ᠰᠢᠨ᠎ᠡ᠎ᠪᠠᠷ ᠨᠡᠮᠡᠯᠳᠡ ᠤᠷᠤᠭᠤᠯᠤᠬᠰᠠᠨ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠨᠠᠰᠤᠨ᠎ᠳᠤ ᠦᠯᠤ ᠬᠦᠷᠦᠭᠰᠡᠳ᠎ᠤᠨ ᠬᠠᠤᠯᠢ》 (《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠭᠡᠵᠤ ᠲᠦᠬᠦᠮᠴᠢᠯᠡᠶ᠎ᠡ) ᠵᠢ ᠬᠦᠨᠵᠡᠬᠡᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠨᠡᠢ᠌ᠬᠡᠮ᠎ᠤᠨ ᠬᠡᠪᠴᠢᠶᠡᠨ᠎ᠳᠤ ᠨᠠᠰᠤᠨ᠎ᠳᠤ ᠦᠯᠤ ᠬᠦᠷᠦᠭᠰᠡᠳ᠎ᠤᠨ ᠡᠷᠡᠬᠦᠯ ᠴᠢᠬᠢᠷᠠᠭ ᠦᠰᠤᠨ ᠪᠤᠢ᠌ᠵᠢᠯᠳᠠ᠎ᠳᠤ ᠦᠨᠢᠷ ᠦᠳᠬᠡᠨ ᠠᠭᠤᠷ ᠠᠮᠢᠰᠬᠤᠯ᠎ᠢ ᠪᠦᠷᠢᠯᠳᠤᠬᠦᠯᠵᠤ ᠦᠭᠭᠦ ᠵᠢᠨ ᠲᠦᠯᠤᠬᠡ 4 ᠳ᠋ᠤᠬᠡᠷ ᠰᠠᠷ᠎ᠠ ᠵᠢᠨ 28᠎ᠤ ᠡᠳᠤᠷ ᠠᠷᠠᠳ᠎ᠤᠨ ᠶᠠᠪᠤᠳᠠᠯ᠎ᠤᠨ ᠶᠠᠮᠤᠨ 《〈ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠋ᠠᠨ ᠦᠷᠨᠢᠬᠦᠯᠬᠦ ᠲᠤᠬᠠᠢ ᠮᠡᠳᠡᠭᠳᠡᠯ》 (《ᠮᠡᠳᠡᠭᠳᠡᠯ》 ᠭᠡᠵᠤ ᠲᠦᠬᠦᠮᠴᠢᠯᠡᠶ᠎ᠡ)᠎ᠢ ᠲᠠᠷᠬᠠᠭ᠋ᠠᠵᠤ᠂ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠋ᠠᠨ ᠦᠷᠨᠢᠬᠦᠯᠬᠦ ᠲᠤᠬᠠᠢ ᠪᠠᠢ᠌ᠷᠢᠯᠠᠭᠤᠯᠪᠠ᠃
《ᠮᠡᠳᠡᠭᠳᠡᠯ》᠎ᠳᠤ ᠵᠢᠭ᠋ᠠᠬᠰᠠᠨ᠎ᠨᠢ᠂ ᠡᠯ᠎ᠡ ᠱᠠᠳᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠨ᠂ ᠨᠠᠮ᠎ᠤᠨ ᠠᠷᠪᠠ ᠶᠢᠰᠤᠳᠤᠬᠡᠷ ᠶᠡᠬᠡ ᠬᠤᠷᠠᠯ ᠪᠠ ᠠᠷᠪᠠ ᠶᠢᠰᠤᠳᠤᠬᠡᠷ ᠬᠤᠭᠤᠴᠠᠭ᠋ᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠲᠦᠷᠪᠡᠳᠤᠬᠡᠷ᠂ ᠲᠠᠪᠤᠳᠤᠭ᠋ᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠡᠭ ᠶᠡᠷᠤᠡᠭᠭᠡᠢ ᠱᠦᠵᠢ ᠵᠢᠨ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠤᠬᠠᠢ ᠴᠢᠬᠤᠯᠨ ᠵᠢᠭ᠋ᠠᠪᠤᠷᠢ ᠴᠤᠬᠤᠯᠠᠪᠤᠷᠢ ᠵᠢᠨ ᠵᠤᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠵᠤ ᠨᠠᠢ᠌ᠳᠠᠪᠤᠷᠢᠵᠢᠭᠤᠯᠤᠨ᠂ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢ ᠬᠦᠨᠵᠡᠬᠡᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠪᠠᠷ ᠭᠤᠤᠯ ᠰᠡᠳᠤᠪ ᠪᠤᠯᠭ᠋ᠠᠨ᠂ ᠨᠠᠰᠤᠨ᠎ᠳᠤ ᠦᠯᠤ ᠬᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ᠎ᠪᠠᠷ ᠭᠤᠤᠯ ᠰᠢᠵᠢᠮ ᠪᠤᠯᠭ᠋ᠠᠵᠤ᠂ ᠠᠬᠤᠢ ᠲᠠᠯᠠᠪᠠᠢ ᠵᠢᠨ ᠤᠬᠠᠭᠤᠯᠭ᠎ᠠ᠂ ᠰᠣᠨᠢᠨ ᠮᠡᠳᠡᠬᠡ ᠵᠠᠭᠤᠴᠢᠯᠠᠭᠤᠷ᠎ᠤᠨ ᠤᠬᠠᠭᠤᠯᠭ᠎ᠠ᠂ ᠲᠤᠰᠬᠠᠢ ᠰᠡᠳᠤᠪᠳᠤ ᠪᠤᠯᠪᠠᠰᠤᠷᠠᠯ᠂ ᠲᠤᠤᠷ ᠰᠦᠯᠵᠢᠶᠡᠨ᠎ᠤ ᠮᠡᠳᠡᠯᠬᠡ ᠵᠢᠨ ᠤᠷᠤᠯᠳᠤᠭ᠋ᠠᠨ ᠵᠡᠷᠬᠡ ᠰᠢᠷᠢᠰ ᠠᠵᠢᠯᠯᠠᠭ᠋ᠠᠨ ᠦᠷᠨᠨᠢᠬᠦᠯᠬᠦᠪᠠᠷ ᠲᠠᠮᠵᠢᠭᠤᠯᠤᠨ ᠨᠠᠮ᠎ᠤᠨ ᠲᠦᠪ ᠬᠤᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶᠠᠨ᠎ᠤ ᠨᠠᠰᠤᠨ᠎ᠳᠤ ᠦᠯᠤ ᠬᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠲᠤᠬᠠᠢ ᠰᠢᠢ᠍ᠳᠪᠤᠷᠢ ᠪᠠᠢ᠌ᠷᠢᠯᠠᠭᠤᠯᠤᠯᠳᠠ ᠵᠢ ᠪᠦᠬᠦ ᠲᠠᠯ᠎ᠠ᠎ᠪᠠᠷ ᠤᠬᠠᠭᠤᠯᠤᠨ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤᠯᠤᠭᠠ ᠬᠤᠯᠪᠤᠭ᠎ᠠ᠎ᠲᠠᠢ ᠬᠠᠤᠯᠢ ᠴᠠᠭ᠋ᠠᠵᠨ ᠬᠠᠤᠯᠢ ᠲᠦᠷᠢ᠎ᠨᠢ ᠦᠷᠬᠡᠨ ᠲᠡᠯᠬᠡᠷ ᠲᠦᠬᠡᠮᠡᠯᠵᠢᠬᠦᠯᠤᠨ᠂ ᠨᠡᠢ᠌ᠬᠡᠮ᠎ᠤᠨ ᠡᠯ᠎ᠡ ᠡᠳᠡᠬᠡᠳ ᠨᠠᠰᠤᠨ᠎ᠳᠤ ᠦᠯᠤ ᠬᠦᠷᠦᠭᠰᠡᠳ᠎ᠢ ᠬᠠᠯᠠᠮᠵᠢᠯᠠᠨ ᠬᠠᠮᠠᠭ᠋ᠠᠠᠯᠠᠬᠤ ᠠᠵᠢᠯ᠎ᠳᠤ ᠢᠳᠡᠪᠬᠢᠳᠡᠢ ᠤᠷᠤᠯᠴᠠᠬᠤ ᠦᠵᠡᠯ ᠰᠠᠨᠠᠭ᠎ᠠ ᠲᠠᠨᠢᠯᠳᠠ ᠵᠢ ᠲᠡᠭᠡᠭᠰᠢᠯᠡᠬᠦᠯᠵᠤ᠂ ᠨᠠᠰᠤᠨ᠎ᠳᠤ ᠦᠯᠤ ᠬᠦᠷᠦᠭᠰᠡᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠤᠯᠢ ᠶᠤᠰᠤᠭ᠋ᠠᠷ ᠬᠠᠮᠠᠭ᠋ᠠᠯᠠᠬᠤ ᠨᠡᠢ᠌ᠬᠡᠮ᠎ᠤᠨ ᠲᠠᠨᠢᠯᠳᠠ ᠵᠢ ᠦᠷᠬᠡᠨ ᠲᠡᠯᠬᠡᠷ ᠨᠢᠬᠳᠠᠷᠠᠭᠤᠯᠵᠤ᠂ ᠬᠦᠰᠡᠯᠡᠡᠭᠲᠠᠢ᠂ ᠶᠤᠰᠤ ᠮᠤᠷᠠᠯ᠎ᠲᠠᠢ᠂ ᠰᠤᠶᠤᠯ᠎ᠲᠠᠢ᠂ ᠰᠠᠬᠢᠯᠭ᠎ᠠ ᠪᠠᠳᠤᠲᠠᠢ ᠨᠡᠢ᠌ᠬᠡᠮ ᠵᠢᠷᠤᠮᠳᠤ ᠪᠦᠳᠦᠬᠡᠨ ᠪᠠᠢ᠌ᠭᠤᠯᠤᠬ᠍ᠴᠢ ᠪᠠ ᠵᠠᠯᠭ᠋ᠠᠮᠵᠢᠯᠠᠬ᠍ᠴᠢ ᠵᠢ ᠬᠦᠮᠦᠵᠢᠬᠦᠯᠬᠦ ᠪᠠ ᠦᠨᠳᠤᠰᠤᠳᠡᠨ᠎ᠤ ᠰᠡᠷᠬᠦᠨ ᠮᠠᠨᠳᠤᠯᠳᠠ ᠵᠢᠨ ᠶᠡᠬᠡ ᠡᠬᠦᠷᠬᠡ ᠵᠢ ᠡᠬᠦᠷᠬᠡᠯᠡᠵᠤ ᠲᠡᠢ᠌ᠯᠬᠦᠢ᠌ᠴᠨ ᠴᠠᠭ ᠦᠶ᠎ᠡ ᠵᠢᠨ ᠰᠢᠨ᠎ᠡ ᠬᠦᠮᠦᠨ᠎ᠢ ᠬᠦᠮᠦᠵᠢᠬᠦᠯᠬᠦ᠎ᠳᠤ ᠰᠢᠯᠢᠳᠡᠭ ᠰᠠᠢ᠌ᠨ ᠬᠠᠤᠯᠢ᠎ᠪᠠᠷ ᠵᠠᠰᠠᠬᠤ ᠤᠷᠴᠢᠨ ᠲᠤᠭᠤᠷᠢᠨ ᠪᠠ ᠶᠠᠷᠢᠶ᠎ᠠ ᠬᠡᠯᠡᠯᠴᠡᠬᠡᠨ᠎ᠤ ᠠᠭᠤᠷ ᠠᠮᠢᠰᠬᠤᠯ᠎ᠢ ᠪᠦᠷᠢᠯᠳᠤᠬᠦᠯᠬᠦ ᠬᠡᠷᠡᠭᠳᠡᠢ᠃
《ᠮᠡᠳᠡᠭᠳᠡᠯ》᠎ᠳᠤ ᠴᠢᠬᠤᠯᠠᠴᠢᠯᠠᠬᠰᠠᠨ᠎ᠨᠢ᠄ ᠡᠯ᠎ᠡ ᠱᠠᠳᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠲᠡᠬᠡᠳᠤ ᠬᠡᠮᠵᠢᠶ᠎ᠡ᠎ᠪᠠᠷ ᠬᠦᠨᠳᠤᠳᠬᠡᠨ᠂ ᠨᠠᠷᠢᠯᠢᠭ ᠪᠠᠢ᠌ᠷᠢᠯᠠᠭᠤᠯᠵᠤ᠂ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠋ᠠᠨ᠎ᠢ 《ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠨ ᠠᠷᠭ᠎ᠠ ᠪᠠᠷᠢᠯ ᠪᠤᠯᠭ᠋ᠠᠨ᠂ ᠨᠠᠰᠤᠨ᠎ᠳᠤ ᠦᠯᠤ ᠬᠦᠷᠦᠭᠰᠡᠳ᠎ᠢ ᠬᠠᠮᠠᠭ᠋ᠠᠯᠠᠬᠤ ᠠᠵᠢᠯ᠎ᠢ ᠵᠤᠬᠢᠴᠠᠭᠤᠯᠬᠤ ᠲᠤᠬᠳᠠᠯᠴᠠᠭ᠎ᠠ ᠵᠢ ᠲᠤᠯᠤᠭ᠋ᠠᠢ᠌ᠯᠠᠬᠤ ᠰᠠᠯᠠᠭ᠎ᠠ ᠮᠦᠴᠢᠷ᠎ᠤᠨ ᠦᠢ᠍ᠯᠡᠳᠤᠯ ᠵᠶ᠋ᠡᠨ ᠢᠳᠡᠪᠬᠢᠳᠡᠢ ᠪᠠᠳᠠᠷᠠᠭᠤᠯᠵᠤ᠂ ᠨᠡᠢ᠌ᠬᠡᠮ᠎ᠤᠨ ᠡᠯ᠎ᠡ ᠡᠳᠡᠬᠡᠳᠢ ᠦᠷᠬᠡᠨ ᠲᠡᠯᠬᠡᠷ ᠵᠤᠬᠢᠶᠠᠨ ᠪᠠᠢ᠌ᠭᠤᠯᠵᠤ ᠲᠠᠢ᠌ᠴᠢᠯᠠᠨ ᠤᠷᠤᠯᠴᠠᠭᠤᠯᠵᠤ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ ᠪᠤᠯᠤᠨ ᠲᠤᠰ ᠭᠠᠵᠠᠷ ᠤᠷᠤᠨ᠎ᠤ᠎ᠪᠠᠨ ᠬᠢᠵᠢᠭ᠎ᠢ ᠰᠡᠷᠬᠡᠢ᠌ᠯᠡᠬᠦ ᠠᠵᠢᠯ᠎ᠤᠨ ᠪᠤᠳᠠᠳᠠᠢ᠎ᠲᠠᠢ᠎ᠪᠠᠨ ᠤᠶᠠᠯᠳᠤᠭᠤᠯᠵᠤ ᠪᠠᠢ᠌ᠭ᠋ᠠᠳ ᠠᠵᠢᠯᠯᠠᠭ᠋ᠠᠨ᠎ᠢ ᠪᠤᠳᠠᠳᠠᠢ ᠠᠳᠬᠤᠨ ᠰᠠᠢ᠌ᠳᠤᠷ ᠠᠳᠬᠤᠬᠤ ᠬᠡᠷᠡᠭᠳᠡᠢ᠃ ᠤᠬᠠᠭᠤᠯᠭ᠎ᠠ ᠵᠢᠨ ᠠᠴᠢᠶᠠᠯᠠᠪᠤᠷᠢ ᠵᠢ ᠪᠠᠶᠠᠯᠢᠬ᠍ᠵᠢᠭᠤᠯᠵᠤ᠂ ᠤᠬᠠᠭᠤᠯᠭ᠎ᠠ ᠵᠢᠨ ᠬᠡᠯᠪᠡᠷᠢ ᠵᠢ ᠰᠢᠨᠡᠴᠢᠯᠡᠨ᠂ ᠲᠸᠯᠸᠢᠰ᠂ ᠷᠠᠳᠢᠤ᠋᠂ ᠰᠤᠨᠢᠨ ᠵᠡᠷᠬᠡ ᠤᠯᠠᠮᠵᠢᠯᠠᠯᠳᠤ ᠵᠠᠭᠤᠴᠢᠯᠠᠭᠤᠷ᠎ᠤᠨ ᠦᠢ᠍ᠯᠡᠳᠤᠯ᠎ᠢ ᠬᠦᠢ᠍ᠴᠡᠳ ᠪᠠᠳᠠᠷᠠᠭᠤᠯᠬᠤ ᠵᠢᠨ ᠬᠠᠮᠳᠤ ᠰᠦᠯᠵᠢᠶᠡᠨ᠎ᠤ ᠦᠷᠳᠡᠬᠡ᠂ ᠸᠢᠴᠠᠲ ᠵᠡᠷᠬᠡ ᠰᠢᠨ᠎ᠡ ᠵᠠᠭᠤᠴᠢᠯᠠᠭᠤᠷ᠎ᠢ ᠬᠡᠷᠡᠭᠯᠡᠨ᠂ ᠤᠯᠠᠨ ᠲᠦᠮᠡᠨ ᠤᠢ᠌ᠯᠠᠭ᠋ᠠᠬᠤ᠎ᠳᠤ ᠲᠦᠬᠦᠮ᠂ ᠦᠵᠡᠵᠤ ᠰᠤᠨᠤᠰᠬᠤ ᠲᠤᠷᠠᠳᠠᠢ ᠬᠡᠯᠪᠡᠷᠢ᠎ᠪᠠᠷ ᠰᠢᠷᠢᠰ ᠤᠬᠠᠭᠤᠯᠭ᠎ᠠ ᠨᠡᠷᠡᠳᠤ ᠲᠡᠮᠳᠡᠭ᠎ᠢ ᠡᠬᠦᠳᠤᠨ᠂ ᠨᠠᠰᠤᠨ᠎ᠳᠤ ᠦᠯᠤ ᠬᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠨᠡᠢ᠌ᠬᠡᠮ᠎ᠤᠨ ᠠᠭᠤᠷ ᠠᠮᠢᠰᠬᠤᠯ᠎ᠢ ᠪᠦᠷᠢᠯᠳᠦᠬᠦᠯᠬᠦ ᠬᠡᠷᠡᠭᠳᠡᠢ᠃ ᠰᠤᠯᠢᠯᠴᠠᠭ᠎ᠠ᠎ᠪᠠᠨ ᠴᠢᠡᠭᠭ᠋ᠠᠳᠬᠠᠵᠤ᠂ ᠬᠢᠨᠠᠮᠠᠭ᠋ᠠᠢ ᠳ᠋ᠦᠡᠭᠨᠡᠨ᠂ ᠬᠠᠮᠢᠶ᠎ᠠ ᠪᠦᠬᠦᠢ ᠸᠢᠳᠢᠤ᠋᠂ ᠵᠢᠷᠤᠭ᠂ ᠦᠰᠦᠭ ᠵᠡᠷᠬᠡ ᠮᠠᠲᠸᠷᠢᠶᠡᠯᠢ ᠴᠤᠬᠯᠠᠭᠤᠯᠤᠨ ᠡᠮᠬᠢᠯᠡᠬᠦ ᠠᠵᠢᠯ᠎ᠢ ᠰᠠᠢ᠌ᠳᠤᠷ ᠬᠢᠵᠤ᠂ ᠨᠡᠢ᠌ᠳᠡᠯᠢᠭ ᠲᠤᠷᠰᠢᠯᠭ᠎ᠠ ᠪᠠ ᠪᠦᠳᠦᠮᠵᠢᠳᠡᠢ ᠠᠷᠭ᠎ᠠ ᠵᠢ ᠴᠠᠭ ᠲᠠᠷᠤᠢ᠎ᠳᠤ᠎ᠨᠢ ᠲᠡᠭᠡᠭᠰᠢ ᠲᠡᠪᠰᠢᠬᠦᠯᠤᠨ᠂ ᠤᠬᠠᠭᠤᠯᠭ᠎ᠠ ᠵᠢᠨ ᠠᠵᠢᠯ᠎ᠤᠨ ᠤᠷᠳᠤᠮᠵᠢ ᠵᠢᠨ ᠲᠤᠬᠳᠠᠯᠴᠠᠭ᠎ᠠ ᠵᠢ ᠴᠢᠷᠮᠠᠢ᠌ᠨ ᠪᠤᠢ ᠪᠤᠯᠭ᠋ᠠᠬᠤ ᠬᠡᠷᠡᠭᠳᠡᠢ᠃
ᠡᠬᠦᠨ ᠠᠴᠠ ᠭᠠᠳᠠᠨ᠎ᠠ ᠤᠬᠠᠭᠤᠯᠭ᠎ᠠ ᠵᠢᠨ ᠰᠠᠷ᠎ᠠ ᠵᠢᠨ ᠬᠤᠭᠤᠴᠠᠭ᠋ᠠᠨ᠎ᠳᠤ ᠠᠷᠠᠳ᠎ᠤᠨ ᠶᠠᠪᠤᠳᠠᠯ᠎ᠤᠨ ᠬᠠᠮᠢᠶ᠎ᠠ ᠪᠦᠬᠦᠢ ᠰᠠᠯᠠᠭ᠎ᠠ ᠮᠦᠴᠢᠷ 《
ᠱᠦᠵᠢ ᠰᠢᠶᠠᠨ᠎ᠤ ᠲᠠᠷᠤᠭ᠎ᠠ ᠨᠠᠰᠤᠨ᠎ᠳᠤ ᠦᠯᠤ ᠬᠦᠷᠦᠭᠰᠡᠳ᠎ᠤᠨ ᠲᠤᠬᠠᠢ ᠦᠬᠦᠯᠡᠬᠦ᠎ᠨᠢ》᠂ 《ᠲᠡᠤᠬᠡ᠎ᠪᠠᠨ ᠤᠯᠠᠮᠵᠢᠯᠠᠵᠤ ᠢᠷᠡᠬᠡᠳᠤᠢ᠎ᠪᠠᠨ ᠪᠠᠷᠠᠯᠠᠬᠤ》᠂ 《ᠨᠠᠰᠤᠨ᠎ᠳᠤ ᠦᠯᠤ ᠬᠦᠷᠦᠭᠰᠡᠳ᠎ᠤᠨ ᠦᠳᠤ ᠰᠤᠳᠤ ᠵᠢ ᠬᠠᠳᠠᠭᠤᠷᠠᠭᠤᠯᠬᠤ》᠂ 《ᠪᠠᠭ᠋ᠠᠴᠤᠳ ᠬᠡᠤᠬᠡᠳ᠎ᠤᠨ ᠡᠷᠬᠢᠯᠡᠭᠴᠢ ᠵᠢᠨ ᠬᠢᠴᠢᠶᠡᠯ》᠂ 《ᠪᠠᠭ᠋ᠠᠴᠤᠳ ᠬᠡᠤᠬᠡᠳ᠎ᠤᠨ ᠡᠷᠬᠢᠯᠡᠭᠴᠢ ᠵᠢᠨ ᠨᠢᠬᠡ ᠡᠳᠤᠷ》 ᠵᠡᠷᠬᠡ ᠰᠢᠷᠢᠰ ᠠᠵᠢᠯᠯᠠᠭ᠋ᠠᠨ᠎ᠢ ᠵᠠᠯᠭ᠋ᠠᠭ᠎ᠠ᠎ᠪᠠᠷ ᠵᠤᠬᠢᠶᠠᠨ ᠪᠠᠢ᠌ᠭᠤᠯᠵᠤ ᠦᠷᠨᠢᠬᠦᠯᠬᠦ ᠪᠤᠯᠤᠨ᠎ᠠ᠃