ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ 《ᠡᠪᠤᠯ᠎ᠤᠨ ᠠᠮᠠᠷᠠᠯᠳᠠ ᠪᠠ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠎ᠬᠢ ᠠᠪᠤ ᠡᠵᠢ᠎ᠨᠢ ᠲᠤᠰ ᠭᠠᠵᠠᠷ᠎ᠲᠤ᠎ᠪᠠᠨ ᠴᠠᠭ᠋ᠠᠯᠠᠬᠤ ᠬᠦᠳᠡᠬᠡ ᠲᠤᠰᠬᠤᠨ ᠮᠠᠯᠵᠢᠬᠤ ᠤᠷᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ᠎ᠲᠤ ᠦᠢ᠍ᠯᠡᠴᠢᠯᠡᠬᠦ ᠠᠵᠢᠯ᠎ᠤᠨ ᠲᠤᠬᠠᠢ ᠮᠡᠳᠡᠭᠳᠡᠯ》᠎ᠢ ᠬᠡᠪᠯᠡᠬᠦᠯᠤᠨ ᠲᠠᠷᠬᠠᠭ᠋ᠠᠪᠠ
ᠨᠡᠶᠢᠲᠡᠯᠡᠭᠰᠡᠨ ᠴᠠᠭ᠄ 2021-02-07


      ᠤᠯᠠᠨ ᠲᠦᠮᠡᠨ ᠊ᠡᠤ ᠲᠤᠰ ᠭᠠᠵᠠᠷ᠎ᠲᠤ᠎ᠪᠠᠨ ᠴᠠᠭ᠋ᠠᠠᠯᠬᠤ᠎ᠳᠤ ᠦᠢ᠍ᠯᠡᠴᠢᠯᠡᠬᠦ ᠠᠵᠢᠯ᠎ᠢ ᠰᠠᠢ᠌ᠳᠤᠷ ᠬᠢᠬᠦ ᠲᠤᠬᠠᠢ ᠤᠯᠤᠰ ᠪᠠ ᠦᠪᠡᠷᠳᠡᠬᠡᠨ ᠵᠠᠰᠠᠬᠤ ᠤᠷᠤᠨ᠎ᠤ ᠪᠠᠢ᠌ᠷᠢᠯᠠᠭᠤᠯᠤᠯᠳᠠ ᠵᠢᠨ ᠱᠠᠭ᠋ᠠᠷᠳᠠᠯᠭ᠎ᠠ ᠪᠠ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠬᠡᠷ᠎ᠤᠨ 《ᠡᠪᠤᠯ᠎ᠤᠨ ᠠᠮᠠᠷᠠᠯᠳᠠ ᠪᠠ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠠᠪᠤ ᠡᠵᠢ᠎ᠨᠢ ᠲᠤᠰ ᠭᠠᠵᠠᠷ᠎ᠲᠤ᠎ᠪᠠᠨ ᠴᠠᠭ᠋ᠠᠯᠠᠬᠤ ᠬᠦᠳᠡᠬᠡ ᠲᠤᠰᠬᠤᠨ ᠮᠠᠯᠵᠢᠬᠤ ᠤᠷᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ᠎ᠢ ᠬᠠᠯᠠᠮᠵᠢᠯᠠᠬᠤ ᠦᠢ᠍ᠯᠡᠴᠢᠯᠡᠬᠡ ᠵᠢ ᠴᠢᠡᠭᠭ᠋ᠠᠳᠬᠠᠬᠤ ᠲᠤᠬᠠᠢ ᠮᠡᠳᠡᠭᠳᠡᠯ》᠎ᠤᠨ ᠵᠤᠷᠢᠭ ᠰᠠᠨᠠᠭ᠎ᠠ ᠵᠢ ᠦᠨᠳᠤᠰᠤᠯᠡᠨ ᠤᠢ᠌ᠷ᠎ᠠ᠎ᠳᠤ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ 《ᠡᠪᠤᠯ᠎ᠤᠨ ᠠᠮᠠᠷᠠᠯᠳᠠ ᠪᠠ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠠᠪᠤ ᠡᠵᠢ᠎ᠨᠢ ᠲᠤᠰ ᠭᠠᠵᠠᠷ᠎ᠲᠤ᠎ᠪᠠᠨ ᠴᠠᠭ᠋ᠠᠯᠠᠬᠰᠠᠨ ᠬᠦᠳᠡᠬᠡ ᠲᠤᠰᠬᠤᠨ ᠮᠠᠯᠵᠢᠬᠤ ᠤᠷᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ᠎ᠲᠤ ᠦᠢ᠍ᠯᠡᠴᠢᠯᠡᠬᠦ ᠠᠵᠢᠯ᠎ᠤᠨ ᠲᠤᠬᠠᠢ ᠮᠡᠳᠡᠭᠳᠡᠯ》 (ᠲᠠᠷᠠᠭ᠎ᠠ᠎ᠪᠠᠷ 《ᠮᠡᠳᠡᠭᠳᠡᠯ》 ᠭᠡᠵᠤ ᠲᠦᠬᠦᠮᠴᠢᠯᠡᠶ᠎ᠡ)᠎ᠢ ᠬᠡᠪᠯᠡᠬᠦᠯᠤᠨ ᠲᠠᠷᠬᠠᠭ᠋ᠠᠵᠤ᠂ ᠠᠪᠤ ᠡᠵᠢ᠎ᠨᠢ ᠲᠤᠰ ᠭᠠᠵᠠᠷ᠎ᠲᠤ᠎ᠪᠠᠨ ᠴᠠᠭ᠋ᠠᠯᠠᠬᠤ ᠬᠦᠳᠡᠬᠡ ᠲᠤᠰᠬᠤᠨ ᠮᠠᠯᠵᠢᠬᠤ ᠤᠷᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ᠎ᠲᠤ ᠦᠢ᠍ᠯᠡᠴᠢᠯᠡᠬᠦ ᠠᠵᠢᠯ᠎ᠢ ᠬᠡᠤᠬᠡᠳ᠎ᠤᠨ ᠲᠤᠭ᠎ᠠ ᠵᠢ ᠪᠦᠷᠢᠳᠬᠡᠬᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠢ᠌ᠳᠠᠪᠤᠷᠢᠭᠤᠯᠬᠤ ᠵᠢ ᠴᠢᠡᠭᠭ᠋ᠠᠳᠬᠠᠬᠤ᠂ ᠬᠠᠯᠠᠮᠵᠢᠯᠠᠨ ᠲᠡᠮᠵᠢᠬᠦ ᠠᠵᠢᠯᠯᠠᠭ᠋ᠠᠨ᠎ᠢ ᠢᠳᠡᠪᠬᠢᠳᠡᠢ ᠦᠷᠨᠢᠬᠦᠯᠬᠦ ᠵᠡᠷᠬᠡ ᠵᠢᠷᠭᠤᠭ᠋ᠠᠨ ᠲᠠᠯ᠎ᠠ᠎ᠪᠠᠷ ᠵᠤᠬᠢᠶᠠᠨ ᠪᠠᠢ᠌ᠭᠤᠯᠵᠤ ᠪᠠᠢ᠌ᠷᠢᠯᠠᠭᠤᠯᠪᠠ᠃
  《ᠮᠡᠳᠡᠭᠳᠡᠯ》᠎ᠳᠤ᠂ ᠡᠯ᠎ᠡ ᠭᠠᠵᠠᠷ ᠡᠪᠤᠯ᠎ᠤᠨ ᠠᠮᠠᠷᠠᠯᠳᠠ ᠪᠠ ᠴᠠᠭ᠋ᠠᠨ ᠰᠠᠷ᠎ᠠ ᠵᠢᠨ ᠬᠣᠭᠤᠴᠠᠭ᠋ᠠᠨ᠎ᠳᠤ ᠠᠪᠤ ᠡᠵᠢ᠎ᠨᠢ᠎ᠬᠢ ᠲᠤᠰ ᠭᠠᠵᠠᠷ᠎ᠲᠤ᠎ᠪᠠᠨ ᠴᠠᠭ᠋ᠠᠯᠠᠬᠤ ᠬᠦᠳᠡᠬᠡ ᠲᠤᠰᠬᠤᠨ ᠮᠠᠯᠵᠢᠬᠤ ᠤᠷᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ᠎ᠲᠤ ᠦᠢ᠍ᠯᠡᠴᠢᠯᠡᠬᠦ ᠵᠢ ᠦᠨᠡᠨ ᠬᠦ᠌ ᠴᠢᠡᠭᠭ᠋ᠠᠳᠬᠠᠵᠤ᠂ ᠬᠡᠤᠬᠡᠳ᠎ᠢ ᠱᠠᠭ᠋ᠠᠷᠳᠠᠨ ᠵᠢᠯᠤᠭᠤᠳᠤᠬ᠍ᠴᠢ ᠵᠢ ᠵᠤᠬᠢᠶᠠᠨ ᠪᠠᠢ᠌ᠭᠤᠯᠬᠤ᠂ ᠬᠡᠤᠬᠡᠳ᠎ᠤᠨ ᠡᠷᠬᠢᠯᠡᠭᠴᠢ ᠨᠢᠬᠡ ᠤᠳᠠᠭ᠎ᠠ ᠲᠦᠪᠯᠡᠷᠡᠬᠦᠯᠤᠨ ᠪᠠᠢ᠌ᠴᠠᠭ᠋ᠠᠬᠤ ᠠᠵᠢᠯᠯᠠᠭ᠎ᠠ ᠦᠷᠨᠢᠬᠦᠯᠬᠦ ᠵᠡᠷᠬᠡ ᠠᠷᠭ᠎ᠠ᠎ᠪᠠᠷ ᠠᠪᠤ ᠡᠵᠢ᠎ᠨᠢ ᠲᠤᠰ ᠭᠠᠵᠠᠷ᠎ᠲᠤ᠎ᠪᠠᠨ ᠴᠠᠭ᠋ᠠᠯᠠᠬᠤ ᠬᠦᠳᠡᠬᠡ ᠲᠤᠰᠬᠤᠨ ᠮᠠᠯᠵᠢᠬᠤ ᠤᠷᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ ᠪᠤᠯᠭ᠋ᠠᠨ᠎ᠢ ᠨᠠᠢ᠌ᠳᠠᠨ ᠬᠠᠮᠢᠶᠠᠷᠴᠤ ᠬᠠᠷᠠᠭ᠋ᠠᠯᠵᠠᠬᠤ ᠬᠦᠮᠦᠨ᠎ᠲᠠᠢ ᠪᠠᠢ᠌ᠬᠤ ᠵᠢ ᠪᠠᠳᠤᠯᠠᠬᠤ ᠬᠡᠷᠡᠭᠳᠡᠢ ᠪᠦᠬᠡᠳ ᠲᠤᠬᠢᠷᠠᠮᠵᠢᠳᠠᠢ ᠬᠠᠷᠠᠭ᠋ᠠᠯᠵᠠᠭᠤᠯᠵᠤ᠂ ᠬᠦᠯᠤᠰᠤᠨ ᠠᠵᠢᠯ᠎ᠳᠤ ᠶᠠᠪᠤᠬᠰᠠᠨ ᠠᠪᠤ ᠡᠵᠢ ᠵᠢ᠎ᠨᠢ ᠬᠡᠷ᠎ᠲᠤ᠎ᠪᠠᠨ ᠬᠤᠴᠤᠷᠤᠬᠰᠠᠨ ᠬᠡᠤᠬᠡᠳ᠎ᠲᠠᠢ᠎ᠪᠠᠨ ᠤᠳᠠᠰᠤ ᠪᠤᠶᠤ ᠸᠢᠳᠢᠤ᠋᠎ᠪᠠᠷ 《ᠨᠢᠭᠤᠷᠳᠠᠨ ᠶᠠᠷᠢᠯᠴᠠᠬᠤ》 ᠵᠢ ᠤᠬᠠᠭᠤᠯᠵᠤ᠂ 《ᠬᠡᠷ᠎ᠤᠨ ᠠᠬᠠᠮᠠᠳ᠎ᠨᠢ ᠡᠵᠡᠬᠦᠢ ᠴᠦ᠍ ᠬᠡᠷ ᠪᠦᠯᠢ᠎ᠨᠢ ᠬᠠᠯᠠᠭᠤᠨ ᠲᠤᠯᠠᠭ᠋ᠠᠨ》 ᠪᠠᠢ᠌ᠬᠤ ᠵᠢ ᠪᠠᠳᠤᠯᠠᠬᠤ ᠬᠡᠷᠡᠭᠳᠡᠢ ᠭᠡᠵᠤ ᠲᠤᠳᠤᠷᠬᠠᠢ ᠲᠤᠷᠠᠳᠴᠠᠢ᠃
   《ᠮᠡᠳᠡᠭᠳᠡᠯ》᠎ᠳᠤ ᠪᠠᠰᠨ ᠡᠯ᠎ᠡ ᠱᠠᠳᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠨᠢᠬᠡ᠎ᠳᠤ᠂ ᠲᠤᠬᠠᠢ ᠵᠢᠨ ᠭᠠᠵᠠᠷ᠎ᠤᠨ ᠬᠢᠵᠢᠭ᠎ᠢ ᠰᠡᠷᠬᠡᠢ᠌ᠯᠡᠬᠦ ᠰᠠᠯᠠᠭ᠎ᠠ ᠮᠦᠴᠢᠷ᠎ᠲᠠᠢ ᠬᠠᠮᠵᠢᠯᠴᠠᠨ ᠬᠦᠳᠡᠬᠡ ᠲᠤᠰᠬᠤᠨ ᠮᠠᠯᠵᠢᠬᠤ ᠤᠷᠤᠨ᠎ᠤ ᠬᠡᠷ᠎ᠲᠤ᠎ᠪᠠᠨ ᠬᠤᠴᠤᠷᠤᠬᠰᠠᠨ ᠬᠡᠤᠬᠡᠳ᠎ᠢ ᠬᠤᠯᠪᠤᠭ᠋ᠠᠯᠠᠨ ᠰᠡᠷᠬᠡᠢ᠌ᠯᠡᠬᠦ ᠲᠤᠬᠳᠠᠯᠴᠠᠭ᠎ᠠ᠎ᠳᠤ ᠤᠷᠤᠭᠤᠯᠤᠨ ᠨᠢᠬᠡᠳᠤᠯᠳᠡᠢ ᠪᠠᠢ᠌ᠷᠢᠯᠠᠭᠤᠯᠬᠤ᠎ᠳᠤ᠎ᠪᠠᠨ ᠭᠤᠤᠯᠳᠠᠯᠭ᠎ᠠ᠎ᠨᠢ ᠬᠠᠢ᠌ᠷᠠᠯᠠᠨ ᠬᠠᠯᠠᠮᠵᠢᠯᠠᠬᠤ᠎ᠳᠤ ᠪᠠᠢ᠌ᠨ᠎ᠠ᠃ ᠬᠤᠶᠠᠷ᠎ᠲᠤ᠂ ᠠᠷᠠᠳ᠎ᠤᠨ ᠶᠠᠪᠤᠳᠠᠯ᠎ᠤᠨ ᠶᠠᠮᠤᠨ᠂ ᠲᠤᠳᠤᠭ᠋ᠠᠳᠤ ᠵᠢᠨ ᠬᠠᠮᠠᠭ᠋ᠠᠯᠠᠬᠤ ᠶᠠᠮᠤᠨ᠂ ᠡᠷᠡᠬᠦᠯ ᠬᠠᠮᠠᠭ᠋ᠠᠯᠠᠯ ᠡᠷᠡᠬᠦᠯ ᠮᠡᠨᠳᠤ ᠵᠢᠨ ᠵᠦᠪᠯᠡᠯ ᠵᠡᠷᠬᠡ ᠰᠠᠯᠠᠭ᠎ᠠ ᠮᠦᠴᠢᠷ᠎ᠤᠨ 《ᠬᠢᠨᠠᠨ ᠬᠠᠮᠢᠶᠠᠷᠤᠯᠳᠠ ᠲᠤᠳᠠᠭᠤ ᠨᠠᠰᠤᠨ᠎ᠳᠤ ᠦᠯᠤ ᠬᠦᠷᠦᠭᠰᠡᠳ᠎ᠤᠨ ᠬᠡᠨᠡᠳᠳᠡ ᠵᠢᠨ ᠬᠡᠷᠡᠭ᠎ᠠᠴᠠ ᠪᠤᠯᠤᠬᠰᠠᠨ ᠨᠦᠯᠤᠬᠡ᠎ᠳᠤ ᠠᠪᠳᠠᠬᠤ᠎ᠠᠴᠠ ᠠᠪᠤᠷᠠᠨ ᠬᠠᠮᠠᠭ᠋ᠠᠯᠠᠬᠤ ᠠᠵᠢᠯ᠎ᠤᠨ ᠲᠤᠬᠠᠢ ᠰᠠᠨᠠᠯ》᠎ᠤᠨ ᠱᠠᠭ᠋ᠠᠷᠳᠠᠯᠭ᠎ᠠ ᠶᠤᠰᠤᠭ᠋ᠠᠷ ᠡᠪᠤᠯ᠎ᠤᠨ ᠠᠮᠠᠷᠠᠯᠳᠠ ᠪᠠ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠬᠢᠨᠠᠨ ᠬᠠᠮᠢᠶᠠᠷᠤᠯᠳᠠ ᠲᠤᠳᠠᠭᠤ ᠨᠠᠰᠤᠨ᠎ᠳᠤ ᠦᠯᠤ ᠬᠦᠷᠦᠭᠰᠡᠳ᠎ᠢ ᠲᠤᠰᠠᠯᠠᠨ ᠬᠠᠮᠠᠭ᠋ᠠᠯᠠᠬᠤ ᠠᠵᠢᠯ᠎ᠢ ᠴᠢᠡᠭᠭ᠋ᠠᠳᠬᠠᠬᠤ ᠬᠡᠷᠡᠭᠳᠡᠢ᠃ ᠭᠤᠷᠪᠠ᠎ᠳᠤ᠂ ᠡᠪᠤᠯ᠎ᠤᠨ ᠠᠮᠠᠷᠠᠯᠳᠠ ᠪᠠ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠬᠦᠳᠡᠬᠡ ᠲᠤᠰᠬᠤᠨ ᠮᠠᠯᠵᠢᠬᠤ ᠤᠷᠤᠨ᠎ᠤ ᠬᠡᠷ᠎ᠲᠤ᠎ᠪᠠᠨ ᠬᠤᠴᠤᠷᠤᠬᠰᠠᠠ ᠬᠡᠤᠬᠡᠳ᠎ᠲᠤ ᠬᠤᠨᠤᠭ ᠲᠤᠬᠢᠷᠠᠭᠤᠯᠵᠤ ᠪᠠᠢ᠌ᠭ᠎ᠠ ᠠᠰᠠᠷᠠᠨ ᠬᠠᠷᠠᠭ᠋ᠠᠯᠵᠠᠬᠤ ᠪᠠᠢ᠌ᠭᠤᠯᠤᠮᠵᠢ ᠵᠢ ᠪᠦᠬᠦ ᠲᠠᠯ᠎ᠠ᠎ᠪᠠᠷ ᠪᠠᠢ᠌ᠴᠠᠭ᠋ᠠᠵᠤ᠂ ᠠᠰᠠᠷᠠᠨ ᠬᠠᠷᠠᠭ᠋ᠠᠯᠵᠠᠬᠤ ᠪᠠᠢ᠌ᠭᠤᠯᠤᠮᠵᠢ ᠵᠢᠨ ᠬᠢᠵᠢᠭ᠎ᠠᠴᠠ ᠰᠡᠷᠬᠡᠢ᠌ᠯᠡᠬᠦ᠂ ᠠᠰᠠᠷᠠᠨ ᠬᠠᠷᠠᠭ᠋ᠠᠯᠵᠠᠬᠤ ᠶᠠᠰᠤ ᠴᠢᠨᠠᠷ᠎ᠢ ᠪᠦᠳᠦᠮᠵᠢᠳᠡᠢ ᠠᠷᠭ᠎ᠠ᠎ᠪᠠᠷ ᠬᠢᠨᠠᠨ ᠬᠠᠮᠢᠶᠠᠷᠴᠤ᠂ ᠠᠰᠠᠭᠤᠳᠠᠯ ᠭᠠᠷᠬᠤ ᠦᠬᠡᠢ ᠵᠢ ᠦᠨᠡᠨ ᠬᠦ᠌ ᠪᠠᠳᠤᠯᠠᠬᠤ ᠬᠡᠷᠡᠭᠳᠡᠢ ᠭᠡᠵᠤ ᠱᠠᠭ᠋ᠠᠷᠳᠠᠪᠠ᠃
 

ᠢᠷᠡᠯᠲᠡ᠄ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠡᠭ ᠲᠦᠷᠤ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ ᠲᠡᠬᠡᠷ᠎ᠡ ᠭᠠᠷ᠎ᠤᠨ ᠦᠰᠦᠭ ᠵᠢᠷᠤᠵᠤ᠂ ᠬᠠᠤᠯᠢ ᠪᠤᠰᠤ᠎ᠪᠠᠷ ᠪᠡᠯᠨ ᠴᠤᠬᠯᠠᠭᠤᠯᠬᠤ ᠵᠢ ᠰᠡᠷᠬᠡᠢ᠌ᠯᠡᠵᠤ ᠰᠢᠢ᠍ᠳᠪᠤᠷᠢᠯᠡᠬᠦ ᠲᠦᠷᠢᠮ᠎ᠢ ᠨᠡᠢ᠌ᠳᠡᠯᠡᠪᠡ
《ᠦᠨᠡᠨ》 ᠰᠡᠳᠬᠦᠯ ᠶᠡᠷᠤᠡᠭᠭᠡᠢ ᠱᠦᠵᠢ ᠰᠢ ᠵᠢᠨ ᠫᠢᠡᠭ᠎ᠤᠨ ᠴᠢᠬᠤᠯᠨ ᠵᠤᠬᠢᠶᠠᠯ᠎ᠢ ᠨᠡᠢ᠌ᠳᠡᠯᠡᠪᠡ
ᠰᠢ ᠵᠢᠨ ᠫᠢᠡᠭ ᠨᠠᠮ᠎ᠤᠨ ᠲᠦᠪ ᠬᠤᠷᠢᠶᠠᠨ᠎ᠤ ᠤᠯᠤᠰ ᠲᠦᠷᠤ ᠵᠢᠨ ᠲᠤᠪᠴᠢᠶᠠᠨ᠎ᠤ ᠬᠤᠷᠢᠨ ᠨᠠᠢ᠍ᠮᠠᠳᠤᠭ᠋ᠠᠷ ᠤᠳᠠᠭ᠎ᠠ ᠵᠢᠨ ᠬᠠᠮᠳᠤ ᠵᠢᠨ ᠰᠤᠷᠤᠯᠴᠠᠯᠭ᠎ᠠ ᠲᠡᠬᠡᠷ᠎ᠡ ᠴᠢᠬᠤᠯᠠᠴᠢᠯᠠᠬᠰᠠᠨ᠎ᠨᠢ ᠪᠦᠬᠦ ᠠᠷᠠᠳ᠎ᠢ ᠬᠠᠮᠤᠷᠤᠬᠰᠠᠨ ᠨᠡᠢ᠌ᠬᠡᠮ᠎ᠤᠨ ᠪᠠᠳᠤᠯᠠᠭ᠎ᠠ ᠵᠢᠨ ᠰᠢᠰᠲᠸᠮ᠎ᠢ ᠲᠡᠬᠦᠯᠳᠡᠷᠵᠢᠬᠦᠯᠵᠤ ᠨᠡᠢ᠌ᠬᠡᠮ᠎ᠤᠨ ᠪᠠᠳᠤᠯᠠᠭ᠎ᠠ ᠵᠢᠨ ᠦᠢ᠍ᠯᠡᠰ᠎ᠤᠨ ᠴᠢᠨᠠᠷ ᠰᠠᠢ᠌ᠳᠠᠢ ᠬᠦᠭᠵᠢᠯᠳᠡ ᠲᠠᠭ᠋ᠠᠭ᠋ᠠᠮᠠᠭ᠋ᠠᠢ ᠬᠦᠭᠵᠢᠯᠳᠡ ᠵᠢ ᠠᠬᠢᠭᠤᠯᠬᠤ ᠬᠡᠷᠡᠭᠳᠡᠢ
ᠦᠪᠡᠷᠳᠡᠭᠡᠨ ᠵᠠᠰᠠᠬᠤ ᠤᠷᠤᠨ ᠠᠷᠠᠤᠨ᠎ᠤᠨ ᠶᠠᠪᠤᠳᠠᠯ᠎ᠤᠨ ᠲᠢᠩᠭᠢᠮ ᠵᠡᠷᠭᠡ 16 ᠰᠠᠯᠠᠭ᠎ᠠ ᠮᠦᠴᠢᠷ᠎ᠤᠨ᠎ᠬᠢᠨ ᠬᠠᠮᠳᠤᠷᠠᠨ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠢ᠌ᠭᠡᠮ᠎ᠤᠨ ᠠᠵᠢᠯ᠎ᠤᠨ ᠲᠤᠰᠬᠠᠢ ᠠᠵᠢᠯ᠎ᠤᠨ ᠪᠠᠢ᠌ᠷᠢ ᠵᠢᠨ ᠨᠡᠭᠡᠭᠡᠯᠳᠠ ᠪᠠ ᠴᠢᠳᠠᠪᠤᠷᠢᠳᠠᠨ᠎ᠢ ᠤᠷᠮᠠᠰᠢᠭᠤᠯᠬᠤ ᠪᠠᠳᠤᠯᠭ᠎ᠠ ᠵᠢ ᠴᠢᠩᠭ᠋ᠠᠳᠬᠠᠬᠤ ᠲᠤᠬᠠᠢ ᠭᠡᠷᠡᠭᠵᠢᠬᠦᠯᠬᠦ ᠰᠠᠨᠠᠯ》᠎ᠢ ᠲᠤᠭᠳᠠᠭ᠋ᠠᠪᠠ
ᠲᠤᠮᠳᠠᠳᠤ ᠵᠢᠨ ᠦᠨᠳᠤᠰᠤᠳᠡᠨ᠎ᠤ ᠬᠠᠮᠳᠤ ᠵᠢᠨ ᠴᠤᠬ᠍ᠴᠨ ᠵᠢᠨ ᠤᠬᠠᠮᠰᠠᠷ᠎ᠢ ᠪᠠᠳᠤ ᠴᠤᠬ᠍ᠴᠠᠯᠠᠰᠤᠭ᠋ᠠᠢ
 
            