ᠡᠯ᠎ᠡ ᠠᠢ᠌ᠮᠠᠭ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ᠂ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠤᠶᠤᠨ᠎ᠤ ᠪᠤᠯᠪᠠᠰᠤᠨ᠎ᠤ ᠠᠯᠪᠠᠨ ᠭᠡᠷ᠄
ᠨᠠᠮ᠎ᠤᠨ ᠠᠷᠪᠠ ᠶᠢᠰᠤᠳᠤᠭᠡᠷ ᠤᠲᠠᠭ᠋ᠠᠨ᠎ᠤ ᠶᠡᠭᠡ ᠬᠤᠷᠠᠯ᠎ᠤᠨ ᠬᠤᠶᠠᠳᠤᠭ᠋ᠠᠷ ᠪᠦᠬᠦᠲᠡ ᠬᠤᠷᠠᠯ᠂ ᠭᠤᠷᠪᠠᠳᠤᠭ᠋ᠠᠷ ᠪᠦᠬᠦᠲᠡ ᠬᠤᠷᠠᠯ᠂ ᠲᠦᠷᠪᠡᠳᠤᠭᠡᠷ ᠪᠦᠬᠦᠲᠡ ᠬᠤᠷᠠᠯ᠎ᠤᠨ ᠵᠤᠷᠢᠭ ᠰᠠᠨᠠᠭ᠎ᠠ ᠵᠢ ᠬᠦᠨᠵᠡᠭᠡᠢ ᠲᠤᠭᠤᠰᠢᠯᠠᠭᠤᠯᠤᠨ᠂ ᠦᠨᠳᠤᠰᠤᠨ ᠱᠠᠳᠤᠨ᠎ᠤ ᠤᠯᠠᠨ ᠲᠦᠮᠡᠨ᠎ᠤ ᠦᠪᠡᠷᠲᠡᠭᠡᠨ ᠵᠠᠰᠠᠬᠤ ᠲᠦᠷᠢᠮ᠎ᠤᠨ ᠠᠮᠢᠵᠢᠷᠠᠯ᠎ᠤᠨ ᠬᠦᠴᠦᠨ᠎ᠢ ᠤᠯᠠᠮ ᠨᠡᠮᠡᠭᠲᠡᠬᠦᠯᠦᠨ᠂ ᠡᠪ ᠨᠠᠢ᠌ᠷᠲᠠᠢ ᠰᠠᠭᠤᠭ᠋ᠠᠯᠢ ᠲᠤᠭᠤᠷᠢᠭ᠎ᠤᠨ ᠬᠠᠷᠢᠴᠠᠭ᠎ᠠ ᠵᠢ ᠪᠠᠢ᠌ᠭᠤᠯᠤᠨ᠂ ᠪᠤᠯᠪᠠᠰᠤᠨ ᠦᠪᠤᠷ ᠮᠤᠩᠭᠤᠯ᠎ᠢ ᠴᠤᠭᠴᠠᠯᠠᠨ ᠪᠠᠢ᠌ᠭᠤᠯᠬᠤ ᠵᠢᠨ ᠲᠦᠯᠦᠭᠡ᠂ ᠰᠤᠳᠤᠯᠤᠨ ᠶᠠᠷᠢᠯᠴᠠᠬᠤ᠎ᠪᠠᠷ ᠲᠠᠮᠵᠢᠨ᠂ ᠪᠦᠬᠦ ᠤᠷᠤᠨ᠎ᠤ ᠬᠡᠪᠴᠢᠶᠠᠨᠡ ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠰᠠᠬᠢᠨ ᠪᠠᠷᠠᠯᠠᠵᠤ ᠬᠠᠷᠢᠯᠴᠠᠨ ᠲᠦᠰᠢᠯᠴᠡᠬᠦ ᠬᠠᠢ᠌ᠷ᠎ᠠ ᠬᠠᠯᠠᠮᠵᠢ ᠵᠢᠨ ᠠᠵᠢᠯᠯᠠᠭ᠎ᠠ ᠦᠷᠨᠢᠬᠦᠯᠬᠦ᠎ᠪᠠᠷ ᠪᠤᠯᠤᠯ᠎ᠠ᠃ ᠠᠵᠢᠯ᠎ᠤᠨ ᠪᠤᠲᠠᠲᠠᠢ ᠪᠠᠢ᠌ᠲᠠᠯ᠎ᠢ ᠲᠠᠷᠠᠭ᠋ᠠᠬᠢ ᠠᠭᠤᠯᠭ᠎ᠠ᠎ᠠᠴᠠ ᠤᠢ᠌ᠯᠠᠭ᠋ᠠᠬᠤ ᠵᠢ ᠨᠠᠢ᠌ᠲᠠᠶᠠ᠃
ᠨᠢᠭᠡ᠂ ᠵᠢᠯᠤᠭᠤᠳᠬᠤ ᠦᠵᠡᠯ ᠰᠠᠨᠠᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠲᠠᠳᠤ ᠤᠯᠤᠰ᠎ᠤᠨ ᠤᠨᠴᠠᠯᠢᠭ ᠪᠦᠬᠦᠢ ᠨᠡᠢ᠌ᠬᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠤᠳᠤᠭᠡᠷ ᠤᠲᠠᠭ᠋ᠠᠨ᠎ᠤ ᠶᠡᠭᠡ ᠬᠤᠷᠠᠯ᠎ᠤᠨ ᠵᠤᠷᠢᠭ ᠰᠠᠨᠠᠭ᠎ᠠ᠎ᠪᠠᠷ ᠤᠳᠤᠷᠢᠳᠤᠮᠵᠢ ᠵᠢ ᠲᠠᠢ᠌ᠯᠪᠤᠷᠢᠯᠠᠵᠤ᠂ ᠠᠷᠠᠳ ᠵᠶ᠋ᠡᠷ ᠲᠦᠪ ᠪᠤᠯᠭ᠋ᠠᠬᠤ ᠬᠦᠭᠵᠢᠬᠦᠯᠤᠯᠲᠠ ᠵᠢᠨ ᠤᠢ᠌ᠯᠠᠭ᠋ᠠᠭᠲᠠᠬᠤᠨᠢ ᠬᠦᠨᠵᠡᠭᠡᠢ ᠤᠢ᠌ᠯᠠᠭ᠋ᠠᠬᠤ ᠪᠠ ᠲᠤᠭᠤᠰᠢᠯᠠᠭᠤᠯᠤᠨ ᠨᠠᠢ᠌ᠲᠠᠪᠤᠷᠢᠵᠢᠭᠤᠯᠵᠤ᠂ 《ᠰᠠᠭᠤᠭ᠋ᠠᠯᠢ ᠲᠤᠭᠤᠷᠢᠭ᠎ᠤᠨ ᠬᠠᠮᠤᠭ᠎ᠤᠨ ᠭᠠᠷᠮᠠᠭ᠋ᠠᠢ ᠠᠵᠢᠯᠲᠠᠨ》᠂ 《 ᠡᠶ᠎ᠡ ᠨᠠᠢ᠌ᠷᠲᠠᠢ ᠰᠠᠭ᠋ᠠᠬᠠᠯᠲᠠ》 ᠵᠢ ᠰᠤᠩᠭᠤᠨ ᠲᠠᠨᠢᠯᠴᠠᠭᠤᠯᠬᠤ ᠪᠠ ᠤᠬᠠᠭᠤᠯᠤᠨ ᠰᠤᠷᠲᠠᠯᠴᠢᠯᠠᠵᠤ᠂ ᠵᠦᠪ ᠡᠨ᠋ᠸᠷᠬᠢ ᠵᠢ ᠪᠠᠲᠠᠷᠠᠭᠤᠯᠤᠨ᠂ ᠰᠠᠭᠤᠭ᠋ᠠᠯᠢ ᠲᠤᠭᠤᠷᠢᠭ᠎ᠤᠨ ᠨᠠᠮ᠎ᠤᠨ ᠵᠤᠬᠢᠶᠠᠨ ᠪᠠᠢ᠌ᠭᠤᠯᠤᠯᠲᠠ ᠪᠠ ᠰᠠᠭᠤᠭ᠋ᠠᠯᠢ ᠠᠷᠠᠳ᠎ᠤᠨ ᠵᠦᠪᠯᠠᠯ᠎ᠨᠢ ᠢᠲᠡᠪᠬᠢᠲᠡᠢ᠎ᠪᠠᠷ ᠬᠦᠲᠡᠯᠤᠯᠴᠡᠨ ᠰᠠᠭᠤᠭ᠋ᠠᠯᠢ ᠲᠤᠭᠤᠷᠢᠭ᠎ᠤᠨ ᠤᠯᠠᠨ ᠲᠦᠮᠡᠨ᠎ᠤ ᠬᠦᠴᠢᠷᠲᠡᠯ᠎ᠢ ᠰᠢᠢ᠍ᠳᠪᠤᠷᠢᠯᠠᠵᠤ᠂ ᠰᠠᠭᠤᠭ᠋ᠠᠯᠢ ᠠᠷᠠᠳ᠎ᠤᠨ ᠰᠠᠭᠤᠭ᠋ᠠᠯᠢ ᠲᠤᠭᠤᠷᠢᠭ᠎ᠤᠨ ᠠᠵᠢᠯ ᠦᠢ᠍ᠯᠡᠰ᠎ᠲᠤ᠎ᠬᠢ ᠲᠤᠳᠤᠭ᠋ᠠᠳᠤ ᠬᠦᠲᠡᠯᠭᠡᠬᠦ ᠬᠦᠴᠦᠨ᠎ᠢ᠎ᠨᠢ ᠪᠠᠲᠠᠷᠠᠭᠤᠯᠤᠨ᠂ ᠤᠯᠠᠨ ᠲᠦᠮᠡᠨ᠎ᠢ ᠵᠢᠯᠤᠭᠤᠳᠤᠨ᠂ ᠬᠠᠢ᠌ᠷ᠎ᠠ ᠬᠠᠯᠠᠮᠵᠢ ᠵᠢᠨ ᠠᠵᠢᠯᠯᠠᠭ᠎ᠠ᠎ᠠᠴᠠ ᠭᠠᠷᠲᠠᠨ ᠬᠢᠵᠤ᠂ ᠤᠯᠠᠭᠤᠯᠨ᠎ᠪᠠᠨ ᠬᠠᠮᠳᠤᠷᠠᠨ ᠬᠢᠵᠤ᠂ ᠡᠩ ᠵᠢᠷ᠎ᠤᠨ ᠠᠵᠢᠯ᠎ᠠᠴᠠ ᠡᠬᠢᠯᠠᠨ ᠬᠢᠵᠤ᠂ ᠬᠠᠪᠢ ᠲᠤᠭᠤᠷᠢᠨ᠎ᠤ᠎ᠪᠠᠨ ᠬᠦᠴᠢᠷᠲᠠᠯᠲᠠᠢ ᠬᠦᠮᠦᠰ᠎ᠢ ᠬᠠᠯᠠᠮᠵᠢᠯᠠᠵᠤ᠂ ᠲᠤᠰᠨ ᠲᠡᠮᠵᠢᠯᠭᠡ ᠬᠦᠷᠲᠡᠭᠡᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠢ᠌ᠯᠠᠭ᠋ᠠᠭᠲᠠᠬᠤᠨᠢ ᠦᠢ᠍ᠯᠡᠳᠤᠯᠬᠡᠵᠢᠬᠦᠯᠦᠨ᠂ ᠰᠠᠭᠤᠭ᠋ᠠᠯᠢ ᠲᠤᠭᠤᠷᠢᠭ᠎ᠤᠨ ᠠᠢ᠌ᠯ ᠰᠠᠭ᠋ᠠᠬᠠᠯᠲᠠ ᠵᠢᠨ ᠡᠶ᠎ᠡ ᠨᠠᠢ᠌ᠷᠲᠠᠢ ᠬᠠᠷᠢᠴᠠᠭ᠎ᠠ ᠵᠢ ᠪᠠᠢ᠌ᠭᠤᠯᠵᠤ᠂ ᠠᠢ᠌ᠯ ᠰᠠᠭ᠋ᠠᠬᠠᠯᠲᠠᠲᠠᠢᠪᠠᠨ ᠡᠶᠡᠲᠡᠢ ᠬᠠᠷᠢᠴᠠᠵᠤ᠂ ᠠᠢ᠌ᠯ ᠰᠠᠭ᠋ᠠᠬᠠᠯᠲᠠ ᠵᠢᠨ ᠵᠶ᠋ᠡᠨ ᠲᠦᠰᠢᠭ ᠪᠤᠯᠵᠤ᠂ ᠰᠠᠭᠤᠭ᠋ᠠᠯᠢ ᠲᠤᠭᠤᠷᠢᠭ᠎ᠤᠨ ᠬᠠᠷᠢᠯᠴᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠤᠯᠭ᠋ᠠᠨ᠎ᠠ᠃
ᠬᠤᠶᠠᠷ᠂ ᠬᠦᠲᠡᠯᠭᠡᠭᠡᠨ᠎ᠢ ᠵᠤᠬᠢᠶᠠᠨ ᠪᠠᠢ᠌ᠭᠤᠯᠬᠤ ᠲᠤᠬᠠᠢ
ᠦᠪᠡᠷᠲᠡᠭᠡᠨ ᠵᠠᠰᠠᠬᠤ ᠤᠷᠤᠨ᠎ᠤ ᠤᠬᠠᠭ᠋ᠠᠤᠯᠬᠤ ᠬᠡᠯᠲᠡᠰ᠂ ᠦᠪᠡᠷᠲᠡᠭᠡᠨ ᠵᠠᠰᠠᠬᠤ ᠤᠷᠤᠨ᠎ᠤ ᠤᠶᠤᠨ᠎ᠤ ᠪᠤᠯᠪᠠᠰᠤᠨ᠎ᠤ ᠵᠤᠬᠢᠶᠠᠨ ᠪᠠᠢ᠌ᠭᠤᠯᠤᠯᠲᠠ ᠵᠢ ᠵᠢᠯᠤᠭᠤᠳᠬᠤ ᠵᠦᠪᠯᠡᠯ᠎ᠤᠨ ᠠᠯᠪᠠᠨ ᠭᠡᠷ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠲᠠᠯ᠎ᠤᠨ ᠲᠢᠩᠬᠢᠮ᠎ᠨᠢ ᠵᠡᠷᠭᠡ᠎ᠪᠡᠷ ᠵᠢᠯᠤᠭᠤᠳᠴᠤ᠂ ᠵᠤᠬᠢᠶᠠᠨ ᠪᠠᠢ᠌ᠭᠤᠯᠬᠤ ᠺᠤᠮᠢᠰ᠎ᠢ ᠪᠠᠢ᠌ᠭᠤᠯᠤᠨ᠎ᠠ᠃
ᠭᠤᠷᠪᠠ᠂ ᠲᠠᠨᠢᠯᠴᠠᠭᠤᠯᠤᠨ ᠲᠠᠪᠰᠢᠬᠦᠯᠬᠦ ᠬᠦᠷᠢᠶ᠎ᠡ ᠬᠡᠪᠴᠢᠶ᠎ᠠ ᠵᠢᠴᠢ ᠨᠠᠷᠠᠰᠤᠨ ᠲᠤᠭ᠎ᠠ
ᠰᠠᠭᠤᠭ᠋ᠠᠯᠢ ᠠᠷᠠᠳ᠎ᠤᠨ ᠲᠤᠭᠤᠷᠢᠭ᠎ᠤᠨ ᠨᠠᠮ᠎ᠤᠨ ᠵᠤᠬᠢᠶᠠᠨ ᠪᠠᠢ᠌ᠭᠤᠯᠤᠯᠲᠠ ᠵᠢᠨ ᠭᠡᠰᠢᠬᠦᠨ᠂ ᠰᠠᠭᠤᠭ᠋ᠠᠯᠢ ᠠᠷᠠᠳ᠎ᠤᠨ ᠵᠦᠪᠯᠡᠯ᠎ᠤᠨ ᠭᠡᠰᠢᠬᠦᠨ᠂ ᠰᠠᠭᠤᠭ᠋ᠠᠯᠢ ᠠᠷᠠᠳ᠎ᠤᠨ ᠲᠤᠰᠬᠠᠢ ᠠᠵᠢᠯᠲᠠᠨ᠎ᠠᠴᠠ 《ᠦᠪᠡᠷᠲᠡᠭᠡᠨ ᠵᠠᠰᠠᠬᠤ ᠤᠷᠤᠨ᠎ᠤ ᠬᠠᠮᠤᠭ᠎ᠤᠨ ᠭᠠᠷᠮᠠᠭ᠋ᠠᠢ ᠰᠠᠭᠤᠭ᠋ᠠᠯᠢ ᠲᠤᠭᠤᠷᠢᠭ᠎ᠤᠨ ᠠᠵᠢᠯᠲᠠᠨ》 ᠢ ᠰᠤᠩᠭᠤᠵᠤ ᠭᠠᠷᠭ᠋ᠠᠨ᠎ᠠ᠃
ᠭᠡᠷ ᠪᠦᠯᠢ᠎ᠪᠠᠷ ᠨᠢᠭᠡᠴᠨ ᠪᠤᠯᠭ᠋ᠠᠵᠤ᠂ ᠪᠦᠬᠦ ᠤᠷᠤᠨ᠎ᠤ ᠬᠤᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠲᠤᠮᠲᠠ 《ᠡᠶ᠎ᠡ ᠨᠠᠢ᠌ᠷᠲᠠᠢ ᠠᠢ᠌ᠯ ᠰᠠᠭ᠋ᠠᠬᠠᠯᠲᠠ》 ᠵᠢ ᠰᠤᠩᠭᠤᠵᠤ ᠭᠠᠷᠭ᠋ᠠᠨ᠎ᠠ᠃
ᠠᠢ᠌ᠮᠠᠭ ᠬᠤᠳᠠ ᠪᠤᠯᠭ᠋ᠠᠨ᠎ᠨᠢ 《ᠦᠪᠡᠷᠲᠡᠭᠡᠨ ᠵᠠᠰᠠᠬᠤ ᠤᠷᠤᠨ᠎ᠤ ᠰᠠᠭᠤᠭ᠋ᠠᠯᠢ ᠲᠤᠭᠤᠷᠢᠭ᠎ᠤᠨ ᠬᠠᠮᠤᠭ᠎ᠤᠨ ᠭᠠᠷᠮᠠᠭ᠋ᠠᠢ ᠠᠵᠢᠯᠲᠠᠨ 》 2 — 4 ᠬᠦᠮᠦᠨ᠎ᠢ ᠰᠤᠩᠭᠤᠵᠤ᠂ 《ᠡᠶ᠎ᠡ ᠨᠠᠢ᠌ᠷᠲᠠᠢ ᠠᠢ᠌ᠯ ᠰᠠᠭ᠋ᠠᠬᠠᠯᠲᠠ》 ᠵᠢ 5 —10 ᠡᠷᠦᠭᠡ ᠵᠢ ᠰᠤᠩᠭᠤᠵᠤ᠂ ᠦᠪᠡᠷᠲᠡᠭᠡᠨ ᠵᠠᠰᠠᠬᠤ ᠤᠷᠤᠨ᠎ᠳᠤ ᠲᠠᠪᠰᠢᠬᠦᠯᠬᠦ ᠭᠡᠷᠡᠭᠲᠡᠢ᠃
ᠲᠦᠷᠪᠠ᠂ ᠲᠠᠨᠢᠯᠴᠠᠭᠤᠯᠤᠨ ᠲᠠᠪᠰᠢᠬᠦᠯᠬᠦ ᠪᠠᠷᠢᠮᠵᠢᠶ᠎ᠠ
(ᠨᠢᠭᠡ) ᠦᠪᠡᠷᠲᠡᠭᠡᠨ ᠵᠠᠰᠠᠬᠤ ᠤᠷᠤᠨ᠎ᠤ ᠰᠠᠭᠤᠭ᠋ᠠᠯᠢ ᠲᠤᠭᠤᠷᠢᠭ᠎ᠤᠨ ᠬᠠᠮᠤᠭ ᠭᠠᠷᠮᠠᠭ᠋ᠠᠢ ᠠᠵᠢᠯᠲᠠᠨ
1. ᠤᠯᠤᠰ ᠲᠦᠷᠦ ᠵᠢᠨ ᠵᠤᠭᠰᠤᠯᠲᠠ᠎ᠨᠢ ᠪᠠᠳᠤ ᠪᠠᠢ᠌ᠬᠤ ᠭᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠵᠢᠨ ᠲᠡᠭᠡᠳᠤ ᠬᠡᠮᠵᠢᠶᠡᠨ᠎ᠤ
ᠤᠬᠠᠮᠰᠡᠷ ᠪᠠ ᠠᠵᠢᠯ᠎ᠤᠨ ᠰᠢᠯᠢᠲᠡᠭ ᠴᠢᠲᠠᠪᠤᠷᠢ᠎ᠲᠠᠢ ᠪᠠᠢ᠌ᠬᠤ ᠭᠡᠷᠡᠭᠲᠡᠢ᠃ ᠰᠠᠭᠤᠭ᠋ᠠᠯᠢ ᠲᠤᠭᠤᠷᠢᠭ᠎ᠤᠨ ᠪᠤᠲᠠᠳᠤ ᠪᠠᠢ᠌ᠲᠠᠯᠲᠠᠢᠪᠠᠨ ᠤᠶᠠᠯᠳᠤᠭᠤᠯᠤᠨ᠂ ᠨᠠᠮ᠎ᠤᠨ ᠴᠢᠭᠯᠡᠯᠲᠡ᠂ ᠱᠤᠭᠤᠮ᠂ ᠲᠦᠷᠦ ᠵᠢᠨ ᠪᠤᠳᠤᠯᠭ᠎ᠠ ᠪᠠ ᠤᠯᠤᠰ᠎ᠤᠨ ᠬᠠᠤᠯᠢ ᠲᠦᠷᠢᠮ᠂ ᠲᠡᠭᠡᠳᠤ ᠱᠠᠳᠤᠨ᠎ᠤ ᠡᠯ᠎ᠡ ᠵᠦᠢ᠍ᠯ᠎ᠤᠨ ᠲᠦᠷᠢᠮ ᠲᠤᠭᠲᠠᠭ᠋ᠠᠯ᠎ᠢ ᠡᠷᠡᠰ ᠲᠤᠭᠤᠰᠢᠯᠠᠭᠤᠯᠤᠬᠰᠠᠨ ᠪᠠᠢ᠌ᠬᠤ ᠭᠡᠷᠡᠭᠲᠡᠢ᠃ ᠦᠵᠡᠯ ᠰᠠᠨᠠᠭ᠎ᠠ᠂ ᠤᠯᠤᠰ ᠲᠦᠷᠦ᠂ ᠦᠢ᠍ᠯᠨ ᠠᠵᠢᠯᠯᠠᠭ᠎ᠠ ᠵᠢᠨ ᠲᠡᠯ᠎ᠡ᠎ᠪᠠᠷ ᠰᠢ ᠵᠢᠨ ᠫᠢᠩ ᠨᠦᠬᠦᠷ ᠵᠶ᠋ᠡᠷ ᠭᠤᠤᠯᠯᠠᠭᠴᠢ ᠪᠤᠯᠭ᠋ᠠᠭᠰᠠᠨ ᠨᠠᠮ᠎ᠤᠨ ᠲᠦᠪ ᠬᠤᠷᠢᠶ᠎ᠠ᠎ᠲᠠᠢ ᠨᠢᠭᠡᠳᠤᠯᠲᠡᠢ ᠪᠠᠢ᠌ᠬᠤ ᠵᠢ ᠪᠠᠳᠤᠯᠠᠭᠰᠠᠨ ᠪᠠᠢ᠌ᠬᠤ ᠭᠡᠷᠡᠭᠲᠡᠢ᠃ ᠨᠡᠢ᠌ᠭᠡᠮ ᠵᠢᠷᠤᠮ᠎ᠤᠨ ᠭᠤᠤᠯᠯᠠᠭᠴᠢ ᠦᠷᠲᠡᠭ᠎ᠤᠨ ᠦᠵᠡᠯᠲᠡ ᠵᠢ ᠵᠢᠱ᠌ᠢᠶᠡᠴᠢ᠎ᠪᠠᠷ ᠭᠡᠷᠡᠭᠵᠢᠬᠦᠯᠦᠭᠰᠡᠨ ᠪᠠᠢ᠌ᠬᠤ ᠭᠡᠷᠡᠭᠲᠡᠢ᠃
2 ᠂ ᠡᠷᠬᠢᠯᠡᠭᠰᠡᠨ ᠠᠵᠢᠯ᠎ᠳᠤ᠎ᠪᠠᠨ ᠬᠠᠢ᠌ᠷᠠᠲᠠᠢ ᠪᠠᠢ᠌ᠬᠤ ᠭᠡᠷᠡᠭᠲᠡᠢ᠃ ᠠᠵᠢᠯ᠎ᠳᠤ᠎ᠪᠠᠨ ᠮᠠᠰᠢ ᠴᠠᠭ᠋ᠠᠷᠠᠵᠤ᠂ ᠰᠠᠭᠤᠭ᠋ᠠᠯᠢ ᠲᠤᠭᠤᠷᠢᠭ᠎ᠤᠨ ᠠᠵᠢᠯ ᠦᠢ᠍ᠯᠡᠰ ᠵᠶ᠋ᠡᠨ ᠴᠢᠩ ᠰᠡᠳᠬᠢᠯ᠎ᠠᠴᠠ᠎ᠪᠠᠨ ᠬᠠᠢ᠌ᠷᠠᠯᠠᠵᠤ᠂ ᠲᠡᠭᠡᠳᠤ ᠬᠡᠮᠵᠢᠶᠠᠨ᠎ᠤ ᠠᠵᠢᠯ᠎ᠤᠨ ᠬᠠᠷᠢᠭᠤᠴᠠᠯᠭ᠋ᠠᠳᠤ ᠰᠡᠳᠬᠢᠯᠭᠡ᠎ᠲᠠᠢ ᠪᠠᠢ᠌ᠬᠤ ᠭᠡᠷᠡᠭᠲᠡᠢ᠃ ᠰᠠᠭᠤᠭ᠋ᠠᠯᠢ ᠠᠷᠠᠳ᠎ᠤᠨ ᠲᠤᠭᠤᠷᠢᠭ᠎ᠤᠨ ᠠᠵᠢᠯ᠎ᠳᠤ ᠠᠷᠪᠠᠨ ᠵᠢᠯ᠎ᠠᠴᠠ ᠲᠡᠭᠡᠭᠰᠢ ᠵᠢᠳᠬᠦᠭᠰᠡᠨ ᠪᠠᠢ᠌ᠬᠤ ᠭᠡᠷᠡᠭᠲᠡᠢ᠃ ᠦᠪᠡᠷ᠎ᠢ᠎ᠪᠠᠨ ᠦᠷᠡᠭᠲᠡᠬᠦᠯᠬᠦ ᠵᠤᠷᠢᠭ ᠰᠠᠨᠠᠭ᠎ᠠ᠎ᠲᠠᠢ ᠪᠠᠢ᠌ᠬᠤ ᠭᠡᠷᠡᠭᠲᠡᠢ᠃ ᠪᠤᠰᠤᠳ᠎ᠢ ᠬᠠᠯᠠᠭᠤᠨ ᠰᠡᠳᠬᠢᠯ ᠵᠶ᠋ᠡᠷ ᠬᠠᠪᠰᠤᠷᠲᠠᠭ ᠪᠠᠢ᠌ᠬᠤ ᠭᠡᠷᠡᠭᠲᠡᠢ᠃ ᠠᠵᠢᠯ ᠳᠤ᠎ᠪᠠᠨ ᠮᠠᠰᠢ ᠴᠠᠭ᠋ᠠᠷᠠᠵᠤ᠂ ᠬᠦᠴᠢᠷ ᠪᠡᠷᠭᠡ᠎ᠠᠴᠠ ᠰᠦᠷᠲᠡᠬᠦ ᠦᠭᠡᠢ᠂ ᠲᠦᠪᠡᠭ ᠪᠤᠳᠤᠯ᠎ᠢᠶᠠᠨ᠎ᠠᠴᠠ ᠡᠮᠢᠶᠡᠬᠦ ᠦᠭᠡᠢ᠂ ᠯᠠᠪᠲᠠᠭᠤᠨ ᠲᠤᠭᠲᠠᠭᠤᠨ ᠵᠶ᠋ᠡᠷ ᠵᠢᠳᠬᠦᠵᠤ ᠴᠢᠷᠮᠠᠢ᠌ᠨ᠂ ᠰᠠᠭᠤᠭ᠋ᠠᠯᠢ ᠲᠤᠭᠤᠷᠢᠭ᠎ᠤᠨ ᠤᠯᠠᠨ ᠲᠦᠮᠡᠨ᠎ᠲᠠᠢ ᠨᠢᠭᠲᠠ ᠬᠤᠯᠪᠤᠭ᠎ᠠ ᠪᠠᠢ᠌ᠭᠤᠯᠵᠤ᠂ ᠤᠯᠠᠨ ᠲᠦᠮᠡᠨ᠎ᠤ ᠰᠡᠳᠬᠢᠯ ᠵᠢᠷᠤᠭᠡᠨᠳᠤᠬᠢ 《ᠬᠠᠯᠠᠭᠤᠨ ᠰᠡᠳᠬᠢᠯ᠎ᠳᠤ ᠬᠦᠮᠦᠨ》᠂ 《ᠰᠡᠳᠬᠢᠯ᠎ᠢ ᠮᠡᠲᠡᠭᠴᠢ》᠎ᠨᠢ ᠪᠤᠯᠵᠤ ᠴᠢᠲᠠᠭᠰᠠᠨ ᠪᠠᠢ᠌ᠬᠤ ᠭᠡᠷᠡᠭᠲᠡᠢ᠃ ᠦᠢ᠍ᠷ᠎ᠡ ᠵᠢᠨ ᠭᠤᠷᠪᠠᠨ ᠵᠢᠯ᠎ᠳᠤ᠂ ᠠᠢ᠌ᠮᠠᠭ ᠬᠤᠲᠠ᠎ᠠᠴᠠ ᠲᠡᠭᠡᠭᠰᠢᠬᠢ ᠲᠠᠰ᠎ᠤᠨ ᠬᠦᠬᠢᠬᠦᠯᠦᠯ ᠱᠠᠩᠨᠠᠯ᠎ᠢ ᠲᠤᠰᠤᠭᠰᠠᠨ ᠬᠦᠮᠦᠰ ᠪᠤᠶᠤ ᠦᠪᠡᠷᠲᠡᠭᠡᠨ ᠵᠠᠰᠠᠬᠤ ᠤᠷᠤᠨ᠎ᠤ ᠲᠠᠰ᠎ᠠᠴᠠ ᠲᠡᠭᠡᠭᠰᠢᠬᠢ ᠨᠠᠮ᠎ᠤᠨ ᠲᠦᠯᠦᠭᠡᠯᠡᠭᠴᠢ᠂ ᠠᠷᠠᠳ᠎ᠤᠨ ᠲᠦᠯᠦᠭᠡᠯᠡᠭᠴᠢ᠂ ᠤᠯᠤᠰ ᠲᠦᠷᠦ ᠵᠢᠨ ᠵᠦᠪᠯᠡᠯᠭᠡᠨ᠎ᠤ ᠭᠡᠰᠢᠬᠦᠨ ᠢ ᠤᠷᠢᠲᠠᠪᠠᠷ ᠲᠠᠨᠢᠯᠴᠠᠭᠤᠯᠵᠤ ᠲᠡᠪᠰᠢᠬᠦᠯᠬᠦ ᠭᠡᠷᠡᠭᠲᠡᠢ᠃
3. ᠠᠵᠢᠯ᠎ᠤᠨ ᠰᠢᠯᠢᠲᠡᠭ ᠦᠷ᠎ᠡ ᠪᠦᠲᠦᠮᠵᠢ ᠭᠠᠷᠭ᠋ᠠᠭᠰᠠᠨ ᠪᠠᠢ᠌ᠬᠤ ᠭᠡᠷᠡᠭᠲᠡᠢ᠃ ᠠᠵᠢᠯ᠎ᠤᠨ ᠰᠢᠨ᠎ᠡ ᠰᠡᠳᠬᠢᠴᠨ᠎ᠲᠠᠢ ᠪᠠᠢ᠌ᠵᠤ ᠰᠢᠨ᠎ᠡ
ᠵᠢ ᠡᠬᠦᠳᠬᠦ ᠠᠷᠭ᠎ᠠ ᠵᠠᠮ᠎ᠢ ᠡᠷᠢᠯᠬᠢᠯᠡᠵᠤ᠂ ᠤᠳᠤᠷᠢᠳᠤᠨ ᠲᠠᠭ᠋ᠠᠭᠤᠯᠬᠤ ᠬᠦᠴᠦᠨ ᠵᠤᠷᠢᠭᠲᠠᠢ ᠪᠠᠢ᠌ᠬᠤ ᠭᠡᠷᠡᠭᠲᠡᠢ᠃ ᠰᠠᠭᠤᠭ᠋ᠠᠯᠢ ᠠᠷᠠᠳ᠎ᠤᠨ ᠲᠤᠭᠤᠷᠢᠭ᠎ᠤᠨ ᠠᠵᠢᠯ᠎ᠤᠨ ᠲᠤᠬᠠᠢ ᠰᠢᠯᠢᠲᠡᠭ ᠰᠠᠢ᠌ᠬᠠᠨ ᠤᠢ᠌ᠯᠠᠭ᠋ᠠᠭᠲᠠᠬᠤᠨ᠂ ᠰᠡᠳᠬᠢᠮᠵᠢ᠂ ᠠᠷᠭ᠎ᠠ ᠲᠤᠷᠰᠢᠯᠭ᠎ᠠ᠎ᠲᠠᠢ ᠪᠠᠢ᠌ᠵᠤ᠂ ᠨᠠᠮ᠎ᠤᠨ ᠬᠡᠰᠢᠬᠦᠨ ᠤᠯᠠᠨ ᠲᠦᠮᠡᠨ᠎ᠢ ᠲᠠᠭ᠋ᠠᠭᠤᠯᠤᠨ᠂ ᠰᠠᠭᠤᠭ᠋ᠠᠯᠢ ᠲᠤᠭᠤᠷᠢᠭ᠎ᠤᠨ ᠰᠢᠨ᠎ᠡ ᠴᠤᠭᠴᠠᠯᠠᠯᠲᠠ ᠵᠢ ᠪᠡᠶᠡᠯᠡᠬᠦᠯᠦᠨ᠂ ᠠᠵᠢᠯ᠎ᠤᠨ ᠰᠢᠯᠢᠲᠡᠭ ᠪᠦᠲᠦᠮᠵᠢ ᠵᠢ ᠲᠡᠮᠡᠴᠡᠨ ᠤᠯᠵᠤ᠂ ᠤᠯᠠᠨ᠎ᠢ ᠲᠤᠭᠳᠤᠯᠤᠭᠤᠯᠤᠭᠰᠠᠨ ᠦᠢ᠍ᠯᠨ ᠠᠵᠢᠯᠯᠠᠭ᠎ᠠ ᠵᠢ ᠬᠢᠭᠰᠡᠨ ᠪᠠᠢ᠌ᠬᠤ ᠭᠡᠷᠡᠭᠲᠡᠢ᠃
4᠂ ᠤᠯᠠᠨ ᠲᠦᠮᠡᠨ᠎ᠤ ᠮᠠᠭᠲᠠᠭ᠋ᠠᠯ ᠰᠠᠢ᠌ᠰᠢᠶᠡᠯᠢ ᠬᠦᠷᠲᠡᠭᠰᠡᠨ ᠪᠠᠢ᠌ᠬᠤ ᠭᠡᠷᠡᠭᠲᠡᠢ᠃ ᠰᠠᠭᠤᠭ᠋ᠠᠯᠢ ᠠᠷᠠᠳ᠎ᠤᠨ ᠰᠡᠳᠬᠢᠯ᠎ᠳᠤ ᠢᠲᠡᠭᠡᠯ ᠬᠦᠨᠳᠤ᠎ᠲᠠᠢ ᠪᠠᠢ᠌ᠵᠤ᠂ ᠲᠠᠲᠠᠨ᠎ᠤ᠎ᠪᠠᠨ ᠮᠠᠭᠲᠠᠭ᠋ᠠᠯ ᠰᠠᠢ᠌ᠰᠢᠶᠡᠯᠢ ᠬᠦᠷᠲᠡᠭᠰᠡᠨ ᠪᠠᠢ᠌ᠬᠤ ᠭᠡᠷᠡᠭᠲᠡᠢ᠃ ᠠᠵᠢᠯ ᠵᠶ᠋ᠡᠨ ᠯᠠᠪᠲᠠᠭᠤᠨ ᠰᠠᠢ᠌ᠬᠠᠨ ᠬᠦᠢ᠍ᠴᠡᠳᠭᠡᠵᠤ᠂ ᠦᠷ᠎ᠡ ᠪᠦᠲᠦᠮᠵᠢ᠎ᠨᠢ ᠰᠠᠢ᠌ᠨ ᠪᠠᠢ᠌ᠬᠤ ᠭᠡᠷᠡᠭᠲᠡᠢ᠃ ᠡᠬᠦᠷᠭᠡ ᠬᠠᠷᠢᠭᠤᠴᠠᠯᠭ᠎ᠠ᠎ᠪᠠᠨ ᠬᠠᠤᠯᠢ ᠲᠦᠷᠢᠮ᠎ᠤᠨ ᠶᠤᠰᠤᠭ᠋ᠠᠷ ᠪᠠᠳᠤ ᠰᠠᠬᠢᠵᠤ᠂ ᠵᠠᠰᠠᠭ᠎ᠤᠨ ᠤᠷᠳᠤᠨ᠎ᠲᠠᠢ ᠬᠠᠮᠵᠢᠯᠴᠠᠨ᠂ ᠵᠠᠰᠠᠭ᠎ᠤᠨ ᠤᠷᠳᠤᠨ᠎ᠤ ᠬᠦᠰᠡᠯ ᠨᠠᠢ᠌ᠲᠠᠪᠤᠷᠢ ᠵᠢ ᠪᠦᠷᠢᠨ ᠲᠤᠤᠱᠯᠠᠭᠤᠯᠵᠤ᠂ ᠡᠪ ᠨᠠᠢ᠌ᠷᠲᠠᠢ ᠰᠠᠭᠤᠭ᠋ᠠᠯᠢ ᠲᠤᠭᠤᠷᠢᠭ᠎ᠢ ᠪᠠᠢ᠌ᠭᠤᠯᠤᠨ᠂ ᠠᠷᠠᠳ ᠤᠯᠠᠨ᠎ᠤ ᠰᠠᠭᠤᠭ᠋ᠠᠯᠢ ᠲᠤᠭᠤᠷᠢᠭ᠎ᠤᠨ ᠬᠦᠲᠡᠯᠭᠡᠭᠡᠨ᠎ᠳᠤ ᠤᠷᠤᠯᠴᠠᠬᠤ ᠢᠲᠡᠪᠬᠢᠵᠢᠯ ᠢ ᠪᠠᠲᠠᠷᠠᠭᠤᠯᠤᠭᠰᠠᠨ ᠪᠠᠢ᠌ᠬᠤ ᠭᠡᠷᠡᠭᠲᠡᠢ᠃ ᠪᠠᠰᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ᠂ ᠰᠠᠭᠤᠭ᠋ᠠᠯᠢ ᠠᠷᠠᠳ᠎ᠤᠨ ᠵᠦᠪᠯᠡᠯ᠎ᠤᠨ ᠠᠵᠢᠯᠲᠠᠨ᠎ᠤ ᠵᠤᠬᠢᠶᠠᠨ ᠪᠠᠢ᠌ᠭᠤᠯᠤᠯᠲᠠ᠂ ᠰᠠᠢ᠌ᠨ ᠲᠤᠷᠠᠴᠤᠤᠯ᠎ᠤᠨ ᠡᠩᠨᠡᠭᠡᠨ᠎ᠤ ᠵᠤᠬᠢᠶᠠᠨ ᠪᠠᠢ᠌ᠭᠤᠯᠤᠯᠲᠠ ᠵᠢ ᠦᠳᠲᠡᠷ ᠲᠦᠷᠭᠡᠨ ᠪᠤᠵᠠᠭ᠋ᠠᠢ᠌ᠷᠠᠭᠤᠯᠵᠤ᠂ ᠰᠠᠭᠤᠷᠢ ᠪᠦᠲᠦᠭᠡᠨ ᠪᠠᠢ᠌ᠭᠤᠯᠤᠯᠲᠠ ᠵᠢᠨ ᠲᠦᠬᠦᠭᠡᠷᠦᠮᠵᠢ ᠵᠢ ᠪᠦᠷᠢᠨᠰᠢᠬᠦᠯᠦᠨ᠂ ᠡᠯ᠎ᠡ ᠲᠦᠷᠦᠯ᠎ᠤᠨ ᠦᠢ᠍ᠯᠡᠴᠢᠯᠡᠭᠡ ᠪᠠ ᠰᠤᠶᠤᠯ ᠲᠡᠮᠢᠷ᠎ᠤᠨ ᠬᠦᠲᠡᠯᠭᠡᠭᠡᠨ᠎ᠢ ᠦᠷᠬᠦᠯᠵᠢ ᠵᠢᠨ ᠴᠢᠨᠡᠷ᠎ᠲᠠᠢ ᠦᠷᠨᠢᠬᠦᠯᠦᠨ᠂ ᠤᠷᠴᠢᠨ ᠲᠤᠭᠤᠷᠢᠨ ᠵᠶ᠋ᠡᠨ ᠴᠡᠪᠡᠷ ᠴᠡᠮᠴᠡᠭᠡᠷ ᠪᠠᠢ᠌ᠬᠤ ᠵᠢ ᠪᠠᠳᠤᠯᠠᠵᠤ ᠴᠢᠲᠠᠭᠰᠠᠨ ᠪᠠᠢ᠌ᠬᠤ ᠭᠡᠷᠡᠭᠲᠡᠢ᠃ ᠲᠡᠷᠨ ᠮᠦᠷᠲᠡᠭᠡᠨ ᠲᠤᠰ ᠰᠠᠭᠤᠭ᠋ᠠᠯᠢ ᠲᠤᠭᠤᠷᠢᠭ᠎ᠲᠤ᠎ᠨᠢ ᠠᠮᠤᠷ ᠲᠦᠪᠰᠢᠨ᠎ᠢ ᠰᠦᠷᠲᠡᠬᠦᠯᠦᠭᠰᠡᠨ ᠲᠤᠮᠤ ᠶᠡᠭᠡ ᠭᠠᠷᠤᠭᠰᠠᠨ ᠦᠭᠡᠢ᠂ ᠶᠡᠯ᠎ᠡ᠎ᠳᠤ ᠠᠵᠢᠯᠯᠠᠭ᠎ᠠ ᠭᠠᠷᠤᠭᠰᠠᠨ ᠦᠭᠡᠢ᠂ ᠵᠠᠬᠢᠲᠠᠯ ᠰᠤᠷᠪᠤᠯᠵᠢᠯᠭ᠎ᠠ ᠵᠢᠨ ᠠᠵᠢᠯ᠎ᠢ᠎ᠨᠢ 100 %᠎ᠪᠠᠷ ᠰᠢᠢ᠍ᠳᠪᠤᠷᠢᠯᠠᠵᠤ ᠦᠭᠬᠦᠭᠰᠡᠨ ᠪᠠᠢ᠌ᠬᠤ ᠭᠡᠷᠡᠭᠲᠡᠢ᠃
5. ᠤᠪᠤᠷ ᠰᠤᠷᠲᠠᠯ᠎ᠨᠢ ᠲᠦᠪ ᠴᠢᠩᠭ᠎ᠠ᠃ ᠪᠠᠶ᠎ᠡ᠎ᠪᠠᠨ ᠴᠢᠩᠭ᠎ᠠ ᠱᠠᠭ᠋ᠠᠷᠲᠠᠲᠠᠭ ᠪᠠᠢ᠌ᠵᠤ᠂ ᠲᠦᠪ ᠭᠤᠤᠯᠴᠢ᠎ᠪᠠᠷ ᠶᠠᠪᠤᠲᠠᠯ ᠤᠴᠢᠷ᠎ᠢ ᠰᠢᠢ᠍ᠳᠪᠤᠷᠢᠯᠠᠵᠤ᠂ ᠲᠦᠪ ᠭᠤᠤᠯᠴᠢ ᠠᠷᠳᠴᠢᠯᠠᠯᠢ ᠶᠠᠪᠤᠭᠲᠠᠭᠤᠯᠵᠤ᠂ ᠬᠠᠤᠯᠢ ᠲᠦᠷᠢᠮ᠎ᠢ ᠴᠢᠩᠭ᠎ᠠ ᠰᠠᠬᠢᠵᠤ᠂ ᠠᠷᠢᠭᠤᠨ ᠴᠢᠭᠴᠢ ᠪᠠᠢ᠌ᠵᠤ᠂ ᠪᠠᠶ᠎ᠠ᠎ᠪᠠᠨ ᠴᠢᠩᠭ᠎ᠠ ᠱᠠᠭ᠋ᠠᠷᠲᠠᠵᠤ᠂ ᠠᠵᠢᠯ ᠦᠢ᠍ᠯᠡᠰ᠎ᠲᠤ᠎ᠪᠠᠨ ᠴᠢᠩ ᠦᠨᠡᠨᠴᠢ᠎ᠪᠠᠷ ᠵᠢᠳᠬᠦᠭᠰᠡᠨ ᠪᠠᠢ᠌ᠬᠤ ᠬᠡᠷᠡᠭᠲᠡᠢ᠃ ᠲᠤᠰ ᠰᠠᠭᠤᠭ᠋ᠠᠯᠢ ᠲᠤᠭᠤᠷᠢᠭ᠎ᠤᠨ ᠪᠦᠬᠦ ᠠᠵᠢᠯᠲᠠᠨ᠎ᠨᠢ ᠬᠠᠤᠯᠢ ᠲᠦᠷᠢᠮ᠎ᠢ ᠵᠦᠷᠢᠴᠡᠭᠰᠡᠨ ᠦᠭᠡᠢ ᠪᠠᠢ᠌ᠬᠤ ᠭᠡᠷᠡᠭᠲᠡᠢ᠃ ᠲᠠᠨᠢᠯᠴᠠᠭᠤᠯᠤᠨ ᠲᠠᠪᠰᠢᠬᠦᠯᠵᠤ ᠪᠠᠢ᠌ᠭ᠎ᠠ ᠲᠤᠰ ᠬᠦᠮᠦᠨ᠎ᠨᠢ ᠭᠤᠷᠪᠠᠨ ᠵᠢᠯ ᠲᠠᠷᠠᠭ᠋ᠠᠯᠠᠨ 《ᠠᠵᠢᠯ᠎ᠳᠤ᠎ᠪᠠᠨ ᠬᠢᠷᠢ ᠲᠡᠩᠴᠡᠭᠰᠡᠨ》 ᠬᠡᠮᠡᠬᠦ ᠤᠨ᠎ᠤ ᠦᠨᠡᠯᠡᠯᠲᠡ ᠵᠢ ᠬᠦᠷᠲᠡᠭᠰᠡᠨ ᠪᠠᠢ᠌ᠬᠤ ᠭᠡᠷᠡᠭᠲᠡᠢ᠃ ᠪᠠᠰᠨ ᠬᠠᠤᠯᠢ ᠵᠢ ᠵᠦᠷᠢᠴᠠᠨ ᠲᠦᠷᠢᠮ᠎ᠠᠴᠠ ᠲᠡᠷᠰᠯᠡᠭᠰᠡᠨ ᠦᠭᠡᠢ᠂ ᠮᠠᠭᠤ ᠨᠡᠷ᠎ᠡ ᠮᠤᠨᠲᠠᠷ ᠴᠤᠯᠨ ᠦᠭᠡᠢ ᠪᠠᠢ᠌ᠬᠤ ᠭᠡᠷᠡᠭᠲᠡᠢ᠃
(ᠬᠤᠶᠠᠷ) ᠡᠶ᠎ᠡ ᠨᠡᠢ᠌ᠷ᠎ᠲᠠᠢ ᠠᠢ᠌ᠯ ᠰᠠᠭ᠋ᠠᠬᠠᠯᠲᠠ
1᠂ᠡᠭᠡ ᠤᠯᠤᠰ ᠵᠶ᠋ᠡᠨ ᠬᠠᠯᠠᠭᠤᠨ ᠵᠶ᠋ᠡᠷ ᠬᠠᠢ᠌ᠷᠠᠯᠠᠵᠤ᠂ ᠲᠤᠮᠲᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠵᠢ ᠬᠦᠷᠢᠶᠠᠯᠠᠨ᠂ ᠨᠡᠢ᠌ᠭᠡᠮ ᠵᠢᠷᠤᠮᠳᠤ ᠭᠤᠤᠯᠯᠠᠬᠤ ᠦᠷᠲᠡᠭ᠎ᠤᠨ ᠦᠵᠡᠯᠲᠡ ᠵᠢ ᠢᠲᠡᠪᠬᠢᠲᠡᠢ᠎ᠪᠠᠷ ᠦᠢ᠍ᠯᠡᠳᠤᠯᠬᠡᠵᠢᠬᠦᠯᠦᠭᠰᠡᠨ ᠪᠠᠢ᠌ᠬᠤ ᠭᠡᠷᠡᠭᠲᠡᠢ᠃ ᠨᠡᠢ᠌ᠭᠡᠮ ᠨᠠᠢ᠌ᠲᠠ ᠵᠢᠨ ᠶᠤᠰᠤ ᠰᠤᠷᠲᠠᠬᠤᠨ᠂ ᠠᠵᠢᠯ ᠲᠦᠷᠦᠯ᠎ᠤᠨ ᠶᠤᠰᠤ ᠮᠤᠷᠠᠯ᠂ ᠭᠡᠷ ᠪᠦᠯᠢ ᠵᠢᠨ ᠶᠤᠰᠤ ᠵᠢᠷᠤᠮ᠂ ᠬᠤᠪᠢ ᠬᠦᠮᠦᠨ᠎ᠤ ᠶᠤᠰᠤ ᠰᠤᠷᠲᠠᠬᠤᠨ᠎ᠤ ᠲᠡᠯ᠎ᠡ᠎ᠳᠤ ᠤᠯᠠᠨ᠎ᠤ ᠦᠯᠢᠭᠡᠷ ᠲᠠᠭᠤᠷᠢᠶᠠᠯ ᠪᠤᠯᠵᠤ᠂ ᠰᠢᠯᠢᠲᠡᠭ ᠰᠠᠢ᠌ᠨ ᠦᠢ᠍ᠯᠨ ᠠᠵᠢᠯᠯᠠᠭ᠎ᠠ᠎ᠨᠢ ᠨᠡᠢ᠌ᠬᠡᠮ ᠨᠡᠢ᠌ᠲᠡ ᠵᠢᠨ ᠠᠩᠬᠠᠷᠤᠯ᠎ᠢ ᠲᠠᠲᠠᠭᠰᠠᠨ ᠪᠠᠢ᠌ᠬᠤ ᠭᠡᠷᠡᠭᠲᠡᠢ᠃
2. ᠬᠠᠤᠯᠢ ᠲᠦᠷᠢᠮ᠎ᠢ ᠪᠠᠳᠤ ᠰᠠᠬᠢᠭᠰᠠᠨ ᠪᠠᠢ᠌ᠬᠤ ᠭᠡᠷᠡᠭᠲᠡᠢ᠃ ᠲᠤᠰᠬᠤᠨ᠎ᠤ ᠠᠷᠠᠳ᠎ᠤᠨ ᠲᠦᠷᠢᠮ ᠲᠤᠭᠲᠠᠭ᠋ᠠᠯ᠎ᠢ ᠪᠠᠳᠤ ᠰᠠᠬᠢᠵᠤ᠂ ᠨᠡᠢ᠌ᠭᠡᠮ᠎ᠤᠨ ᠠᠮᠤᠷ ᠲᠦᠪᠰᠢᠨ᠎ᠢ ᠬᠠᠮᠠᠭ᠋ᠠᠯᠠᠵᠤ᠂ ᠦᠨᠡᠨᠴᠢ ᠴᠢᠭᠴᠢ ᠢᠲᠡᠭᠡᠯ ᠵᠢᠷᠤᠮ᠎ᠲᠠᠢ ᠪᠠᠢ᠌ᠵᠤ᠂ ᠭᠡᠷ ᠪᠦᠯᠢ ᠵᠢᠨ ᠬᠦᠮᠦᠰ᠎ᠨᠢ ᠬᠠᠤᠯᠢ ᠲᠦᠷᠢᠮ᠎ᠢ ᠵᠦᠷᠢᠴᠡᠭᠰᠡᠨ ᠠᠵᠢᠯᠯᠠᠭ᠎ᠠ ᠬᠢᠭᠰᠡᠨ ᠦᠭᠡᠢ ᠪᠠᠢ᠌ᠬᠤ ᠭᠡᠷᠡᠭᠲᠡᠢ᠃ ᠢᠲᠡᠭᠡᠯ ᠠᠯᠲᠠᠭᠰᠠᠳ᠎ᠤᠨ ᠪᠦᠷᠢᠳᠭᠡᠯ ᠲᠤᠭ᠋ᠠᠨ᠎ᠳᠤ ᠤᠷᠤᠭᠰᠠᠨ ᠦᠭᠡᠢ ᠪᠠᠢ᠌ᠬᠤ ᠭᠡᠷᠡᠭᠲᠡᠢ᠃
3᠂ᠨᠠᠰᠤᠲᠠᠳ ᠵᠶ᠋ᠡᠨ ᠬᠦᠨᠳᠤᠯᠠᠨ ᠂ ᠬᠡᠤᠭᠡᠳ ᠨᠢᠯᠬᠠᠰ ᠵᠶ᠋ᠡᠨ ᠬᠠᠢ᠌ᠷᠠᠯᠠᠵᠤ ᠬᠠᠯᠠᠮᠵᠢᠯᠠᠨ᠂ ᠬᠠᠨᠢ ᠨᠦᠬᠦᠷ᠎ᠤᠨ ᠬᠤᠭᠤᠷᠤᠨᠳᠤ᠎ᠪᠠᠨ ᠬᠠᠢ᠌ᠷ᠎ᠠ ᠰᠡᠳᠬᠢᠯᠭᠡ᠎ᠲᠠᠢ ᠪᠠᠢ᠌ᠵᠤ᠂ ᠭᠡᠷ ᠪᠦᠯᠢ᠎ᠨᠢ ᠬᠠᠯᠠᠭᠤᠨ ᠲᠤᠯᠠᠭ᠋ᠠᠨ ᠠᠭᠤᠷ ᠠᠮᠢᠰᠬᠤᠯ᠎ᠲᠠᠢ ᠪᠠᠢ᠌ᠬᠤ ᠭᠡᠷᠡᠭᠲᠡᠢ᠃ ᠭᠡᠷ ᠪᠦᠯᠢ ᠵᠢᠨ ᠬᠦᠮᠦᠰ᠎ᠨᠢ ᠡᠪᠡᠳᠴᠢᠯᠠᠵᠤ ᠵᠤᠪᠠᠵᠤ ᠡᠨᠲᠠᠵᠤ ᠰᠢᠷᠬᠠᠳᠤᠭᠰᠠᠨ ᠦᠶ᠎ᠡ᠎ᠳᠤ ᠬᠠᠶᠠᠵᠤ ᠤᠭᠤᠷᠠᠬᠤ ᠦᠭᠡᠢ᠎ᠪᠠᠷ᠂ ᠬᠠᠷᠢᠯᠴᠠᠨ ᠲᠤᠰᠨ ᠲᠠᠮ ᠪᠤᠯᠵᠤ᠂ ᠬᠦᠴᠢᠷ ᠪᠡᠷᠭᠡ ᠵᠢ ᠬᠠᠮᠳᠤ᠎ᠪᠠᠷ ᠲᠤᠭᠤᠯᠤᠭᠰᠠᠨ ᠪᠠᠢ᠌ᠬᠤ ᠭᠡᠷᠡᠭᠲᠡᠢ᠃
4. ᠠᠢ᠌ᠯ ᠰᠠᠭ᠋ᠠᠬᠠᠯᠲᠠ ᠵᠢᠨ ᠬᠤᠭᠤᠷᠤᠨᠳᠤ᠎ᠪᠠᠨ ᠬᠠᠷᠢᠯᠴᠠᠨ ᠲᠤᠰᠠᠯᠠᠵᠤ ᠲᠠᠮᠵᠢᠨ᠂ ᠬᠠᠯᠠᠭᠤᠨ ᠰᠡᠳᠬᠢᠯᠭᠡ᠎ᠪᠠᠷ ᠬᠠᠷᠢᠯᠴᠠᠨ ᠲᠠᠮᠵᠢᠯᠴᠠᠨ᠂ ᠡᠪᠡᠳᠴᠢᠨ ᠵᠤᠪᠠᠯᠠᠩᠳᠤ ᠤᠨᠠᠭᠰᠠᠨ ᠨᠠᠰᠤᠲᠠᠢ ᠨᠢᠯᠬ᠎ᠠ ᠵᠢ᠂ ᠭᠤᠤᠨᠢ ᠭᠠᠭᠴᠠᠭ᠋ᠠᠷ ᠦᠨᠦᠴᠢᠨ ᠦᠷᠦᠭᠡᠰᠤᠨ ᠬᠦᠮᠦᠰ᠎ᠢ᠂ ᠪᠤᠰᠤᠳ ᠬᠦᠴᠢᠷ ᠵᠤᠪᠠᠯᠠᠩ ᠲᠤᠬᠢᠶᠠᠭᠰᠠᠨ ᠠᠷᠠᠳ ᠤᠯᠠᠨ᠎ᠢ ᠤᠷᠳᠤ ᠬᠤᠭᠤᠴᠠᠭ᠎ᠠ᠎ᠪᠠᠷ ᠲᠠᠮᠵᠢᠨ ᠲᠤᠰᠠᠯᠠᠭᠰᠠᠨ ᠪᠠᠢ᠌ᠬᠤ ᠭᠡᠷᠡᠭᠲᠡᠢ᠃ ᠶᠠᠲᠠᠭᠤ ᠬᠦᠴᠢᠷᠲᠠᠯᠲᠠᠢ ᠰᠤᠷᠤᠭᠴᠢᠳ᠎ᠢ ᠢᠲᠡᠪᠬᠢᠲᠡᠢ᠎ᠪᠠᠷ ᠲᠠᠮᠵᠢᠨ ᠲᠤᠰᠠᠯᠠᠵᠤ᠂ ᠬᠦᠴᠢᠷ ᠵᠤᠪᠠᠯᠠᠩ᠎ᠢ ᠲᠡᠳᠬᠦᠨ᠂ ᠰᠠᠢ᠌ᠨ ᠲᠤᠷᠠᠴᠤᠤᠯ᠎ᠤᠨ ᠤᠯᠠᠨ ᠨᠠᠢ᠌ᠲᠠ ᠵᠢᠨ ᠬᠦᠲᠡᠯᠭᠡᠭᠡᠨ᠎ᠳᠤ ᠢᠲᠡᠪᠬᠢᠲᠡᠢ ᠤᠷᠤᠯᠴᠠᠭᠰᠠᠨ ᠪᠠᠢ᠌ᠵᠤ᠂ ᠤᠯᠠᠨ ᠲᠦᠮᠡᠨ᠎ᠤ ᠲᠤᠮᠲᠠ᠎ᠪᠠᠨ ᠢᠲᠡᠭᠡᠯ ᠬᠦᠨᠳᠤ᠎ᠲᠠᠢ ᠪᠠᠢ᠌ᠬᠤ ᠭᠡᠷᠡᠭᠲᠡᠢ᠃
5᠂ ᠰᠠᠭᠤᠭ᠋ᠠᠯᠢ ᠠᠷᠠᠳ᠎ᠤᠨ ᠲᠤᠭᠤᠷᠢᠭ᠎ᠤᠨ ᠠᠵᠢᠯ ᠶᠠᠪᠤᠲᠠᠯ᠂ ᠰᠤᠶᠤᠯ᠎ᠤᠨ ᠬᠦᠲᠡᠯᠭᠡᠭᠡᠨ ᠳᠤ ᠢᠲᠡᠪᠬᠢᠲᠡᠢ ᠤᠷᠤᠯᠴᠠᠵᠤ᠂ ᠠᠷᠭ᠎ᠠ
ᠪᠤᠳᠤᠯᠭ᠎ᠠ᠎ᠪᠠᠨ ᠡᠷᠬᠦᠬᠦ ᠭᠡᠷᠡᠭᠲᠡᠢ᠃ ᠡᠵᠡᠨ ᠬᠦᠮᠦᠨ᠎ᠤ ᠤᠪᠤᠷ ᠵᠶ᠋ᠡᠷ ᠰᠠᠨᠠᠯ ᠲᠤᠷᠠᠳᠤᠯᠭ᠎ᠠ᠎ᠪᠠᠨ ᠲᠤᠷᠠᠳᠤᠭᠰᠠᠨ ᠪᠠᠢ᠌ᠬᠤ ᠭᠡᠷᠡᠭᠲᠡᠢ᠃ ᠡᠶ᠎ᠡ ᠨᠡᠢ᠌ᠷ᠎ᠲᠠᠢ ᠰᠠᠭᠤᠭ᠋ᠠᠯᠢ ᠠᠷᠠᠳ᠎ᠤᠨ ᠲᠤᠭᠤᠷᠢᠭ᠎ᠢ ᠴᠤᠭᠴᠠᠯᠠᠨ ᠪᠠᠢ᠌ᠭᠤᠯᠬᠤ᠎ᠳᠤ ᠭᠠᠪᠢᠶ᠎ᠠ ᠵᠢᠳᠬᠦᠯ ᠵᠶ᠋ᠡᠨ ᠦᠵᠡᠬᠦᠯᠦᠭᠰᠡᠨ ᠪᠠᠢ᠌ᠬᠤ ᠭᠡᠷᠡᠭᠲᠡᠢ᠃ ᠭᠡᠷ ᠪᠦᠯᠢ ᠵᠢᠨ ᠬᠦᠮᠦᠰ᠎ᠨᠢ ᠡᠯ᠎ᠡ ᠲᠦᠷᠦᠯ᠎ᠤᠨ ᠠᠵᠢᠯ᠎ᠤᠨ ᠪᠠᠢ᠌ᠷᠢ᠎ᠳᠤ᠎ᠪᠠᠨ ᠴᠢᠩ ᠦᠨᠡᠨ ᠰᠡᠳᠬᠢᠯ᠎ᠠᠴᠠ᠎ᠪᠠᠨ ᠵᠢᠳᠬᠦᠵᠤ᠂ ᠡᠯᠲᠡᠪ ᠡᠰᠡᠨ ᠭᠡᠷᠡᠭ ᠵᠠᠷᠭᠤ ᠲᠠᠲᠠᠭᠰᠠᠨ ᠦᠭᠡᠢ ᠪᠠᠢ᠌ᠬᠤ ᠭᠡᠷᠡᠭᠲᠡᠢ᠃
ᠲᠠᠪᠤ᠂ ᠬᠦᠲᠡᠯᠭᠡᠭᠡᠨ᠎ᠤ ᠲᠠᠰ ᠲᠠᠷᠠᠭ᠋ᠠᠯᠠᠯ
ᠨᠢᠬᠡᠳᠤᠬᠡᠷ ᠠᠯᠬᠤᠮ᠄ ᠡᠬᠢᠯᠠᠯᠲᠠ (ᠴᠠᠭ ᠬᠤᠭᠤᠴᠠᠭ᠎ᠠ᠄ 9 ᠰᠠᠷ᠎ᠠ ᠵᠢᠨ 1 ᠤ ᠡᠳᠤᠷ) 《ᠦᠪᠤᠷ ᠮᠤᠩᠭᠤᠯ᠎ᠤᠨ ᠡᠳᠤᠷ᠎ᠤᠨ ᠰᠤᠨᠢᠨ》᠎ᠨᠢ ᠲᠤᠰᠬᠠᠢ ᠪᠤᠯᠤᠩ ᠭᠠᠷᠭ᠋ᠠᠵᠤ᠂ 《ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠠᠷᠢᠯᠴᠠᠨ ᠰᠠᠬᠢᠨ ᠪᠠᠷᠠᠯᠠᠵᠤ ᠬᠠᠷᠢᠯᠴᠠᠨ ᠲᠦᠰᠢᠯᠴᠡᠬᠦ ᠬᠠᠢ᠌ᠷ᠎ᠠ ᠬᠠᠯᠠᠮᠵᠢ ᠵᠢᠨ ᠠᠵᠢᠯᠯᠠᠭ᠎ᠠ ᠦᠷᠨᠢᠬᠦᠯᠬᠦ ᠲᠤᠬᠠᠢ ᠮᠡᠲᠡᠭᠲᠡᠯ》᠎ᠢ ᠨᠡᠢ᠌ᠲᠠᠯᠠᠵᠤ᠂ ᠬᠦᠲᠡᠯᠭᠡᠭᠡᠨ ᠶᠠᠪᠤᠭᠲᠠᠬᠤ᠎ᠪᠠᠷ ᠪᠤᠯᠤᠭᠰᠠᠨ᠎ᠢ ᠤᠬᠠᠭᠤᠯᠤᠨ᠂ ᠦᠪᠡᠷᠲᠡᠭᠡᠨ ᠵᠰᠠᠬᠤ ᠤᠷᠤᠨ᠎ᠤ ᠡᠯ᠎ᠡ ᠰᠤᠨᠢᠨ ᠮᠡᠲᠡᠭᠡᠨ᠎ᠤ ᠵᠠᠭᠤᠴᠢᠯᠠᠭᠤᠷ᠎ᠨᠢ ᠲᠤᠰ ᠠᠵᠢᠯᠯᠠᠭ᠋ᠠᠨ᠎ᠤ ᠲᠤᠬᠠᠢ ᠮᠡᠲᠡᠭᠡᠯᠡᠵᠤ ᠡᠬᠢᠯᠡᠭᠰᠡᠨ ᠶᠤᠮ᠃
ᠬᠤᠶᠠᠳᠤᠭ᠋ᠠᠷ ᠠᠯᠬᠤᠮ᠄ ᠲᠠᠨᠢᠯᠴᠠᠭᠤᠯᠤᠨ ᠲᠠᠪᠰᠢᠬᠦᠯᠬᠦ ᠶᠠᠪᠤᠴᠨ (ᠴᠠᠭ ᠬᠤᠭᠤᠴᠠᠭ᠎ᠠ᠄ 9 ᠰᠠᠷ᠎ᠠ 1᠎ᠤ ᠡᠳᠤᠷ — 9 ᠰᠠᠷ᠎ᠠ ᠵᠢᠨ20᠎ᠤ ᠡᠳᠤᠷ)
ᠰᠠᠭᠤᠭ᠋ᠠᠯᠢ ᠠᠷᠠᠳ᠎ᠤᠨ ᠵᠦᠪᠯᠡᠯ ᠨᠢ ᠬᠤᠰᠢᠭᠤ ᠰᠢᠶᠠᠨ (ᠬᠤᠲᠠ᠂ ᠲᠤᠭᠤᠷᠢᠭ)᠎ᠳᠤ 《ᠦᠪᠡᠷᠲᠡᠭᠡᠨ ᠵᠠᠰᠠᠬᠤ ᠤᠷᠤᠨ᠎ᠤ ᠬᠠᠮᠤᠭ᠎ᠤᠨ ᠭᠠᠷᠮᠠᠭ᠋ᠠᠢ ᠰᠠᠭᠤᠭ᠋ᠠᠯᠢ ᠲᠤᠭᠤᠷᠢᠭ᠎ᠤᠨ ᠠᠵᠢᠯᠲᠠᠨ》᠎ᠢ ᠲᠠᠨᠢᠯᠴᠠᠭᠤᠯᠤᠨ ᠲᠡᠪᠰᠢᠬᠦᠯᠵᠤ᠂ ᠰᠢᠯᠢᠵᠤ ᠰᠤᠩᠭᠤᠭᠰᠠᠨᠤᠪᠠᠨ ᠲᠠᠷᠠᠭ᠎ᠠ᠂ 1 ᠨᠡᠷ᠎ᠠ 《ᠦᠪᠡᠷᠲᠡᠭᠡᠨ ᠵᠠᠰᠠᠬᠤ ᠤᠷᠤᠨ᠎ᠤ ᠬᠠᠮᠤᠭ᠎ᠤᠨ ᠭᠠᠷᠮᠠᠭ᠋ᠠᠢ ᠰᠠᠭᠤᠭ᠋ᠠᠯᠢ ᠲᠤᠭᠤᠷᠢᠭ᠎ᠤᠨ ᠠᠵᠢᠯᠲᠠᠨ》᠎ᠢ ᠠᠢ᠌ᠮᠠᠭ ᠬᠤᠲᠠᠨ᠎ᠳᠤ᠎ᠪᠠᠨ ᠲᠠᠨᠢᠯᠴᠠᠭᠤᠯᠤᠨ ᠲᠡᠪᠰᠢᠬᠦᠯᠬᠦ ᠭᠡᠷᠡᠭᠲᠡᠢ᠃ ᠲᠠᠷᠠᠭ᠎ᠠ᠎ᠨᠢ ᠡᠯ᠎ᠡ ᠠᠢ᠌ᠮᠠᠭ ᠬᠤᠲᠠᠨᠤ ᠠᠷᠠᠳ᠎ᠤᠨ ᠶᠠᠪᠤᠲᠠᠯ᠎ᠤᠨ ᠲᠤᠪᠴᠢᠶ᠎ᠠ᠎ᠨᠢ ᠡᠯ᠎ᠡ ᠠᠢ᠌ᠮᠠᠭ ᠬᠤᠲᠠ ᠵᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠡᠯ᠎ᠡ ᠠᠢ᠌ᠮᠠᠭ ᠬᠤᠲᠠ ᠵᠢᠨ ᠤᠶᠤᠨ᠎ᠤ ᠪᠤᠯᠪᠠᠰᠤᠨ᠎ᠤ ᠪᠠᠢ᠌ᠭᠤᠯᠤᠯᠲᠠ ᠵᠢ ᠵᠢᠯᠤᠭᠤᠳᠬᠤ ᠵᠦᠪᠯᠡᠯ᠎ᠤᠨ ᠠᠯᠪᠠᠨ ᠭᠡᠷ᠎ᠲᠠᠢ ᠬᠠᠮᠵᠢᠯᠴᠠᠨ ᠪᠠᠢ᠌ᠵᠤ᠂ 2 — 4 ᠬᠦᠮᠦᠨ᠎ᠢ ᠵᠢᠱ᠌ᠢᠭᠲᠡᠭᠰᠡᠳ ᠵᠶ᠋ᠡᠷ ᠰᠤᠩᠭᠤᠵᠤ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠲᠠᠯ᠎ᠤᠨ ᠲᠢᠩᠬᠢᠮ᠎ᠳᠤ ᠲᠠᠪᠰᠢᠬᠦᠯᠦᠨ ᠮᠡᠲᠡᠬᠦᠯᠦᠨᠡ᠃
ᠬᠠᠷᠢᠯᠴᠠᠬᠤ ᠬᠦᠮᠦᠨ᠄ ᠵᠠᠩ ᠰᠢᠶᠤᠤ ᠰᠢᠶᠨ
ᠬᠠᠷᠢᠯᠴᠠᠬᠤ ᠤᠲᠠᠰᠤ᠄ 0471 — 6944649 ( ᠹᠠᠺᠰ)
ᠢᠮᠸᠯ᠄ 696204 @ 163.com
ᠰᠠᠭᠤᠭ᠋ᠠᠯᠢ ᠠᠷᠠᠳ᠎ᠤᠨ ᠵᠦᠪᠯᠡᠯ ᠨᠢ ᠬᠤᠰᠢᠭᠤ ᠰᠢᠶᠠᠨ (ᠬᠤᠲᠠ᠂ ᠲᠤᠭᠤᠷᠢᠭ)᠎ᠳᠤ 《ᠡᠶ᠎ᠡ ᠨᠡᠢ᠌ᠷ᠎ᠲᠠᠢ ᠠᠢ᠌ᠯ ᠰᠠᠭ᠋ᠠᠬᠠᠯᠲᠠ》 ᠵᠢ ᠰᠤᠩᠭᠤᠨ ᠲᠠᠪᠰᠢᠬᠦᠯᠵᠤ᠂ ᠬᠤᠰᠢᠭᠤ ᠰᠢᠶᠠᠨ (ᠬᠤᠲᠠ᠂ ᠲᠤᠭᠤᠷᠢᠭ)᠎ᠨᠢ ᠰᠢᠯᠢᠵᠤ ᠰᠤᠩᠭᠤᠭᠰᠠᠨᠤ ᠲᠠᠷᠠᠭ᠎ᠠ᠎ᠨᠢ ᠠᠢ᠌ᠮᠠᠭ ᠬᠤᠲᠠᠨ᠎ᠳᠤ᠎ᠪᠠᠨ 5 ᠨᠡᠷ᠎ᠡ 《ᠡᠶ᠎ᠡ ᠨᠡᠢ᠌ᠷ᠎ᠲᠠᠢ ᠠᠢ᠌ᠯ ᠰᠠᠭ᠋ᠠᠬᠠᠯᠲᠠ》 ᠵᠢ ᠲᠠᠨᠢᠯᠴᠠᠭᠤᠯᠤᠨ ᠲᠡᠪᠰᠢᠬᠦᠯᠬᠦ ᠭᠡᠷᠡᠭᠲᠡᠢ᠃ ᠲᠠᠷᠠᠭ᠎ᠠ᠎ᠨᠢ ᠡᠯ᠎ᠡ ᠠᠢ᠌ᠮᠠᠭ ᠬᠤᠲᠠᠨᠤ ᠠᠷᠠᠳ᠎ᠤᠨ ᠶᠠᠪᠤᠲᠠᠯ᠎ᠤᠨ ᠲᠤᠪᠴᠢᠶ᠎ᠠ᠎ᠨᠢ ᠡᠯ᠎ᠡ ᠠᠢ᠌ᠮᠠᠭ ᠬᠤᠲᠠ ᠵᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠡᠯ᠎ᠡ ᠠᠢ᠌ᠮᠠᠭ ᠬᠤᠲᠠ ᠵᠢᠨ ᠤᠶᠤᠨ᠎ᠤ ᠪᠤᠯᠪᠠᠰᠤᠨ᠎ᠤ ᠠᠯᠪᠠᠨ ᠭᠡᠷ᠎ᠲᠠᠢ᠎ᠪᠠᠨ ᠬᠠᠮᠵᠢᠯᠴᠠᠨ᠂ 5 — 10 ᠨᠡᠷ᠎ᠡ 《ᠡᠶ᠎ᠡ ᠨᠡᠢ᠌ᠷ᠎ᠲᠠᠢ ᠠᠢ᠌ᠯ ᠰᠠᠭ᠋ᠠᠬᠠᠯᠲᠠ》 ᠵᠢ ᠵᠢᠱ᠌ᠢᠭᠲᠡᠭᠰᠡᠳ ᠵᠶ᠋ᠡᠷ ᠰᠤᠩᠭᠤᠵᠤ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠲᠤ ᠲᠠᠪᠰᠢᠬᠦᠯᠦᠨ ᠮᠡᠲᠡᠬᠦᠯᠦᠨᠡ᠃
ᠬᠠᠷᠢᠯᠴᠠᠬᠤ ᠊ᠠ᠊ ᠬᠦᠮᠦᠨ᠄ ᠡᠤ ᠹᠦ᠋ ᠮᠢᠩ
ᠬᠠᠷᠢᠯᠴᠠᠬᠤ ᠤᠲᠠᠰᠤ᠄ 0471 — 4812464 ( ᠹᠠᠺᠰ)
ᠢᠮᠸᠯ᠄ nmgwmcj@126.com
ᠬᠤᠰᠢᠭᠤ ᠰᠢᠶᠠᠨ (ᠬᠤᠲᠠ᠂ ᠲᠤᠭᠤᠷᠢᠭ) ᠨᠢ ᠰᠠᠬᠢᠯᠭ᠎ᠠ ᠪᠠᠳᠤ ᠵᠢ ᠪᠠᠢ᠌ᠴᠠᠭ᠋ᠠᠬᠤ ᠬᠤᠷᠢᠶ᠎ᠠ᠂ ᠶᠡᠷᠦᠩᠭᠡᠢ᠌ᠯᠡᠭᠰᠡᠨ ᠵᠠᠰᠠᠬᠤ ᠠᠯᠪᠠᠨ ᠭᠡᠷ᠂ ᠡᠷᠡᠬᠦᠯ ᠬᠠᠮᠠᠭ᠋ᠠᠯᠠᠯ ᠡᠷᠡᠬᠦᠯ ᠮᠡᠨᠳᠤ ᠵᠢᠨ ᠵᠦᠪᠯᠡᠯ᠂ ᠢᠲᠡᠭᠡᠮᠵᠢ ᠵᠢᠨ ᠲᠤᠪᠴᠢᠶ᠎ᠠ ᠵᠡᠷᠭᠡ ᠪᠠᠢ᠌ᠭᠤᠯᠭ᠎ᠠ ᠨᠢᠭᠡᠴᠨ᠎ᠳᠤ ᠪᠢᠴᠢᠭ ᠢᠯᠡᠭᠡᠨ᠂ ᠰᠤᠩᠭᠤᠵᠤ ᠭᠠᠷᠭ᠋ᠠᠭᠰᠠᠨ ᠬᠦᠮᠦᠰ᠎ᠤᠨ ᠵᠶ᠋ᠡᠨ ᠲᠠᠯ᠎ᠡ᠎ᠪᠠᠷ ᠰᠠᠨᠠᠯ᠎ᠢ᠎ᠨᠢ ᠰᠤᠨᠤᠰᠴᠤ᠂ ᠰᠤᠩᠭᠤᠵᠤ ᠭᠠᠷᠭ᠋ᠠᠭᠰᠠᠨ ᠬᠦᠮᠦᠰ᠎ᠨᠢ ᠬᠠᠤᠯᠢ ᠲᠦᠷᠢᠮ ᠢ ᠵᠦᠷᠢᠴᠡᠭᠰᠡᠨ ᠦᠢ᠍ᠯᠨ ᠠᠵᠢᠯᠯᠠᠭ᠎ᠠ ᠵᠢ ᠶᠡᠷᠦ᠎ᠠᠴᠠ ᠬᠢᠭᠡ ᠦᠭᠡᠢ ᠭᠡᠲᠡᠭ᠎ᠢ᠎ᠨᠢ ᠵᠠᠪᠠᠯ ᠪᠠᠳᠤᠯᠠᠬᠤ ᠭᠡᠷᠡᠭᠲᠡᠢ᠃
ᠭᠤᠷᠪᠠᠳᠤᠭ᠋ᠠᠷ ᠠᠯᠬᠤᠮ᠄ ᠠᠩᠬᠠᠨ᠎ᠤ ᠰᠤᠩᠭᠤᠯᠲᠠ ᠪᠠ ᠨᠠᠷᠠᠰᠢᠨᠢ ᠨᠡᠢ᠌ᠲᠡᠯᠡᠬᠦ ᠲᠤᠬᠠᠢ ( ᠴᠠᠭ ᠬᠤᠭᠤᠴᠠᠭ᠎ᠠ᠄ 9 ᠰᠠᠷ᠎ᠠ ᠵᠢᠨ20᠎ᠤ ᠡᠳᠤᠷ —10 ᠰᠠᠷ᠎ᠠ ᠵᠢᠨ10᠎ᠤ ᠡᠳᠤᠷ)
ᠬᠦᠲᠡᠯᠭᠡᠭᠡᠨ᠎ᠢ ᠵᠤᠬᠢᠶᠠᠨ ᠪᠠᠢ᠌ᠭᠤᠯᠤᠭᠰᠠᠨ ᠬᠦᠮᠦᠰ᠎ᠨᠢ ᠰᠤᠩᠭᠤᠨ ᠲᠠᠨᠢᠯᠴᠠᠭᠤᠯᠤᠭᠰᠠᠨ ᠬᠦᠮᠦᠰ᠎ᠤᠨ ᠵᠶ᠋ᠡᠨ ᠮᠠᠲᠸᠷᠢᠶᠠᠯ᠎ᠢ᠎ᠨᠢ ᠬᠠᠷᠭᠤᠭᠤᠯᠤᠨ ᠦᠵᠡᠵᠤ᠂ 20 ᠨᠡᠷ᠎ᠡ 《ᠦᠪᠡᠷᠲᠡᠭᠡᠨ ᠵᠠᠰᠠᠬᠤ ᠤᠷᠤᠨ᠎ᠤ ᠬᠠᠮᠤᠭ᠎ᠤᠨ ᠭᠠᠷᠮᠠᠭ᠋ᠠᠢ ᠰᠠᠭᠤᠭ᠋ᠠᠯᠢ ᠲᠤᠭᠤᠷᠢᠭ᠎ᠤᠨ ᠠᠵᠢᠯᠲᠠᠨ》᠂ 50 ᠡᠷᠦᠭᠡ 《ᠡᠶ᠎ᠡ ᠨᠠᠢ᠌ᠷᠲᠠᠢ ᠠᠢ᠌ᠯ ᠰᠠᠭ᠋ᠠᠬᠠᠯᠲᠠ》 ᠵᠢ ᠰᠤᠩᠭᠤᠨ ᠲᠤᠭᠲᠠᠭ᠋ᠠᠬᠤ ᠭᠡᠷᠡᠭᠲᠡᠢ᠃ ᠰᠤᠩᠭᠤᠭᠲᠠᠭᠰᠠᠨ ᠬᠦᠮᠦᠰ᠎ᠤᠨ ᠪᠢᠴᠢᠭ ᠮᠠᠲᠸᠷᠢᠶᠠᠯ ᠪᠠ ᠬᠢᠷᠢ ᠬᠡᠮ᠎ᠢ᠎ᠨᠢ ᠲᠡᠬᠢᠨ ᠬᠠᠷᠭᠤᠭᠤᠯᠤᠨ ᠦᠵᠡᠵᠤ᠂ ᠵᠦᠪ ᠰᠠᠢ᠌ᠬᠠᠨ ᠪᠤᠯᠭ᠋ᠠᠭᠰᠠᠨ᠎ᠤ᠎ᠪᠠᠨ ᠲᠠᠷᠠᠭ᠎ᠠ ᠢᠯᠨ᠎ᠪᠠᠷ ᠨᠡᠢ᠌ᠲᠡᠯᠡᠬᠦ ᠭᠡᠷᠡᠭᠲᠡᠢ᠃ 7 ᠡᠳᠤᠷ᠎ᠤᠨ ᠲᠠᠷᠠᠭ᠎ᠠ᠎ᠨᠢ ᠨᠡᠢ᠌ᠲᠡᠯᠡᠬᠦ ᠴᠠᠭ᠎ᠨᠢ ᠬᠦᠢ᠍ᠴᠡᠬᠦ ᠪᠤᠯᠤᠨ᠎ᠠ᠃ ᠢᠩᠬᠢᠭᠰᠡᠨᠤ ᠬᠤᠢ᠌ᠨᠡ ᠰᠠᠢ᠌ᠰᠢᠶᠡᠨ ᠬᠦᠬᠢᠬᠦᠯᠬᠦ ᠨᠡᠷᠡᠰ᠎ᠤᠨ ᠬᠢᠷᠢ ᠬᠡᠮ᠎ᠨᠢ ᠲᠤᠭᠲᠠᠭ᠋ᠠᠭᠲᠠᠬᠤ ᠪᠤᠯᠤᠨ᠎ᠠ᠃
ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠶᠤᠨ᠎ᠤ ᠪᠤᠯᠪᠠᠰᠤᠨ᠎ᠤ ᠠᠯᠪᠠᠨ ᠭᠡᠷ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠲᠠᠯ᠎ᠤᠨ ᠲᠢᠩᠬᠢᠮ ᠬᠠᠮᠳᠤᠷᠠᠨ᠂ ᠰᠤᠩᠭᠤᠨ ᠲᠡᠪᠰᠢᠬᠦᠯᠦᠭᠰᠡᠨ ᠤᠯᠠᠨ ᠨᠠᠷᠠᠰᠤᠨ ᠲᠤᠮᠲᠠ᠎ᠠᠴᠠ 10 ᠨᠡᠷ᠎ᠡ 《ᠦᠪᠡᠷᠲᠡᠭᠡᠨ ᠵᠠᠰᠠᠬᠤ ᠤᠷᠤᠨ᠎ᠤ ᠬᠠᠮᠤᠭ᠎ᠤᠨ ᠭᠠᠷᠮᠠᠭ᠋ᠠᠢ ᠰᠠᠭᠤᠭ᠋ᠠᠯᠢ ᠲᠤᠭᠤᠷᠢᠭ᠎ᠤᠨ ᠠᠵᠢᠯᠲᠠᠨ》᠂ 10 ᠡᠷᠦᠭᠡ 《ᠡᠶ᠎ᠡ ᠨᠠᠢ᠌ᠷᠲᠠᠢ ᠠᠢ᠌ᠯ ᠰᠠᠭ᠋ᠠᠬᠠᠯᠲᠠ》 ᠵᠢ ᠰᠢᠯᠢᠵᠤ ᠲᠤᠭᠲᠠᠭ᠋ᠠᠨ᠎ᠠ᠃
ᠲᠦᠷᠪᠡᠳᠤᠬᠡᠷ ᠠᠯᠬᠤᠮ᠄ ᠴᠤᠯᠨ ᠠᠯᠲᠡᠷ ᠤᠯᠭᠤᠬᠤ ᠪᠠ ᠤᠬᠠᠭᠤᠯᠤᠨ ᠰᠤᠷᠲᠠᠯᠴᠢᠯᠠᠬᠤ ( ᠴᠠᠭ ᠬᠤᠭᠤᠴᠠᠭ᠎ᠠ᠄ 10 ᠰᠠᠷ᠎ᠠ ᠵᠢᠨ10᠎ᠤ ᠤᠷᠴᠢᠮ)
10 ᠨᠠᠷᠠ 《ᠦᠪᠡᠷᠲᠡᠭᠡᠨ ᠵᠠᠰᠠᠬᠤ ᠤᠷᠤᠨ᠎ᠤ ᠬᠠᠮᠤᠭ᠎ᠤᠨ ᠭᠠᠷᠮᠠᠭ᠋ᠠᠢ ᠰᠠᠭᠤᠭ᠋ᠠᠯᠢ ᠲᠤᠭᠤᠷᠢᠭ᠎ᠤᠨ ᠠᠵᠢᠯᠲᠠᠨ》᠂ 10 ᠡᠷᠦᠭᠡ 《ᠡᠶ᠎ᠡ ᠨᠠᠢ᠌ᠷᠲᠠᠢ ᠠᠢ᠌ᠯ ᠰᠠᠭ᠋ᠠᠬᠠᠯᠲᠠ》᠎ᠤᠨ ᠲᠤᠬᠠᠢ ᠤᠬᠠᠭᠤᠯᠤᠨ ᠰᠤᠷᠲᠠᠯᠴᠢᠯᠠᠬᠤ ᠠᠵᠢᠯᠯᠠᠭ᠎ᠠ ᠵᠢ ᠦᠷᠨᠢᠬᠦᠯᠦᠨ᠂ ᠲᠤᠰᠬᠠᠢ ᠶᠠᠷᠢᠶ᠎ᠠ ᠢᠯᠡᠳᠭᠡᠯ ᠬᠢᠵᠤ᠂ ᠰᠤᠨᠢᠨ ᠰᠡᠳᠬᠦᠯ᠎ᠤᠨ ᠲᠤᠰᠬᠠᠢ ᠪᠤᠯᠤᠩ᠎ᠳᠤ ᠤᠬᠠᠭ᠋ᠠᠯᠤᠨ ᠰᠤᠷᠲᠠᠯᠴᠢᠯᠠᠵᠤ᠂ ᠷᠠᠳᠢᠤ᠋ ᠲᠸᠯᠸᠢᠰ ᠵᠶ᠋ᠡᠷ ᠮᠡᠲᠡᠭᠡᠯᠡᠨᠡ᠃
ᠵᠢᠷᠭᠤᠭ᠎ᠠ᠂ ᠬᠠᠮᠢᠶ᠎ᠠ ᠪᠦᠬᠦ ᠱᠠᠭ᠋ᠠᠷᠲᠠᠯᠭ᠎ᠠ
(ᠨᠢᠭᠡ) ᠲᠡᠭᠡᠳᠤ ᠬᠡᠮᠵᠢᠶ᠎ᠠ᠎ᠪᠠᠷ ᠬᠦᠨᠳᠤᠳᠭᠡᠨ ᠦᠵᠡᠵᠤ᠂ ᠤᠳᠤᠷᠢᠳᠤᠯᠭ᠎ᠠ᠎ᠪᠠᠨ ᠶᠡᠬᠡ᠎ᠪᠠᠷ ᠴᠢᠩᠭ᠋ᠠᠳᠬᠠᠬᠤ ᠭᠡᠷᠡᠭᠲᠡᠢ᠃ ᠡᠯ᠎ᠡ ᠭᠠᠵᠠᠷ ᠤᠷᠤᠨ᠎ᠤ᠎ᠬᠢᠨ ᠠᠷᠠᠳ ᠤᠯᠠᠨ᠎ᠤ ᠲᠤᠮᠲᠠ᠂ ᠠᠢ᠌ᠯ ᠰᠠᠭ᠋ᠠᠬᠠᠯᠲᠠ᠎ᠨᠢ ᠬᠠᠷᠢᠯᠴᠠᠨ ᠰᠠᠬᠢᠨ ᠪᠠᠷᠠᠯᠠᠵᠤ ᠬᠠᠷᠢᠯᠴᠠᠨ ᠬᠠᠯᠠᠮᠵᠢᠯᠠᠨ ᠲᠦᠰᠢᠯᠴᠠᠬᠦ ᠠᠵᠢᠯᠯᠠᠭ᠎ᠠ᠎ᠪᠠᠨ ᠦᠷᠨᠢᠬᠦᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠲᠠᠳᠤ ᠤᠯᠤᠰ᠎ᠤᠨ ᠤᠨᠴᠠᠯᠢᠭ ᠪᠦᠬᠦᠢ ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠤᠳᠤᠭᠡᠷ ᠤᠲᠠᠭ᠋ᠠᠨ᠎ᠤ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠡᠷᠡᠰ ᠲᠤᠤᠱᠯᠠᠭᠤᠯᠤᠨ᠂ ᠰᠠᠭᠤᠭ᠋ᠠᠯᠢ ᠲᠤᠭᠤᠷᠢᠭ᠎ᠤᠨ ᠤᠯᠠᠨ ᠲᠦᠮᠡᠨ᠎ᠤ 《ᠦᠪᠡᠷ᠎ᠢ᠎ᠪᠠᠨ ᠬᠠᠮᠢᠶᠠᠷᠬᠤ᠂ ᠦᠪᠡᠷᠰᠡᠳᠲᠤᠪᠠᠨ ᠦᠢ᠍ᠯᠡᠴᠢᠯᠡᠬᠦ᠂ ᠦᠪᠡᠷᠰᠡᠳᠢᠪᠠᠨ ᠬᠦᠮᠦᠵᠢᠬᠦᠯᠬᠦ᠂ ᠦᠪᠡᠷᠰᠡᠳ ᠵᠶ᠋ᠡᠨ ᠬᠢᠨᠠᠬᠤ》᠎ᠲᠠᠢ ᠤᠶᠠᠯᠳᠤᠭᠤᠯᠤᠨ᠂ ᠨᠡᠷᠢᠨ ᠬᠢᠨᠠᠮᠠᠭ᠋ᠠᠢ ᠵᠤᠬᠢᠶᠠᠨ ᠪᠠᠢ᠌ᠭᠤᠯᠵᠤ᠂ ᠠᠮᠵᠢᠯᠲᠠ ᠤᠯᠬᠤ ᠵᠢ ᠪᠠᠳᠤᠯᠠᠭᠰᠠᠨ ᠪᠠᠢ᠌ᠬᠤ ᠭᠡᠷᠡᠭᠲᠡᠢ᠃
(ᠬᠤᠶᠠᠷ) ᠤᠬᠠᠭᠤᠯᠭ᠎ᠠ᠎ᠪᠠᠨ ᠴᠢᠩᠭ᠋ᠠᠳᠬᠠᠨ᠂ ᠦᠷ᠎ᠡ ᠨᠦᠯᠦᠭᠡ ᠪᠠᠨ ᠦᠷᠭᠡᠳᠭᠡᠭᠰᠡᠨ ᠪᠠᠢ᠌ᠬᠤ ᠭᠡᠷᠡᠭᠲᠡᠢ᠃ ᠮᠡᠲᠡᠭᠡ ᠵᠠᠭᠤᠴᠢᠯᠠᠭᠤᠷ᠂ ᠰᠦᠯᠵᠢᠶ᠎ᠡ ᠬᠤᠯᠪᠤᠭ᠎ᠠ᠂ ᠸᠢᠴᠠᠲ ᠲᠠᠪᠴᠠᠩ ᠵᠡᠷᠭᠡ ᠵᠢ ᠪᠦᠷᠢᠨ ᠬᠦᠢ᠍ᠴᠡᠳ ᠠᠰᠢᠭᠯᠠᠨ᠂ ᠪᠦᠬᠦ ᠲᠡᠯ᠎ᠡ᠎ᠪᠠᠷ᠂ ᠤᠯᠠᠨ ᠬᠠᠷᠠᠭ᠋ᠠᠰᠤ᠎ᠪᠠᠷ ᠰᠤᠷᠲᠡᠯᠴᠢᠯᠠᠨ ᠤᠬᠠᠭᠤᠯᠵᠤ᠂ ᠬᠦᠲᠡᠯᠭᠡᠭᠡᠨ᠎ᠤ᠎ᠪᠠᠨ ᠦᠷ᠎ᠡ ᠨᠦᠯᠦᠭᠡ ᠵᠢ ᠦᠷᠭᠡᠳᠭᠡᠨ᠂ ᠨᠠᠢ᠌ᠲᠠᠯᠢᠭ᠌ ᠴᠢᠨᠡᠷ᠎ᠲᠠᠢ ᠰᠢᠯᠢᠲᠡᠭ ᠦᠢ᠍ᠯᠨ ᠠᠵᠢᠯᠯᠠᠭ᠎ᠠ ᠵᠢ ᠶᠡᠬᠡ᠎ᠪᠠᠷ ᠰᠤᠷᠲᠡᠯᠴᠢᠯᠠᠨ ᠤᠬᠠᠭᠤᠯᠬᠤ ᠭᠡᠷᠡᠭᠲᠡᠢ᠃
(ᠭᠤᠷᠪᠠ) ᠲᠤᠷᠰᠢᠯᠭ᠎ᠠ᠎ᠪᠠᠨ ᠳ᠋ᠦᠩᠨᠠᠵᠤ᠂ ᠤᠬᠠᠭᠤᠯᠭ᠎ᠠ ᠵᠢᠨ ᠠᠵᠢᠯ ᠵᠶ᠋ᠡᠨ ᠬᠠᠷᠢᠭᠤ ᠮᠡᠲᠡᠬᠦᠯᠬᠦ ᠭᠡᠷᠡᠭᠲᠡᠢ᠃ ᠡᠯ᠎ᠡ ᠭᠠᠵᠠᠷ ᠤᠷᠤᠨ᠎ᠤ᠎ᠬᠢᠨ ᠬᠤᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠬᠠᠷᠢᠯᠴᠠᠨ ᠰᠠᠬᠢᠨ ᠪᠠᠷᠠᠯᠠᠵᠤ ᠬᠠᠷᠢᠯᠴᠠᠨ ᠬᠠᠯᠠᠮᠵᠢᠯᠠᠨ ᠬᠠᠢ᠌ᠷᠠᠯᠠᠬᠤ ᠬᠦᠲᠡᠯᠭᠡᠭᠡᠨ᠎ᠤ᠎ᠪᠠᠨ ᠪᠤᠲᠠᠳᠤ ᠠᠯᠬᠤᠮ ᠲᠠᠷᠠᠭ᠎ᠠ ᠪᠠ ᠲᠤᠷᠰᠢᠯᠭ᠎ᠠ ᠤᠯᠤᠯᠲᠠ᠎ᠪᠠᠨ ᠳ᠋ᠦᠩᠨᠠᠨ ᠲᠤᠭᠤᠷᠪᠢᠵᠤ ᠂ ᠴᠠᠭ ᠲᠠᠷᠤᠢ᠎ᠳᠤ᠎ᠨᠢ ᠲᠡᠭᠡᠭᠰᠢ ᠮᠡᠲᠡᠬᠦᠯᠬᠦ ᠭᠡᠷᠡᠭᠲᠡᠢ᠃
ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠲᠠᠯ᠎ᠤᠨ ᠲᠢᠩᠬᠢᠮ᠂ ᠦᠪᠤᠷ ᠮᠤᠩᠭᠤᠯ᠎ᠤᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠶᠤᠨ᠎ᠤ ᠪᠤᠯᠪᠠᠰᠤᠨ᠎ᠤ ᠪᠠᠢ᠌ᠭᠤᠯᠤᠯᠲᠠ ᠵᠢ ᠵᠢᠯᠤᠭᠤᠳᠬᠤ ᠵᠦᠪᠯᠡᠯ᠎ᠤᠨ ᠠᠯᠪᠠᠨ ᠭᠡᠷ᠎ᠠᠴᠠ