ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠤᠭᠡᠷ ᠬᠤᠭᠤᠴᠠᠭ᠋ᠠᠨ᠎ᠤ ᠨᠠᠮ᠎ᠤᠨ ᠬᠤᠷᠢᠶ᠎ᠠ ᠵᠢᠨ ᠪᠠᠢ᠌ᠩᠭᠤ ᠵᠢᠨ ᠬᠤᠷᠢᠶ᠎ᠠ ᠠᠩᠬᠠᠳᠤᠭ᠋ᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2021-12-03

     ᠱ᠌ᠢ᠎ᠲᠠᠢ ᠹᠸᠩ ᠬᠤᠷᠠᠯ᠎ᠢ ᠡᠷᠭᠢᠯᠡᠪᠡ
     12 ᠰᠠᠷ᠎ᠠ ᠵᠢᠨ 1 ᠎ᠤ  ᠡᠳᠤᠷ᠂ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ  ᠤᠷᠤᠨ᠎ᠤ ᠠᠷᠪᠠᠨ ᠨᠢᠭᠡᠳᠤᠭᠡᠷ ᠬᠤᠭᠤᠴᠠᠭ᠋ᠠᠨ᠎ᠤ ᠨᠠᠮ᠎ᠤᠨ ᠬᠤᠷᠢᠶ᠎ᠠ ᠵᠢᠨ ᠪᠠᠢ᠌ᠩᠭᠤ ᠵᠢᠨ ᠬᠤᠷᠢᠶ᠎ᠠ ᠠᠩᠬᠠᠳᠤᠭ᠋ᠠᠷ  ᠬᠤᠷᠠᠯ  ᠬᠤᠷᠠᠯᠳᠤᠭᠤᠯᠵᠤ᠂ ᠰᠢ ᠵᠢᠨ ᠫᠢᠩ   ᠶᠡᠷᠤᠩᠭᠡᠢ ᠱᠦᠵᠢ ᠵᠢᠨ ᠦᠪᠤᠷ  ᠮᠤᠩᠭᠤᠯ᠎ᠤᠨ  ᠲᠤᠬᠠᠢ ᠴᠢᠬᠤᠯᠠ ᠶᠠᠷᠢᠶ᠎ᠠ ᠴᠢᠬᠤᠯᠠ  ᠵᠢᠭ᠋ᠠᠪᠤᠷᠢ ᠴᠤᠬᠤᠯᠠᠪᠤᠷᠢ ᠵᠢᠨ ᠵᠤᠷᠢᠭ ᠰᠠᠨᠠᠭ᠎ᠠ ᠵᠢ ᠬᠦᠨᠵᠡᠭᠡᠢ  ᠰᠤᠷᠤᠯᠴᠠᠵᠤ᠂  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠦᠨᠵᠡᠭᠡᠢ᠌ᠷᠡᠬᠦᠯᠬᠦ ᠠᠵᠢᠯ᠎ᠢ ᠰᠤᠳᠤᠯᠤᠨ ᠪᠠᠢ᠌ᠷᠢᠯᠠᠭᠤᠯᠪᠡ᠃   《ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ  ᠤᠳᠤᠷᠢᠳᠬᠤ ᠪᠠᠭ᠎ᠤᠨ ᠤᠯᠤᠰ ᠲᠦᠷᠤ ᠵᠢᠨ ᠪᠠᠢ᠌ᠭᠤᠯᠤᠯᠳᠠ ᠵᠢ ᠴᠢᠩᠭ᠋ᠠᠳᠬᠠᠬᠤ ᠲᠤᠬᠠᠢ ᠦᠪᠡᠷᠳᠡᠭᠡᠨ ᠵᠠᠰᠠᠬᠤ ᠤᠷᠤᠨ᠎ᠤ  ᠠᠷᠪᠠᠨ ᠨᠢᠭᠡᠳᠤᠭᠡᠷ ᠬᠤᠭᠤᠴᠠᠭ᠋ᠠᠨ᠎ᠤ ᠨᠠᠮ᠎ᠤᠨ ᠬᠤᠷᠢᠶ᠎ᠠ ᠵᠢᠨ ᠲᠤᠭᠳᠠᠭ᠋ᠠᠯ》 ᠎ᠢ ᠭᠢᠨᠠᠨ ᠵᠦᠪᠯᠡᠵᠤ᠂  ᠭᠢᠯᠢ ᠵᠢᠨ ᠪᠤᠭᠤᠮᠳᠠ ᠵᠢᠨ ᠭᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠠᠬᠦ ᠠᠵᠢᠯ᠎ᠢ ᠰᠤᠳᠤᠯᠵᠤ᠂ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤᠨ ᠠᠷᠪᠠᠨ ᠨᠢᠭᠡᠳᠤᠭᠡᠷ ᠤᠳᠠᠭ᠎ᠠ ᠵᠢᠨ ᠨᠠᠮ᠎ᠤᠨ ᠲᠦᠯᠤᠭᠡᠯᠡᠭᠴᠢ ᠵᠢᠨ ᠶᠡᠭᠡ ᠬᠤᠷᠠᠯ᠎ᠤᠨ ᠵᠤᠢ᠌ᠭ ᠰᠠᠨᠠᠭ᠎ᠠ ᠵᠢ  ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠲᠤᠭᠢᠷᠠᠭᠤᠯᠪᠡ᠃ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠤᠨ᠎ᠤᠨ ᠲᠦᠯᠤᠭᠡᠯᠡᠭᠴᠢᠤᠨ᠎ᠤᠨ ᠶᠡᠭᠡ ᠬᠤᠷᠠᠯ᠎ᠤᠨ ᠪᠠᠢ᠌ᠩᠭᠤ ᠵᠢᠨ ᠬᠤᠷᠢᠶ᠎ᠠ ᠵᠢᠨ ᠡᠷᠭᠢᠯᠡᠭᠴᠢ  ᠱ᠌ᠢ᠎ᠲᠠᠢ ᠹᠸᠩ ᠬᠤᠷᠠᠯ᠎ᠢ ᠡᠷᠭᠢᠯᠡᠪᠡ᠃
       ᠬᠤᠷᠠᠯ᠎ᠠᠴᠠ ᠴᠢᠬᠤᠯᠠᠴᠢᠯᠠᠬᠰᠠᠨ᠎ᠨᠢ᠂  ᠰᠢᠨ᠎ᠠ ᠨᠢᠭᠡᠨ ᠬᠤᠭᠤᠴᠠᠭ᠋ᠠᠨ᠎ᠤ ᠨᠠᠮ᠎ᠤᠨ ᠬᠤᠷᠢᠶ᠎ᠠ ᠵᠢᠨ ᠪᠠᠢ᠌ᠩᠭᠤ ᠵᠢᠨ ᠬᠤᠷᠢᠶ᠎ᠠ ᠵᠢᠨ  ᠤᠳᠤᠷᠢᠳᠬᠤ ᠪᠠᠭ᠎ᠤᠨ ᠡᠬᠦᠷᠭᠡᠯᠡᠵᠤ ᠪᠦᠬᠦᠢ ᠴᠢᠬᠤᠯᠠ ᠶᠡᠭᠡ ᠡᠬᠦᠷᠭᠡ ᠬᠠᠷᠢᠭᠤᠴᠠᠯᠭ᠎ᠠ᠎ᠪᠠᠨ ᠰᠠᠢ᠌ᠳᠤᠷ  ᠬᠦᠢ᠍ᠴᠡᠳᠭᠡᠵᠤ᠂ ᠪᠠᠢ᠌ᠩᠭᠤ ᠵᠢᠨ ᠬᠤᠷᠢᠶ᠎ᠠ ᠵᠢᠨ ᠨᠦᠬᠦᠤᠨ ᠨᠢᠭᠡ ᠪᠦᠷᠢ ᠲᠤᠰ ᠪᠠᠶ᠎ᠡ ᠵᠢᠨ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠴᠠᠷᠠᠭ᠎ᠠ᠎ᠳᠤ᠎ᠬᠢ ᠴᠢᠬᠤᠯᠠ ᠡᠬᠦᠷᠭᠡ  ᠬᠠᠷᠢᠭᠤᠴᠠᠯᠭ᠎ᠠ᠎ᠪᠠᠨ ᠰᠠᠢ᠌ᠳᠤᠷ ᠡᠬᠦᠷᠭᠡᠯᠡᠵᠤ᠂ ᠰᠢ ᠵᠢᠨ ᠫᠢᠩ ᠶᠡᠷᠤᠩᠭᠡᠢ ᠱᠦᠵᠢ ᠵᠢᠨ ᠦᠪᠤᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠤᠬᠤᠯᠠᠪᠤᠷᠢ ᠵᠢᠨ ᠵᠤᠷᠢᠭ ᠰᠠᠨᠠᠭ᠎ᠠ ᠵᠢ  ᠰᠤᠷᠤᠯᠴᠠᠨ ᠲᠤᠭᠤᠰᠢᠯᠠᠭᠤᠯᠬᠤ ᠵᠢ ᠢᠮᠠᠭᠳᠠ ᠴᠢᠬᠤᠯᠠ ᠶᠡᠭᠡ ᠤᠯᠤᠰ ᠲᠦᠷᠤ ᠵᠢᠨ ᠡᠬᠦᠷᠭᠡ ᠪᠤᠯᠭ᠋ᠠᠨ ᠴᠢᠩᠭ᠎ᠠ ᠠᠳᠬᠤᠵᠤ᠂ ᠤᠬᠠᠮᠰᠠᠷ᠎ᠠᠴᠠ᠎ᠪᠠᠨ ᠡᠬᠦᠨ ᠵᠢᠨᠷ ᠲᠠᠷᠢᠭᠢ ᠲᠤᠯᠤᠭ᠋ᠠᠢ᠎ᠪᠠᠨ ᠵᠡᠪᠰᠡᠭᠯᠡᠵᠤ᠂ ᠦᠢ᠍ᠯᠡᠳᠤᠯᠭᠡ᠎ᠪᠠᠨ ᠵᠢᠯᠤᠭᠤᠳᠤᠭᠤᠯᠤᠨ᠂ ᠠᠵᠢᠯ ᠵᠢᠨᠨ  ᠠᠭᠢᠭᠤᠯᠵᠤ᠂ ᠰᠤᠷᠤᠯᠴᠠᠨ ᠤᠢ᠌ᠯᠠᠭ᠋ᠠᠵᠤ ᠨᠠᠪᠳᠠᠷᠠᠳᠠᠯ᠎ᠠ ᠡᠵᠡᠮᠰᠢᠵᠤ  ᠪᠤᠳᠠᠳᠠᠢ᠌ᠵᠢᠭᠤᠯᠬᠤ ᠵᠢ ᠪᠡᠶᠡᠯᠡᠬᠦᠯᠬᠦ ᠭᠡᠷᠡᠭᠳᠠᠢ᠃  ᠤᠯᠤᠰ ᠲᠦᠷᠤ ᠪᠠ ᠪᠦᠬᠦ ᠲᠠᠯ᠎ᠠ ᠵᠢᠨ ᠦᠨᠳᠤᠷᠴᠠ᠎ᠠᠴᠠ ᠰᠢ ᠵᠢᠨ ᠫᠢᠩ ᠶᠡᠷᠤᠩᠭᠡᠢ ᠱᠦᠵᠢ ᠵᠢᠨ ᠦᠪᠤᠷ ᠮᠤᠩᠭᠤᠯ᠎ᠳᠤ ᠲᠠᠯᠪᠢᠭᠰᠠᠨ  ᠬᠦᠰᠡᠯ ᠨᠠᠢ᠌ᠳᠠᠯᠭ᠎ᠠ ᠵᠢ ᠬᠦᠨᠵᠡᠭᠡᠢ ᠤᠢ᠌ᠯᠠᠭ᠋ᠠᠵᠤ᠂ ᠦᠨᠠᠨ ᠰᠡᠳᠭᠢᠯ᠎ᠠᠴᠠ᠎ᠪᠠᠨ ᠤᠢ᠌ᠯᠠᠭ᠋ᠠᠵᠤ᠂ ᠦᠪᠤᠷ ᠮᠤᠩᠭᠤᠯ᠎ᠤᠨ  ᠨᠠᠢ᠌ᠭᠡᠮ ᠵᠢᠷᠤᠮᠳᠤ ᠤᠳᠤᠭᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠤᠭᠡᠨ ᠪᠠᠢ᠌ᠭᠤᠯᠬᠤ ᠰᠢᠨ᠎ᠠ ᠠᠶᠠᠨ᠎ᠳᠤ᠎ᠬᠢ ᠴᠢᠬᠤᠯᠠ ᠶᠡᠭᠡ ᠬᠠᠷᠢᠭᠤᠴᠠᠯᠭ᠎ᠠ  ᠪᠠ ᠢᠷᠠᠭᠤ  ᠠᠯᠳᠠᠷᠳᠤ ᠡᠬᠦᠷᠭᠡ ᠵᠢ ᠡᠷᠡᠰ ᠡᠬᠦᠷᠭᠡᠯᠡᠬᠦ ᠵᠢ ᠬᠦᠨᠵᠡᠭᠡᠢ ᠲᠠᠨᠢᠵᠤ᠂ ᠪᠠᠳᠤ ᠴᠡᠭᠡᠵᠢᠯᠠᠵᠤ᠂ ᠦᠪᠤᠷ ᠮᠤᠩᠭᠤᠯ᠎ᠤᠨ ᠡᠯ᠎ᠡ ᠵᠤᠢ᠌ᠯ᠎ᠤᠨ ᠠᠵᠢᠯ᠎ᠢ  ᠤᠬᠠᠮᠰᠠᠷ᠎ᠠᠴᠠ᠎ᠪᠠᠨ ᠨᠠᠮ ᠪᠠ ᠤᠯᠤᠰ᠎ᠤᠨ ᠠᠵᠢᠯ᠎ᠤᠨ ᠶᠡᠭᠡ ᠲᠠᠯ᠎ᠠ᠎ᠳᠤ ᠲᠠᠯᠪᠢᠵᠤ ᠭᠢᠨᠠᠨ ᠰᠢᠨᠵᠢᠵᠤ ᠠᠭᠢᠭᠤᠯᠤᠨ᠂ ᠲᠤᠮᠳᠠᠳᠤ ᠵᠢᠨ  ᠦᠨᠳᠤᠰᠤᠳᠠᠨ ᠎ᠤ  ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤᠳᠬᠠᠵᠤ᠂ ᠵᠢᠱ᠌ᠢᠶᠠᠴᠢ ᠦᠪᠡᠷᠳᠡᠭᠡᠨ ᠵᠠᠰᠠᠬᠤ ᠤᠷᠤᠨ ᠎ᠤ  ᠡᠷᠭᠢᠮ ᠲᠡᠭᠡᠳᠤ ᠢᠷᠠᠭᠤ ᠠᠯᠳᠠᠷ᠎ᠢ ᠰᠠᠢ᠌ᠳᠤᠷ ᠬᠠᠮᠠᠭ᠋ᠠᠯᠠᠵᠤ᠂  ᠠᠮᠢ ᠠᠬᠤᠢ  ᠵᠢ ᠤᠷᠢᠤᠨ ᠵᠢᠨᠷ ᠪᠤᠳᠤᠯᠭᠢᠯᠠᠬᠤ ᠪᠤᠭᠢᠷᠳᠤᠯ ᠦᠭᠡᠢ ᠬᠦᠭᠵᠢᠬᠦᠯᠬᠦ᠎ᠪᠠᠷ ᠤᠳᠤᠷᠢᠳᠤᠮᠵᠢ ᠪᠤᠯᠭ᠋ᠠᠭᠰᠠᠨ ᠵᠢᠨᠷ ᠴᠢᠨᠠᠷᠯᠢᠭ ᠬᠦᠭᠵᠢᠯᠳᠠ ᠵᠢᠨ ᠰᠢᠨ᠎ᠠ ᠵᠠᠮ ᠵᠢᠨᠷ ᠯᠠᠪᠳᠠᠭᠤᠨ ᠪᠠᠳᠤᠳᠠᠢ ᠰᠠᠢ᠌ᠳᠤᠷ ᠵᠠᠮᠨᠠᠵᠤ᠂ 《  ᠬᠤᠶᠠᠷ ᠬᠠᠯᠬᠠᠪᠴᠢ》 ᠂ 《  ᠬᠤᠶᠠᠷ ᠰᠠᠭᠤᠷᠢᠨ》᠂ 《  ᠨᠢᠭᠡ ᠪᠠᠭᠢᠯᠠᠯᠳᠠ》  ᠵᠢ ᠲᠦᠷᠭᠡᠳᠭᠡᠨ ᠪᠠᠢ᠌ᠭᠤᠯᠬᠤ ᠭᠡᠷᠡᠭᠳᠠᠢ᠃   ᠰᠢ ᠵᠢᠨ ᠫᠢᠩ ᠶᠡᠷᠤᠩᠭᠡᠢ ᠱᠦᠵᠢ ᠵᠢᠨ ᠦᠪᠤᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ  ᠵᠢᠭ᠋ᠠᠪᠤᠷᠢ ᠵᠢᠨ ᠵᠤᠷᠢᠭ ᠰᠠᠨᠠᠭ᠎ᠠ᠎ᠪᠠᠷ ᠢᠮᠠᠭᠳᠠ ᠠᠶᠠᠯᠠᠯ᠎ᠤᠨ ᠵᠦᠭᠯᠡᠬᠦᠷ ᠪᠤᠯᠭ᠋ᠠᠵᠤ᠂ ᠨᠡᠩ ᠡᠷᠡᠰ ᠪᠠᠳᠤ ᠨᠢᠭᠡᠳᠤᠯᠳᠠᠢ ᠪᠠᠢ᠌ᠵᠤ᠂ ᠤᠨᠤᠪᠴᠢᠳᠠᠢ ᠪᠠᠷᠢᠮᠵᠢᠶᠠᠯᠠᠵᠤ᠂ ᠲᠡᠬᠦᠨ᠎ᠳᠤ ᠠᠭᠤᠯᠤᠭᠳᠠᠵᠤ ᠪᠠᠢ᠌ᠭ᠎ᠠ ᠤᠯᠤᠰ ᠲᠦᠷᠤ ᠵᠢᠨ ᠠᠴᠢ ᠬᠤᠯᠪᠤᠭᠳᠠᠯ᠂ ᠦᠵᠠᠯ ᠰᠠᠨᠠᠭ᠋ᠠᠨ᠎ᠤ ᠤᠭᠢ ᠰᠤᠳᠤ ᠪᠤᠯᠤᠨ ᠦᠢ᠍ᠯᠡᠳᠤᠯᠭᠡ ᠵᠢᠨ ᠱᠠᠭ᠋ᠠᠷᠳᠠᠯᠭ᠎ᠠ ᠵᠢ ᠬᠦᠨᠵᠡᠭᠡᠢ ᠡᠵᠡᠮᠰᠢᠵᠤ᠂ ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠵᠢ ᠲᠠᠷᠠ ᠶᠤᠰᠤᠭ᠋ᠠᠷ᠎ᠨᠢ ᠰᠠᠢ᠌ᠳᠤᠷ ᠠᠳᠬᠤᠵᠤ᠂ ᠠᠶᠠᠯᠠᠯ  ᠭᠡᠯᠪᠡᠢ᠌ᠬᠦ ᠦᠭᠡᠢ᠂ ᠶᠠᠩᠵᠤ ᠦᠭᠡᠷᠡᠳᠤᠬᠦ ᠦᠭᠡᠢ᠂ ᠴᠠᠯᠠᠭ᠋ᠠᠢ᠌ᠷᠠᠬᠤ ᠦᠭᠡᠢ ᠪᠠᠢ᠌ᠬᠤ ᠵᠢ ᠪᠡᠶᠡᠯᠡᠬᠦᠯᠵᠤ᠂ ᠰᠢ ᠵᠢᠨ ᠫᠢᠩ ᠶᠡᠷᠤᠩᠭᠡᠢ  ᠱᠦᠵᠢ ᠵᠢᠨ ᠬᠠᠯᠠᠮᠵᠢᠯᠠᠯ ᠪᠤᠯᠤᠨ ᠬᠦᠰᠡᠯ ᠨᠠᠢ᠌ᠳᠠᠯᠭ᠎ᠠ ᠵᠢ   ᠦᠪᠤᠷ ᠮᠤᠩᠭᠤᠯ᠎ᠤᠨ ᠡᠯ᠎ᠡ ᠵᠤᠢ᠌ᠯ᠎ᠤᠨ ᠠᠵᠢᠯ ᠦᠢ᠍ᠯᠡᠰ᠎ᠤᠨ ᠬᠦᠭᠵᠢᠯᠳᠠ ᠵᠢᠨ ᠠᠮᠢᠳᠤᠯᠢᠭ ᠦᠢ᠍ᠯᠡᠳᠤᠯᠭᠡ  ᠪᠤᠯᠭ᠋ᠠᠨ ᠬᠤᠪᠢᠷᠠᠭᠤᠯᠬᠤ ᠭᠡᠷᠡᠭᠳᠠᠢ᠃ ᠨᠢᠭᠡ᠎ᠠᠴᠠ ᠵᠤᠢ᠌ᠴᠡᠯᠡᠨ ᠨᠦᠬᠦᠭᠡ ᠵᠢ ᠮᠠᠳᠠᠵᠤ ᠠᠰᠠᠭᠤᠳᠠᠯ᠎ᠢ ᠴᠡᠭᠴᠡᠯᠡᠨ ᠵᠠᠰᠠᠵᠤ᠂ ᠠᠵᠢᠯ ᠵᠢᠨᠨ ᠰᠠᠢ᠌ᠵᠢᠷᠠᠭᠤᠯᠤᠨ᠂ ᠤᠯᠤᠰ  ᠲᠦᠷᠤ ᠵᠢ ᠡᠷᠭᠢᠮᠯᠡᠬᠦ ᠱᠠᠭ᠋ᠠᠷᠳᠠᠯᠭ᠎ᠠ ᠵᠢ ᠪᠤᠳᠠᠳᠠᠢ ᠠᠵᠢᠯᠯᠠᠭ᠎ᠠ ᠲᠡᠭᠡᠷ᠎ᠠ᠎ᠪᠠᠨ ᠢᠯᠡᠷᠡᠬᠦᠯᠵᠤ᠂ ᠪᠤᠳᠠᠳᠠᠢ ᠠᠵᠢᠯ᠎ᠤᠨ ᠲᠤᠮᠳᠠ᠎ᠪᠠᠨ  ᠨᠠᠢ᠌ᠳᠠᠪᠤᠷᠢᠵᠢᠭᠤᠯᠵᠤ᠂ ᠦᠨᠠᠨ ᠪᠤᠳᠠᠳᠠᠢ ᠦᠷ᠎ᠡ ᠪᠦᠳᠤᠮᠵᠢ᠎ᠪᠠᠷ ᠵᠢᠨᠨ 《  ᠬᠤᠶᠠᠷ᠎ᠢ ᠬᠠᠮᠠᠭ᠋ᠠᠯᠠᠬᠤ》  ᠵᠢ ᠦᠢ᠍ᠯᠡᠳᠤᠯᠭᠡᠵᠢᠬᠦᠯᠬᠦ ᠭᠡᠷᠡᠭᠳᠠᠢ᠃
     ᠬᠤᠷᠠᠯ᠎ᠠᠴᠠ 《ᠦᠪᠤᠷ ᠮᠤᠡᠭᠭᠤᠯ᠎ᠤᠨ  ᠦᠪᠡᠷᠳᠡᠭᠡᠨ ᠵᠠᠰᠬᠠᠤ  ᠤᠷᠤᠨ ᠎ᠤ ᠨᠠᠮ᠎ᠤᠨ ᠬᠤᠷᠢᠶ᠎ᠠ ᠵᠢᠨ ᠤᠳᠤᠷᠢᠳᠬᠤ ᠪᠠᠭ᠎ᠤᠨ ᠤᠯᠤᠰ ᠲᠦᠷᠤ ᠵᠢᠨ ᠪᠠᠢ᠌ᠭᠤᠯᠤᠯᠳᠠ ᠵᠢ ᠴᠢᠩᠭ᠋ᠠᠳᠬᠠᠬᠤ ᠲᠤᠬᠠᠢ ᠦᠪᠡᠷᠳᠡᠭᠡᠨ ᠵᠠᠰᠠᠬᠤ ᠤᠷᠤᠨ ᠎ᠤ  ᠠᠷᠪᠠᠨ ᠨᠢᠭᠡᠳᠤᠭᠡᠷ ᠬᠤᠭᠤᠴᠠᠭ᠋ᠠᠨ᠎ᠤ ᠨᠠᠮ᠎ᠤᠨ ᠬᠤᠷᠢᠶ᠎ᠠ ᠵᠢᠨ ᠲᠤᠭᠳᠠᠭ᠋ᠠᠯ》 ᠎ᠢ  ᠭᠢᠨᠠᠨ ᠵᠦᠪᠯᠡᠵᠤ᠂ ᠨᠠᠮ᠎ᠤᠨ ᠭᠤᠤᠯᠯᠠᠭᠴᠢ ᠦᠢ᠍ᠯᠡᠳᠤᠯ ᠪᠤᠯᠤᠨ ᠨᠠᠮ᠎ᠤᠨ ᠲᠦᠪ  ᠬᠤᠷᠢᠶ᠎ᠠ ᠵᠢᠨ ᠡᠷᠭᠡ ᠰᠦᠷ᠎ᠢ ᠡᠷᠡᠰ ᠬᠠᠮᠠᠭ᠋ᠠᠯᠠᠵᠤ᠂ ᠤᠯᠤᠰ  ᠲᠦᠷᠤ ᠵᠢᠨ ᠢᠳᠡᠭᠡᠯ ᠪᠢᠰᠢᠷᠠᠯ ᠵᠢᠨᠨ ᠪᠠᠳᠤᠳᠬᠠᠬᠤ᠂ ᠨᠠᠮ᠎ᠤᠨ ᠤᠯᠤᠰ ᠲᠦᠷᠤ ᠵᠢᠨ ᠰᠠᠭᠢᠯᠭ᠎ᠠ ᠪᠠᠳᠤ ᠪᠤᠯᠤᠨ ᠤᠯᠤᠰ ᠲᠦᠷᠤ ᠵᠢᠨ ᠶᠤᠰᠤ ᠲᠦᠷᠢᠮ᠎ᠢ ᠴᠢᠩᠳᠠᠯᠠᠬᠤ᠂ ᠤᠯᠤᠰ ᠲᠦᠷᠤ ᠵᠢᠨ  ᠵᠤᠭᠰᠤᠯᠳᠠ᠎ᠪᠠᠨ ᠪᠠᠳᠤᠳᠬᠠᠬᠤ᠂ ᠨᠠᠮ᠎ᠤᠨ ᠲᠤᠳᠤᠭ᠋ᠠᠳᠤ ᠵᠢᠨ  ᠤᠯᠤᠰ ᠲᠦᠷᠤ ᠵᠢᠨ ᠠᠮᠢᠳᠤᠷᠠᠯ᠎ᠢ ᠴᠢᠩᠳᠠᠯᠠᠬᠤ᠂ ᠤᠯᠤᠰ ᠲᠦᠷᠤ ᠵᠢᠨ ᠪᠠᠷᠢᠮᠵᠢᠶ᠎ᠠ ᠵᠢ ᠲᠤᠪᠤᠢ᠌ᠯᠭ᠋ᠠᠨ ᠬᠦᠮᠤᠨ ᠰᠤᠩᠭᠤᠨ ᠭᠡᠷᠡᠭᠯᠡᠬᠦ᠂  ᠤᠯᠤᠰ ᠲᠦᠷᠤ ᠵᠢᠨ ᠴᠢᠳᠠᠪᠤᠷᠢ᠎ᠪᠠᠨ ᠲᠡᠭᠡᠭᠰᠢᠯᠡᠬᠦᠯᠬᠦ᠂ ᠤᠯᠤᠰ ᠲᠦᠷᠤ ᠵᠢᠨ ᠡᠬᠦᠷᠭᠡᠯᠡᠯ  ᠵᠢᠨᠨ ᠴᠢᠩᠭ᠋ᠠᠳᠬᠠᠬᠤ᠂ ᠨᠠᠮ᠎ᠢ ᠬᠠᠮᠢᠶᠠᠷᠴᠤ ᠨᠠᠮ᠎ᠢ ᠵᠠᠰᠠᠬᠤ  ᠤᠯᠤᠰ ᠲᠦᠷᠤ ᠵᠢᠨ ᠵᠢᠨ ᠬᠠᠷᠢᠭᠤᠴᠠᠯᠭ᠎ᠠ ᠵᠢ ᠪᠠᠳᠤ ᠡᠬᠦᠷᠭᠡᠯᠡᠬᠦ᠂  ᠠᠷᠢᠭᠤᠨ ᠴᠢᠭᠴᠢ ᠤᠯᠤᠰ ᠲᠦᠷᠤ ᠵᠢᠨ ᠮᠦᠨ ᠴᠢᠨᠡᠷ᠎ᠢ ᠡᠬᠦᠷᠢᠳᠠ ᠪᠠᠳᠤᠯᠠᠬᠤ ᠵᠡᠷᠭᠡ  ᠠᠷᠪᠠᠨ ᠲᠠᠯ᠎ᠠ ᠎ᠠᠴᠠ  ᠨᠠᠮ᠎ᠤᠨ ᠬᠤᠷᠢᠶ᠎ᠠ ᠵᠢᠨ ᠤᠳᠤᠷᠢᠳᠬᠤ ᠪᠠᠭ᠎ᠤᠨ ᠤᠯᠤᠰ ᠲᠦᠷᠤ ᠵᠢᠨ ᠪᠠᠢ᠌ᠭᠤᠯᠤᠯᠳᠠ ᠵᠢ ᠴᠢᠩᠭ᠋ᠠᠳᠬᠠᠬᠤ ᠲᠤᠬᠠᠢ ᠲᠤᠭᠳᠠᠭ᠋ᠠᠯ ᠭᠠᠷᠭ᠋ᠠᠵᠤ᠂ ᠶᠤᠰᠤ ᠲᠦᠷᠢᠮ᠎ᠢ ᠲᠤᠳᠤᠷᠬᠠᠢ ᠲᠤᠭᠳᠠᠭ᠋ᠠᠪᠠ᠃ ᠬᠤᠷᠠᠯ᠎ᠠᠴᠠ ᠱᠠᠭ᠋ᠠᠷᠳᠠᠬᠰᠠᠨ᠎ᠨᠢ᠂ ᠦᠪᠤᠷ ᠮᠤᠡᠭᠭᠤᠯ᠎ᠤᠨ  ᠦᠪᠡᠷᠳᠡᠭᠡᠨ ᠵᠠᠰᠠᠬᠤ ᠤᠷᠤᠨ ᠎ᠤ ᠨᠠᠮ᠎ᠤᠨ ᠬᠤᠷᠢᠶ᠎ᠠ ᠵᠢᠨ ᠪᠠᠢ᠌ᠩᠭᠤ ᠵᠢᠨ ᠬᠤᠷᠢᠶ᠎ᠠ ᠤᠯᠤᠰ ᠲᠦᠷᠤ ᠵᠨ ᠪᠠᠢ᠌ᠭᠤᠯᠤᠯᠳᠠ ᠵᠢ ᠲᠡᠷᠢᠬᠦᠨ ᠪᠠᠢ᠌ᠷᠢᠨ᠎ᠳᠤ ᠲᠠᠯᠪᠢᠵᠤ᠂ ᠤᠯᠤᠰ ᠲᠦᠷᠤ ᠵᠢᠨ ᠪᠠᠢ᠌ᠭᠤᠯᠤᠯᠳᠠ᠎ᠪᠠᠷ ᠶᠡᠷᠤᠩᠭᠡᠢ᠌ᠯᠡᠨ ᠵᠢᠯᠤᠭᠤᠳᠤᠭᠤᠯᠵᠤ ᠤᠳᠤᠷᠢᠳᠬᠤ ᠪᠠᠭ᠎ᠤᠨ ᠪᠠᠢ᠌ᠭᠤᠯᠤᠯᠳᠠ ᠵᠢ ᠴᠢᠩᠭ᠋ᠠᠳᠬᠠᠨ᠂ ᠲᠤᠰᠢᠶᠠᠯ ᠬᠠᠷᠢᠭᠤᠴᠠᠯᠭ᠎ᠠ᠎ᠪᠠᠨ ᠬᠦᠢ᠍ᠴᠡᠳᠭᠡᠬᠦ ᠴᠢᠳᠠᠪᠤᠷᠢ ᠎ᠪᠠᠨ ᠲᠡᠭᠡᠭᠰᠢᠯᠡᠬᠦᠯᠵᠤ᠂ ᠪᠠᠢ᠌ᠩᠭᠤ ᠵᠢᠨ ᠬᠤᠷᠢᠶ᠎ᠠ ᠵᠢᠨ ᠤᠳᠤᠷᠢᠳᠬᠤ ᠪᠠᠭ᠎ᠢ ᠨᠡᠩ ᠪᠠᠳᠤ ᠴᠢᠩᠭ᠎ᠠ ᠬᠦᠴᠤᠨ᠎ᠲᠠᠢ ᠪᠤᠯᠭ᠋ᠠᠨ ᠲᠠᠪᠳᠠᠨ ᠪᠤᠯᠪᠠᠰᠤᠷᠠᠭᠤᠯᠬᠤ ᠭᠡᠷᠡᠭᠳᠠᠢ᠃ ᠪᠠᠢ᠌ᠩᠭᠤ ᠵᠢᠨ  ᠬᠤᠷᠢᠶ᠎ᠠ ᠵᠢᠨ ᠨᠦᠬᠦᠤᠨ ᠨᠢᠭᠡ ᠪᠦᠷᠢ ᠦᠪᠡᠷ᠎ᠤᠨ ᠨᠢᠭᠡᠳᠤᠭᠡᠷ ᠭᠠᠷᠤᠯ ᠪᠤᠯ ᠡᠪ ᠬᠠᠮᠳᠤ ᠨᠠᠮ᠎ᠤᠨ ᠭᠡᠰᠢᠬᠦᠨ᠂ ᠨᠢᠭᠡᠳᠤᠭᠡᠷ ᠲᠤᠰᠢᠶᠠᠯ ᠬᠠᠷᠢᠭᠤᠴᠠᠯᠭ᠎ᠠ ᠪᠤᠯ  ᠨᠠᠮ᠎ᠤᠨ ᠲᠦᠯᠤᠭᠡ ᠠᠵᠢᠯᠯᠠᠬᠤ ᠪᠤᠯᠤᠨ᠎ᠠ  ᠭᠡᠳᠡᠭ ᠵᠢᠨᠨ ᠪᠠᠳᠤ ᠴᠡᠬᠡᠵᠢᠯᠡᠵᠤ᠂ ᠲᠤᠭᠳᠠᠭ᠋ᠠᠯ᠎ᠳᠤ ᠲᠤᠷᠠᠳᠤᠭᠰᠠᠨ ᠡᠯ᠎ᠡ ᠵᠤᠢ᠌ᠯ᠎ᠤᠨ  ᠱᠠᠭ᠋ᠠᠷᠳᠠᠯᠭ᠎ᠠ ᠵᠢ ᠴᠢᠩᠭ᠎ᠠ  ᠭᠡᠷᠡᠭᠵᠢᠬᠦᠯᠵᠤ᠂ ᠪᠦᠯᠬᠦᠮᠳᠠᠨ ᠨᠢᠭᠡᠳᠴᠤ᠂ ᠬᠠᠮᠳᠤ᠎ᠪᠠᠷ ᠴᠢᠷᠮᠠᠢ᠌ᠵᠤ᠂ ᠦᠵᠡᠰᠬᠦᠯᠡᠩᠳᠤ ᠰᠠᠢ᠌ᠬᠠᠨ ᠦᠪᠤᠷ  ᠮᠤᠩᠭᠤᠯ ᠵᠢᠨᠨ ᠪᠦᠳᠤᠭᠡᠨ ᠪᠠᠢ᠌ᠭᠤᠯᠬᠤ᠂ ᠠᠭᠤᠤ ᠶᠡᠭᠡ ᠲᠤᠮᠳᠠᠳᠤ ᠵᠢᠨ ᠵᠡᠬᠦᠳᠤ᠎ᠪᠠᠨ ᠬᠠᠮᠳᠤ᠎ᠪᠠᠷ ᠲᠡᠷᠭᠡᠯᠰᠢᠬᠦᠯᠬᠦ ᠵᠢᠨ ᠲᠦᠯᠤᠭᠡ ᠴᠦᠬᠦᠷᠠᠰᠢ ᠦᠭᠡᠢ ᠲᠡᠮᠡᠴᠡᠬᠦ  ᠭᠡᠷᠡᠭᠳᠠᠢ᠃
     ᠬᠤᠷᠠᠯ᠎ᠠᠴᠠ᠂ ᠮᠠᠨ ᠎ᠤ ᠤᠷᠤᠨ ᠎ᠤ ᠭᠢᠯᠢ ᠵᠢᠨ ᠪᠤᠭᠤᠮᠳᠠ ᠵᠢᠨ ᠭᠢᠵᠢᠭ᠎ᠤᠨ ᠪᠠᠢ᠌ᠳᠠᠯ᠎ᠢ ᠰᠡᠷᠭᠡᠢ᠌ᠯᠡᠨ  ᠡᠵᠡᠮᠳᠠᠬᠦ ᠠᠵᠢᠯ᠎ᠤᠨ ᠪᠠᠢ᠌ᠳᠠᠯ᠎ᠤᠨ ᠬᠠᠷᠢᠭᠤ  ᠮᠠᠳᠠᠬᠦᠯᠤᠯᠳᠠ ᠵᠢ ᠰᠤᠨᠤᠰᠴᠤ 《ᠦᠪᠤᠷ ᠮᠤᠡᠭᠭᠤᠯ᠎ᠤᠨ  ᠦᠪᠡᠷᠳᠡᠭᠡᠨ ᠵᠠᠰᠬᠠᠤ ᠤᠷᠤᠨ ᠎ᠤ ᠭᠢᠯᠢ ᠵᠢᠨ ᠬᠠᠭᠤᠷᠠᠢ ᠵᠠᠮ᠎ᠤᠨ ᠪᠤᠭᠤᠮᠳᠠ ᠵᠢᠨ ᠭᠠᠵᠠᠷ ᠤᠷᠤᠨ᠎ᠤ ᠭᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠠᠬᠦ ᠵᠢ ᠪᠠᠢ᠌ᠩᠭᠤᠵᠢᠭᠤᠯᠬᠤ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠨ   ᠰᠢᠢ᠍ᠳᠪᠤᠷᠢᠯᠡᠬᠦ  ᠵᠢᠯᠤᠭᠤᠳᠬᠤ ᠰᠠᠨᠠᠯ》 ᠎ᠢ ᠰᠤᠳᠤᠯᠤᠨ  ᠭᠢᠨᠠᠨ ᠵᠦᠪᠯᠡᠪᠡ᠃ ᠬᠤᠷᠠᠯ᠎ᠠᠴᠠ ᠴᠢᠬᠤᠯᠠᠴᠢᠯᠠᠬᠰᠠᠨ᠎ᠨᠢ᠂ ᠡᠷᠡᠰ ᠬᠦᠴᠤᠳᠠᠢ ᠠᠷᠭ᠎ᠠ ᠭᠡᠮᠵᠢᠶ᠎ᠡ  ᠠᠪᠴᠤ ᠮᠠᠨᠵᠤᠤᠷ ᠬᠤᠳᠠ ᠵᠢᠨ ᠭᠢᠵᠢᠭ᠎ᠤᠨ ᠪᠠᠢ᠌ᠳᠠᠯ᠎ᠢ ᠡᠵᠡᠮᠳᠠᠵᠤ᠂ ᠮᠠᠨᠵᠤᠤᠷ ᠬᠤᠳᠠ ᠵᠢᠨ ᠨᠠᠮ᠎ᠤᠨ ᠬᠤᠷᠢᠶ᠎ᠠ ᠪᠤᠯᠤᠨ ᠠᠷᠠᠳ᠎ᠤᠨ ᠵᠠᠰᠠᠭ᠎ᠤᠨ ᠤᠷᠳᠤᠨ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠪᠠᠨ ᠪᠠᠳᠤ  ᠡᠬᠦᠷᠭᠡᠯᠡᠵᠤ᠂ ᠴᠠᠭ ᠮᠦᠴᠡ᠎ᠲᠠᠢ ᠤᠷᠤᠯᠳᠤᠨ ᠪᠦᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠳᠠ  ᠪᠤᠯᠤᠨ ᠬᠢᠵᠢᠭ ᠲᠠᠬᠤᠯ᠎ᠢ ᠪᠠᠢ᠌ᠴᠠᠭ᠋ᠠᠵᠤ  ᠡᠭᠢ ᠰᠤᠷᠪᠤᠯᠵᠢ ᠵᠢ ᠮᠦᠷᠳᠡᠬᠦ ᠠᠵᠢᠯᠯᠠᠭ᠎ᠠ ᠦᠷᠨᠢᠬᠦᠯᠵᠤ᠂ ᠬᠠᠮᠤᠭ᠎ᠤᠨ ᠲᠦᠷᠭᠡᠨ ᠬᠤᠷᠳᠤᠴᠠ᠂ ᠬᠠᠮᠤᠭ᠎ᠤᠨ ᠶᠡᠭᠡ ᠴᠢᠷᠮᠠᠢ᠌ᠯᠭ᠎ᠠ᠎ᠪᠠᠷ ᠭᠢᠵᠢᠭ᠎ᠤᠨ ᠪᠠᠢ᠌ᠳᠠᠯ᠎ᠢ ᠰᠢᠭᠰᠢᠨ ᠪᠠᠢ᠌ᠴᠠᠭ᠋ᠠᠨ ᠡᠵᠡᠮᠳᠠᠵᠤ᠂ ᠭᠢᠵᠢᠭ᠎ᠤᠨ ᠪᠠᠢ᠌ᠳᠠᠯ᠎ᠤᠨ ᠭᠠᠳᠠᠭᠰᠢ ᠲᠡᠯᠭᠡᠷᠡᠬᠦ ᠵᠢ ᠰᠡᠷᠭᠡᠢ᠌ᠯᠡᠬᠦ ᠭᠡᠷᠡᠭᠳᠠᠢ᠃  ᠬᠦᠯᠤᠨ ᠪᠤᠢ᠌ᠷ ᠬᠤᠳᠠ ᠵᠢᠨ᠎ᠬᠢᠨ ᠪᠦᠬᠦ ᠬᠤᠳᠠ ᠵᠢᠨ ᠡᠭᠢ ᠪᠠᠶᠠᠯᠢᠭ ᠪᠤᠯᠤᠨ ᠬᠦᠴᠤᠨ᠎ᠢ ᠲᠦᠪᠯᠡᠷᠡᠬᠦᠯᠤᠨ  ᠮᠠᠨᠵᠤᠤᠷ ᠬᠤᠳᠠ ᠵᠢ ᠲᠤᠰᠠᠯᠠᠵᠤ᠂ ᠡᠯ᠎ᠡ ᠠᠢ᠌ᠮᠠᠭ ᠬᠤᠳᠠ ᠵᠢᠨ᠎ᠬᠢᠨ ᠤᠢ᠌ᠷ᠎ᠠ ᠵᠢᠨ ᠬᠤᠭᠤᠴᠠᠭ᠋ᠠᠨ᠎ᠳᠤ ᠮᠠᠨᠵᠤᠤᠷ ᠬᠤᠳᠠ᠎ᠳᠤ ᠵᠢᠭᠤᠯᠴᠢᠯᠠᠨ ᠰᠠᠭᠤᠷᠢᠰᠢᠭᠰᠠᠨ ᠲᠡᠤᠭᠡ᠎ᠲᠠᠢ ᠬᠦᠮᠤᠰ᠎ᠢ ᠰᠢᠪᠠᠳᠠᠭᠤᠯᠤᠨ ᠪᠠᠢ᠌ᠴᠠᠭ᠋ᠠᠵᠤ᠂ ᠲᠤᠰᠠᠭ᠋ᠠᠷᠯᠠᠬᠤ ᠶᠤᠰᠤᠳᠠᠢ ᠵᠢ᠎ᠨᠢ ᠲᠤᠰᠠᠭ᠋ᠠᠷᠯᠠᠵᠤ᠂ ᠬᠠᠮᠢᠶᠠᠷᠤᠨ ᠡᠵᠡᠮᠳᠠᠬᠦ ᠶᠤᠰᠤᠳᠠᠢ ᠵᠢ᠎ᠨᠢ ᠬᠠᠮᠢᠶᠠᠷᠤᠨ  ᠡᠵᠡᠮᠳᠠᠵᠤ᠂ ᠭᠢᠵᠢᠭ᠎ᠤᠨ ᠪᠠᠢ᠌ᠳᠠᠯ᠎ᠤᠨ ᠲᠠᠷᠬᠠᠨ ᠲᠡᠯᠭᠡᠷᠡᠬᠦ ᠵᠢ ᠡᠷᠡᠰ ᠬᠤᠷᠢᠭᠯᠠᠬᠤ ᠭᠡᠷᠡᠭᠳᠠᠢ᠃ ᠡᠮᠴᠢᠯᠡᠭᠡᠨ᠎ᠤ ᠡᠭᠢ ᠪᠠᠶᠠᠯᠢᠭ᠎ᠢ ᠨᠢᠭᠡᠳᠤᠯᠳᠠᠢ ᠲᠦᠯᠤᠪᠵᠢᠬᠦᠯᠵᠤ ᠡᠪᠡᠳᠴᠢᠳᠠᠨ᠎ᠢ ᠪᠦᠬᠦ ᠬᠦᠴᠤᠨ ᠵᠢᠨᠷ ᠵᠢᠨᠨ ᠠᠪᠤᠷᠠᠨ ᠡᠮᠨᠡᠵᠤ᠂ ᠡᠪᠡᠳᠴᠢᠨ᠎ᠤ ᠪᠠᠢ᠌ᠳᠠᠯ ᠎ᠨᠢ ᠬᠦᠩᠭᠡᠨ᠎ᠠᠴᠠ᠎ᠪᠠᠨ ᠬᠦᠨᠳᠤᠷᠡᠬᠦ ᠵᠢ ᠡᠷᠡᠰ ᠰᠡᠷᠭᠡᠢ᠌ᠯᠡᠵᠤ᠂ ᠡᠮᠨᠡᠯᠭᠡ ᠵᠢᠨ ᠬᠤᠷᠢᠶ᠎ᠠ ᠵᠢᠨ ᠬᠠᠯᠳᠠᠪᠤᠷᠢᠯᠠᠯ᠎ᠤᠨ ᠠᠰᠠᠭᠤᠳᠠᠯ ᠡᠬᠦᠰᠬᠦ ᠵᠢ ᠡᠷᠡᠰ ᠰᠡᠷᠭᠡᠢ᠌ᠯᠡᠬᠦ ᠭᠡᠷᠡᠭᠳᠠᠢ᠃ ᠭᠢᠯᠢ ᠵᠢᠨ ᠪᠤᠭᠤᠮᠳᠠ ᠵᠢᠨ ᠭᠢᠵᠢᠭ᠎ᠤᠨ ᠪᠠᠢ᠌ᠳᠠᠯ᠎ᠢ ᠰᠡᠷᠭᠡᠢ᠌ᠯᠡᠨ  ᠡᠵᠡᠮᠳᠡᠬᠦ ᠠᠵᠢᠯ᠎ᠢ ᠲᠡᠭᠡᠳᠤ ᠭᠡᠮᠵᠢᠶ᠎ᠡ᠎ᠪᠠᠷ ᠴᠢᠬᠤᠯᠠᠴᠢᠯᠠᠨ ᠰᠠᠢ᠌ᠳᠤᠷ ᠠᠳᠬᠤᠵᠤ᠂ ᠭᠢᠯᠢ  ᠵᠢᠨ  ᠪᠤᠭᠤᠮᠳᠠ᠎ᠳᠤ  ᠬᠤᠯᠪᠤᠭᠳᠠᠬᠤ ᠡᠯ᠎ᠡ ᠠᠢ᠌ᠮᠠᠭ ᠬᠤᠳᠠ ᠵᠢᠨ᠎ᠬᠢᠨ ᠪᠦᠷ ᠰᠢᠭᠰᠢᠨ ᠪᠠᠢ᠌ᠴᠠᠭ᠋ᠠᠬᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠬᠦᠨᠵᠡᠭᠡᠢ ᠦᠷᠨᠢᠬᠦᠯᠵᠤ᠂ ᠨᠦᠬᠦᠬᠦ ᠶᠤᠰᠤᠳᠠᠢ ᠲᠤᠳᠠᠭᠳᠠᠯ᠎ᠢ ᠲᠦᠷᠭᠡᠨ ᠨᠦᠬᠦᠪᠤᠷᠢᠯᠡᠵᠤ᠂ ᠲᠡᠰ ᠲᠡᠪᠰᠢᠬᠦᠯᠬᠦ  ᠶᠤᠰᠤᠳᠠᠢ ᠠᠷᠭ᠎ᠠ ᠪᠠᠷᠢᠯ᠎ᠢ ᠲᠦᠷᠭᠡᠨ ᠲᠡᠰ ᠲᠡᠪᠰᠢᠬᠦᠯᠵᠤ᠂ ᠲᠡᠬᠦᠯᠳᠠᠷᠵᠢᠬᠦᠯᠬᠦ ᠶᠤᠰᠤᠳᠠᠢ  ᠠᠷᠭ᠎ᠠ  ᠭᠡᠮᠵᠢᠶ᠎ᠡ ᠵᠢ ᠲᠡᠬᠦᠯᠳᠠᠷᠵᠢᠬᠦᠯᠵᠤ᠂ ᠬᠦᠮᠤᠨ ᠭᠢᠭᠡᠤᠨ ᠬᠦᠮᠤᠨ᠂ ᠬᠦᠮᠤᠨ ᠭᠢᠭᠡᠤᠨ ᠪᠤᠳᠠᠰ᠂ ᠬᠦᠮᠤᠨ ᠭᠢᠭᠡᠤᠨ ᠤᠷᠴᠢᠨ ᠲᠤᠭᠤᠷᠢᠨ᠎ᠤ ᠬᠦᠷᠤᠯᠴᠡᠬᠦ ᠰᠡᠷᠭᠡᠢ᠌ᠯᠡᠨ ᠡᠵᠡᠮᠳᠠᠬᠦ ᠠᠵᠢᠯ᠎ᠢ ᠵᠠᠪᠠᠯ ᠴᠢᠩᠭ᠎ᠠ᠎ᠠᠴᠠ ᠴᠢᠩᠭ᠎ᠠ᠂ ᠨᠢᠮᠪᠠᠢ ᠎ᠠᠴᠠ ᠨᠢᠮᠪᠠᠢ ᠭᠢᠬᠦ ᠭᠡᠷᠡᠭᠳᠠᠢ᠃ ᠪᠢᠳᠡᠬᠦᠮᠵᠢᠯᠠᠯ ᠎ᠠᠴᠠ ᠭᠠᠳᠠᠨᠠᠭᠢ ᠰᠡᠷᠭᠡᠢ᠌ᠯᠡᠯᠳᠠ ᠵᠢᠨ ᠱᠤᠭᠤᠮ᠎ᠢ ᠪᠦᠷᠢᠨᠰᠢᠬᠦᠯᠤᠨ ᠲᠡᠬᠦᠯᠳᠠᠷᠵᠢᠬᠦᠯᠵᠤ᠂ ᠪᠤᠭᠤᠮᠳᠠ ᠵᠢᠨ ᠬᠤᠯᠪᠤᠬᠳᠠᠯ ᠪᠦᠬᠦᠢ ᠬᠦᠮᠤᠰ᠎ᠢ ᠬᠠᠮᠢᠶᠠᠷᠤᠨ ᠡᠵᠡᠮᠳᠠᠬᠦ ᠲᠡᠰ᠎ᠢ ᠲᠡᠭᠡᠭᠰᠢᠯᠡᠬᠦᠯᠵᠤ᠂  ᠢᠯᠠᠩᠭᠤᠶ᠎ᠠ  ᠬᠤᠯᠪᠤᠭᠳᠠᠯ ᠪᠦᠬᠦᠢ ᠠᠵᠤ ᠠᠬᠤᠢ᠌ᠯᠠᠯ᠎ᠤᠨ ᠰᠡᠷᠭᠡᠢ᠌ᠯᠡᠨ ᠡᠵᠡᠮᠳᠠᠬᠦ ᠬᠠᠷᠢᠭᠤᠴᠠᠯᠭ᠎ᠠ ᠵᠢ ᠪᠤᠳᠠᠳᠠᠢ᠌ᠵᠢᠭᠤᠯᠵᠤ᠂ ᠠᠵᠤ ᠠᠬᠤᠢ᠌ᠯᠠᠯ᠎ᠤᠨ ᠠᠵᠢᠯᠳᠠᠤᠨ᠎ᠤᠨ ᠬᠠᠮᠢᠶᠠᠷᠤᠯᠳᠠ ᠵᠢ ᠴᠢᠩᠭ᠋ᠠᠳᠬᠠᠨ᠂ ᠪᠦᠭᠡᠮ  ᠬᠦᠴᠢᠯ᠎ᠤᠨ ᠪᠠᠢ᠌ᠴᠠᠭ᠋ᠠᠯᠳᠠ ᠵᠢᠨ ᠤᠳᠠᠭ᠎ᠠ ᠵᠢ ᠨᠡᠮᠡᠭᠳᠠᠬᠦᠯᠵᠤ᠂ ᠡᠯ᠎ᠡ ᠵᠤᠢ᠌ᠯ᠎ᠤᠨ ᠬᠠᠮᠢᠶᠠᠷᠤᠨ ᠡᠵᠡᠮᠳᠠᠬᠦ ᠠᠷᠭ᠎ᠠ ᠭᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠬᠤ ᠭᠡᠷᠡᠭᠳᠠᠢ᠃ ᠭᠢᠯᠢ ᠵᠢᠨ ᠪᠤᠭᠤᠮᠳᠠ ᠵᠢᠨ ᠭᠢᠵᠢᠭ᠎ᠤᠨ ᠪᠠᠢ᠌ᠳᠠᠯ ᠎ᠢ ᠰᠡᠷᠭᠡᠢ᠌ᠯᠡᠨ ᠡᠵᠡᠮᠳᠠᠬᠦ  ᠬᠤᠯᠪᠤᠭᠳᠠᠯ ᠪᠦᠬᠦᠢ ᠲᠦᠬᠦᠭᠡᠷᠤᠮᠵᠢ ᠵᠢᠨ ᠪᠦᠳᠤᠭᠡᠨ ᠪᠠᠢ᠌ᠭᠤᠯᠤᠯᠯᠳᠠ ᠵᠢ  ᠴᠢᠩᠭ᠋ᠠᠳᠬᠠᠵᠤ᠂  ᠲᠤᠳᠠᠭᠳᠠᠯ᠎ᠢ ᠲᠦᠷᠭᠡᠨ ᠨᠦᠬᠦᠪᠤᠷᠢᠯᠡᠬᠦ ᠭᠡᠷᠡᠭᠳᠠᠢ᠃ ᠡᠯ᠎ᠡ ᠱᠠᠳᠤ᠂ ᠡᠯ᠎ᠡ ᠲᠠᠯ᠎ᠠ ᠵᠢᠨ ᠰᠡᠷᠭᠡᠢ᠌ᠯᠡᠨ ᠡᠵᠡᠮᠳᠠᠬᠦ ᠬᠠᠷᠢᠭᠤᠴᠠᠯᠭ᠎ᠠ ᠵᠢ ᠲᠡᠭᠢᠨ ᠴᠢᠩᠭ᠎ᠠ  ᠪᠤᠳᠠᠳᠠᠢ᠌ᠵᠢᠭᠤᠯᠵᠤ᠂ ᠬᠦᠯᠤᠨ ᠪᠤᠢ᠌ᠷ ᠬᠤᠳᠠ᠂ ᠮᠠᠨᠵᠤᠤᠷ ᠬᠤᠳᠠ ᠪᠤᠯᠤᠨ ᠲᠦᠩᠯᠢᠶᠤᠤ ᠬᠤᠳᠠ ᠭᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠠᠵᠤ ᠰᠢᠢ᠍ᠳᠪᠤᠷᠢᠯᠡᠬᠦ ᠵᠢ  ᠲᠡᠷᠢᠬᠦᠨ  ᠴᠢᠬᠤᠯᠠ ᠶᠡᠭᠡ ᠶᠠᠪᠤᠳᠠᠯ ᠪᠤᠯᠭ᠋ᠠᠵᠤ᠂ ᠭᠤᠤᠯ ᠤᠳᠤᠷᠢᠳᠬᠤ ᠨᠦᠬᠦᠤᠨ ᠡᠮᠤᠨ᠎ᠠ ᠹᠷᠤᠨᠲ᠎ᠲᠤ ᠬᠦᠷᠴᠤ᠂ ᠡᠮᠤᠨ᠎ᠡ ᠹᠷᠤᠨᠲ᠎ᠲᠤ ᠵᠢᠯᠤᠭᠤᠳᠴᠤ᠂ ᠡᠷᠡᠰ ᠰᠢᠭᠤᠷᠬᠠᠢ ᠪᠦᠳᠤᠮᠵᠢᠳᠠᠢ ᠠᠷᠭ᠎ᠠ ᠭᠡᠮᠵᠢᠶ᠎ᠡ ᠠᠪᠴᠤ᠂ ᠪᠦᠬᠦ ᠬᠦᠴᠤᠨ ᠵᠢᠨᠷ ᠠᠵᠢᠯ ᠵᠢᠨᠨ ᠰᠠᠢ᠌ᠳᠤᠷ ᠭᠢᠵᠤ᠂  ᠭᠢᠵᠢᠭ᠎ᠤᠨ ᠪᠠᠢ᠌ᠳᠠᠯ ᠎ᠤᠨ  ᠰᠦᠨᠤᠭᠡᠯᠳᠠ ᠵᠢᠨ ᠲᠠᠢ᠌ᠯᠠᠯᠳᠤᠭ᠋ᠠᠨ᠎ᠢ ᠡᠷᠡᠰ ᠰᠠᠢ᠌ᠳᠤᠷ ᠭᠢᠬᠦ ᠭᠡᠷᠡᠭᠳᠠᠢ᠃ ᠡᠯ᠎ᠡ ᠱᠠᠳᠤᠨ ᠎ᠤ ᠨᠠᠮ᠎ᠤᠨ ᠬᠤᠷᠢᠶ᠎ᠠ ᠪᠤᠯᠤᠨ ᠵᠠᠰᠠᠭ᠎ᠤᠨ ᠤᠷᠳᠤᠨ ᠲᠤᠰ ᠭᠠᠵᠠᠷ ᠤᠷᠤᠨ ᠎ᠤ᠎ᠪᠠᠨ   ᠭᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠠᠬᠦ ᠠᠵᠢᠯ᠎ᠤᠨ  ᠪᠠᠢ᠌ᠳᠠᠯ᠎ᠢ  ᠲᠡᠭᠢᠨ  ᠪᠠᠢ᠌ᠷᠢᠯᠠᠭᠤᠯᠵᠤ᠂    ᠵᠢᠭᠰᠠᠭ᠋ᠠᠯ ᠵᠢᠨᠨ ᠴᠢᠩᠭ᠎ᠠ ᠰᠡᠷᠭᠡᠢ᠌ᠯᠡᠨ ᠰᠡᠭᠢᠵᠤ᠂  ᠠᠵᠢᠯ ᠪᠤᠯᠭ᠋ᠠᠨ᠎ᠤ ᠬᠠᠷᠢᠭᠤᠴᠠᠯᠭ᠎ᠠ ᠵᠢ ᠪᠤᠳᠠᠳᠠᠢ ᠬᠦᠮᠤᠨ᠎ᠳᠤ ᠨᠠᠢ᠌ᠳᠠᠪᠤᠷᠵᠢᠭᠤᠯᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠳᠠᠯᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠬᠦᠢ᠍ᠴᠡᠳᠭᠡᠬᠦ ᠵᠢ ᠡᠷᠡᠰ  ᠪᠡᠶᠡᠯᠡᠬᠦᠯᠬᠦ ᠭᠡᠷᠡᠭᠳᠠᠢ᠃  ᠡᠯ᠎ᠡ   ᠬᠤᠯᠪᠤᠭᠳᠠᠯ ᠪᠦᠬᠦᠢ ᠰᠠᠯᠠᠭ᠎ᠠ ᠮᠦᠴᠢᠷ ᠨᠢᠭᠡᠴᠢ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠬᠦᠷᠭᠡᠯᠡᠵᠤ    ᠨᠢᠭᠳᠠ ᠬᠠᠮᠵᠢᠯᠴᠠᠨ᠂  ᠤᠷᠤᠨ ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ ᠴᠤ᠌  ᠲᠡᠷᠡ᠂  ᠰᠢᠰᠲᠸᠮ ᠵᠢᠨᠷ ᠵᠢᠨᠨ ᠬᠠᠮᠢᠶᠠᠷᠬᠤ ᠪᠠᠢ᠌ᠭᠤᠯᠭ᠎ᠠ ᠴᠤ᠌  ᠲᠡᠷᠡ  ᠴᠦᠮ ᠲᠤᠰ ᠲᠤᠰ᠎ᠤᠨ ᠬᠠᠷᠢᠭᠤᠴᠠᠯᠭ᠎ᠠ᠎ᠪᠠᠨ ᠲᠤᠳᠤᠷᠬᠠᠢ᠌ᠯᠠᠵᠤ᠂   ᠬᠠᠷᠢᠶ᠎ᠠ ᠭᠠᠵᠠᠷ᠎ᠤᠨ ᠨᠠᠮ᠎ᠤᠨ ᠬᠤᠷᠢᠶ᠎ᠠ ᠪᠤᠯᠤᠨ ᠵᠠᠰᠠᠭ᠎ᠤᠨ ᠤᠷᠳᠤᠨ᠎ᠤ ᠨᠢᠭᠡᠳᠤᠯᠳᠠᠢ  ᠵᠢᠯᠤᠭᠤᠳᠤᠯᠭ᠎ᠠ ᠲᠤᠤᠷ᠎ᠠ ᠠᠯᠬᠤᠮ ᠨᠢᠭᠡᠳᠠᠢ᠎ᠪᠠᠷ ᠠᠵᠢᠯ ᠵᠢᠨᠨ  ᠦᠷᠨᠢᠬᠦᠯᠵᠤ᠂ ᠲᠠᠯ᠎ᠠ ᠲᠠᠯ᠎ᠠ᠎ᠠᠴᠠ  ᠵᠠᠰᠠᠭ ᠶᠠᠪᠤᠭᠤᠯᠬᠤ ᠪᠤᠶᠤ  ᠦᠪᠡᠷ ᠦᠪᠡᠷ᠎ᠤᠨ᠎ᠬᠢ᠎ᠪᠠᠷ ᠵᠢᠨᠨ ᠭᠢᠵᠤ  ᠤᠭᠳᠤ ᠪᠤᠯᠬᠤ ᠦᠭᠡᠢ᠃ ᠰᠠᠭᠢᠯᠭ᠎ᠠ ᠪᠠᠳᠤ ᠵᠢᠨ ᠱᠠᠭ᠋ᠠᠷᠳᠠᠯᠭ᠎ᠠ ᠵᠢ  ᠴᠢᠩᠳᠠᠯᠠᠵᠤ᠂ ᠬᠢᠨᠠᠯᠳᠠ ᠲᠠᠯᠪᠢᠵᠤ ᠦᠷ᠎ᠡ ᠪᠦᠳᠤᠮᠵᠢ ᠵᠢ ᠦᠵᠡᠬᠦ ᠵᠢ ᠴᠢᠩᠭ᠋ᠠᠳᠬᠠᠵᠤ᠂ ᠠᠷᠭ᠎ᠠ  ᠭᠡᠮᠵᠢᠶ᠎ᠡ ᠵᠢ  ᠨᠠᠢ᠌ᠳᠠᠪᠤᠷᠢᠵᠢᠭᠤᠯᠤᠭᠰᠠᠨ ᠦᠭᠡᠢ᠂  ᠬᠠᠮᠢᠶᠠᠷᠤᠨ ᠡᠵᠡᠮᠳᠡᠭᠰᠡᠨ ᠵᠢᠨᠷ ᠬᠦᠷᠤᠯᠴᠡᠭᠰᠡᠨ ᠦᠭᠡᠢ᠎ᠠᠴᠠ ᠪᠤᠯᠵᠤ  ᠭᠢᠵᠢᠭ᠎ᠤᠨ ᠪᠠᠢ᠌ᠳᠠᠯ ᠦᠷᠪᠢᠰᠤᠨ ᠲᠡᠯᠭᠡᠷᠡᠭᠰᠡᠨ ᠪᠠᠢ᠌ᠪᠠᠯ ᠴᠢᠩᠭ᠎ᠠ ᠬᠠᠷᠢᠭᠤᠴᠠᠯᠭ᠎ᠠ   ᠨᠡᠭᠡᠮᠵᠢᠯᠡᠬᠦ ᠭᠡᠷᠡᠭᠳᠠᠢ᠃
      ᠬᠤᠷᠠᠯ᠎ᠠᠴᠠ ᠱᠠᠭ᠋ᠠᠷᠳᠠᠬᠰᠠᠨ᠎ᠨᠢ᠂ 《ᠦᠪᠤᠷ ᠮᠤᠡᠭᠭᠤᠯ᠎ᠤᠨ  ᠦᠪᠡᠷᠳᠡᠭᠡᠨ ᠵᠠᠰᠬᠤ ᠤᠷᠤᠨ᠎ᠤ ᠠᠷᠪᠠᠨ ᠨᠢᠭᠡᠳᠤᠭᠡᠷ ᠤᠳᠠᠭ᠎ᠠ ᠵᠢᠨ ᠨᠠᠮ᠎ᠤᠨ ᠲᠦᠯᠤᠭᠡᠯᠡᠭᠴᠢᠤᠨ᠎ᠤᠨ ᠶᠡᠭᠡ ᠬᠤᠷᠠᠯ ᠎ᠤᠨ ᠵᠤᠷᠢᠭ ᠰᠠᠨᠠᠭ᠎ᠠ ᠵᠢ ᠨᠠᠷᠢᠨ ᠭᠢᠨᠠᠮᠠᠭ᠋ᠠᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠲᠤᠭᠳᠠᠭ᠋ᠠᠯ》 ᠎ᠢ ᠭᠢᠨᠠᠨ ᠵᠦᠪᠯᠡᠵᠤ ᠪᠦᠬᠦ ᠤᠷᠤᠨ᠎ᠤ ᠦᠷᠭᠡᠨ ᠤᠯᠠᠨ ᠨᠠᠮ᠎ᠤᠨ ᠭᠡᠰᠢᠬᠦᠨ᠂ ᠺᠠᠳ᠋ᠷ᠎ᠢ ᠬᠦᠮᠤᠵᠢᠬᠦᠯᠤᠨ ᠵᠢᠯᠤᠭᠤᠳᠴᠤ ᠪᠠᠢ᠌ᠭ᠋ᠠᠤᠨ ᠨᠠᠮ᠎ᠤᠨ ᠲᠦᠯᠤᠭᠡᠯᠡᠭᠴᠢᠤᠨ᠎ᠤᠨ ᠶᠡᠭᠡ ᠬᠤᠷᠠᠯ᠎ᠤᠨ ᠭᠤᠤᠯ ᠰᠡᠳᠤᠪ ᠭᠤᠤᠯ ᠰᠢᠵᠢᠮ᠂ ᠲᠤᠳᠤᠷᠬᠠᠢ᠌ᠯᠠᠭᠰᠠᠨ ᠴᠢᠬᠤᠯᠠ ᠶᠡᠭᠡ ᠤᠯᠤᠰ ᠲᠦᠷᠤ ᠵᠢᠨ ᠬᠠᠷᠢᠭᠤᠴᠠᠯᠭ᠎ᠠ᠂ ᠲᠤᠷᠠᠳᠤᠭᠰᠠᠨ ᠬᠠᠷᠠᠯᠳᠠ ᠡᠬᠦᠷᠭᠡ ᠵᠢ ᠬᠦᠨᠵᠡᠭᠡᠢ ᠤᠢ᠌ᠯᠠᠭ᠋ᠠᠭᠤᠯᠤᠨ ᠤᠨᠤᠪᠴᠢᠳᠠᠢ ᠡᠵᠡᠮᠰᠢᠬᠦᠯᠵᠤ᠂ ᠦᠵᠡᠯ  ᠰᠠᠨᠠᠭ᠎ᠠ᠎ᠪᠠᠨ ᠤᠯᠠᠮ ᠴᠠᠭ᠋ᠠᠰᠢᠳᠠ ᠨᠢᠭᠡᠳᠭᠡᠵᠤ᠂ ᠲᠡᠮᠡᠴᠡᠯ᠎ᠤᠨ  ᠵᠤᠷᠢᠭ ᠵᠢᠨᠨ ᠴᠢᠩᠭ᠋ᠠᠳᠬᠠᠵᠤ᠂  ᠬᠦᠴᠤᠨ ᠴᠢᠳᠠᠯ ᠵᠢᠨᠨ  ᠨᠢᠭᠳᠠᠷᠠᠭᠤᠯᠵᠤ᠂  ᠡᠯ᠎ᠡ ᠲᠠᠯ᠎ᠠ ᠵᠢᠨ ᠠᠵᠢᠯ᠎ᠢ ᠬᠦᠨᠵᠡᠭᠡᠢ᠌ᠷᠠᠬᠦᠯᠤᠨ ᠪᠤᠳᠠᠳᠠᠢ᠌ᠵᠢᠭᠤᠯᠵᠤ᠂  ᠡᠯ᠎ᠡ ᠵᠤᠢ᠌ᠯ᠎ᠤᠨ ᠦᠢ᠍ᠯᠡᠰ᠎ᠢ ᠲᠠᠰᠤᠷᠠᠯᠳᠠ ᠦᠭᠡᠢ ᠠᠭᠢᠭᠤᠯᠬᠤ ᠬᠡᠷᠡᠭᠳᠡᠢ᠃
      ᠬᠤᠷᠠᠯ᠎ᠠᠴᠠ ᠪᠠᠰᠠ ᠪᠤᠰᠤᠤᠨ ᠵᠤᠢ᠌ᠯ᠎ᠢ ᠰᠤᠳᠤᠯᠵᠠᠢ᠃


  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠠᠯᠪᠠᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠱ᠌ᠢ᠎ᠲᠠᠢ ᠹᠸᠩ ᠥᠪᠡᠷ᠎ᠤᠨ ᠪᠠᠶ᠋ᠢᠭ᠎ᠠ ᠨᠠᠮ᠎ᠤᠨ ᠡᠭᠦᠷ᠎ᠤᠨ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠳᠤ ᠣᠷᠣᠯᠴᠠᠵᠤ ᠨᠠᠮ᠎ᠤᠨ ᠭᠡᠰᠢᠭᠦᠨ ᠺᠠᠳ᠋ᠷᠴᠤᠳ᠎ᠲᠤ ᠨᠠᠮ᠎ᠤᠨ ᠬᠢᠴᠢᠶᠡᠯ ᠵᠢᠭ᠋ᠠᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ
 
            