ᠱ᠌ᠢ᠎ᠲᠠᠢ ᠹᠸᠡᠭ ᠬᠤᠷᠠᠯ᠎ᠢ ᠡᠷᠬᠢᠯᠡᠵᠡᠢ
10 ᠳ᠋ᠤᠭ᠋ᠠᠷ ᠰᠠᠷ᠎ᠠ ᠵᠢᠨ 21᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ ᠠᠷᠪᠠᠨ ᠵᠢᠷᠭᠤᠳᠤᠭ᠋ᠠᠷ ᠤᠳᠠᠭ᠎ᠠ ᠵᠢᠨ ᠬᠤᠷᠠᠯ ᠬᠤᠷᠠᠯᠳᠤᠭᠤᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠡᠷᠬᠢᠯᠡᠭᠴᠢ ᠱ᠌ᠢ᠎ᠲᠠᠢ ᠹᠸᠡᠭ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠳᠡᠳ᠋ ᠡᠷᠬᠢᠯᠡᠭᠴᠢ ᠯᠢᠨ ᠱᠤᠤ ᠴᠦᠨ᠂ ᠵᠠᠩ ᠱᠤᠤ ᠴᠦᠨ ᠬᠤᠷᠠᠯ᠎ᠳᠤ ᠣᠷᠣᠯᠴᠠᠪᠠ᠃
ᠬᠤᠷᠠᠯ ᠲᠡᠬᠡᠷ᠎ᠡ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠬᠣᠷᠢᠨ ᠨᠢᠭᠡᠳᠦᠭᠡᠷ ᠤᠳᠠᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ 《〈ᠤᠯᠤᠰ ᠲᠥᠷᠥ ᠬᠠᠤᠯᠢ ᠴᠠᠭ᠋ᠠᠵᠠ ᠵᠢᠨ ᠬᠦᠷᠢᠶᠡᠨ᠎ᠳᠤ᠎ᠬᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠵᠢ ᠬᠢᠵᠠᠭ᠋ᠠᠷᠯᠠᠬᠤ ᠬᠢᠨᠠᠯᠲᠠ ᠲᠠᠯᠪᠢᠬᠤ ᠲᠦᠷᠢᠮ ᠲᠣᠭᠲᠠᠴᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠰᠠᠨᠠᠯ〉᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ》 ᠪᠠ 《ᠡᠮᠴᠢᠯᠡᠭᠡᠨ᠎ᠤ ᠦᠢ᠍ᠯᠨ ᠠᠵᠢᠯᠯᠠᠭ᠎ᠠ ᠵᠢ ᠤᠯᠠᠮ ᠵᠢᠷᠤᠮᠵᠢᠭᠤᠯᠵᠤ ᠵᠦᠶ ᠵᠣᠬᠢᠰᠲᠠᠶ ᠡᠮᠴᠢᠯᠡᠭᠡᠨ᠎ᠤ ᠪᠠᠶ᠋ᠢᠴᠠᠭ᠋ᠠᠯᠲᠠ ᠵᠢ ᠠᠬᠢᠭᠤᠯᠬᠤ ᠲᠤᠬᠠᠶ ᠠᠷᠭ᠎ᠠ ᠬᠡᠮᠵᠢᠶ᠎ᠡ》 ᠵᠢ ᠬᠢᠨᠠᠨ ᠵᠥᠪᠯᠡᠵᠦ᠂ ᠬᠡᠰᠡᠭ ᠠᠶ᠋ᠢᠮᠠᠭ ᠬᠣᠲᠠ ᠵᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠤ ᠥᠭᠡᠷᠡᠴᠢᠯᠡᠯᠲᠡ ᠵᠢ ᠠᠬᠢᠭᠤᠯᠤᠭᠰᠠᠨ ᠪᠠᠶ᠋ᠢᠳᠠᠯ ᠪᠠ ᠪᠥᠬᠥ ᠣᠷᠣᠨ᠎ᠤ ᠰᠢᠨᠵᠢᠯᠡᠬᠦ ᠮᠡᠷᠭᠡᠵᠢᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠠᠬᠢᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃
ᠬᠤᠷᠠᠯ᠎ᠠᠴᠠ ᠱᠠᠭ᠋ᠠᠷᠳᠠᠬᠰᠠᠨ᠎ᠨᠢ᠂ ᠨᠠᠮ᠎ᠤᠨ ᠲᠥᠪ ᠬᠣᠷᠢᠶᠠᠨ᠎ᠤ ᠪᠠᠶ᠋ᠢᠷᠢᠯᠠᠭᠤᠯᠤᠭᠰᠠᠨ ᠶᠠᠮᠠᠷᠪᠠ ᠨᠢᠭᠡᠨ ᠥᠭᠡᠷᠡᠴᠢᠯᠡᠯᠲᠡ ᠵᠢᠨ ᠡᠭᠦᠷᠭᠡ ᠪᠣᠯ ᠴᠥᠮ ᠣᠷᠣᠨ ᠨᠤᠲᠤᠭ᠎ᠤᠨ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠡᠷᠬᠡᠪᠰᠢ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ ᠤᠯᠤᠰ ᠲᠦᠷᠦ ᠵᠢᠨ ᠡᠭᠦᠷᠭᠡ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠡᠷᠬᠡᠪᠰᠢ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠦᠨᠳᠦᠷᠴᠡ᠎ᠠᠴᠠ ᠨᠢᠭᠡ ᠴᠤᠭᠴᠠᠵᠢᠭᠤᠯᠤᠨ ᠵᠢᠷᠤᠮᠯᠠᠵᠤ᠂ ᠡᠷᠡᠰ ᠲᠤᠭᠤᠰᠢᠯᠠᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠶ᠋ᠢᠬᠤ ᠬᠡᠷᠡᠭᠲᠡᠢ᠃ ᠨᠠᠮ᠎ᠤᠨ ᠲᠥᠪ ᠬᠣᠷᠢᠶᠠᠨ᠎ᠤ ᠱᠠᠭ᠋ᠠᠷᠳᠠᠯᠭ᠎ᠠ ᠵᠢ ᠬᠠᠷᠭᠤᠭᠤᠯᠤᠨ ᠢᠯᠡᠳᠬᠡᠵᠦ᠂ ᠴᠢᠬᠤᠯᠠ ᠶᠡᠬᠡ ᠥᠭᠡᠷᠡᠴᠢᠯᠡᠯᠲᠡ ᠵᠢᠨ ᠡᠭᠦᠷᠭᠡ ᠵᠢ ᠲᠡᠷᠡ ᠬᠡᠪ ᠵᠶ᠋ᠠᠷ᠎ᠨᠢ ᠨᠠᠶ᠋ᠢᠳᠠᠪᠤᠷᠢᠵᠢᠭᠤᠯᠬᠤ ᠬᠡᠷᠡᠭᠲᠡᠢ᠃ ᠲᠥᠪ ᠬᠣᠷᠢᠶᠠᠨ᠎ᠤ ᠰᠢᠨ᠎ᠡ᠎ᠪᠠᠷ ᠨᠡᠶ᠋ᠢᠲᠡᠯᠡᠭᠰᠡᠨ ᠴᠢᠬᠤᠯᠠ ᠶᠡᠬᠡ ᠥᠭᠡᠷᠡᠴᠢᠯᠡᠯᠲᠡ ᠵᠢᠨ ᠲᠥᠰᠦᠯ᠎ᠢ ᠴᠢᠩᠭ᠎ᠠ ᠠᠩᠬᠠᠷᠴᠤ᠂ ᠢᠵᠢ ᠪᠦᠷᠢᠳᠦᠭᠦᠯᠬᠦ ᠥᠭᠡᠷᠡᠴᠢᠯᠡᠯᠲᠡ ᠵᠢᠨ ᠪᠡᠯᠡᠳᠬᠡᠯ ᠠᠵᠢᠯ᠎ᠢ ᠰᠠᠶ᠋ᠢᠲᠤᠷ ᠬᠢᠵᠦ᠂ ᠨᠢᠭᠡᠨᠲᠡ ᠨᠡᠶ᠋ᠢᠲᠡᠯᠡᠭᠰᠡᠨ ᠥᠭᠡᠷᠡᠴᠢᠯᠡᠯᠲᠡ ᠵᠢᠨ ᠲᠥᠰᠦᠯ᠎ᠤᠨ ᠦᠷ᠎ᠡ ᠪᠦᠲᠦᠮᠵᠢ ᠵᠢ ᠮᠥᠷᠳᠡᠨ ᠠᠰᠠᠭᠤᠬᠤ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠭᠣᠣᠯᠳᠠᠯᠭ᠎ᠠ᠎ᠲᠠᠢ ᠥᠭᠡᠷᠡᠴᠢᠯᠡᠯᠲᠡ ᠵᠢᠨ ᠲᠥᠰᠦᠯ ᠪᠠ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠱᠠᠳᠤᠴᠢ ᠴᠢᠨᠠᠷᠲᠠᠶ ᠦᠨᠡᠯᠡᠨ ᠵᠢᠱ᠌ᠢᠯᠲᠡ ᠬᠢᠬᠦ ᠬᠡᠷᠡᠭᠳᠡᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠬᠥᠭᠵᠢᠯᠲᠡ ᠵᠢᠨ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠣᠯᠳᠠᠯᠭ᠎ᠠ᠎ᠲᠠᠢ ᠬᠦᠷᠢᠶ᠎ᠡ ᠪᠣᠯᠤᠨ ᠵᠠᠩᠭᠢᠯᠠᠭ᠎ᠠ ᠵᠢᠨ ᠭᠣᠭᠴᠣᠭ᠎ᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠬᠦᠴᠦᠯᠡᠨ ᠠᠬᠢᠭᠤᠯᠬᠤ ᠬᠡᠷᠡᠭᠲᠡᠢ᠃ ᠨᠡᠭᠦᠷᠡᠰᠦᠲᠥ᠋ᠷᠥᠭᠴᠢ ᠵᠢᠨ ᠣᠷᠭᠢᠯ ᠭᠡᠮᠵᠢᠭᠳᠡᠯ᠎ᠳᠤ ᠬᠦᠷᠬᠡᠬᠦ᠂ ᠨᠡᠭᠦᠷᠡᠰᠦᠲᠥ᠋ᠷᠥᠭᠴᠢ ᠵᠢᠨ ᠳᠤᠮᠳᠠ ᠪᠠ ᠡᠴᠤᠰ᠎ᠤᠨ ᠬᠠᠷᠠᠯᠲᠠ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ ᠵᠢ ᠬᠤᠪᠢᠷᠠᠭᠤᠯᠬᠤ ᠵᠢᠨ ᠲᠣᠭᠣᠷᠢᠨ᠎ᠳᠤ᠂ ᠠᠵᠤ ᠠᠬᠤᠢ ᠵᠢᠨ ᠣᠷᠴᠢᠯ᠎ᠢ ᠬᠢᠵᠠᠭ᠋ᠠᠷᠯᠠᠵᠤ ᠪᠠᠶ᠋ᠢᠭ᠎ᠠ ᠵᠠᠩᠭᠢᠯᠠᠭ᠎ᠠ ᠵᠢᠨ ᠲᠦᠭᠵᠢᠷᠡᠯ᠎ᠢ ᠨᠡᠪᠲᠡᠷᠡᠭᠦᠯᠵᠦ᠂ ᠡᠨᠧᠷᠭᠢ ᠵᠢᠨ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠵᠤ᠂ 《ᠬᠥᠬᠡᠮᠳᠦᠭ ᠨᠣᠭᠣᠭ᠋ᠠᠨ ᠠᠭᠤᠯᠠ ᠤᠰᠤ ᠵᠢ ᠠᠯᠳᠠ ᠮᠥᠩᠭᠥᠨ ᠠᠭᠤᠯᠠ》 ᠪᠤᠯᠭ᠋ᠠᠨ ᠬᠤᠪᠢᠷᠠᠭᠤᠯᠬᠤ ᠠᠷᠭ᠎ᠠ ᠵᠠᠮ ᠵᠡᠷᠭᠡ ᠴᠢᠬᠤᠯᠠ ᠶᠡᠬᠡ ᠠᠰᠠᠭᠤᠳᠠᠯ᠎ᠢ ᠰᠦᠪᠡᠭᠴᠢᠯᠡᠵᠦ᠂ ᠭᠦᠨᠵᠡᠭᠡᠢ ᠰᠤᠳᠤᠯᠵᠤ᠂ ᠴᠢᠬᠤᠯᠠ ᠶᠡᠬᠡ ᠪᠠᠶ᠋ᠢᠭᠤᠯᠤᠮᠵᠢ ᠲᠣᠭᠲᠠᠴᠠ ᠵᠢᠨ ᠠᠰᠠᠭᠤᠳᠠᠯ᠎ᠢ ᠤᠷᠢᠳ ᠵᠶ᠋ᠠᠷ ᠰᠠᠶ᠋ᠢᠲᠤᠷ ᠰᠢᠢ᠍ᠳᠪᠦᠷᠢᠯᠡᠵᠦ᠂ ᠥᠭᠡᠷᠡᠴᠢᠯᠡᠯᠲᠡ ᠵᠢᠨ 《ᠨᠢᠭᠡ ᠵᠢ ᠨᠠᠶ᠋ᠢᠳᠠᠪᠤᠷᠢᠵᠢᠭᠤᠯᠬᠤ》᠎ᠪᠠᠷ ᠬᠥᠭᠵᠢᠯᠲᠡ ᠵᠢᠨ 《ᠪᠦᠬᠦ ᠲᠠᠯ᠎ᠠ᠎ᠪᠠᠷ ᠠᠮᠢᠳᠤᠯᠢᠭ ᠪᠣᠯᠭ᠋ᠠᠬᠤ》 ᠵᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ᠎ᠤ ᠵᠣᠷᠢᠭᠲᠠᠶ᠎ᠪᠠᠷ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂ ᠦᠨᠳᠦᠰᠦᠨ ᠱᠠᠲᠤᠨ᠎ᠤ ᠢᠳᠡᠪᠬᠢᠵᠢᠯ ᠰᠠᠨᠠᠭ᠋ᠠᠴᠢᠯᠠᠭ᠋ᠠᠲᠤ ᠴᠢᠨᠠᠷ ᠪᠦᠲᠦᠭᠡᠯᠴᠢ ᠴᠢᠨᠠᠷ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠳᠠᠶ᠋ᠢᠴᠢᠯᠠᠬᠤ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠦᠨᠳᠦᠰᠦᠨ ᠱᠠᠲᠤᠨ᠎ᠤ ᠥᠭᠡᠷᠡᠴᠢᠯᠡᠯᠲᠡ ᠵᠢᠨ ᠲᠤᠷᠰᠢᠯᠲᠠ ᠵᠢ ᠦᠷᠭᠦᠯᠵᠢᠯᠡᠨ ᠨᠢᠭᠡᠳᠦᠯᠲᠡᠶ ᠲᠥᠯᠥᠪᠯᠡᠨ ᠰᠠᠶ᠋ᠢᠲᠤᠷ ᠠᠳᠬᠤᠵᠤ᠂ ᠡᠯ᠎ᠡ ᠭᠠᠵᠠᠷ᠎ᠤᠨ ᠨᠠᠩ ᠣᠯᠠᠨ ᠠᠩᠬᠠᠨ᠎ᠤ ᠡᠭᠦᠳᠦᠯᠲᠡ ᠵᠢᠨ ᠴᠢᠨᠠᠷᠲᠠᠶ᠂ ᠵᠦᠷᠢᠶᠡᠴᠢᠯᠡᠭᠰᠡᠨ ᠥᠭᠡᠷᠡᠴᠢᠯᠡᠯᠲᠡ ᠵᠢ ᠰᠦᠪᠡᠭᠴᠢᠯᠡᠨ ᠭᠠᠷᠭ᠋ᠠᠬᠤ ᠵᠢ ᠵᠣᠷᠢᠭᠵᠢᠭᠤᠯᠵᠤ᠂ ᠰᠢᠨᠵᠢᠯᠡᠬᠦ ᠤᠬᠠᠭ᠋ᠠᠨᠴᠢ᠂ ᠵᠦᠶ ᠵᠣᠬᠢᠰᠲᠠᠶ᠂ ᠠᠯᠳᠠᠭ᠎ᠠ ᠪᠤᠷᠤᠭᠤ ᠵᠢ ᠪᠠᠭᠲᠠᠭ᠋ᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠥᠭᠡᠷᠡᠴᠢᠯᠡᠯᠲᠡ ᠵᠢ ᠠᠬᠢᠭᠤᠯᠤᠭᠴᠢ ᠵᠢ ᠲᠣᠭ ᠲᠡᠮᠳᠡᠭ ᠲᠣᠳᠣᠷᠬᠠᠶ᠎ᠪᠠᠷ ᠳᠡᠮᠵᠢᠵᠦ᠂ ᠥᠭᠡᠷᠡᠴᠢᠯᠡᠯᠲᠡ ᠵᠢᠨ ᠢᠯᠠᠭᠳᠠᠭᠰᠠᠳᠢ ᠠᠭᠤᠴᠢᠯᠠᠨ ᠪᠠᠭᠲᠠᠭ᠋ᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠭᠴᠢ ᠵᠢ ᠬᠥᠬᠢᠭᠦᠯᠦᠨ ᠱᠠᠡᠭᠨᠠᠬᠤ ᠬᠡᠷᠡᠭᠳᠡᠢ᠃
ᠬᠤᠷᠠᠯ᠎ᠠᠴᠠ ᠵᠢᠭ᠋ᠠᠬᠰᠠᠨ᠎ᠨᠢ᠂ ᠲᠣᠭᠲᠠᠯ ᠬᠦᠴᠦᠨ ᠪᠠ ᠡᠷᠴᠢ ᠵᠣᠷᠢᠭ ᠵᠶ᠋ᠠᠨ ᠪᠠᠲᠤᠯᠠᠵᠤ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠤᠯᠤᠰ ᠲᠦᠷᠦ ᠵᠢᠨ ᠠᠮᠢ ᠠᠬᠤᠢ ᠵᠢ ᠴᠡᠪᠡᠷᠰᠢᠭᠦᠯᠬᠦ ᠪᠦᠬᠦᠯᠢ ᠴᠣᠭᠴᠠ ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠪᠦᠷᠢᠨ ᠢᠯᠠᠯᠲᠠ ᠤᠯᠬᠤ ᠦᠭᠡᠢ ᠪᠣᠯ ᠶᠠᠭ᠋ᠠᠬᠢᠭᠰᠠᠨ ᠴᠤ᠌ ᠴᠡᠷᠢᠭ ᠲᠠᠲᠠᠬᠤ ᠦᠭᠡᠢ ᠪᠠᠶ᠋ᠢᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠪᠡᠶ᠎ᠡ᠎ᠪᠠᠷ ᠵᠶ᠋ᠠᠨ ᠠᠳᠬᠤᠵᠤ ᠲᠦᠷᠦᠭᠦᠯᠡᠨ ᠬᠢᠵᠦ᠂ ᠡᠮᠦᠨ᠎ᠡ᠎ᠨᠢ ᠵᠢᠯᠣᠭᠣᠳᠴᠤ᠂ ᠡᠮᠦᠨ᠎ᠡ᠎ᠨᠢ ᠭᠠᠪᠰᠢᠭ᠋ᠠᠶ᠋ᠢᠯᠠᠬᠤᠪᠠᠷ ᠪᠠᠷᠠᠬᠤ ᠦᠭᠡᠢ ᠪᠠᠰᠠ ᠬᠠᠷᠢᠭᠤᠴᠠᠯᠭ᠎ᠠ ᠵᠢᠨ ᠳᠠᠷᠤᠯᠲᠠ ᠵᠢ ᠡᠮᠦᠨ᠎ᠡ ᠹᠷᠣᠨᠲ᠎ᠲᠤ ᠡᠴᠤᠰ᠎ᠲᠤ᠎ᠨᠢ ᠲᠤᠯᠲᠠᠯ᠎ᠠ ᠳᠠᠮᠵᠢᠭᠤᠯᠵᠤ᠂ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠡᠯ᠎ᠡ ᠵᠦᠢ᠍ᠯ᠎ᠤᠨ ᠠᠵᠢᠯ᠎ᠢ ᠴᠢᠩᠭ᠎ᠠ ᠠᠳᠬᠤᠵᠤ᠂ ᠡᠴᠦᠰ᠎ᠲᠤᠨᠢ ᠲᠤᠯᠲᠠᠯ᠎ᠠ ᠠᠳᠬᠤᠬᠤ ᠬᠡᠷᠡᠭᠲᠡᠢ᠃ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯᠤᠨ ᠣᠯᠠᠨ ᠲᠦᠮᠡᠨ᠎ᠤ ᠠᠩᠬᠠᠷᠤᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠦᠷᠢᠮ᠂ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠲᠦᠷᠢᠮ ᠵᠡᠷᠭᠡ ᠥᠭᠡᠷᠡᠴᠢᠯᠡᠯᠲᠡ ᠵᠢᠨ ᠡᠭᠦᠷᠭᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠢᠭᠡ ᠴᠤᠭᠴᠠᠵᠢᠭᠰᠠᠨ ᠵᠠᠰᠠᠭ᠎ᠤᠨ ᠶᠠᠪᠤᠳᠠᠯ᠎ᠤᠨ ᠲᠣᠮᠣ ᠳ᠋ᠠᠶ᠋ᠢᠲ᠋ᠠ ᠵᠢᠨ ᠲᠥᠪ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠂ ᠢᠨᠲᠸᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠠᠪᠴᠠᠩ᠎ᠢ ᠳᠠᠪᠬᠤᠴᠠᠭᠤᠯᠤᠨ ᠲᠠᠰ ᠳᠡᠪᠰᠢᠭᠦᠯᠵᠦ᠂ ᠳ᠋ᠠᠶ᠋ᠢᠲ᠋ᠠ ᠵᠢᠨ ᠪᠡᠬᠢᠯᠡᠯᠲᠡ ᠵᠢ ᠡᠪᠳᠡᠵᠦ᠂ ᠮᠡᠳᠡᠭᠡ ᠵᠠᠩᠭᠢ ᠵᠢᠨ ᠥᠨᠥᠴᠢᠨ ᠠᠷᠠᠯ᠎ᠢ ᠤᠰᠠᠳᠬᠠᠵᠤ᠂ ᠨᠠᠩ ᠣᠯᠠᠨ ᠵᠦᠢ᠍ᠯᠡᠰ᠎ᠢ ᠰᠦᠯᠵᠢᠶᠡᠨ ᠳᠡᠭᠡᠷ᠎ᠡ ᠬᠦᠢ᠍ᠴᠡᠳᠬᠡᠵᠤ᠂ ᠮᠡᠳᠡᠭᠡ ᠵᠠᠩᠭᠢ ᠵᠢ ᠢᠯᠡᠭᠦᠬᠡᠨ ᠬᠦᠶᠤᠯᠬᠡᠵᠤ᠂ ᠣᠯᠠᠨ ᠲᠦᠮᠡᠨ ᠪᠠ ᠠᠵᠤ ᠠᠬᠤᠶ᠋ᠢᠯᠠᠯ᠎ᠢ ᠳᠤᠲᠠᠭᠤ ᠭᠦᠶᠦᠯᠭᠡᠬᠦ ᠬᠡᠷᠡᠭᠲᠡᠶ᠃ ᠪᠦᠬᠦᠯᠢ ᠴᠣᠭᠴᠠ ᠵᠢᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠣᠨ᠎ᠤ ᠡᠭᠦᠷᠭᠡ ᠵᠢ ᠪᠡᠶᠡᠯᠡᠭᠦᠯᠦᠭᠰᠡᠨ ᠪᠠᠶ᠋ᠢᠳᠠᠯ᠎ᠢ ᠡᠮᠬᠢᠯᠡᠵᠦ ᠪᠦᠷᠢᠳᠬᠡᠨ᠂ ᠣᠨ᠎ᠤ ᠦᠨᠡᠯᠡᠯᠲᠡ ᠪᠠ ᠬᠢᠨᠠᠨ ᠰᠢᠯᠭ᠋ᠠᠬᠤ ᠠᠵᠢᠯ᠎ᠢ ᠨᠠᠷᠢᠨ ᠬᠢᠨᠠᠮᠠᠭ᠋ᠠᠢ ᠥᠷᠨᠢᠭᠦᠯᠬᠦ ᠵᠢᠨ ᠬᠠᠮᠲᠤ ᠲᠡᠷᠢᠭᠦᠨ᠎ᠤ ᠭᠠᠵᠠᠷ ᠣᠷᠣᠨ᠎ᠲᠠᠢ ᠬᠠᠷᠭᠤᠭᠤᠯᠵᠤ᠂ ᠭᠣᠣᠯ ᠰᠢᠪᠲᠤᠯᠤᠯᠲᠠ ᠵᠢᠨ ᠴᠢᠭᠯᠡᠯ᠎ᠢ ᠣᠨᠣᠪᠴᠢᠲᠠᠢ ᠣᠯᠵᠤ᠂ ᠢᠷᠡᠬᠦ ᠵᠢᠯ᠎ᠤᠨ ᠭᠣᠣᠯᠳᠠᠯᠭ᠎ᠠ᠎ᠲᠠᠢ ᠡᠭᠦᠷᠭᠡ ᠵᠢ ᠢᠳᠡᠪᠬᠢᠲᠡᠢ ᠲᠥᠯᠥᠪᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠢ ᠦᠷᠭᠦᠯᠵᠢᠯᠡᠨ ᠠᠬᠢᠭᠤᠯᠵᠤ ᠨᠡᠩ ᠶᠡᠬᠡ ᠦᠷ᠎ᠡ ᠪᠦᠲᠦᠮᠵᠢ ᠤᠯᠬᠤ ᠬᠡᠷᠡᠭᠲᠡᠢ᠃
ᠬᠤᠷᠠᠯ᠎ᠠᠴᠠ ᠴᠢᠬᠤᠯᠠᠴᠢᠯᠠᠬᠰᠠᠨ᠎ᠨᠢ᠂ 《ᠰᠢᠨᠵᠢᠯᠡᠬᠦ ᠮᠡᠷᠭᠡᠵᠢᠯ ᠵᠶ᠋ᠠᠷ ᠦᠪᠤᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠪᠦᠬᠦ ᠲᠠᠯ᠎ᠠ᠎ᠪᠠᠷ ᠲᠥᠯᠥᠪᠵᠢᠭᠦᠯᠬᠦ ᠵᠢ ᠪᠠᠷᠢᠮᠲᠠᠯᠠᠵᠤ᠂ ᠰᠢᠰᠲ᠋ᠧᠮ᠎ᠤᠨ ᠴᠤᠭᠯᠠᠷᠠᠯ᠎ᠢ ᠴᠢᠩᠭ᠋ᠠᠳᠬᠠᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠤᠬᠠᠢ ᠡᠯ᠎ᠡ ᠵᠦᠢ᠍ᠯ᠎ᠤᠨ ᠪᠠᠶ᠋ᠢᠷᠢᠯᠠᠭᠤᠯᠤᠯᠲᠠ ᠵᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠪᠣᠯᠤᠨ ᠠᠵᠤ ᠠᠬᠤᠢ᠂ ᠨᠡᠶ᠋ᠢᠭᠡᠮ ᠵᠡᠷᠭᠡ ᠬᠦᠷᠢᠶᠡᠨ᠎ᠤ ᠥᠭᠡᠷᠡᠴᠢᠯᠡᠯᠲᠡ ᠵᠢᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠥᠭᠡᠷᠡᠴᠢᠯᠡᠯᠲᠡ᠎ᠳᠤ ᠭᠠᠭᠴᠠ᠎ᠪᠠᠷ ᠵᠶ᠋ᠠᠨ ᠭᠠᠪᠰᠢᠭ᠋ᠠᠶ᠋ᠢᠯᠠᠬᠤ᠂ ᠨᠢᠭᠡ ᠵᠢ᠎ᠨᠢ ᠠᠳᠬᠤᠭ᠋ᠠᠳ ᠨᠥᠭᠥᠭᠡ ᠵᠢ᠎ᠨᠢ ᠠᠯᠳᠠᠬᠤ ᠪᠠ ᠥᠭᠡᠷᠡᠴᠢᠯᠡᠯᠲᠡ ᠵᠢ ᠬᠡᠰᠡᠭ ᠪᠤᠰᠠᠭ ᠪᠣᠯᠬᠤ ᠵᠢ ᠰᠡᠷᠭᠡᠶ᠋ᠢᠯᠡᠬᠦ ᠬᠡᠷᠡᠭᠲᠡᠢ᠃ ᠭᠣᠣᠯ ᠵᠥᠷᠢᠴᠡᠯ᠎ᠢ ᠠᠳᠬᠤᠵᠤ᠂ ᠭᠣᠣᠯᠳᠠᠯᠭ᠎ᠠ᠎ᠲᠠᠢ ᠰᠢᠪᠲᠤᠯᠤᠯᠲᠠ ᠬᠢᠬᠦ ᠵᠢ ᠴᠢᠩᠭ᠋ᠠᠳᠬᠠᠵᠤ᠂ ᠰᠢᠨᠵᠢᠯᠡᠬᠦ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠲᠣᠭᠲᠠᠴᠠ ᠵᠢ ᠪᠦᠷᠢᠨᠰᠢᠬᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠨᠡᠬᠡᠬᠡᠯᠳᠡ ᠬᠢᠵᠦ ᠬᠠᠮᠲᠤᠷᠠᠯᠴᠠᠬᠤ ᠲᠣᠭᠲᠠᠴᠠ ᠵᠢ ᠪᠦᠷᠢᠨᠰᠢᠬᠦᠯᠵᠤ᠂ ᠣᠷᠣᠨ᠎ᠤ ᠭᠠᠳᠠᠨᠠᠬᠢ ᠰᠢᠨ᠎ᠡ ᠵᠢ ᠡᠭᠦᠳᠬᠦ ᠥᠨᠳᠥᠷ ᠭᠠᠵᠠᠷ᠎ᠲᠤ ᠲᠦᠰᠢᠭᠯᠡᠨ ᠮᠠᠨ᠎ᠤ ᠣᠷᠣᠨ᠎ᠤ ᠰᠢᠨ᠎ᠡ ᠵᠢ ᠡᠭᠦᠳᠬᠦ ᠬᠥᠭᠵᠢᠯᠲᠡ ᠵᠢ ᠳᠠᠶ᠋ᠢᠴᠢᠯᠠᠬᠤ ᠬᠡᠷᠡᠭᠲᠡᠢ᠃ ᠴᠢᠳᠠᠪᠤᠷᠢᠲᠠᠨ᠎ᠤ ᠬᠥᠭᠵᠢᠯᠲᠡ ᠵᠢᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠴᠢᠳᠠᠪᠤᠷᠢᠲᠠᠨ᠎ᠢ ᠲᠠᠨᠢᠬᠤ᠂ ᠴᠢᠳᠠᠪᠤᠷᠢᠲᠠᠨ᠎ᠢ ᠬᠠᠶ᠋ᠢᠷᠠᠯᠠᠬᠤ᠂ ᠴᠢᠳᠠᠪᠤᠷᠢᠲᠠᠨ᠎ᠢ ᠬᠦᠨᠳᠦᠳᠬᠡᠬᠦ᠂ ᠴᠢᠳᠠᠪᠤᠷᠢᠲᠠᠨ᠎ᠢ ᠬᠡᠷᠡᠭᠯᠡᠬᠦ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠦᠢ᠍ᠯᠡᠳᠤᠯ᠎ᠢ ᠴᠢᠬᠤᠯᠠᠴᠢᠯᠠᠵᠤ᠂ ᠬᠥᠲᠥᠯᠥᠨ ᠳᠠᠭ᠋ᠠᠭᠤᠯᠵᠤ ᠳᠠᠶ᠋ᠢᠴᠢᠯᠠᠬᠤ ᠵᠢ ᠴᠢᠩᠭ᠋ᠠᠳᠬᠠᠵᠤ᠂ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠂ ᠶᠡᠬᠡ ᠳᠡᠭᠡᠳᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠡᠷᠭᠡ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢ ᠭᠦᠢ᠍ᠴᠡᠳ ᠠᠰᠢᠭᠯᠠᠨ ᠴᠢᠬᠤᠯᠠ ᠬᠦᠷᠢᠶ᠎ᠡ ᠪᠣᠯᠤᠨ ᠪᠣᠭᠣᠮᠢ ᠬᠢᠵᠠᠭ᠋ᠠᠷᠯᠠᠯ᠎ᠤᠨ ᠭᠣᠭᠴᠣᠭ᠎ᠠ᠎ᠳᠤ ᠤᠷᠢᠳ ᠵᠶ᠋ᠡᠷ ᠬᠡᠷᠡᠭᠵᠢᠭᠦᠯᠵᠦ ᠤᠷᠢᠳ ᠵᠶ᠋ᠡᠷ ᠲᠤᠷᠰᠢᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠲᠤ ᠡᠭᠦᠷᠭᠡ ᠲᠤᠰᠢᠶᠠᠯ᠎ᠤᠨ ᠰᠢᠨᠵᠢᠯᠡᠬᠦ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠪᠤᠶᠤ ᠣᠷᠳᠣ ᠬᠤᠭᠤᠴᠠᠭ᠋ᠠᠨ᠎ᠤ ᠬᠡᠷᠡᠭᠯᠡᠬᠦ ᠡᠷᠬᠡ ᠣᠯᠭᠣᠬᠤ᠂ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠢ ᠨᠡᠭᠡᠭᠡᠯᠲᠡ᠎ᠲᠠᠢ ᠪᠥᠭᠡᠳ ᠬᠠᠮᠲᠤ᠎ᠪᠠᠷ ᠡᠳ᠋ᠯᠡᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶᠠᠷᠤᠯᠲᠠ ᠵᠢᠨ 《ᠰᠠᠭ᠋ᠠᠳ ᠥᠬᠡᠶ ᠵᠠᠮ》᠂ ᠲᠥᠷᠥᠯ ᠵᠦᠢ᠍ᠯ᠎ᠤᠨ ᠵᠠᠷᠤᠳᠠᠯ᠎ᠤᠨ ᠬᠡᠷᠡᠭᠯᠡᠯᠲᠡ ᠵᠢᠨ 《ᠳᠠᠭ᠋ᠠᠭ᠋ᠠᠴᠢᠯᠠᠯᠲᠠ ᠵᠢᠨ ᠲᠦᠷᠢᠮ》 ᠵᠡᠷᠭᠡ ᠥᠭᠡᠷᠡᠴᠢᠯᠡᠯᠲᠡ ᠵᠢᠨ ᠲᠤᠷᠰᠢᠯᠲᠠ ᠵᠢ ᠭᠦᠨᠵᠡᠭᠡᠶ᠋ᠢᠷᠡᠭᠦᠯᠦᠨ ᠥᠷᠭᠡᠳᠬᠡᠵᠦ᠂ ᠰᠢᠨ᠎ᠡ ᠵᠢ ᠡᠭᠦᠳᠬᠦ ᠳᠠᠯᠳᠠ ᠬᠦᠴᠦᠨ ᠠᠮᠢᠳᠤᠯᠢᠭ ᠬᠦᠴᠦᠨ ᠬᠥᠳᠡᠯᠭᠡᠬᠦ ᠬᠦᠴᠦᠨ᠎ᠢ ᠲᠠᠢ᠌ᠴᠢᠯᠠᠬᠤ ᠬᠡᠷᠡᠭᠳᠡᠢ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠭᠡᠰᠢᠭᠦᠳ ᠬᠤᠷᠠᠯ᠎ᠳᠤ ᠣᠷᠣᠯᠴᠠᠵᠤ᠂ ᠬᠠᠮᠢᠶ᠎ᠠ ᠪᠥᠬᠥᠶ ᠲᠠᠯ᠎ᠠ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ᠃