ (ᠲᠦᠷᠢᠶᠡᠰᠦᠨ ᠮᠥᠩᠭᠥ) ᠵᠢ ᠨᠥᠬᠥᠨ ᠳᠤᠰᠢᠶᠠᠯᠭ᠋ᠠᠵᠤ᠂ ᠬᠢᠮᠳᠠ ᠪᠠᠷ ᠬᠤᠳᠠᠯᠳᠤᠭᠰᠠᠨ ᠪᠤᠶᠤ ᠲᠦᠷᠢᠶᠡᠰᠦᠯᠡᠭᠰᠡᠨ ᠭᠠᠷᠳᠠᠮ ᠭᠦᠢ᠍ᠴᠡᠳᠬᠡᠬᠦ ᠬᠡᠷᠡᠭᠲᠡᠶ᠃
(ᠠᠷᠪᠠᠨ ᠵᠢᠷᠭᠤᠭ᠎ᠠ) ᠨᠠᠰᠤᠵᠢᠯ᠎ᠤᠨ ᠦᠢ᠍ᠯᠡᠴᠢᠯᠡᠭᠡᠨ᠎ᠤ ᠳᠦᠬᠦᠭᠡᠷᠤᠮᠵᠢ ᠵᠢᠨ ᠲᠥᠯᠥᠪᠵᠢᠭᠦᠯᠭᠡ ᠵᠢᠨ ᠪᠦᠲᠦᠭᠡᠨ ᠪᠠᠢ᠌ᠭᠤᠯᠤᠯᠲᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠎ᠠ ᠃ ᠨᠡᠶ᠋ᠢᠭᠡᠮ ᠲᠣᠭᠣᠷᠢᠭ ᠤᠨ ᠨᠠᠰᠤᠵᠢᠯ ᠤᠨ ᠦᠢ᠍ᠯᠡᠴᠢᠯᠡᠭᠡᠨ᠎ᠤ ᠳᠦᠬᠦᠭᠡᠷᠤᠮᠵᠢ ᠵᠢ ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ ᠤᠨ ᠢᠵᠢ ᠪᠦᠷᠢᠳᠦᠭᠦᠯᠬᠦ ᠭᠡᠷ ᠪᠠᠶ᠋ᠢᠰᠢᠩ ᠤᠨ ᠪᠦᠲᠦᠭᠡᠨ ᠪᠠᠶ᠋ᠢᠭᠤᠯᠤᠯᠲᠠ ᠵᠢᠨ ᠬᠡᠪᠴᠢᠶᠡᠨ ᠳᠤ ᠣᠷᠣᠭᠤᠯᠬᠤ ᠬᠡᠷᠡᠭᠲᠡᠶ᠃ 〈〈ᠬᠣᠲᠠ ᠵᠢᠨ ᠣᠷᠣᠨ ᠰᠠᠭᠤᠴᠠ ᠵᠢᠨ ᠲᠣᠭᠣᠷᠢᠭ᠎ᠤᠨ ᠲᠥᠯᠥᠪᠵᠢᠭᠦᠯᠭᠡ ᠵᠢᠨ ᠵᠢᠷᠤᠭ ᠲᠦᠯᠣᠪᠯᠡᠭᠡᠨᠤ ᠪᠠᠷᠢᠮᠵᠢᠶ᠎ᠠ〉〉 (GB50180 — 2018) ᠵᠢᠨ ᠲᠣᠭᠲᠠᠭ᠋ᠠᠯ ᠵᠶ᠋ᠠᠷ ᠠᠷᠪᠠᠨ ᠲᠠᠪᠤᠨ ᠮᠢᠨᠦ᠋ᠲ ᠤᠨ ᠠᠮᠢᠳᠤᠷᠠᠯ ᠤᠨ ᠰᠠᠭᠤᠭ᠋ᠠᠯᠢ ᠲᠣᠭᠣᠷᠢᠭ ᠪᠣᠯᠤᠨ ᠠᠷᠪᠠᠨ ᠮᠢᠨᠦ᠋ᠲ᠎ᠤᠨ ᠠᠮᠢᠳᠤᠷᠠᠯ ᠤᠨ ᠰᠠᠭᠤᠭ᠋ᠠᠯᠢ ᠲᠣᠭᠣᠷᠢᠭ ᠤᠨ ᠢᠵᠢ ᠪᠦᠷᠢᠳᠦᠭᠦᠯᠬᠦ ᠲᠥᠬᠥᠭᠡᠷᠦᠮᠵᠢ ᠵᠢᠨ ᠲᠦᠯᠣᠪᠵᠢᠭᠦᠯᠭᠡ ᠳᠤ 3500 — 22000 ᠲᠡᠭᠰᠢ ᠳᠥᠷᠪᠡᠯᠵᠢᠨ ᠮᠧᠲᠷ ᠪᠦᠬᠦᠢ ᠨᠠᠰᠤᠲᠠᠳ᠎ᠢ ᠠᠰᠠᠷᠠᠬᠤ ᠬᠦᠷᠢᠶᠡᠯᠡᠩ ᠪᠠᠶ᠋ᠢᠭᠤᠯᠬᠤ ᠪᠠ 1750 —22000 ᠲᠡᠭᠰᠢ ᠳᠥᠷᠪᠡᠯᠵᠢᠨ ᠮᠧᠲᠷ ᠪᠦᠬᠦᠢ ᠨᠠᠰᠤᠲᠠᠢ᠌ᠴᠤᠳ᠎ᠤᠨ ᠠᠰᠠᠷᠠᠯᠲᠠ ᠰᠤᠪᠢᠯᠠᠯᠲᠠ ᠵᠢᠨ ᠬᠦᠷᠢᠶᠡᠯᠡᠩ ᠪᠠᠢ᠌ᠭᠤᠯᠵᠤ ᠪᠣᠯᠤᠨ᠎ᠠ᠃ ᠲᠠᠪᠤᠨ ᠮᠢᠨᠦ᠋ᠲ᠎ᠤᠨ ᠠᠮᠢᠳᠤᠷᠠᠯ᠎ᠤᠨ ᠰᠠᠭᠤᠭ᠋ᠠᠯᠢ ᠲᠣᠭᠣᠷᠢᠭ᠎ᠤᠨ ᠢᠵᠢ ᠪᠦᠷᠢᠳᠦᠭᠦᠯᠬᠦ ᠳᠦᠬᠦᠭᠡᠷᠤᠮᠵᠢ ᠵᠢᠨ ᠲᠥᠯᠥᠪᠵᠢᠭᠦᠯᠭᠡ᠎ᠳᠤ ᠪᠠᠷᠢᠯᠭ᠎ᠠ ᠵᠢᠨ ᠲᠠᠯᠠᠪᠠᠶ᠎ᠨᠢ 350 — 750 ᠺᠦᠸᠠᠳ᠋ ᠮᠧᠲᠷ ᠪᠥᠬᠥᠶ ᠨᠠᠰᠤᠲᠠᠶ᠋ᠢᠴᠤᠳ᠎ᠤᠨ ᠡᠳᠦᠷ ᠵᠶ᠋ᠠᠷ ᠠᠰᠠᠷᠠᠨ ᠬᠠᠷᠠᠭ᠋ᠠᠯᠵᠠᠬᠤ ᠲᠥᠪ (ᠨᠠᠰᠤᠲᠠᠳ᠎ᠢ ᠠᠰᠠᠷᠠᠬᠤ ᠭᠠᠵᠠᠷ) ᠵᠡᠷᠭᠡ ᠨᠠᠰᠤᠵᠢᠯ᠎ᠤᠨ ᠦᠢ᠍ᠯᠡᠴᠢᠯᠡᠭᠡᠨ᠎ᠤ ᠳᠦᠬᠦᠭᠡᠷᠤᠮᠵᠢ ᠵᠢ ᠳᠣᠭᠢᠷᠠᠭᠤᠯᠵᠤ᠂ ᠨᠠᠰᠤᠲᠠᠶ᠋ᠢᠴᠤᠳ᠎ᠤᠨ ᠣᠷᠣᠰᠢᠨ ᠰᠠᠭᠤᠬᠤ᠎ᠳᠤ ᠲᠣᠬᠢᠷᠠᠮᠵᠢᠲᠠᠶ ᠣᠷᠴᠢᠨ ᠲᠣᠭᠣᠷᠢᠨ᠎ᠢ ᠳᠡᠰ ᠳᠡᠪᠰᠢᠭᠦᠯᠤᠨᠡ᠃ 《ᠳᠥᠷᠪᠡ ᠵᠢ ᠵᠡᠷᠭᠡ᠎ᠪᠡᠷ ᠬᠡᠷᠡᠭᠵᠢᠭᠦᠯᠬᠦ》 (ᠵᠡᠷᠬᠡ᠎ᠪᠠᠷ ᠲᠥᠯᠥᠪᠵᠢᠭᠦᠯᠬᠦ᠂ ᠵᠡᠷᠭᠡ᠎ᠪᠡᠷ ᠪᠠᠶ᠋ᠢᠭᠤᠯᠬᠤ᠂ ᠵᠡᠷᠭᠡ᠎ᠪᠡᠷ ᠰᠢᠯᠭ᠋ᠠᠨ ᠬᠤᠷᠢᠶᠠᠬᠤ᠂ ᠵᠡᠷᠬᠡ᠎ᠪᠠᠷ ᠲᠤᠰᠢᠶᠠᠨ ᠬᠡᠷᠡᠭᠯᠡᠭᠦᠯᠬᠦ) ᠠᠵᠢᠯ᠎ᠤᠨ ᠲᠦᠷᠢᠮ᠎ᠢ ᠲᠡᠭᠦᠯᠳᠡᠷᠵᠢᠭᠦᠯᠦᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ 〈〈ᠳᠦᠷᠪᠡ ᠵᠢ ᠵᠡᠷᠬᠡ᠎ᠪᠠᠷ ᠬᠡᠷᠡᠭᠵᠢᠭᠦᠯᠬᠦ〉〉᠎ᠤᠨ ᠳᠤᠮᠳᠠᠬᠢ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠥᠮᠴᠢᠯᠡᠬᠦ ᠡᠷᠬᠡ ᠵᠢ ᠨᠢᠭᠡᠨᠲᠡ ᠲᠤᠰᠢᠶᠠᠨ ᠦᠭᠭᠦᠭᠰᠡᠨ ᠨᠠᠰᠤᠵᠢᠯ᠎ᠤᠨ ᠦᠢ᠍ᠯᠡᠴᠢᠯᠡᠭᠡᠨ᠎ᠤ ᠳᠦᠬᠦᠭᠡᠷᠤᠮᠵᠢ᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠨ᠂ ᠨᠠᠰᠤᠵᠢᠯ᠎ᠤᠨ ᠦᠢ᠍ᠯᠡᠴᠢᠯᠡᠭᠡᠨ ᠤ ᠬᠡᠷᠡᠭᠴᠡᠭᠡ ᠵᠢ ᠪᠠᠲᠤᠯᠠᠬᠤ ᠬᠡᠷᠡᠭᠲᠡᠶ᠃ 2022 ᠣᠨ ᠪᠣᠯᠬᠤ᠎ᠳᠤ ᠪᠥᠬᠥ ᠣᠷᠣᠨ᠎ᠤ ᠡᠯ᠎ᠡ ᠭᠠᠵᠠᠷ᠎ᠤᠨ ᠰᠢᠨ᠎ᠡ᠎ᠪᠠᠷ ᠪᠠᠶ᠋ᠢᠭᠤᠯᠤᠭᠰᠠᠨ ᠣᠷᠣᠨ ᠰᠠᠭᠤᠴᠠ ᠵᠢᠨ ᠲᠣᠭᠣᠷᠢᠭ᠎ᠲᠤ ᠨᠠᠰᠤᠵᠢᠯ᠎ᠤᠨ ᠦᠢ᠍ᠯᠡᠴᠢᠯᠡᠭᠡᠨ᠎ᠤ ᠳᠦᠬᠦᠭᠡᠷᠤᠮᠵᠢ ᠵᠢ 100%᠎ᠳᠤ ᠬᠦᠷᠦᠭᠦᠯᠦᠨ᠎ᠡ᠃ ᠣᠯᠠᠨ ᠨᠡᠶ᠋ᠢᠲᠡ ᠵᠢᠨ ᠭᠠᠵᠠᠷ ᠳᠦᠬᠦᠷᠵᠢᠭᠦᠯᠤᠨ ᠪᠠᠶ᠋ᠢᠭᠤᠯᠬᠤ ᠨᠠᠰᠤᠵᠢᠯ᠎ᠤᠨ ᠦᠢ᠍ᠯᠡᠴᠢᠡᠯᠭᠡᠨᠤ ᠳᠦᠬᠦᠭᠡᠷᠤᠮᠵᠢ ᠵᠢ ᠬᠤᠪᠢᠶᠠᠷᠢᠯᠠᠨ ᠰᠠᠯᠭ᠋ᠠᠵᠤ ᠬᠡᠷᠡᠭᠯᠡᠬᠦ ᠭᠠᠵᠠᠷ᠎ᠤᠨ ᠬᠢᠨᠢ ᠨᠡᠷ᠎ᠡ᠎ᠪᠠᠷ ᠬᠤᠪᠢᠶᠠᠷᠢᠯᠠᠨ ᠰᠠᠯᠭ᠋ᠠᠵᠤ ᠬᠡᠷᠡᠭᠯᠡᠬᠦ ᠭᠠᠵᠠᠷ ᠬᠠᠩᠭ᠋ᠠᠬᠤ ᠪᠣᠯᠤᠨ᠎ᠠ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠦᠬᠦᠭᠡᠷᠤᠮᠵᠢ ᠵᠢᠨ ᠪᠦᠬᠦ ᠲᠣᠭ᠎ᠠ᠎ᠨᠢ ᠬᠦᠷᠦᠯᠴᠡᠬᠦ ᠦᠭᠡᠢ ᠪᠤᠶᠤ ᠲᠥᠯᠥᠪᠵᠢᠭᠦᠯᠭᠡ᠎ᠠᠴᠠ ᠬᠣᠵᠢᠮᠳᠠᠭᠰᠠᠳᠢ ᠡᠷᠬᠡᠪᠰᠢ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠶᠡᠷᠤᠩᠬᠡᠢ ᠲᠥᠯᠥᠪᠵᠢᠭᠦᠯᠭᠡ ᠵᠢ ᠳᠣᠭᠲᠠᠭ᠋ᠠᠬᠤ ᠪᠤᠶᠤ ᠵᠠᠰᠠᠪᠤᠷᠢ ᠣᠷᠣᠭᠤᠯᠬᠤ ᠦᠶ᠎ᠡ᠎ᠳᠤ ᠭᠦᠢ᠍ᠴᠡᠭᠡᠬᠦ ᠬᠡᠷᠡᠭᠲᠡᠶ᠃ 2022 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠨᠥᠬᠥᠴᠡᠯ᠎ᠲᠠᠢ ᠬᠣᠰᠢᠭᠤ ᠰᠢᠶᠠᠨ (ᠬᠣᠲᠠ᠂ ᠲᠣᠭᠣᠷᠢᠭ) ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠦᠬᠦᠭᠡᠷᠤᠮᠵᠢ ᠵᠢᠨ ᠲᠤᠰᠬᠠᠶ ᠲᠥᠯᠥᠪᠵᠢᠭᠦᠯᠭᠡ ᠵᠢ ᠳᠣᠭᠲᠠᠭ᠋ᠠᠬᠤ ᠠᠵᠢᠯ ᠵᠶ᠋ᠠᠨ ᠪᠡᠶᠡᠯᠡᠭᠦᠯᠵᠦ᠂ ᠲᠤᠰᠬᠠᠶ ᠳᠦᠯᠣᠪᠵᠢᠭᠦᠯᠭᠡ ᠵᠢᠨ ᠦᠷ᠎ᠡ ᠪᠦᠲᠦᠭᠡᠯ ᠵᠶ᠋ᠠᠨ ᠠᠳᠠᠯᠢ ᠱᠠᠲᠤᠨ᠎ᠤ ᠤᠯᠤᠰ᠎ᠤᠨ ᠭᠠᠵᠠᠷ ᠰᠢᠷᠣᠢ᠎ᠤᠨ ᠣᠷᠣᠨ ᠵᠠᠶ ᠵᠢᠨ ᠦᠨᠳᠤᠰᠤᠨ ᠮᠡᠳᠡᠭᠡ ᠵᠠᠩᠭᠢ ᠵᠢᠨ ᠲᠠᠪᠴᠠᠩ᠎ᠳᠤ ᠨᠡᠮᠡᠨ ᠣᠷᠣᠭᠤᠯᠵᠤ᠂ ᠤᠯᠤᠰ᠎ᠤᠨ ᠦᠮᠴᠢᠯᠡᠯ᠎ᠤᠨ ᠭᠠᠵᠠᠷ ᠰᠢᠷᠣᠢ᠎ᠤᠨ ᠣᠷᠣᠨ ᠵᠠᠶ ᠵᠢᠨ ᠲᠦᠯᠣᠪᠵᠢᠭᠦᠯᠭᠡ ᠵᠢᠨ 《ᠨᠢᠭᠡ ᠵᠢᠷᠤᠭ》᠎ᠲᠤ ᠨᠡᠮᠡᠵᠤ᠂ ᠲᠤᠰᠬᠠᠶ ᠲᠥᠯᠥᠪᠵᠢᠭᠦᠯᠭᠡ ᠵᠢᠨ ᠭᠣᠣᠯ ᠠᠭᠤᠯᠭ᠎ᠠ ᠵᠢ ᠨᠠᠷᠢᠨ ᠲᠥᠯᠥᠪᠵᠢᠭᠦᠯᠭᠡ᠎ᠳᠤ ᠣᠷᠣᠭᠤᠯᠤᠨ᠎ᠠ ᠃
ᠵᠢᠷᠭᠤᠭ᠎ᠠ᠂ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ
(ᠠᠷᠪᠠᠨ ᠳᠣᠯᠣᠭ᠎ᠠ) ᠨᠠᠰᠤᠲᠠᠶ᠋ᠢᠴᠤᠳ᠎ᠤᠨ ᠴᠢᠨᠠᠷ ᠰᠠᠶ᠋ᠢᠲᠠᠶ ᠬᠡᠷᠡᠭᠯᠡᠭᠡᠨ᠎ᠤ ᠦᠢ᠍ᠯᠡᠳᠭᠦᠨ ᠤ ᠬᠠᠩᠭ᠋ᠠᠯᠭ᠎ᠠ ᠵᠢ ᠦᠷᠭᠡᠳᠬᠡᠨ᠎ᠡ᠃ ᠨᠠᠰᠤᠲᠠᠶ᠋ᠢᠴᠤᠳ᠎ᠤᠨ ᠴᠢᠳᠠᠮᠵᠢ ᠵᠢ ᠣᠷᠣᠯᠠᠬᠤ ᠦᠢ᠍ᠯᠡᠳᠭᠦᠨ᠎ᠤ ᠬᠦᠭᠵᠢᠯᠲᠡ ᠵᠢ ᠲᠦᠷᠭᠡᠳᠬᠡᠨ᠂ ᠬᠠᠤᠯᠢ᠎ᠪᠠᠷ ᠨᠠᠰᠤᠲᠠᠢ᠌ᠴᠤᠳ᠎ᠤᠨ ᠠᠯᠬᠤᠵᠤ ᠶᠠᠪᠤᠬᠤ᠂ ᠤᠬᠢᠶᠠᠵᠤ ᠴᠡᠪᠡᠷᠯᠡᠬᠦ᠂ ᠬᠣᠭᠣᠯᠠ ᠤᠮᠳᠠ ᠳᠦᠬᠦᠭᠡᠷᠬᠦ ᠵᠡᠷᠭᠡ᠎ᠳᠤ ᠬᠠᠪᠰᠤᠷᠤᠮᠵᠢ ᠪᠣᠯᠬᠤ ᠣᠨᠴᠠ ᠦᠢ᠍ᠯᠡᠳᠤᠭ᠌ᠰᠡᠨ ᠲᠤᠰᠠᠯᠠᠬᠤ ᠪᠠᠭ᠋ᠠᠵᠢ ᠵᠢᠨ ᠦᠢ᠍ᠯᠡᠳᠭᠦᠨ᠎ᠢ ᠨᠡᠭᠡᠭᠡᠨ ᠦᠢ᠍ᠯᠡᠳᠪᠤᠷᠢᠯᠡᠬᠦ ᠵᠢ ᠵᠣᠷᠢᠭᠵᠢᠭᠤᠯᠤᠨ᠎ᠠ᠃ ᠨᠠᠰᠤᠲᠠᠶ᠋ᠢᠴᠤᠳ᠎ᠤᠨ ᠡᠷᠡᠭᠦᠯᠵᠢᠯ᠎ᠳᠤ ᠳᠤᠰᠠ᠎ᠲᠠᠢ ᠪᠠᠭ᠋ᠠᠵᠢ ᠬᠡᠷᠡᠭᠰᠡᠯ᠎ᠢ ᠳᠣᠭᠢᠷᠠᠭᠤᠯᠬᠤ᠂ ᠲᠦᠷᠢᠶᠡᠰᠦᠯᠡᠭᠦᠯᠬᠦ᠂ ᠡᠭᠡᠭᠦᠯᠦᠨ ᠬᠤᠷᠢᠶᠠᠬᠤ ᠪᠠ ᠪᠠᠯᠠ ᠣᠷᠣᠭᠤᠯᠤᠨ ᠲᠦᠷᠢᠶᠡᠰᠦᠯᠡᠬᠦ ᠦᠢ᠍ᠯᠡᠴᠢᠯᠡᠭᠡ ᠵᠢ ᠥᠷᠨᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ᠂ ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ᠎ᠲᠤ ᠡᠷᠡᠭᠦᠯᠵᠢᠯ᠎ᠳᠤ ᠳᠤᠰᠠ᠎ᠲᠠᠢ ᠪᠠᠭ᠋ᠠᠵᠢ ᠬᠡᠷᠡᠭᠰᠡᠯ᠎ᠢ ᠳᠣᠭᠢᠷᠠᠭᠤᠯᠬᠤ ᠦᠢ᠍ᠯᠡᠴᠢᠯᠡᠭᠡᠨ (ᠲᠦᠷᠢᠶᠡᠰᠦᠯᠡᠬᠦ) ᠥᠷᠲᠡᠭᠡ ᠴᠡᠭ ᠪᠠᠢ᠌ᠭᠤᠯᠬᠤ ᠵᠢ ᠠᠬᠢᠭᠤᠯᠤᠨ᠎ᠠ᠃ ᠠᠵᠤ ᠠᠬᠤᠶ᠋ᠢᠯᠠᠯ᠎ᠤᠨ ᠣᠶᠤᠨᠴᠢ ᠨᠠᠰᠤᠵᠢᠯ᠎ᠤᠨ ᠠᠰᠠᠷᠠᠮᠵᠢ ᠵᠢᠨ ᠲᠥᠬᠥᠭᠡᠷᠦᠮᠵᠢ ᠵᠢᠴᠢ ᠨᠠᠰᠤᠲᠠᠶ᠋ᠢᠴᠤᠳ᠎ᠲᠤ ᠳᠣᠬᠢᠷᠠᠬᠤ ᠴᠢᠨᠠᠷ ᠰᠠᠶ᠋ᠢᠲᠠᠶ ᠦᠢ᠍ᠯᠡᠳᠭᠦᠨ᠎ᠢ ᠰᠤᠳᠤᠯᠤᠨ ᠦᠢ᠍ᠯᠡᠳᠪᠤᠷᠢᠯᠡᠬᠦ ᠵᠢ ᠵᠣᠷᠢᠭᠵᠢᠭᠤᠯᠤᠨ ᠳᠡᠮᠵᠢᠨ᠎ᠡ᠃ ᠨᠠᠰᠤᠲᠠᠶ᠋ᠢᠴᠤᠳ᠎ᠤᠨ ᠬᠡᠷᠡᠭᠯᠡᠭᠡᠨ᠎ᠤ ᠵᠦᠢ᠍ᠯ᠎ᠤᠨ ᠦᠵᠡᠭᠦᠯᠭᠡ᠂ ᠬᠤᠳᠠᠯᠳᠤᠭ᠋ᠠᠨ᠎ᠤ ᠲᠠᠯᠠᠪᠤᠷ᠂ ᠪᠠᠢ᠌ᠭᠤᠯᠤᠮᠵᠢ᠂ ᠨᠡᠶ᠋ᠢᠭᠡᠮ ᠲᠣᠭᠣᠷᠢᠭ ᠪᠠ ᠭᠡᠷ ᠪᠦᠯᠢ ᠭᠠᠷᠭ᠋ᠠᠵᠤ᠂ ᠨᠠᠰᠤᠲᠠᠶ᠋ᠢᠴᠤᠳ᠎ᠤᠨ ᠡᠳ᠋ᠯᠡᠯ ᠬᠡᠷᠡᠭᠰᠡᠯ᠎ᠢ ᠤᠬᠠᠭᠤᠯᠤᠨ ᠳᠡᠯᠭᠡᠷᠡᠭᠦᠯᠬᠦ ᠵᠢ ᠲᠦᠷᠭᠡᠳᠬᠡᠨ᠂ ᠬᠡᠷᠡᠭᠯᠡᠭᠡᠨ᠎ᠤ ᠳᠠᠯᠳᠠ ᠬᠦᠴᠦᠨ᠎ᠢ ᠬᠥᠭᠵᠢᠭᠡᠨ᠎ᠡ᠃
(ᠠᠷᠪᠠᠨ ᠨᠠᠢ᠍ᠮᠠ) ᠣᠶᠤᠨᠴᠢ ᠨᠠᠰᠤᠵᠢᠯ᠎ᠤᠨ ᠦᠢ᠍ᠯᠡᠴᠢᠯᠡᠭᠡᠨ ᠤ ᠬᠥᠭᠵᠢᠯᠲᠡ ᠵᠢ ᠠᠬᠢᠭᠤᠯᠤᠨ᠎ᠠ᠃ ᠣᠶᠤᠨᠴᠢ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠦᠶ᠋ᠢᠯᠡᠰᠵᠢᠯᠲᠡ ᠵᠢᠨ ᠬᠥᠭᠵᠢᠯᠲᠡ ᠵᠢ ᠠᠬᠢᠭᠤᠯᠵᠤ᠂ ᠨᠢᠭᠡ ᠪᠦᠯᠦᠭ ᠳᠤᠷᠰᠢᠯᠲᠠ ᠵᠢᠨ ᠴᠡᠭ ᠪᠦᠬᠦᠢ ᠵᠢᠱ᠌ᠢᠶ᠎ᠡ ᠦᠵᠡᠭᠦᠯᠬᠦ 《ᠣᠶᠤᠨᠴᠢ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ》 ᠪᠠ 《ᠣᠶᠤᠨᠴᠢ ᠨᠠᠰᠤᠵᠢᠯ᠎ᠤᠨ ᠦᠢ᠍ᠯᠡᠴᠢᠯᠡᠭᠡᠨ᠎ᠤ ᠨᠡᠶ᠋ᠢᠭᠡᠮ ᠲᠣᠭᠣᠷᠢᠭ》᠎ᠢ ᠪᠠᠶ᠋ᠢᠭᠤᠯᠤᠨ᠎ᠠ᠃ ᠠᠵᠤ ᠠᠬᠤᠶ᠋ᠢᠯᠠᠯ ᠤᠨ ᠡᠳ᠋ ᠪᠣᠳᠠᠰ ᠤᠨ ᠰᠦᠯᠵᠢᠶ᠎ᠡ᠂ ᠡᠭᠦᠯᠡᠨ ᠪᠣᠳᠣᠯᠲᠠ᠂ ᠲᠣᠮᠣ ᠳ᠋ᠠᠶ᠋ᠢᠲ᠋ᠠ᠂ ᠰᠢᠯᠵᠢᠮᠡᠯ ᠢᠨᠲᠸᠷ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢᠲᠤ ᠮᠡᠷᠭᠡᠵᠢᠯ ᠬᠡᠷᠡᠭᠯᠡᠬᠦ ᠵᠢ ᠵᠣᠷᠢᠭᠵᠢᠭᠤᠯᠤᠨ᠎ᠠ᠃ ᠠᠯᠤᠰ ᠡᠵᠡᠮᠰᠢᠯᠲᠦ ᠣᠶᠤᠨᠴᠢ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠬᠢᠨᠠᠨ ᠡᠵᠡᠮᠳᠡᠬᠦ ᠰᠢᠰᠲ᠋ᠧᠮ᠎ᠢ ᠪᠠᠶ᠋ᠢᠭᠤᠯᠵᠤ᠂ ᠨᠠᠰᠤᠲᠠᠶ᠋ᠢᠴᠤᠳ᠎ᠤᠨ ᠰᠠᠨᠠᠭ᠋ᠠᠨ᠎ᠳᠤ ᠥᠬᠡᠶ ᠡᠨᠳᠡᠯ ᠭᠡᠨᠡᠲᠡᠯᠢ ᠪᠠᠭᠤᠷᠠᠭᠤᠯᠤᠨ᠎ᠠ᠃ ᠣᠯᠠᠨ ᠵᠦᠢ᠍ᠯ᠎ᠤᠨ ᠬᠡᠯᠪᠡᠷᠢ ᠵᠢᠨ ᠤᠬᠠᠭ᠋ᠠᠯᠢᠭ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠰᠡᠯ᠎ᠢ ᠨᠡᠭᠡᠭᠡᠨ ᠬᠥᠭᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠂ ᠰᠢᠨ᠎ᠡ ᠵᠠᠭᠪᠤᠷ᠎ᠢ ᠨᠡᠭᠡᠭᠡᠨ ᠬᠦᠭᠵᠢᠭᠦᠯᠤᠨ᠎ᠡ ᠃
(ᠠᠷᠪᠠ ᠵᠢᠰᠦ) ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠯᠡᠭᠡᠨ᠎ᠤ ᠣᠷᠴᠢᠨ ᠲᠣᠭᠣᠷᠢᠨ᠎ᠢ ᠰᠢᠯᠢᠳᠡᠭᠵᠢᠭᠦᠯᠦᠨ᠎ᠡ᠃ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠬᠢᠨᠠᠨ ᠰᠢᠯᠭ᠋ᠠᠵᠤ᠂ ᠬᠠᠮᠲᠤᠷᠠᠭᠰᠠᠨ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠨᠠᠰᠤᠲᠠᠶ᠋ᠢᠴᠤᠳ᠎ᠤᠨ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ ᠤᠬᠠᠭᠤᠯᠭ᠎ᠠ ᠵᠢ ᠴᠢᠩᠭ᠋ᠠᠷᠠᠭᠤᠯᠤᠨ᠎ᠠ᠃ ᠨᠠᠰᠤᠲᠠᠶ᠋ᠢᠴᠤᠳ᠎ᠤᠨ ᠡᠷᠬᠡ ᠠᠰᠢᠭ᠎ᠲᠤ ᠬᠠᠯᠳᠠᠭᠰᠠᠨ ᠬᠠᠤᠯᠢ ᠪᠤᠰᠤ᠎ᠪᠠᠷ ᠪᠠᠯᠠ ᠴᠤᠭᠯᠠᠭᠤᠯᠬᠤ᠂ ᠳᠠᠮᠵᠢᠭᠤᠯᠤᠨ ᠪᠣᠷᠣᠯᠠᠭᠤᠯᠬᠤ ᠂ ᠮᠡᠬᠡᠯᠡᠨ ᠪᠣᠷᠣᠯᠠᠭᠤᠯᠬᠤ ᠵᠢᠴᠢ 《ᠬᠡᠷ ᠪᠠᠶ᠋ᠢᠰᠢᠩ ᠵᠶ᠋ᠠᠷ ᠨᠠᠰᠤᠵᠢᠯ᠎ᠤᠨ ᠠᠰᠠᠷᠠᠮᠵᠢ ᠦᠵᠡᠭᠦᠯᠬᠦ》᠂ ᠪᠡᠶ᠎ᠡ ᠵᠢ᠎ᠨᠢ ᠰᠤᠪᠢᠯᠠᠬᠤ ᠨᠡᠷ᠎ᠡ᠎ᠪᠠᠷ ᠮᠡᠬᠡᠯᠡᠬᠦ ᠵᠡᠷᠭᠡ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠤᠷᠢᠯᠡᠨ᠎ᠡ᠃ ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠳᠭᠦᠨ ᠪᠠ ᠬᠡᠷᠡᠭᠯᠡᠭᠰᠡᠨ᠎ᠤ ᠳᠠᠷᠠᠭ᠋ᠠᠬᠢ ᠦᠨᠡᠯᠡᠯᠲᠡ ᠵᠢᠨ ᠰᠢᠰᠲᠸᠮ᠎ᠢ ᠪᠦᠷᠢᠨᠰᠢᠭᠦᠯᠵᠦ᠂ ᠬᠡᠷᠡᠭᠯᠡᠭᠴᠢᠳ᠎ᠤᠨ ᠬᠠᠷᠢᠭᠤ ᠲᠤᠰᠬᠠᠬᠤ ᠠᠷᠭ᠎ᠠ ᠵᠠᠮ᠎ᠢ ᠰᠢᠯᠤᠭᠤᠳᠬᠠᠨ᠂ ᠠᠮᠤᠷ ᠲᠦᠪᠰᠢᠨ ᠰᠡᠳᠬᠢᠯ ᠰᠠᠨᠠᠭ᠎ᠠ ᠠᠮᠤᠷ ᠨᠠᠰᠤᠵᠢᠯ᠎ᠤᠨ ᠦᠢ᠍ᠯᠡᠴᠢᠯᠡᠭᠡᠨ ᠤ ᠬᠡᠷᠡᠭᠯᠡᠭᠡᠨ᠎ᠤ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃
ᠳᠣᠯᠣᠭ᠎ᠠ᠂ ᠨᠠᠰᠤᠵᠢᠯ᠎ᠤᠨ ᠦᠢ᠍ᠯᠡᠴᠢᠯᠡᠭᠡᠨ ᠤ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ
(ᠬᠣᠷᠢ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠷᠠᠭᠤᠯᠤᠨ᠎ᠠ᠃ ᠡᠯ᠎ᠡ ᠭᠠᠵᠠᠷ᠎ᠤᠨ᠎ᠬᠢᠨ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠠᠵᠤ ᠠᠬᠤᠶ ᠨᠡᠢ᠌ᠬᠡᠮ ᠤᠨ ᠬᠥᠭᠵᠢᠯᠲᠡ ᠵᠢᠨ ᠪᠦᠬᠦ ᠴᠣᠭᠴᠠ ᠵᠢᠨ ᠲᠥᠯᠥᠪᠵᠢᠭᠦᠯᠭᠡ ᠂ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠪᠠᠭ᠎ᠤᠨ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠭᠦᠢ᠍ᠴᠡᠳᠬᠡᠯ ᠲᠣᠭ᠎ᠠ ᠵᠢᠨ ᠰᠢᠰᠲᠸᠮ᠎ᠳᠤ ᠣᠷᠣᠭᠤᠯᠤᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠠᠶ᠋ᠢᠮᠠᠭ ᠬᠣᠲᠠ ᠪᠣᠯᠤᠨ ᠬᠣᠰᠢᠭᠤ ᠰᠢᠶᠠᠨ᠎ᠤ᠎ᠬᠢᠨ 2020 ᠣᠨ ᠵᠢᠯ᠎ᠤᠨ ᠰᠡᠭᠦᠯᠴᠢ᠎ᠠᠴᠠ ᠡᠮᠦᠨ᠎ᠡ ᠨᠠᠰᠤᠵᠢᠯ᠎ᠤᠨ ᠦᠢ᠍ᠯᠡᠴᠢᠯᠡᠭᠡᠨ ᠤ ᠬᠠᠮᠲᠤᠷᠠᠭᠰᠠᠨ ᠬᠤᠷᠠᠯ᠎ᠤᠨ ᠳᠦᠷᠢᠮ᠎ᠢ ᠪᠦᠷᠢᠨ ᠳᠣᠭᠲᠠᠭ᠋ᠠᠵᠤ᠂ ᠰᠠᠯᠠᠭ᠎ᠠ ᠮᠥᠴᠢᠷ ᠠᠯᠤᠰᠯᠠᠭᠰᠠᠨ ᠬᠦᠨᠳᠦ ᠭᠡᠴᠡᠭᠦᠤ ᠬᠦᠴᠢᠷ ᠠᠰᠠᠭᠤᠳᠠᠯ᠎ᠢ ᠵᠣᠬᠢᠴᠠᠭᠤᠯᠤᠨ ᠰᠢᠢ᠍ᠳᠪᠤᠷᠢᠯᠡᠬᠦ ᠪᠣᠯᠭ᠋ᠠᠨ᠎ᠠ᠃ ᠪᠥᠬᠥ ᠣᠷᠣᠨ᠎ᠤ ᠨᠢᠭᠡᠳᠦᠯᠲᠡᠶ ᠨᠠᠰᠤᠵᠢᠯ᠎ᠤᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠰᠢᠰᠲᠸᠮ ᠢ ᠲᠦᠷᠬᠡᠨ ᠪᠠᠶ᠋ᠢᠭᠤᠯᠵᠤ᠂ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠤᠨ᠎ᠡ᠃
(ᠬᠣᠷᠢᠨ ᠨᠢᠭᠡ) ᠦᠨᠳᠦᠰᠦᠨ ᠱᠠᠲᠤᠨ᠎ᠤ ᠬᠦᠴᠦᠨ ᠴᠢᠳᠠᠯ᠎ᠢ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠪᠠᠨ ᠴᠢᠩᠭ᠋ᠠᠳᠬᠠᠵᠤ᠂ ᠭᠠᠵᠠᠷ ᠣᠷᠣᠨ᠎ᠤ᠎ᠪᠠᠨ ᠨᠠᠰᠤᠵᠢᠯ᠎ᠤᠨ ᠦᠢ᠍ᠯᠡᠴᠢᠯᠡᠭᠡᠨ᠎ᠤ ᠡᠲᠡᠭᠡᠳ᠎ᠤᠨ ᠲᠣᠭ᠎ᠠ ᠮᠠᠭ᠋ᠠᠳ᠂ ᠬᠡᠷᠡᠭᠴᠡᠭᠡ ᠱᠠᠭ᠋ᠠᠷᠳᠠᠯᠭ᠎ᠠ ᠪᠠ ᠲᠦᠷᠣᠯ ᠵᠦᠢ᠍ᠯ ᠵᠡᠷᠭᠡ ᠡᠯᠸᠮᠸᠨ᠋ᠲ᠎ᠲᠤ᠂ ᠬᠣᠰᠢᠭᠤ ᠰᠢᠶᠠᠨ (ᠬᠣᠲᠠ᠂ ᠲᠣᠭᠣᠷᠢᠭ)᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠴᠤᠬᠤᠮ ᠬᠡᠳᠦᠢ ᠠᠵᠢᠯᠲᠠᠨ ᠬᠡᠷᠡᠭᠯᠡᠬᠦ᠎ᠪᠠᠨ ᠵᠦᠶ ᠵᠣᠬᠢᠰᠲᠠᠶ ᠲᠣᠭᠲᠠᠭ᠋ᠠᠨ᠂ ᠬᠠᠮᠢᠶ᠎ᠠ ᠪᠦᠬᠦᠢ ᠪᠠᠶ᠋ᠢᠭᠤᠯᠤᠮᠵᠢ ᠡᠬᠢ ᠪᠠᠶᠠᠯᠢᠭ ᠵᠶ᠋ᠠᠨ ᠰᠢᠨᠵᠢᠯᠡᠬᠦ ᠤᠬᠠᠭ᠋ᠠᠨᠴᠢ᠎ᠪᠠᠷ ᠡᠮᠬᠢᠯᠡᠨ ᠨᠡᠶ᠋ᠢᠯᠡᠭᠦᠯᠵᠦ᠂ ᠵᠠᠰᠠᠭ᠎ᠤᠨ ᠣᠷᠳᠣᠨ᠎ᠤ ᠨᠠᠰᠤᠵᠢᠯ᠎ᠤᠨ ᠦᠢ᠍ᠯᠡᠴᠢᠯᠡᠭᠡ ᠬᠤᠳᠠᠯᠳᠤᠨ ᠠᠪᠬᠤ ᠵᠢ ᠢᠳᠡᠪᠬᠢᠲᠡᠢ ᠬᠡᠷᠡᠭᠵᠢᠭᠦᠯᠵᠦ᠂ ᠦᠨᠳᠤᠰᠤᠨ ᠱᠠᠲᠤᠨ᠎ᠤ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ ᠤ ᠴᠢᠳᠠᠪᠤᠷᠢ ᠵᠢ ᠦᠨᠡᠨᠬᠦ ᠴᠢᠩᠭ᠋ᠠᠳᠬᠠᠬᠤ ᠬᠡᠷᠡᠭᠲᠡᠶ᠃
(ᠬᠣᠷᠢᠨ ᠬᠣᠶᠠᠷ) ᠪᠠᠯᠠ ᠮᠥᠩᠭᠥ ᠵᠢᠨ ᠪᠠᠲᠤᠯᠠᠭ᠎ᠠ᠎ᠪᠠᠨ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠣᠨᠣᠴᠠᠲᠠᠢ ᠣᠷᠣᠭᠤᠯᠤᠯᠲᠠ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠬᠡᠷᠡᠭᠲᠡᠢ᠃ 2022 ᠣᠨ ᠪᠣᠯᠬᠤ᠎ᠳᠤ ᠥᠪᠡᠷᠲᠡᠭᠡᠨ ᠵᠠᠰᠠᠬᠤ ᠣᠷᠣᠨ᠎ᠤ ᠪᠠ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ ᠤᠨ ᠣᠷᠳᠣᠨ ᠤ ᠨᠡᠶ᠋ᠢᠭᠡᠮ ᠤᠨ ᠠᠰᠠᠷᠠᠮᠵᠢ ᠵᠢᠨ ᠦᠢ᠍ᠯᠡᠰ ᠲᠤ ᠬᠡᠷᠡᠭᠯᠡᠬᠦ ᠬᠣᠨᠵᠢᠪᠤᠷᠢ᠎ᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ 55% ᠠᠴᠠ ᠳᠡᠭᠡᠭᠰᠢᠬᠢ ᠵᠢ ᠡᠷᠬᠡᠪᠰᠢ ᠨᠠᠰᠤᠵᠢᠯ ᠤᠨ ᠦᠢ᠍ᠯᠡᠴᠢᠯᠡᠭᠡᠨ᠎ᠤ ᠦᠢ᠍ᠯᠡᠰ ᠤᠨ ᠬᠥᠭᠵᠢᠯᠲᠡ᠎ᠳᠤ ᠵᠠᠷᠤᠴᠠᠭᠤᠯᠤᠨ᠎ᠠ ᠃ ᠡᠭᠦᠨ ᠤ ᠬᠠᠮᠲᠤ ᠡᠩ ᠤᠨ ᠣᠯᠠᠨ ᠨᠡᠶ᠋ᠢᠲᠡ ᠵᠢᠨ ᠲᠥᠰᠦᠪ ᠲᠤ ᠲᠣᠬᠢᠷᠠᠭᠤᠯᠤᠭᠰᠠᠨ ᠨᠠᠰᠤᠵᠢᠯ ᠤᠨ ᠦᠢ᠍ᠯᠡᠴᠢᠯᠡᠭᠡᠨ ᠤ ᠰᠢᠰᠲᠸᠮ᠎ᠤᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠡᠮᠬᠢᠯᠡᠨ ᠨᠡᠶ᠋ᠢᠯᠡᠭᠦᠯᠵᠦ ᠨᠢᠭᠡᠳᠤᠯᠲᠠᠢ ᠲᠥᠯᠥᠪᠯᠡᠨ ᠬᠡᠷᠡᠭᠯᠡᠨ᠎ᠡ᠃ ᠵᠠᠰᠠᠭ᠎ᠤᠨ ᠣᠷᠳᠣᠨ᠎ᠤ ᠨᠠᠰᠤᠵᠢᠯ᠎ᠤᠨ ᠦᠢ᠍ᠯᠡᠴᠢᠯᠡᠭᠡ ᠬᠤᠳᠠᠯᠳᠤᠨ ᠠᠪᠬᠤ᠎ᠳᠤ ᠬᠡᠷᠡᠭᠰᠡᠬᠦ ᠪᠡᠯᠡ ᠮᠥᠩᠭᠥ ᠵᠢ ᠨᠠᠰᠤᠵᠢᠯ ᠤᠨ ᠦᠢ᠍ᠯᠡᠴᠢᠯᠡᠭᠡᠨ ᠤ ᠰᠢᠰᠲᠸᠮ᠎ᠤᠨ ᠪᠠᠶ᠋ᠢᠭᠤᠯᠤᠯᠲᠠ ᠵᠢᠨ ᠪᠡᠯᠡ ᠮᠥᠩᠭᠥ᠎ᠳᠤ ᠣᠷᠣᠭᠤᠯᠤᠨ ᠨᠢᠭᠡᠳᠦᠯᠲᠡᠶ ᠲᠦᠯᠣᠪᠯᠡᠨ ᠲᠣᠬᠢᠷᠠᠭᠤᠯᠤᠨ᠎ᠠ᠃ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ᠎ᠤ ᠨᠠᠰᠤᠵᠢᠯ᠎ᠤᠨ ᠦᠢ᠍ᠯᠡᠴᠢᠯᠡᠭᠡ ᠬᠤᠳᠠᠯᠳᠤᠨ ᠠᠪᠬᠤ ᠭᠠᠷᠴᠠᠭ ᠪᠠ ᠪᠠᠷᠢᠮᠵᠢᠶ᠎ᠠ ᠵᠢ ᠲᠣᠭᠲᠠᠭ᠋ᠠᠵᠤ᠂ ᠲᠣᠰ ᠭᠠᠵᠠᠷ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠎ᠯᠦᠭᠡ ᠵᠣᠬᠢᠴᠠᠯᠳᠤᠭᠰᠠᠨ ᠬᠥᠳᠡᠯᠦᠩᠭᠦᠶ ᠲᠣᠬᠢᠷᠠᠭᠤᠯᠤᠯᠲᠠ ᠵᠢᠨ ᠲᠣᠭᠲᠠᠴᠠ ᠵᠢ ᠪᠠᠶ᠋ᠢᠭᠤᠯᠤᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶᠡᠨ᠎ᠳᠤ᠎ᠬᠢ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠡᠷᠡᠭᠯᠡᠯᠲᠡ ᠵᠢᠨ ᠪᠦᠬᠦ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠪᠡᠯᠡ ᠮᠥᠩᠭᠥ ᠵᠢᠨ ᠭᠦᠢ᠍ᠯᠭᠡᠭᠡᠨ᠎ᠤ ᠬᠠᠨᠳᠤᠰᠢ ᠵᠢ ᠣᠨᠣᠴᠠᠲᠠᠢ ᠡᠵᠡᠮᠰᠢᠵᠦ᠂ ᠪᠡᠯᠡ ᠮᠥᠩᠭᠥ ᠵᠢᠨ ᠠᠮᠵᠢᠯᠲᠠ ᠪᠦᠲᠤᠮᠵᠢ ᠵᠢ ᠦᠨᠡᠯᠡᠨ ᠵᠢᠱ᠌ᠢᠬᠦ ᠬᠠᠮᠢᠶᠠᠷᠤᠯᠲᠠ ᠵᠢ ᠴᠢᠩᠭ᠋ᠠᠳᠬᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ
ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠤᠷᠢ ᠮᠡᠳᠡᠭᠡ ᠵᠠᠩᠭᠢᠵᠢᠯᠲᠠ ᠵᠢᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠳᠣᠪᠴᠢᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2020 ᠣᠨ᠎ᠤ 10 ᠳ᠋ᠤᠭ᠋ᠠᠷ ᠰᠠᠷ᠎ᠠ ᠵᠢᠨ 15᠎ᠤ ᠡᠳᠦᠷ