ᠰᠢ ᠵᠢᠨ ᠫᠢᠩ ᠶᠡᠷᠦᠩᠬᠡᠶ ᠱᠦᠵᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠵᠶ᠋ᠠᠨ ᠳᠠᠢ᠌ᠴᠢᠯᠠᠵᠤ᠂ 〈〈ᠦᠨᠳᠤᠰᠤᠲᠡᠨᠨᠦᠭᠦᠳ ᠨᠢᠭᠡ ᠭᠡᠷ᠎ᠤᠨ ᠬᠦᠮᠤᠨ ᠰᠢᠭ ᠪᠦᠯᠬᠦᠮᠳᠡᠨ᠂ ᠳᠤᠮᠳᠠᠳᠤ ᠵᠢᠨ ᠵᠡᠭᠦᠳᠦ᠎ᠪᠠᠨ ᠰᠡᠳᠬᠢᠯ ᠨᠢᠭᠡᠳᠦᠨ ᠲᠡᠷᠭᠡᠯᠰᠢᠭᠦᠯᠬᠦ〉〉 ᠬᠦᠴᠦᠷᠬᠡᠭ ᠶᠡᠬᠡ ᠬᠠᠮᠲᠤ ᠵᠢᠨ ᠬᠦᠴᠦᠨ᠎ᠢ ᠤᠯᠠᠮ ᠨᠢᠭᠡ ᠠᠯᠬᠤᠮ ᠨᠢᠭᠲᠠᠷᠠᠭᠤᠯᠬᠤ ᠵᠢᠨ ᠲᠥᠯᠥᠭᠡ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠲᠤᠰᠬᠠᠶ ᠰᠡᠳᠤᠪ᠎ᠤᠨ ᠰᠤᠷᠤᠯᠴᠠᠯᠭ᠎ᠠ᠂ ᠦᠢᠯᠡᠳᠦᠯᠭᠡ ᠵᠢᠨ ᠠᠵᠢᠯᠯᠠᠭ᠎ᠠ ᠵᠢ ᠢᠳᠡᠪᠬᠢᠲᠠᠢ ᠦᠷᠨᠢᠭᠦᠯᠬᠦ ᠠᠷᠭ᠎ᠠ ᠮᠠᠶᠢᠭ ᠵᠶ᠋ᠠᠷ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠣᠶ ᠪᠣᠯᠭ᠋ᠠᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
ᠠᠯᠪᠠᠨ ᠭᠡᠷ (ᠲᠦᠷᠤ ᠵᠢᠨ ᠪᠣᠳᠤᠯᠭ᠎ᠠ ᠬᠠᠤᠯᠢ ᠴᠠᠭ᠋ᠠᠵᠠ ᠵᠢᠨ ᠭᠠᠵᠠᠷ)᠎ᠤᠨ ᠨᠠᠮ᠎ᠤᠨ ᠡᠭᠦᠷ᠂ ᠲᠦᠯᠣᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠂ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠳᠣᠪᠴᠢᠶ᠎ᠠ ᠪᠣᠯᠤᠨ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠬᠠᠮᠲᠤᠷᠠᠭᠰᠠᠨ ᠨᠠᠮ᠎ᠤᠨ ᠡᠭᠦᠷ᠂ ᠨᠡᠢ᠌ᠬᠡᠮ᠎ᠤᠨ ᠳᠤᠰᠠᠯᠠᠮᠵᠢ ᠵᠢᠨ ᠬᠠᠮᠢᠶᠠᠷᠤᠯᠲᠠ ᠵᠢᠨ ᠭᠠᠵᠠᠷ᠎ᠤᠨ ᠨᠠᠮ᠎ᠤᠨ ᠡᠭᠦᠷ᠂ ᠨᠡᠢ᠌ᠬᠡᠮ᠎ᠤᠨ ᠬᠡᠷᠡᠭ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠂ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠭᠠᠵᠠᠷ ᠬᠢᠭᠡᠳ ᠨᠢᠭᠦᠯᠡᠰᠤᠩᠭᠦᠢ ᠵᠢᠨ ᠠᠵᠢᠯ ᠦᠢ᠍ᠯᠡᠰ᠎ᠤᠨ ᠠᠬᠢᠭᠤᠯᠤᠯᠲᠠ ᠪᠠ ᠨᠡᠢ᠌ᠬᠡᠮ᠎ᠤᠨ ᠠᠵᠢᠯ᠎ᠤᠨ ᠬᠠᠮᠢᠶᠠᠷᠤᠯᠲᠠ ᠵᠢᠨ ᠭᠠᠵᠠᠷ᠎ᠤᠨ ᠬᠠᠮᠲᠤᠷᠠᠭᠰᠠᠨ ᠨᠠᠮ᠎ᠤᠨ ᠡᠭᠦᠷ᠂ ᠠᠯᠪᠠᠨ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠨᠠᠮᠤ ᠡᠭᠦᠷ᠂ ᠠᠵᠢᠯ᠎ᠠᠴᠠ᠎ᠪᠠᠨ ᠳᠠᠷᠬᠠᠯᠠᠭᠳᠠᠭᠰᠠᠨ ᠠᠮᠠᠷᠠᠭᠰᠠᠨ ᠠᠵᠢᠯᠲᠠᠨ᠎ᠤ ᠬᠠᠮᠢᠶᠠᠷᠤᠯᠲᠠ ᠵᠢᠨ ᠭᠠᠵᠠᠷ (ᠠᠵᠢᠯᠲᠠᠨ᠎ᠤ ᠶᠠᠪᠤᠳᠠᠯ᠎ᠤᠨ ᠭᠠᠵᠠᠷ)᠎ᠤᠨ ᠨᠠᠮ᠎ᠤᠨ ᠡᠭᠦᠷ᠂ ᠪᠠᠢ᠌ᠭᠤᠯᠭ᠎ᠠ ᠵᠢᠨ ᠠᠵᠢᠯ ᠶᠠᠪᠤᠳᠠᠯ᠎ᠤᠨ ᠦᠢ᠍ᠯᠡᠴᠢᠯᠡᠭᠡᠨ᠎ᠤ ᠲᠦᠪ᠎ᠤᠨ ᠨᠠᠮ᠎ᠤᠨ ᠡᠭᠦᠷ᠂ ᠮᠡᠳᠡᠭᠡ ᠵᠠᠩᠭᠢ ᠵᠢᠨ ᠲᠦᠪ᠎ᠤᠨ ᠨᠠᠮ᠎ᠤᠨ ᠡᠭᠦᠷ᠂ ᠦᠩᠭᠡ ᠭᠡᠷᠡᠯᠲᠤ ᠵᠡᠮᠳᠡᠭ ᠴᠡᠷᠢᠭ᠎ᠤᠨ ᠡᠷᠡᠭᠦᠯᠵᠢᠭᠦᠯᠬᠦ ᠲᠦᠪ᠎ᠤᠨ ᠨᠠᠮ᠎ᠤᠨ ᠡᠭᠦᠷ᠂ ᠯᠣᠲᠲᠸᠷᠢ ᠵᠢᠨ ᠳᠠᠷᠬᠠᠭ᠋ᠠᠯᠲᠠ ᠵᠢ ᠬᠠᠮᠢᠶᠠᠷᠬᠤ ᠲᠦᠪ᠎ᠤᠨ ᠨᠠᠮ᠎ᠤᠨ ᠶᠡᠷᠤᠩᠬᠡᠢ ᠡᠭᠦᠷ᠂ ᠨᠢᠭᠦᠯᠡᠰᠤᠩᠭᠦᠢ ᠵᠢᠨ ᠦᠢ᠍ᠯᠡᠰ᠎ᠤᠨ ᠶᠡᠷᠤᠩᠬᠡᠢ ᠡᠪᠯᠡᠯ᠎ᠤᠨ ᠠᠯᠪᠠᠨ ᠭᠡᠷ᠎ᠤᠨ ᠨᠠᠮ᠎ᠤᠨ ᠡᠭᠦᠷ᠂ 〈〈ᠨᠡᠢ᠌ᠬᠡᠮ〉〉 ᠰᠡᠳᠬᠦᠯ᠎ᠤᠨ ᠬᠣᠷᠢᠶᠠᠨ᠎ᠤ ᠨᠠᠮ᠎ᠤᠨ ᠡᠭᠦᠷ ᠵᠡᠷᠭᠡ 13 ᠨᠠᠮ᠎ᠤᠨ ᠡᠭᠦᠷ᠎ᠤᠨ 100 ᠢᠯᠡᠭᠦᠤ ᠨᠠᠮ᠎ᠤᠨ ᠬᠡᠰᠢᠭᠦᠨ ᠰᠢ ᠵᠢᠨ ᠫᠢᠩ ᠶᠡᠷᠤᠩᠬᠡᠢ ᠱᠦᠵᠢ ᠵᠢᠨ ᠦᠨᠳᠤᠰᠤᠲᠡᠨ᠎ᠤ ᠠᠵᠢᠯ ᠪᠣᠯᠤᠨ ᠳᠤᠮᠳᠠᠳᠤ ᠵᠢᠨ ᠦᠨᠳᠤᠰᠤᠲᠠᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠳᠤᠬᠠᠢ ᠴᠢᠬᠤᠯᠠ ᠦᠭᠦᠯᠡᠯᠲᠡ ᠵᠢᠴᠢ ᠪᠦᠬᠦ ᠤᠯᠤᠰ᠎ᠤᠨ ᠦᠨᠳᠤᠰᠤᠲᠡᠨ᠎ᠤ ᠪᠦᠯᠬᠦᠮᠳᠡᠯ ᠳᠠᠪᠰᠢᠯᠲᠠ ᠵᠢᠨ ᠶᠡᠬᠡ ᠬᠤᠷᠠᠯ ᠵᠡᠷᠭᠡ ᠦᠨᠳᠤᠰᠤᠲᠡᠨ᠎ᠤ ᠠᠵᠢᠯ᠎ᠤᠨ ᠳᠤᠬᠠᠢ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠳᠤᠰᠬᠠᠢ ᠰᠡᠳᠤᠪ ᠵᠶ᠋ᠠᠷ ᠰᠤᠷᠤᠯᠴᠠᠨ᠂ ᠨᠠᠮ᠎ᠤᠨ ᠬᠡᠰᠢᠭᠦᠳ ᠢᠳᠡᠪᠬᠢᠲᠡᠶ᠎ᠪᠠᠷ ᠰᠡᠳᠬᠢᠯ ᠰᠠᠨᠠᠭ᠎ᠠ᠎ᠪᠠᠨ ᠰᠣᠯᠢᠯᠴᠠᠨ ᠰᠤᠳᠤᠯᠤᠨ ᠶᠠᠷᠢᠯᠴᠠᠵᠤ᠂ 《ᠳᠤᠮᠳᠠᠳᠤ ᠵᠢᠨ ᠦᠨᠳᠦᠰᠦᠲᠡᠨ ᠪᠣᠯ ᠣᠯᠠᠨ ᠡᠰᠢᠲᠦ ᠨᠢᠭᠡ ᠴᠣᠭᠴᠠᠵᠢᠭᠰᠠᠨ ᠠᠭᠤᠤ ᠶᠡᠬᠡ ᠦᠨᠳᠦᠰᠦᠲᠡᠨ ᠮᠥᠨ》 ᠭᠡᠬᠦ ᠭᠦᠨ ᠠᠭᠤᠯᠤᠭᠳᠠᠬᠤᠨ᠎ᠢ ᠨᠠᠩ ᠭᠦᠨᠵᠡᠭᠡᠶ ᠣᠢ᠌ᠯᠠᠭ᠋ᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠨᠠᠩ ᠭᠦᠨᠵᠡᠭᠡᠶ ᠲᠠᠨᠢᠭᠤᠯᠪᠠ ᠃ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠎ᠤᠨ ᠨᠠᠮ᠎ᠤᠨ ᠡᠭᠦᠷ᠂ ᠦᠨᠳᠦᠰᠦᠨ ᠱᠠᠲᠤᠨ᠎ᠤ ᠵᠠᠰᠠᠭ᠎ᠤᠨ ᠡᠷᠬᠡ ᠵᠢᠨ ᠪᠠᠢ᠌ᠭᠤᠯᠤᠯᠲᠠ ᠪᠠ ᠨᠡᠢ᠌ᠭᠡᠮ᠎ᠤᠨ ᠵᠠᠰᠠᠯᠲᠠ ᠵᠢᠨ ᠭᠠᠵᠠᠷ᠎ᠤᠨ ᠨᠠᠮ᠎ᠤᠨ ᠡᠭᠦᠷ ᠬᠠᠮᠲᠤᠷᠠᠨ ᠳᠤᠰᠬᠠᠢ ᠰᠡᠳᠤᠪᠲᠤ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃ ᠲᠡᠳᠡ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠣᠣ ᠵᠡᠭᠡᠯᠢ ᠵᠢᠨ ᠰᠠᠨ ᠱᠦᠨ ᠳ᠋ᠢᠶᠠᠨ ᠨᠡᠢ᠌ᠭᠡᠮ ᠲᠣᠭᠣᠷᠢᠭ᠎ᠤᠨ ᠨᠠᠮ᠎ᠤᠨ ᠠᠵᠢᠯᠲᠠᠳ᠎ᠲᠠᠢ ᠶᠠᠷᠢᠯᠴᠠᠬᠤ ᠬᠤᠷᠠᠯ ᠬᠢᠵᠤ᠂ ᠰᠢᠨ᠎ᠡ ᠪᠠᠢ᠌ᠳᠠᠯ᠎ᠤᠨ ᠳᠣᠤᠷ᠎ᠠ ᠬᠡᠷᠬᠢᠨ ᠨᠡᠢ᠌ᠭᠡᠮ ᠲᠣᠭᠣᠷᠢᠭ᠎ᠤᠨ ᠨᠠᠮ ᠤᠨ ᠪᠠᠢ᠌ᠭᠤᠯᠤᠯᠲᠠ ᠵᠢᠨ ᠠᠵᠢᠯ᠎ᠲᠠᠢ ᠤᠶᠠᠯᠳᠤᠭᠤᠯᠤᠨ ᠨᠡᠢ᠌ᠬᠡᠮ ᠲᠣᠭᠣᠷᠢᠭ ᠤᠨ ᠦᠨᠳᠦᠰᠦᠲᠡᠨ ᠤ ᠪᠦᠯᠬᠦᠮᠳᠡᠯ ᠤᠨ ᠠᠵᠢᠯ᠎ᠢ ᠠᠬᠢᠭᠤᠯᠤᠨ᠂ ᠨᠠᠮ᠎ᠤᠨ ᠪᠠᠢ᠌ᠭᠤᠯᠤᠯᠲᠠ᠎ᠪᠠᠷ ᠦᠨᠳᠦᠰᠦᠲᠡᠨ᠎ᠤ ᠠᠵᠢᠯ᠎ᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠤᠨ ᠬᠦᠭᠵᠢᠭᠦᠯᠬᠦ ᠲᠤᠬᠠᠶ ᠰᠤᠳᠤᠯᠤᠨ ᠶᠠᠷᠢᠯᠴᠠᠭ᠋ᠠᠳ᠂ ᠮᠠᠰᠢ ᠰᠠᠢ᠌ᠨ ᠦᠷ᠎ᠡ ᠪᠦᠲᠦᠮᠵᠢ ᠣᠯᠪᠠ᠃
ᠠᠷᠠᠳ᠎ᠤᠨ ᠶᠠᠪᠤᠳᠠᠯ᠎ᠤᠨ ᠲᠢᠩᠬᠢᠮ ᠣᠯᠠᠨ ᠵᠦᠢ᠍ᠯ᠎ᠤᠨ ᠬᠡᠯᠪᠡᠷᠢ᠎ᠪᠠᠷ 〈〈ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ〉〉 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ ᠵᠥᠪ ᠣᠨᠣᠪᠴᠢᠲᠠᠶ ᠤᠯᠤᠰ᠎ᠤᠨ ᠳᠤᠬᠠᠢ ᠦᠵᠡᠯᠲᠡ᠂ ᠲᠡᠤᠬᠡᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠣᠶ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠎ᠠ ᠵᠢᠨ ᠤᠬᠠᠮᠰᠠᠷ᠎ᠢ ᠴᠢᠩᠭ᠋ᠠᠳᠬᠠᠪᠠ᠃ ᠨᠢᠭᠡ᠎ᠳᠤ᠂ ᠠᠭᠤᠤ ᠶᠡᠬᠡ ᠡᠬᠡ ᠣᠷᠣᠨ ᠵᠶ᠋ᠠᠨ ᠮᠡᠳᠡᠷᠡᠨ ᠵᠥᠪᠰᠢᠶᠡᠷᠡᠬᠦ᠎ᠪᠠᠨ ᠴᠢᠩᠭ᠋ᠠᠳᠬᠠᠨ᠎ᠠ᠃ ᠡᠬᠡ ᠣᠷᠣᠨ᠎ᠤ ᠨᠢᠭᠡᠳᠦᠯ᠎ᠢ ᠬᠠᠮᠠᠭ᠋ᠠᠯᠠᠬᠤ ᠪᠠ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ ᠵᠢ ᠥᠪᠡᠷ᠎ᠤᠨ ᠳᠠᠷᠬᠠᠨ ᠡᠭᠦᠷᠭᠡ ᠬᠠᠷᠢᠭᠤᠴᠠᠯᠭ᠎ᠠ᠎ᠪᠠᠨ ᠪᠣᠯᠭ᠋ᠠᠵᠤ᠂ ᠤᠯᠤᠰ ᠣᠷᠣᠨ᠎ᠤ ᠠᠰᠢᠭ ᠲᠤᠰᠠ ᠪᠠ ᠡᠬᠡ ᠣᠷᠣᠨ᠎ᠤ ᠨᠡᠷ᠎ᠡ ᠬᠦᠨᠳᠦ ᠵᠢ ᠲᠤᠭ ᠲᠡᠮᠳᠡᠭ ᠲᠣᠳᠣᠷᠬᠠᠶ ᠬᠠᠮᠠᠭ᠋ᠠᠯᠠᠨ᠎ᠠ᠃ ᠬᠣᠶᠠᠷ᠎ᠲᠤ᠂ ᠳᠤᠮᠳᠠᠳᠤ ᠵᠢᠨ ᠦᠨᠳᠦᠰᠦᠲᠡᠨ᠎ᠤ ᠲᠤᠬᠠᠢ ᠮᠡᠳᠡᠷᠡᠮᠵᠢ᠎ᠪᠠᠨ ᠨᠡᠮᠡᠭᠳᠡᠭᠦᠯᠦᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠡᠳᠬᠢᠯ᠎ᠳᠡᠭᠡᠨ ᠬᠠᠳᠠᠩᠰᠢᠭᠤᠯᠵᠤ᠂ ᠦᠢ᠍ᠯᠡ ᠠᠵᠢᠯᠯᠠᠭ᠎ᠠ᠎ᠳᠤ᠎ᠪᠠᠨ ᠠᠭᠤᠰᠬᠠᠵᠤ᠂ ᠦᠨᠡᠨ ᠬᠦ᠌ ᠦᠵᠡᠯ ᠰᠠᠨᠠᠭ᠎ᠠ ᠂ ᠤᠯᠤᠰ ᠲᠦᠷᠦ᠂ ᠦᠢ᠍ᠯᠡ ᠠᠵᠢᠯᠯᠠᠭ᠎ᠠ ᠵᠢᠨ ᠤᠬᠠᠮᠰᠠᠷ ᠪᠣᠯᠭ᠋ᠠᠨ ᠬᠤᠪᠢᠷᠠᠭᠤᠯᠤᠨ᠎ᠠ᠃ ᠭᠤᠷᠪᠠ᠎ᠳᠤ᠂ ᠳᠤᠮᠳᠠᠳᠤ ᠵᠢᠨ ᠰᠣᠶᠣᠯ᠎ᠤᠨ ᠲᠤᠬᠠᠶ ᠮᠡᠳᠡᠷᠡᠮᠵᠢ᠎ᠪᠠᠨ ᠪᠡᠬᠢᠵᠢᠭᠦᠯᠤᠨᠡ᠃ ᠵᠥᠪ ᠰᠣᠶᠣᠯ᠎ᠤᠨ ᠦᠵᠡᠯᠲᠡ ᠵᠢ ᠪᠤᠢ ᠪᠣᠯᠭ᠋ᠠᠵᠤ᠂ ᠳᠤᠮᠳᠠᠳᠤ ᠵᠢᠨ ᠰᠣᠶᠣᠯ᠎ᠤᠨ ᠪᠠᠶᠠᠯᠢᠭ ᠠᠭᠤᠯᠤᠭᠳᠠᠬᠤᠨ᠎ᠢ ᠭᠦᠨᠵᠡᠭᠡᠢ ᠣᠢ᠌ᠯᠠᠭ᠋ᠠᠬᠤ ᠪᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠵᠢᠨ ᠠᠯᠤᠰ ᠭᠡᠳᠤ ᠵᠢᠨ ᠠᠴᠢ ᠬᠣᠯᠪᠣᠭᠳᠠᠯ᠎ᠢ ᠭᠦᠨᠵᠡᠭᠡᠶ ᠣᠢ᠌ᠯᠠᠭ᠋ᠠᠭᠤᠯᠤᠨᠠ᠃ ᠲᠦᠷᠪᠡ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠬᠠᠢ ᠮᠡᠳᠡᠷᠡᠮᠵᠢ᠎ᠪᠠᠨ ᠨᠡᠮᠡᠭᠳᠡᠭᠦᠯᠤᠨ᠎ᠡ᠃ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠮᠠᠷᠺᠰ᠎ᠤᠨ ᠦᠵᠡᠯ᠎ᠤᠨ ᠣᠨᠣᠯ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠣᠨᠣᠯ᠎ᠤᠨ ᠲᠤᠬᠠᠶ ᠲᠠᠨᠢᠯᠲᠠ᠎ᠪᠠᠨ ᠳᠡᠭᠡᠭᠰᠢᠯᠡᠭᠦᠯᠵᠦ᠂ ᠬᠣᠰᠢᠭᠤᠴᠢ ᠳᠦᠷᠢ ᠵᠢᠨ ᠦᠵᠡᠯ ᠤᠬᠠᠮᠰᠠᠷ ᠪᠣᠯᠤᠨ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠨᠠᠮ᠎ᠤᠨ ᠬᠡᠰᠢᠭᠦᠨ ᠪᠣᠯᠤᠭᠰᠠᠳ ᠨᠠᠮ᠎ᠤᠨ ᠲᠦᠯᠤᠭᠡ ᠶᠠᠷᠢᠵᠤ᠂ ᠨᠠᠮ᠎ᠤᠨ ᠲᠦᠯᠤᠭᠡ ᠰᠠᠨᠠᠭ᠋ᠠᠰᠢᠷᠠᠨ᠂ ᠨᠠᠮ ᠤᠨ ᠲᠥᠯᠥᠭᠡ ᠠᠵᠢᠯᠯᠠᠵᠤ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢᠯᠡᠴᠢᠯᠡᠬᠦ ᠬᠡᠷᠡᠭᠲᠡᠶ᠃ ᠲᠠᠪᠤ᠎ᠳᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠵᠠᠮ᠎ᠤᠨ ᠲᠤᠬᠠᠶ ᠮᠡᠳᠡᠷᠡᠮᠵᠢ᠎ᠪᠠᠨ ᠨᠡᠮᠡᠭᠳᠡᠭᠦᠯᠤᠨ᠎ᠡ ᠃ 〈〈ᠳᠥᠷᠪᠡᠨ ᠤᠬᠠᠮᠰᠠᠷ〉〉 ᠵᠶ᠋ᠠᠨ ᠦᠨᠡᠨ ᠬᠦ᠌ ᠪᠠᠲᠤᠳᠬᠠᠵᠤ᠂ 〈〈ᠬᠣᠶᠠᠷ᠎ᠢ ᠬᠠᠮᠠᠭ᠋ᠠᠯᠠᠬᠤ〉〉 ᠵᠢ ᠡᠷᠡᠰ ᠪᠡᠶᠡᠯᠡᠭᠦᠯᠵᠦ᠂ ᠤᠯᠤᠰ ᠲᠥᠷᠥ ᠵᠢᠨ ᠵᠥᠪ ᠴᠢᠭᠯᠡᠯ᠎ᠢ ᠢᠮᠠᠭᠲᠠ ᠪᠠᠷᠢᠮᠲᠠᠯᠠᠵᠤ᠂ ᠪᠠᠢ᠌ᠯᠳᠤᠬᠤ ᠪᠣᠳᠣᠯᠭ᠎ᠠ ᠵᠢᠨ ᠬᠦᠴᠦᠷᠬᠡᠭ ᠶᠡᠬᠡ ᠪᠡᠯᠡᠳᠬᠡᠯ ᠬᠦᠴᠦᠨ ᠵᠶ᠋ᠠᠨ ᠢᠮᠠᠭᠲᠠ ᠪᠠᠷᠢᠮᠲᠠᠯᠠᠬᠤ ᠬᠡᠷᠡᠭᠲᠡᠶ᠃
ᠳᠠᠷᠠᠭ᠋ᠠᠴᠢ᠎ᠪᠠᠷ᠂ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠦᠨᠳᠦᠰᠦᠲᠡᠨ᠎ᠤ ᠠᠵᠢᠯ ᠤᠨ ᠲᠤᠬᠠᠶ ᠴᠢᠬᠤᠯᠠ ᠥᠭᠦᠯᠡᠯᠲᠡ ᠵᠢ ᠦᠷᠭᠦᠯᠵᠢᠯᠡᠨ ᠭᠦᠨᠵᠡᠭᠡᠶ ᠰᠤᠷᠤᠯᠴᠠᠨ ᠳᠣᠭᠣᠰᠢᠯᠠᠭᠤᠯᠵᠤ ᠂ 〈〈ᠥᠪᠥᠷ ᠮᠣᠩᠭᠣᠯ ᠤᠨ ᠠᠷᠠᠳ᠎ᠤᠨ ᠶᠠᠪᠤᠳᠠᠯ〉〉 〈〈ᠨᠡᠢ᠌ᠭᠡᠮ〉〉 ᠰᠡᠳᠬᠦᠯ ᠵᠶ᠋ᠡᠷ ᠵᠶ᠋ᠠᠨ ᠳᠠᠮᠵᠢᠭᠤᠯᠤᠨ ᠤᠬᠠᠭᠤᠯᠭ᠎ᠠ ᠵᠢᠨ ᠠᠵᠢᠯ ᠵᠶ᠋ᠠᠨ ᠰᠠᠢ᠌ᠲᠤᠷ ᠬᠢᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ ᠦᠢ᠍ᠯᠡᠰ ᠵᠶ᠋ᠠᠨ ᠭᠦᠨᠵᠡᠭᠡᠢ᠌ᠷᠡᠭᠦᠯᠤᠨ ᠬᠦᠭᠵᠢᠭᠦᠯᠬᠦ ᠵᠢ ᠠᠬᠢᠭᠤᠯᠬᠤ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠡᠯ᠎ᠡ ᠵᠦᠢ᠍ᠯ᠎ᠤᠨ ᠦᠨᠳᠦᠰᠦᠲᠡᠨ᠎ᠤ ᠠᠵᠢᠯ᠎ᠢ ᠪᠣᠳᠠᠲᠠᠢ ᠨᠠᠢ᠌ᠳᠠᠪᠤᠷᠢᠵᠢᠭᠤᠯᠬᠤ ᠵᠢ ᠪᠠᠲᠤᠯᠠᠨ᠎ᠠ᠃