ᠱ᠌ᠢ᠎ᠲᠠᠢ ᠹᠸᠡᠭ ᠬᠤᠷᠠᠯ ᠡᠷᠬᠢᠯᠡᠵᠡᠢ
5 ᠳ᠋ᠤᠭ᠋ᠠᠷ ᠰᠠᠷ᠎ᠠ ᠵᠢᠨ 28᠎ᠤ ᠡᠳᠤᠷ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠡᠭᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠰᠢ ᠵᠢᠨ ᠫᠢᠡᠭ ᠶᠡᠷᠤᠡᠭᠭᠡᠢ ᠱᠦᠵᠢ ᠵᠢᠨ ᠲᠦᠷᠤᠬᠦᠤ ᠤᠯᠠᠷᠢᠯ᠎ᠤᠨ ᠠᠵᠤ ᠠᠬᠤᠢ ᠵᠢᠨ ᠪᠠᠢ᠌ᠳᠠᠯ᠎ᠤᠨ ᠲᠤᠬᠠᠢ ᠴᠢᠬᠤᠯᠨ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠵᠤ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠳᠠ ᠪᠠ ᠦᠨᠳᠤᠷ ᠴᠢᠨᠰᠠᠭ᠎ᠠ᠎ᠲᠠᠢ ᠬᠦᠭᠵᠢᠯᠳᠡ ᠵᠢᠨ ᠠᠵᠢᠯ᠎ᠢ ᠰᠤᠳᠤᠯᠵᠤ᠂ ᠪᠦᠬᠦ ᠤᠷᠤᠨ᠎ᠤ ᠶᠡᠬᠡ ᠲᠡᠭᠡᠳᠤ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠤ ᠵᠢᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠬᠦᠯᠤᠯᠳᠡ ᠵᠢ ᠰᠤᠨᠤᠰᠪᠠ᠃ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠡᠷᠬᠢᠯᠡᠭᠴᠢ ᠱ᠌ᠢ᠎ᠲᠠᠢ ᠹᠸᠡᠭ ᠬᠤᠷᠠᠯ ᠡᠷᠬᠢᠯᠡᠯ᠎ᠡ᠃
ᠬᠤᠷᠠᠯ᠎ᠠᠴᠠ ᠴᠢᠬᠤᠯᠠᠴᠢᠯᠠᠬᠰᠠᠨ᠎ᠨᠢ᠂ ᠰᠢ ᠵᠢᠨ ᠫᠢᠡᠭ ᠶᠡᠷᠤᠡᠭᠭᠡᠢ ᠱᠦᠵᠢ ᠵᠢᠨ ᠴᠢᠬᠤᠯᠨ ᠶᠠᠷᠢᠶ᠎ᠠ ᠵᠢᠨ ᠵᠤᠷᠢᠭ ᠰᠠᠨᠠᠭ᠎ᠠ ᠵᠢ ᠬᠦᠨᠵᠡᠬᠡᠢ ᠰᠤᠷᠤᠯᠴᠠᠨ ᠤᠢ᠌ᠯᠠᠭ᠋ᠠᠵᠤ᠂ ᠤᠨᠤᠪᠴᠢᠳᠠᠢ ᠤᠢ᠌ᠯᠠᠭ᠋ᠠᠨ ᠡᠵᠡᠮᠰᠢᠵᠤ᠂ ᠦᠵᠡᠯ ᠰᠠᠨᠠᠭ᠎ᠠ ᠦᠢ᠍ᠯᠨ ᠠᠵᠢᠯᠯᠠᠭ᠎ᠠ᠎ᠪᠠᠨ ᠨᠠᠮ᠎ᠤᠨ ᠲᠦᠪ ᠬᠤᠷᠢᠶᠠᠨ᠎ᠤ ᠤᠳᠤᠬᠠᠨ᠎ᠤ ᠠᠵᠤ ᠠᠬᠤᠢ ᠵᠢᠨ ᠪᠠᠢ᠌ᠳᠠᠯ᠎ᠤᠨ ᠲᠤᠬᠠᠢ ᠵᠠᠳᠠᠯᠤᠯᠳᠠ ᠮᠠᠭ᠋ᠠᠳᠯᠠᠯᠳᠠ ᠪᠠ ᠲᠠᠷᠠᠭ᠋ᠠᠴᠢ ᠵᠢᠨ ᠠᠯᠬᠤᠮ᠎ᠤᠨ ᠠᠵᠤ ᠠᠬᠤᠢ ᠵᠢᠨ ᠠᠵᠢᠯ᠎ᠤᠨ ᠪᠠᠢ᠌ᠷᠢᠯᠠᠭᠤᠯᠤᠯᠳᠠ ᠱᠠᠭ᠋ᠠᠷᠳᠠᠯᠭ᠎ᠠ᠎ᠲᠠᠢ ᠦᠨᠡᠨ ᠬᠦ᠌ ᠨᠢᠬᠡᠳᠬᠡᠵᠤ᠂ ᠠᠰᠠᠭᠤᠳᠠᠯ ᠵᠶ᠋ᠡᠷ ᠬᠦᠳᠤᠯᠤᠮᠵᠢ ᠪᠤᠯᠭ᠋ᠠᠬᠤ ᠵᠢ ᠪᠠᠷᠢᠮᠳᠠᠯᠠᠨ᠂ ᠤᠭ ᠦᠨᠳᠤᠰᠤ ᠵᠢ᠎ᠨᠢ ᠪᠡᠬᠢᠵᠢᠬᠦᠯᠤᠨ ᠪᠤᠢ᠌ᠵᠢᠭᠤᠯᠬᠤ᠎ᠪᠠᠷ ᠴᠢᠷᠮᠠᠢ᠌ᠨ᠂ ᠬᠠᠡᠭᠭ᠋ᠠᠯᠭ᠎ᠠ ᠵᠢᠨ ᠲᠠᠯ᠎ᠠ ᠵᠢᠨ ᠪᠦᠳᠤᠴᠨ ᠵᠢᠨ ᠴᠢᠨᠠᠷᠳᠠᠢ ᠦᠬᠡᠷᠡᠴᠢᠯᠡᠯᠳᠡ ᠵᠢ ᠬᠦᠨᠵᠡᠬᠡᠢ᠌ᠷᠡᠬᠦᠯᠵᠤ᠂ ᠰᠢᠨ᠎ᠡ ᠬᠦᠭᠵᠢᠯᠳᠡ ᠵᠢᠨ ᠪᠠᠢ᠌ᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠲᠦᠭᠵᠢᠷᠡᠯ ᠴᠡᠭ᠂ ᠬᠦᠴᠢᠷᠳᠡᠯ ᠴᠡᠭ᠂ ᠬᠠᠷᠠᠭ᠎ᠠ ᠴᠡᠭ᠎ᠢ ᠨᠡᠪᠳᠡᠷᠡᠬᠦᠯᠵᠤ᠂ ᠦᠨᠳᠤᠷ ᠴᠢᠨᠰᠠᠭ᠎ᠠ᠎ᠲᠠᠢ ᠬᠦᠭᠵᠢᠯᠳᠡ ᠵᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ᠃
《ᠰᠢᠨᠵᠢᠯᠡᠬᠦ ᠤᠬᠠᠭ᠋ᠠᠨ ᠲᠸᠭᠨᠢᠭ ᠮᠡᠷᠬᠡᠵᠢᠯ ᠵᠶ᠋ᠡᠷ ᠦᠪᠤᠷ ᠮᠤᠡᠭᠭᠤᠯ ᠵᠶ᠋ᠡᠨ ᠮᠠᠨᠳᠤᠭᠤᠯᠬᠤ》 ᠠᠵᠢᠯᠯᠠᠭ᠎ᠠ ᠵᠢ ᠬᠦᠨᠵᠡᠬᠡᠢ ᠬᠡᠷᠡᠭᠵᠢᠬᠦᠯᠵᠤ᠂ ᠠᠵᠤ ᠦᠢ᠍ᠯᠡᠰ᠎ᠢ ᠰᠢᠯᠢᠳᠡᠭᠵᠢᠬᠦᠯᠤᠨ᠂ ᠲᠡᠰ ᠲᠡᠪᠰᠢᠬᠦᠯᠬᠦ ᠵᠢ ᠲᠦᠷᠬᠡᠳᠬᠡᠨ᠂ ᠨᠠᠷᠢᠯᠢᠭ ᠡᠳ᠋ᠰᠢᠬᠦᠯᠬᠦ ᠵᠢ ᠶᠡᠬᠡ᠎ᠪᠠᠷ ᠬᠦᠭᠵᠢᠬᠦᠯᠵᠤ᠂ ᠪᠦᠰᠡ ᠨᠤᠳᠤᠭ᠎ᠤᠨ ᠬᠠᠡᠭᠭ᠋ᠠᠯᠭ᠎ᠠ ᠵᠢᠨ ᠰᠢᠰᠲᠸᠮ᠎ᠤᠨ ᠶᠠᠰᠤ ᠴᠢᠨᠠᠷ ᠪᠠ ᠲᠦᠪᠰᠢᠨ᠎ᠢ ᠲᠠᠰᠤᠷᠠᠯᠳᠠ ᠦᠬᠡᠢ ᠲᠡᠭᠡᠭᠰᠢᠯᠡᠬᠦᠯᠵᠤ᠂ ᠶᠠᠭ᠋ᠠᠬᠢᠬᠰᠠᠨ ᠴᠦ᠍ ᠲᠤᠤᠷ᠎ᠠ ᠲᠦᠪᠰᠢᠨ ᠵᠶ᠋ᠡᠷ ᠲᠠᠪᠬᠤᠷᠳᠠᠭᠤᠯᠤᠨ ᠪᠠᠢ᠌ᠭᠤᠯᠵᠤ ᠪᠤᠯᠬᠤ ᠦᠬᠡᠢ᠂ ᠨᠡᠡᠭ ᠴᠦ᠍ ᠡᠨ᠋ᠸᠷᠬᠢ ᠵᠢᠨ ᠬᠤᠷᠤᠬᠳᠠᠯ ᠶᠡᠬᠡ᠂ ᠭᠠᠳᠠᠭᠰᠢᠯᠠᠭᠤᠯᠤᠯᠳᠠ ᠶᠡᠬᠡ ᠲᠦᠷᠤᠯ ᠵᠦᠢ᠍ᠯ᠎ᠢ ᠰᠤᠬᠤᠷ ᠪᠠᠯᠠᠢ᠎ᠪᠠᠷ ᠬᠦᠭᠵᠢᠬᠦᠯᠵᠤ ᠪᠤᠯᠬᠤ ᠦᠬᠡᠢ᠃ ᠪᠦᠬᠦ ᠠᠵᠤ ᠦᠢ᠍ᠯᠡᠰ᠎ᠤᠨ ᠬᠡᠯᠬᠢᠶᠡᠵᠢᠯ᠎ᠤᠨ ᠬᠠᠷᠠᠭ᠋ᠠᠰᠤ᠎ᠠᠴᠠ ᠠᠵᠤ ᠠᠬᠤᠢ᠌ᠯᠠᠯ᠎ᠳᠤ ᠠᠰᠢᠭ ᠬᠦᠷᠳᠡᠬᠡᠵᠤ᠂ ᠠᠵᠤ ᠠᠬᠤᠢ᠌ᠯᠠᠯ᠎ᠢ ᠲᠤᠬᠳᠠᠪᠤᠷᠢᠵᠢᠭᠤᠯᠬᠤ ᠠᠷᠭ᠎ᠠ ᠬᠡᠮᠵᠢᠶ᠎ᠡ ᠪᠤᠳᠤᠯᠭ᠎ᠠ ᠵᠢ ᠰᠤᠳᠤᠯᠤᠨ ᠨᠠᠢ᠌ᠳᠠᠪᠤᠷᠢᠵᠢᠭᠤᠯᠵᠤ᠂ ᠲᠠᠭ᠋ᠠᠭᠤᠯᠤᠬ᠍ᠴᠢ ᠠᠵᠤ ᠠᠬᠤᠢ᠌ᠯᠠᠯ ᠪᠤᠯᠤᠨ ᠭᠤᠤᠯᠯᠠᠭᠴᠢ ᠠᠵᠤ ᠠᠬᠤᠢ᠌ᠯᠠᠯ᠎ᠢ ᠠᠳᠬᠤᠬᠤ᠎ᠪᠠᠷ ᠪᠠᠷᠠᠬᠤ ᠦᠬᠡᠢ ᠲᠤᠮᠳᠠ ᠪᠠᠭ᠎ᠠ ᠵᠢᠵᠢᠭ ᠠᠵᠤ ᠠᠬᠤᠢ᠌ᠯᠠᠯ᠎ᠢ ᠴᠦ᠍ ᠠᠳᠬᠤᠵᠤ᠂ ᠨᠡᠢ᠌ᠳᠡᠮ᠎ᠤᠨ ᠲᠡᠮᠵᠢᠯᠬᠡ ᠵᠢ ᠴᠢᠡᠭᠭ᠋ᠠᠳᠬᠠᠬᠤ᠎ᠪᠠᠷ ᠪᠠᠷᠠᠬᠤ ᠦᠬᠡᠢ ᠲᠤᠰ ᠲᠤᠰᠲᠤᠨᠢ ᠬᠠᠨᠳᠤᠭᠤᠯᠤᠨ ᠬᠠᠪᠰᠤᠷᠤᠨ ᠲᠡᠳᠬᠦᠬᠦ ᠵᠢ ᠴᠢᠬᠤᠯᠠᠴᠢᠯᠠᠨ ᠦᠵᠡᠵᠤ᠂ ᠠᠵᠤ ᠦᠢ᠍ᠯᠡᠰ᠎ᠤᠨ ᠬᠡᠯᠬᠢᠶ᠎ᠡ ᠪᠠ ᠬᠠᠡᠭᠭ᠋ᠠᠯᠭ᠎ᠠ ᠵᠢᠨ ᠬᠡᠯᠬᠢᠶ᠎ᠡ ᠵᠢ ᠰᠢᠯᠢᠳᠡᠭᠵᠢᠬᠦᠯᠤᠨ ᠲᠡᠭᠡᠭᠰᠢᠯᠡᠬᠦᠯᠬᠦ ᠵᠢ ᠠᠬᠢᠭᠤᠯᠬᠤ ᠬᠡᠷᠡᠭᠳᠡᠢ᠃ ᠨᠡᠬᠦᠷᠡᠰᠤᠳᠦ᠋ᠷᠦᠭᠴᠢ ᠵᠢ ᠤᠷᠬᠢᠯ ᠬᠡᠮᠵᠢᠭᠳᠡᠯ᠎ᠳᠤ ᠬᠦᠷᠬᠡᠬᠦ᠂ ᠨᠡᠬᠦᠷᠡᠰᠤᠳᠦ᠋ᠷᠦᠭᠴᠢ ᠵᠢ ᠰᠠᠭ᠋ᠠᠷᠮᠠᠬ᠍ᠵᠢᠭᠤᠯᠬᠤ ᠠᠵᠢᠯ᠎ᠢ ᠯᠠᠪᠳᠠᠭᠤᠨ ᠪᠠᠳᠤᠳᠠᠢ ᠰᠠᠢ᠌ᠳᠤᠷ ᠬᠢᠵᠤ᠂ ᠠᠵᠤ ᠠᠬᠤᠢ ᠨᠡᠢ᠌ᠬᠡᠮ᠎ᠤᠨ ᠬᠦᠭᠵᠢᠯᠳᠡ ᠵᠢᠨ ᠪᠦᠬᠦ ᠲᠠᠯ᠎ᠠ᠎ᠪᠠᠷ ᠪᠤᠬᠢᠷᠳᠤᠯ ᠦᠬᠡᠢ ᠲᠡᠢ᠌ᠰᠢ᠎ᠪᠠᠨ ᠬᠡᠯᠪᠡᠷᠢ᠎ᠪᠠᠨ ᠬᠤᠪᠢᠷᠠᠭᠤᠯᠬᠤ ᠵᠢ ᠲᠦᠷᠬᠡᠳᠬᠡᠨ ᠠᠬᠢᠭᠤᠯᠬᠤ ᠬᠡᠷᠡᠭᠳᠡᠢ᠃ ᠴᠢᠬᠤᠯᠨ ᠶᠡᠬᠡ ᠲᠦᠷᠤᠯ ᠵᠦᠢ᠍ᠯ᠎ᠤᠨ ᠪᠦᠳᠦᠬᠡᠨ ᠪᠠᠢ᠌ᠭᠤᠯᠤᠯᠳᠠ ᠵᠢ ᠶᠡᠬᠡ᠎ᠪᠠᠷ ᠠᠬᠢᠭᠤᠯᠵᠤ᠂ ᠠᠷᠠᠳ᠎ᠤᠨ ᠪᠡᠯᠨ ᠤᠷᠤᠭᠤᠯᠤᠯᠳᠠ ᠵᠢᠨ ᠡᠷᠡᠬᠦᠯ ᠵᠶ᠋ᠡᠷ ᠬᠦᠭᠵᠢᠬᠦ ᠵᠢ ᠲᠦᠯᠬᠢᠨ ᠠᠬᠢᠭᠤᠯᠵᠤ᠂ ᠬᠡᠷᠡᠭᠯᠡᠬᠡ ᠵᠢᠨ ᠪᠠᠬᠳᠠᠭ᠋ᠠᠮᠵᠢ ᠵᠢ ᠦᠷᠬᠡᠳᠬᠡᠨ ᠲᠡᠰ ᠲᠡᠪᠰᠢᠬᠦᠯᠬᠦ ᠵᠢ ᠠᠬᠢᠭᠤᠯᠤᠨ᠂ ᠲᠤᠳᠤᠭ᠋ᠠᠳᠤ ᠬᠡᠷᠡᠭᠴᠡᠬᠡ ᠵᠢᠨ ᠦᠷᠬᠦᠯᠵᠢᠯᠡᠨ ᠦᠷᠬᠡᠵᠢᠬᠦ ᠵᠢ ᠲᠠᠢ᠌ᠴᠢᠯᠠᠬᠤ ᠬᠡᠷᠡᠭᠳᠡᠢ᠃ ᠦᠬᠡᠷᠡᠴᠢᠯᠡᠯᠳᠡ ᠨᠡᠬᠡᠬᠡᠯᠳᠡ ᠵᠢ ᠨᠡᠡᠭ ᠶᠡᠬᠡ ᠡᠷᠴᠢᠮ ᠵᠶ᠋ᠡᠷ ᠠᠬᠢᠭᠤᠯᠵᠤ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠠᠵᠢᠯ᠎ᠢ ᠯᠠᠪᠳᠠᠭᠤᠨ ᠪᠠᠳᠤᠳᠠᠢ ᠰᠠᠢ᠌ᠳᠤᠷ ᠬᠢᠵᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠤᠨ ᠪᠠᠢ᠌ᠭᠤᠯᠤᠯᠳᠠ ᠵᠢ ᠨᠡᠡᠭ ᠴᠢᠡᠭᠭ᠎ᠠ ᠠᠳᠬᠤᠵᠤ᠂ ᠲᠤᠭ᠋ᠠᠴᠠᠯᠠᠬᠰᠠᠨ ᠵᠠᠰᠠᠭ᠎ᠤᠨ ᠤᠷᠳᠤᠨ᠎ᠤ ᠪᠠᠢ᠌ᠭᠤᠯᠤᠯᠳᠠ ᠵᠢ ᠪᠦᠬᠦ ᠲᠠᠯ᠎ᠠ᠎ᠪᠠᠷ ᠴᠢᠡᠭᠭ᠋ᠠᠳᠬᠠᠨ᠂ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠤᠨ ᠦᠬᠡᠷᠡᠴᠢᠯᠡᠯᠳᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠦᠰᠤᠯ᠎ᠢ ᠬᠦᠨᠵᠡᠬᠡᠢ ᠬᠡᠷᠡᠭᠵᠢᠬᠦᠯᠵᠤ᠂ ᠡᠯ᠎ᠡ ᠲᠦᠷᠤᠯ᠎ᠤᠨ ᠨᠡᠬᠡᠬᠡᠯᠳᠡ ᠵᠢᠨ ᠲᠠᠪᠴᠠᠡᠭ᠎ᠤᠨ ᠴᠢᠳᠠᠮᠵᠢ ᠵᠢ ᠬᠦᠴᠤᠯᠡᠨ ᠲᠡᠭᠡᠭᠰᠢᠯᠡᠬᠦᠯᠬᠦ ᠬᠡᠷᠡᠭᠳᠡᠢ᠃ ᠴᠢᠳᠠᠯ ᠵᠶ᠋ᠡᠷ ᠵᠶ᠋ᠡᠨ ᠴᠢᠷᠮᠠᠢ᠌ᠵᠤ᠂ ᠴᠢᠳᠠᠯ᠎ᠤᠨ ᠬᠢᠷᠢ᠎ᠪᠠᠷ ᠵᠶ᠋ᠡᠨ ᠬᠢᠬᠦ ᠵᠢ ᠪᠠᠷᠢᠮᠳᠠᠯᠠᠵᠤ᠂ ᠠᠷᠠᠳ᠎ᠤᠨ ᠠᠮᠢᠳᠤᠷᠠᠯ᠎ᠢ ᠪᠠᠳᠤᠯᠠᠨ ᠰᠠᠢ᠌ᠵᠢᠷᠠᠭᠤᠯᠬᠤ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠳᠤᠳᠠᠢ ᠰᠠᠢ᠌ᠳᠤᠷ ᠬᠢᠬᠦ ᠬᠡᠷᠡᠭᠳᠡᠢ᠃
ᠠᠵᠤ ᠠᠬᠤᠢ ᠮᠦᠡᠭᠭᠦᠨ ᠬᠦᠢ᠍ᠯᠬᠡᠬᠡᠨ᠎ᠤ ᠠᠶᠤᠯ ᠲᠦᠭᠰᠢᠬᠦᠷᠢ ᠵᠢ ᠦᠷᠬᠦᠯᠵᠢᠯᠡᠨ ᠬᠦᠴᠤᠳᠡᠢ ᠰᠡᠷᠬᠡᠢ᠌ᠯᠡᠨ ᠠᠷᠢᠯᠭ᠋ᠠᠵᠤ᠂ ᠬᠡᠷ ᠭᠠᠵᠠᠷ ᠬᠦᠷᠤᠡᠭᠭᠡ ᠵᠢᠨ ᠵᠠᠬ᠎ᠠ ᠲᠡᠯᠬᠡᠬᠦᠷ᠎ᠤᠨ ᠲᠤᠭᠳᠠᠭᠤᠨ ᠡᠷᠬᠢᠯᠳᠡ ᠵᠢ ᠠᠬᠢᠭᠤᠯᠤᠨ᠂ ᠠᠶᠤᠯᠬᠦᠢ ᠦᠢ᠍ᠯᠡᠳᠪᠤᠷᠢᠯᠡᠯ᠎ᠢ ᠴᠦᠬᠦᠷᠡᠯ ᠦᠬᠡᠢ ᠰᠠᠢ᠌ᠳᠤᠷ ᠠᠳᠬᠤᠵᠤ᠂ ᠬᠢᠵᠢᠭ᠎ᠢ ᠰᠡᠷᠬᠡᠢ᠌ᠯᠡᠬᠦ ᠠᠵᠢᠯ᠎ᠢ ᠢᠮᠠᠬᠳᠠ ᠪᠤᠯᠭᠤᠮᠵᠢᠳᠠᠢ ᠰᠠᠢ᠌ᠳᠤᠷ ᠬᠢᠬᠦ ᠬᠡᠷᠡᠭᠳᠡᠢ᠃ ᠡᠯ᠎ᠡ ᠱᠠᠳᠤᠨ᠎ᠤ ᠤᠳᠤᠷᠢᠳᠬᠤ ᠺᠠᠳ᠋ᠷ 《ᠭᠤᠷᠪᠠᠨ ᠴᠢᠡᠭᠭ᠎ᠠ᠂ ᠭᠤᠷᠪᠠᠨ ᠪᠤᠳᠠᠳᠠᠢ》 ᠵᠤᠷᠢᠭ ᠰᠠᠨᠠᠭ᠎ᠠ ᠵᠢ ᠪᠠᠳᠠᠷᠠᠭᠤᠯᠵᠤ᠂ ᠪᠤᠳᠠᠳᠠᠢ ᠵᠢ ᠡᠷᠬᠢᠮᠯᠡᠨ ᠤᠷᠤᠬᠰᠢᠯᠠᠨ ᠲᠠᠪᠰᠢᠬᠤ ᠤᠪᠤᠷ ᠵᠶ᠋ᠡᠷ ᠠᠵᠢᠯ ᠬᠢᠵᠤ ᠦᠢ᠍ᠯᠡᠰ ᠪᠤᠰᠬᠠᠨ᠂ ᠦᠨᠡᠨ ᠬᠦ᠌ ᠠᠳᠬᠤᠨ ᠪᠤᠳᠠᠳᠠᠢ ᠠᠵᠢᠯᠯᠠᠬᠤ ᠡᠷᠴᠢ ᠵᠤᠷᠢᠭ ᠵᠶ᠋ᠡᠷ ᠪᠤᠭᠤᠮᠳᠠ ᠰᠢᠪᠳᠤᠯᠤᠨ ᠬᠠᠷᠰᠢ ᠰᠠᠭ᠋ᠠᠳ᠎ᠢ ᠠᠷᠢᠯᠭ᠋ᠠᠵᠤ᠂ 《ᠠᠷᠪᠠᠨ ᠲᠦᠷᠪᠡᠳᠤᠬᠡᠷ ᠲᠠᠪᠤᠨ ᠵᠢᠯ》᠎ᠤᠨ ᠲᠦᠯᠦᠪᠵᠢᠬᠦᠯᠬᠡ ᠵᠢ ᠰᠠᠢ᠌ᠨ ᠡᠬᠢᠯᠡᠯᠳᠡ᠎ᠲᠠᠢ ᠪᠤᠯᠭ᠋ᠠᠬᠤ ᠵᠢ ᠪᠠᠳᠤᠯᠠᠬᠤ ᠬᠡᠷᠡᠭᠳᠡᠢ᠃
ᠬᠤᠷᠠᠯ᠎ᠠᠴᠠ ᠴᠢᠬᠤᠯᠠᠴᠢᠯᠠᠬᠰᠠᠨ᠎ᠨᠢ᠂ ᠰᠢ ᠵᠢᠨ ᠫᠢᠡᠭ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠪᠤᠯᠤᠨ ᠰᠢ ᠵᠢᠨ ᠫᠢᠡᠭ ᠶᠡᠷᠤᠡᠭᠭᠡᠢ ᠱᠦᠵᠢ ᠵᠢᠨ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠳᠠ ᠪᠤᠯᠤᠨ ᠦᠨᠳᠤᠷ ᠴᠢᠨᠰᠠᠭ᠎ᠠ᠎ᠲᠠᠢ ᠬᠦᠭᠵᠢᠯᠳᠡ ᠵᠢᠨ ᠲᠤᠬᠠᠢ ᠴᠢᠬᠤᠯᠨ ᠶᠠᠷᠢᠶ᠎ᠠ ᠴᠢᠬᠤᠯᠨ ᠴᠤᠬᠤᠯᠠᠪᠤᠷᠢ ᠵᠢᠨ ᠵᠤᠷᠢᠭ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠵᠶ᠋ᠡᠷ ᠬᠦᠳᠤᠯᠤᠮᠵᠢ ᠪᠤᠯᠭ᠋ᠠᠬᠤ᠂ ᠬᠠᠷᠠᠯᠳᠠ᠎ᠪᠠᠷ ᠬᠦᠳᠤᠯᠤᠮᠵᠢ ᠪᠤᠯᠭ᠋ᠠᠬᠤ᠂ ᠦᠷ᠎ᠡ ᠳ᠋ᠦᠡᠭ ᠵᠶ᠋ᠡᠷ ᠬᠦᠳᠤᠯᠤᠮᠵᠢ ᠪᠤᠯᠭ᠋ᠠᠬᠤ ᠵᠢ ᠪᠠᠷᠢᠮᠳᠠᠯᠠᠨ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠳᠠ ᠪᠤᠯᠤᠨ ᠦᠨᠳᠤᠷ ᠴᠢᠨᠰᠠᠭ᠎ᠠ᠎ᠲᠠᠢ ᠬᠦᠭᠵᠢᠯᠳᠡ ᠵᠢ ᠨᠦᠯᠦᠬᠡᠯᠡᠬᠦ ᠠᠰᠠᠭᠤᠳᠠᠯ ᠪᠦᠬᠦᠨ᠎ᠢ ᠬᠦᠨᠵᠡᠬᠡᠢ ᠵᠢᠬᠰᠠᠭ᠋ᠠᠨ ᠪᠠᠢ᠌ᠴᠠᠭ᠋ᠠᠵᠤ᠂ ᠬᠦᠴᠤᠳᠡᠢ ᠴᠡᠭᠴᠡᠯᠡᠨ ᠰᠠᠢ᠌ᠵᠢᠷᠠᠭᠤᠯᠵᠤ᠂ ᠲᠦᠷᠢᠮ᠎ᠢ ᠲᠡᠬᠦᠯᠳᠡᠷᠵᠢᠬᠦᠯᠤᠨ᠂ ᠠᠵᠢᠯ᠎ᠤᠨ ᠬᠠᠮᠳᠤᠷᠠᠯ ᠬᠦᠴᠤᠨ᠎ᠢ ᠨᠢᠬᠳᠠᠷᠠᠭᠤᠯᠵᠤ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠳᠠ ᠶᠡᠬᠡ ᠵᠠᠰᠠᠯᠳᠠ ᠲᠠᠰᠤᠷᠠᠯ ᠦᠬᠡᠢ ᠰᠢᠨ᠎ᠡ ᠦᠷ᠎ᠡ ᠪᠦᠳᠦᠮᠵᠢ ᠤᠯᠬᠤ ᠵᠢ ᠠᠬᠢᠭᠤᠯᠬᠤ ᠬᠡᠷᠡᠭᠳᠡᠢ᠃
ᠠᠭᠤᠯᠨ ᠤᠰᠤ᠂ ᠤᠢ ᠮᠤᠳᠤ᠂ ᠭᠠᠵᠠᠷ ᠲᠠᠷᠢᠶ᠎ᠠ᠂ ᠨᠠᠭᠤᠷ ᠪᠦᠷᠢ᠎ᠳᠤ᠂ ᠨᠤᠳᠤᠭ ᠪᠡᠯᠴᠢᠬᠡᠷ᠂ ᠡᠯᠡᠰᠤ ᠮᠡᠡᠭᠬᠠ ᠵᠢ ᠶᠡᠷᠤᠡᠭᠭᠡᠢ᠌ᠯᠠᠨ ᠵᠠᠰᠠᠬᠤ ᠵᠢ ᠨᠢᠬᠡᠳᠤᠯᠳᠡᠢ ᠲᠦᠯᠦᠪᠵᠢᠬᠦᠯᠤᠨ ᠠᠬᠢᠭᠤᠯᠵᠤ᠂ ᠠᠮᠢ ᠠᠬᠤᠢ ᠵᠢ ᠬᠠᠮᠠᠭ᠋ᠠᠯᠠᠨ ᠰᠡᠷᠬᠦᠬᠡᠬᠦ ᠴᠢᠬᠤᠯᠨ ᠶᠡᠬᠡ ᠢᠨᠵᠸᠨ᠋ᠸᠷᠢᠡᠭ᠎ᠢ ᠤᠨᠤᠴᠠᠳᠠᠢ ᠬᠡᠷᠡᠭᠵᠢᠬᠦᠯᠵᠤ᠂ ᠴᠦᠯᠵᠢᠯᠢ ᠰᠡᠷᠬᠡᠢ᠌ᠯᠡᠨ ᠵᠠᠰᠠᠬᠤ ᠵᠢ ᠶᠡᠬᠡ᠎ᠪᠠᠷ ᠠᠬᠢᠭᠤᠯᠵᠤ᠂ ᠤᠰᠤ ᠰᠢᠷᠤᠢ ᠵᠢᠨ ᠬᠠᠮᠠᠭ᠋ᠠᠯᠠᠯᠳᠠ ᠵᠢ ᠲᠤᠪᠤᠢ᠌ᠮ᠎ᠠ ᠠᠳᠬᠤᠵᠤ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠰᠢᠰᠲᠸᠮ᠎ᠤᠨ ᠶᠠᠰᠤ ᠴᠢᠨᠠᠷ ᠪᠤᠯᠤᠨ ᠲᠤᠬᠳᠠᠪᠤᠷᠢ᠎ᠳᠤ ᠴᠢᠨᠠᠷ᠎ᠢ ᠲᠠᠰᠤᠷᠠᠯᠳᠠ ᠦᠬᠡᠢ ᠲᠡᠭᠡᠭᠰᠢᠯᠡᠬᠦᠯᠬᠦ ᠬᠡᠷᠡᠭᠳᠡᠢ᠃
ᠰᠢᠨ᠎ᠡ ᠬᠦᠭᠵᠢᠯᠳᠡ ᠵᠢᠨ ᠤᠢ᠌ᠯᠠᠭ᠋ᠠᠬᠳᠠᠬᠤᠨ᠎ᠢ ᠪᠦᠷᠢᠨ ᠪᠦᠳᠦᠨ᠂ ᠵᠦᠪ ᠤᠨᠤᠪᠴᠢᠳᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠵᠦᠪ ᠤᠨᠤᠪᠴᠢᠳᠠᠢ ᠠᠵᠢᠯ᠎ᠤᠨ ᠠᠮᠵᠢᠯᠳᠠ ᠵᠢᠨ ᠦᠵᠡᠯᠳᠡ ᠪᠠ ᠬᠦᠭᠵᠢᠯᠳᠡ ᠵᠢᠨ ᠦᠵᠡᠯᠳᠡ ᠵᠢ ᠪᠠᠳᠤ ᠪᠤᠢ ᠪᠤᠯᠭ᠋ᠠᠵᠤ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠴᠢᠡᠭᠭ᠎ᠠ ᠬᠢᠵᠠᠭ᠋ᠠᠷᠯᠠᠯ ᠪᠤᠯᠭ᠋ᠠᠨ᠂ ᠬᠦᠮᠦᠨ ᠠᠮᠨ᠂ ᠬᠤᠳᠠ ᠪᠠ ᠠᠵᠤ ᠦᠢ᠍ᠯᠡᠰ᠎ᠤᠨ ᠬᠦᠭᠵᠢᠯᠳᠡ ᠵᠢ ᠵᠦᠢ ᠵᠤᠬᠢᠰᠳᠠᠢ ᠲᠦᠯᠦᠪᠵᠢᠬᠦᠯᠵᠤ᠂ ᠡᠬᠢ ᠪᠠᠶᠠᠯᠢᠭ᠎ᠢ ᠨᠡᠬᠡᠬᠡᠨ ᠬᠦᠭᠵᠢᠬᠦᠯᠬᠦ ᠪᠦᠳᠦᠬᠦᠯᠢᠭ ᠠᠷᠭ᠎ᠠ ᠪᠠᠷᠢᠯ ᠪᠠ ᠠᠵᠤ ᠦᠢ᠍ᠯᠡᠰ᠎ᠤᠨ ᠪᠦᠳᠦᠬᠡᠨ ᠪᠠᠢ᠌ᠭᠤᠯᠤᠯᠳᠠ ᠵᠢᠨ ᠲᠤᠤᠷᠠᠳᠤ ᠲᠡᠰ᠎ᠤᠨ ᠵᠠᠬ᠍ᠪᠤᠷ᠎ᠢ ᠲᠠᠶᠠᠬᠳᠠᠵᠤ᠂ ᠠᠷᠭ᠎ᠠ ᠮᠠᠶᠢᠭ ᠵᠶ᠋ᠡᠨ ᠬᠤᠪᠢᠷᠠᠭᠤᠯᠤᠨ᠂ ᠪᠦᠳᠤᠴᠨ ᠵᠢᠨ ᠲᠤᠬᠢᠷᠠᠭᠤᠯᠤᠯᠳᠠ ᠰᠢᠪᠳᠤᠯᠤᠯᠳᠠ ᠵᠢᠨ ᠴᠢᠨᠠᠷᠳᠠᠢ ᠠᠬᠢᠴᠨ᠎ᠲᠠᠢ ᠪᠤᠯᠭ᠋ᠠᠬᠤ ᠬᠡᠷᠡᠭᠳᠡᠢ᠃ ᠲᠦᠷᠤᠯ ᠵᠦᠢ᠍ᠯ᠎ᠢ ᠬᠢᠨᠠᠨ ᠬᠠᠷᠭᠤᠭᠤᠯᠬᠤ ᠪᠤᠭᠤᠮᠳᠠ ᠵᠢ ᠰᠠᠬᠢᠬᠤ ᠵᠢ ᠴᠢᠡᠭᠭ᠋ᠠᠳᠬᠠᠵᠤ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠳᠠ ᠪᠤᠯᠤᠨ ᠦᠨᠳᠤᠷ ᠴᠢᠨᠰᠠᠭ᠎ᠠ᠎ᠲᠠᠢ ᠬᠦᠭᠵᠢᠯᠳᠡ ᠵᠢᠨ ᠨᠡᠷ᠎ᠡ᠎ᠪᠠᠷ ᠰᠤᠬᠤᠷ ᠪᠠᠯᠠᠢ᠎ᠪᠠᠷ ᠦᠷᠬᠡᠳᠬᠡᠨ ᠪᠠᠢ᠌ᠭᠤᠯᠵᠤ᠂ ᠶᠡᠬᠡ᠎ᠪᠠᠷ ᠲᠦᠷᠬᠡᠨ ᠬᠦᠭᠵᠢᠬᠦᠯᠬᠦ᠂ ᠴᠢᠨᠠᠬᠰᠢᠯᠠᠭ᠋ᠠᠳ ᠠᠮᠢ ᠠᠬᠤᠢ ᠵᠢᠨ ᠣᠷᠴᠢᠨ ᠲᠤᠭᠤᠷᠢᠨ᠎ᠢ ᠡᠪᠳᠡᠬᠦ ᠵᠢ ᠡᠷᠡᠰ ᠰᠡᠷᠭᠡᠢ᠌ᠯᠡᠬᠦ ᠬᠡᠷᠡᠭᠳᠡᠢ᠃
ᠬᠤᠷᠠᠯ ᠠᠴᠠ ᠪᠠᠰᠨ᠂ ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠡᠯ᠎ᠡ ᠶᠡᠬᠡ ᠲᠡᠬᠡᠳᠤ ᠰᠤᠷᠭ᠋ᠠᠭᠤᠯᠢ ᠵᠢᠨ᠎ᠬᠢᠨ ᠨᠡᠢ᠌ᠬᠡᠮ ᠵᠢᠷᠤᠮ᠎ᠤᠨ ᠰᠤᠷᠭ᠋ᠠᠭᠤᠯᠢ ᠡᠷᠬᠢᠯᠡᠬᠦ ᠴᠢᠭᠯᠡᠯ᠎ᠢ ᠪᠠᠳᠤ ᠡᠵᠡᠮᠳᠡᠵᠤ᠂ ᠶᠤᠰᠤ ᠰᠤᠷᠳᠠᠬᠤᠨ ᠵᠶ᠋ᠡᠷ ᠬᠦᠮᠦᠨ᠎ᠢ ᠬᠦᠮᠤᠵᠢᠬᠦᠯᠬᠦ᠎ᠪᠠᠷ ᠭᠤᠤᠯ ᠭᠤᠭᠴᠤᠭ᠎ᠠ ᠪᠤᠯᠭ᠋ᠠᠬᠤ ᠵᠢ ᠪᠠᠷᠢᠮᠳᠠᠯᠠᠨ᠂ ᠦᠵᠡᠯ ᠰᠠᠨᠠᠭ᠎ᠠ ᠤᠯᠤᠰ ᠲᠦᠷᠤ ᠵᠢᠨ ᠠᠵᠢᠯ᠎ᠢ ᠦᠨᠡᠨ ᠬᠦ᠌ ᠰᠤᠷᠭ᠋ᠠᠨ ᠬᠦᠮᠦᠵᠢᠯ ᠵᠢᠭ᠋ᠠᠨ ᠰᠤᠷᠭ᠋ᠠᠯᠳᠠ ᠵᠢᠨ ᠪᠦᠬᠦ ᠲᠠᠯ᠎ᠠ᠎ᠳᠤ ᠲᠤᠭᠤᠰᠢᠯᠠᠭᠤᠯᠵᠤ᠂ ᠰᠤᠷᠭ᠋ᠠᠨ ᠬᠦᠮᠦᠵᠢᠯ᠎ᠤᠨ ᠤᠳᠤᠬᠢᠴᠢᠯᠠᠯᠳᠠ ᠵᠢ ᠲᠦᠷᠬᠡᠨ ᠠᠬᠢᠭᠤᠯᠵᠤ᠂ ᠠᠷᠠᠳ ᠲᠦᠮᠡᠨ ᠰᠡᠳᠬᠢᠯ ᠬᠠᠨᠤᠮᠵᠢᠳᠠᠢ ᠰᠤᠷᠭ᠋ᠠᠨ ᠬᠦᠮᠦᠵᠢᠯ᠎ᠢ ᠰᠠᠢ᠌ᠳᠤᠷ ᠡᠷᠬᠢᠯᠡᠬᠦ᠎ᠳᠤ ᠪᠠᠳᠤ ᠴᠢᠡᠭᠭ᠎ᠠ ᠪᠠᠳᠤᠯᠠᠭ᠎ᠠ ᠬᠠᠡᠭᠭ᠋ᠠᠬᠤ ᠬᠡᠷᠡᠭᠳᠡᠢ᠃
ᠡᠯ᠎ᠡ ᠶᠡᠬᠡ ᠲᠡᠬᠡᠳᠤ ᠰᠤᠷᠭ᠋ᠠᠭᠤᠯᠢ ᠢᠮᠠᠬᠳᠠ ᠮᠠᠷᠺᠰ᠎ᠤᠨ ᠦᠵᠡᠯ᠎ᠤᠨ ᠰᠤᠷᠤᠯᠴᠠᠯᠭ᠎ᠠ ᠰᠤᠳᠤᠯᠭ᠋ᠠᠨ ᠤᠬᠠᠭᠤᠯᠭ᠎ᠠ ᠵᠢ ᠴᠢᠡᠭᠭ᠋ᠠᠳᠬᠠᠬᠤ ᠵᠢ ᠴᠢᠬᠤᠯᠨ ᠡᠬᠦᠷᠬᠡ ᠬᠠᠷᠢᠭᠤᠴᠠᠯᠭ᠎ᠠ᠎ᠪᠠᠨ ᠪᠤᠯᠭ᠋ᠠᠵᠤ᠂ ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ᠎ᠤᠨ ᠦᠵᠡᠯ ᠰᠠᠨᠠᠭ᠋ᠠᠨ᠎ᠤ ᠰᠤᠷᠤᠯᠴᠠᠯᠭ᠎ᠠ ᠬᠦᠮᠦᠵᠢᠯ᠎ᠢ ᠦᠷᠬᠦᠯᠵᠢᠯᠡᠨ ᠬᠦᠨᠵᠡᠬᠡᠢ᠌ᠷᠡᠬᠦᠯᠵᠤ᠂ ᠨᠠᠮ᠎ᠤᠨ ᠲᠡᠤᠬᠡ᠎ᠪᠠᠷ ᠭᠤᠤᠯᠳᠠᠯᠭ᠎ᠠ ᠪᠤᠯᠭ᠋ᠠᠬᠰᠠᠨ 《ᠲᠦᠷᠪᠡᠨ ᠲᠡᠤᠬᠡ》 ᠵᠢᠨ ᠤᠬᠠᠭᠤᠯᠭ᠎ᠠ ᠬᠦᠮᠦᠵᠢᠯ᠎ᠢ ᠦᠷᠬᠡᠨ ᠲᠡᠯᠬᠡᠷ ᠦᠷᠨᠢᠬᠦᠯᠵᠤ᠂ ᠵᠠᠯᠠᠭᠤ ᠰᠤᠷᠤᠬ᠍ᠴᠢᠳ᠎ᠢ ᠬᠦᠳᠤᠯᠤᠨ ᠲᠠᠭ᠋ᠠᠭᠤᠯᠵᠤ ᠪᠠᠢ᠌ᠭ᠋ᠠᠳ ᠡᠪ ᠬᠠᠮᠳᠤ ᠶᠤᠰᠤᠨ᠎ᠤ ᠠᠯᠤᠰ ᠬᠡᠳᠤ ᠵᠢ ᠬᠦᠰᠡᠯᠡᠡᠭ ᠪᠤᠯᠤᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ᠎ᠤᠨ ᠬᠠᠮᠳᠤ ᠵᠢᠨ ᠬᠦᠰᠡᠯᠡᠡᠭᠢ ᠪᠠᠳᠤ ᠪᠤᠢ ᠪᠤᠯᠭ᠋ᠠᠬᠤ ᠬᠡᠷᠡᠭᠳᠡᠢ᠃ ᠶᠡᠬᠡ ᠲᠡᠭᠡᠳᠤ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠤ ᠵᠢᠨ ᠠᠵᠢᠯ᠎ᠤᠨ ᠤᠢ᠌ᠯᠠᠭ᠋ᠠᠬᠳᠠᠬᠤᠨ ᠰᠡᠳᠬᠢᠮᠵᠢ᠂ ᠠᠭᠤᠯᠭ᠎ᠠ ᠬᠡᠯᠪᠡᠷᠢ ᠪᠤᠯᠤᠨ ᠠᠷᠭ᠎ᠠ ᠮᠠᠶᠢᠭ᠎ᠤᠨ ᠰᠢᠨ᠎ᠡ ᠵᠢ ᠡᠬᠦᠳᠬᠦ ᠵᠢ ᠬᠦᠴᠤᠯᠡᠨ ᠠᠬᠢᠭᠤᠯᠵᠤ᠂ 《ᠦᠵᠡᠯ ᠰᠠᠨᠠᠭ᠎ᠠ ᠤᠯᠤᠰ ᠲᠦᠷᠤ ᠵᠢᠨ ᠬᠢᠴᠢᠶᠡᠯ》 ᠪᠠ 《ᠬᠢᠴᠢᠶᠡᠯ ᠦᠵᠡᠯ ᠰᠠᠨᠠᠭ᠎ᠠ ᠤᠯᠤᠰ ᠲᠦᠷᠤ》 ᠵᠢᠨ ᠪᠠᠢ᠌ᠭᠤᠯᠤᠯᠳᠠ ᠵᠢ ᠨᠢᠬᠡᠳᠤᠯᠳᠡᠢ ᠲᠦᠯᠦᠪᠵᠢᠬᠦᠯᠤᠨ ᠠᠬᠢᠭᠤᠯᠵᠤ᠂ ᠰᠢᠨ᠎ᠡ ᠵᠠᠭᠤᠴᠢᠯᠠᠭᠤᠷ᠂ ᠰᠢᠨ᠎ᠡ ᠮᠡᠷᠬᠡᠵᠢᠯ᠎ᠢ ᠬᠡᠷᠡᠭᠯᠡᠨ ᠦᠵᠡᠯ ᠰᠠᠨᠠᠭ᠎ᠠ ᠤᠯᠤᠰ ᠲᠦᠷᠤ ᠵᠢᠨ ᠬᠦᠮᠦᠵᠢᠯ᠎ᠢ ᠦᠷᠨᠢᠬᠦᠯᠬᠦ ᠵᠢ ᠨᠡᠡᠭ ᠴᠢᠬᠤᠯᠠᠴᠢᠯᠠᠨ᠂ 《ᠬᠤᠶᠠᠳᠤᠭ᠋ᠠᠷ ᠬᠢᠴᠢᠶᠡᠯ᠎ᠤᠨ ᠲᠠᠡᠭᠭᠢᠮ》᠎ᠤᠨ ᠪᠠᠢ᠌ᠭᠤᠯᠤᠯᠳᠠ ᠵᠢ ᠴᠢᠬᠤᠯᠠᠴᠢᠯᠠᠨ ᠠᠳᠬᠤᠵᠤ᠂ ᠦᠵᠡᠯ ᠰᠠᠨᠠᠭ᠎ᠠ ᠤᠯᠤᠰ ᠲᠦᠷᠤ ᠵᠢᠨ ᠠᠵᠢᠯ᠎ᠤᠨ ᠴᠠᠭ ᠦᠶᠡᠴᠢ ᠴᠢᠨᠠᠷ᠂ ᠬᠠᠨᠳᠤᠯᠭ᠋ᠠᠳᠤ ᠴᠢᠨᠠᠷ ᠪᠠ ᠦᠷ᠎ᠡ ᠪᠦᠳᠦᠮᠵᠢᠳᠤ ᠴᠢᠨᠠᠷ᠎ᠢ ᠲᠠᠰᠤᠷᠠᠯᠳᠠ ᠦᠬᠡᠢ ᠴᠢᠡᠭᠭ᠋ᠠᠷᠠᠭᠤᠯᠬᠤ ᠬᠡᠷᠡᠭᠳᠡᠢ᠃
ᠶᠡᠬᠡ ᠲᠡᠬᠡᠳᠤ ᠰᠤᠷᠭ᠋ᠠᠭᠤᠯᠢ ᠵᠢᠨ ᠡᠯ᠎ᠡ ᠲᠦᠷᠤᠯ᠎ᠤᠨ ᠵᠢᠬᠰᠠᠭ᠋ᠠᠯ᠎ᠤᠨ ᠭᠠᠵᠠᠷ᠎ᠤᠨ ᠪᠦᠳᠦᠬᠡᠨ ᠪᠠᠢ᠌ᠭᠤᠯᠤᠯᠳᠠ ᠵᠢ ᠪᠦᠬᠦ ᠬᠦᠴᠤᠨ ᠵᠶ᠋ᠡᠷ ᠵᠶ᠋ᠡᠨ ᠰᠠᠢ᠌ᠳᠤᠷ ᠠᠳᠬᠤᠵᠤ᠂ ᠶᠡᠬᠡ ᠲᠡᠬᠡᠳᠤ ᠰᠤᠷᠭ᠋ᠠᠭᠤᠯᠢ ᠵᠢᠨ ᠬᠦᠮᠦᠨ᠎ᠢ ᠬᠦᠮᠦᠵᠢᠬᠦᠯᠬᠦ ᠵᠢᠭ᠋ᠠᠨ ᠰᠤᠷᠭ᠋ᠠᠯᠳᠠ ᠵᠢᠨ ᠤᠷᠴᠢᠨ ᠨᠦᠬᠦᠴᠡᠯ᠎ᠢ ᠲᠠᠰᠤᠷᠠᠯ ᠦᠬᠡᠢ ᠴᠡᠪᠡᠷᠰᠢᠬᠦᠯᠬᠦ ᠬᠡᠷᠡᠭᠳᠡᠢ᠃ ᠶᠡᠬᠡ ᠲᠡᠬᠡᠳᠤ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠤ ᠵᠢᠨ ᠠᠵᠢᠯ᠎ᠤᠨ ᠡᠬᠦᠷᠬᠡ ᠬᠠᠷᠢᠭᠤᠴᠠᠯᠭ᠎ᠠ ᠵᠢ ᠪᠤᠳᠠᠳᠠᠢ᠌ᠵᠢᠭᠤᠯᠵᠤ᠂ ᠵᠡᠷᠬᠡ᠎ᠪᠠᠷ ᠠᠳᠬᠤᠵᠤ ᠬᠠᠮᠳᠤ᠎ᠪᠠᠷ ᠬᠠᠮᠢᠶᠠᠷᠬᠤ ᠠᠵᠢᠯ᠎ᠤᠨ ᠪᠠᠢ᠌ᠳᠠᠯ᠎ᠢ ᠪᠦᠷᠢᠯᠳᠤᠬᠦᠯᠬᠦ ᠬᠡᠷᠡᠭᠳᠡᠢ ᠭᠡᠵᠤ ᠴᠢᠬᠤᠯᠠᠴᠢᠯᠠᠬᠰᠨᠨ ᠪᠠᠢ᠌ᠨ᠎ᠠ᠃
ᠬᠤᠷᠠᠯ ᠲᠡᠬᠡᠷ᠎ᠡ ᠪᠠᠰᠨ ᠪᠤᠰᠤᠳ ᠵᠦᠢ᠍ᠢ᠍ᠯᠢ ᠰᠤᠳᠤᠯᠵᠠᠢ᠃