ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 2021 ᠣᠨ᠎ᠤ ᠪᠥᠬᠥᠳᠡ ᠬᠤᠷᠠᠯ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠤᠨ ᠬᠤᠷᠠᠯ ᠬᠤᠷᠠᠯᠳᠤᠭᠤᠯᠵᠤ ᠪᠦ᠋ ᠰᠢᠶᠤᠤ ᠯᠢᠨ ᠬᠤᠷᠠᠯ ᠡᠷᠭᠢᠯᠡᠪᠠ
ᠨᠡᠶᠢᠲᠡᠯᠡᠭᠰᠡᠨ ᠴᠠᠭ᠄ 2021-05-18


     
     5 ᠳ᠋ᠤᠭ᠋ᠠᠷ ᠰᠠᠷ᠎ᠠ ᠵᠢᠨ 17᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 2021 ᠣᠨ᠎ᠤ ᠪᠥᠬᠥᠳᠡ ᠬᠤᠷᠠᠯ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠠ ᠢᠯᠵᠠᠷᠠᠯ᠎ᠢ ᠡᠰᠡᠷᠭᠦᠴᠡᠬᠦ ᠠᠵᠢᠯ᠎ᠤᠨ ᠬᠤᠷᠠᠯ ᠬᠤᠷᠠᠯᠳᠤᠭᠤᠯᠵᠤ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠠ ᠢᠯᠵᠠᠷᠠᠯ᠎ᠢ ᠡᠰᠡᠷᠭᠦᠴᠡᠬᠦ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠪᠦ᠋ ᠰᠢᠶᠤᠤ ᠯᠢᠨ ᠬᠤᠷᠠᠯ ᠡᠷᠭᠢᠯᠡᠵᠡᠶ᠃
    ᠬᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠱᠦᠵᠢ᠂ ᠬᠢᠨᠠᠨ ᠪᠠᠢ᠌ᠴᠠᠭ᠋ᠠᠬᠤ ᠵᠥᠪᠯᠡᠯ᠎ᠤᠨ ᠡᠷᠬᠢᠯᠡᠭᠴᠢ ᠯᠢᠦ ᠴᠢ ᠹᠠᠨ᠎ᠢ ᠤᠷᠢᠵᠤ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠵᠦ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠣᠯᠤᠨ ᠢᠯᠵᠡᠷᠡᠯ᠎ᠢ ᠡᠰᠡᠷᠭᠦᠴᠡᠬᠦ ᠰᠡᠷᠡᠮᠵᠢᠯᠡᠯ᠎ᠤᠨ ᠬᠥᠮᠦᠵᠢᠯ ᠬᠢᠪᠡ᠃
    ᠬᠤᠷᠠᠯ᠎ᠠᠴᠠ ᠡᠨᠡ ᠵᠢᠯ ᠪᠣᠯ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠪᠠ 〈〈ᠠᠷᠪᠠᠨ ᠳᠥᠷᠪᠡᠳᠦᠭᠡᠷ ᠲᠠᠪᠤᠨ ᠵᠢᠯ〉〉  ᠎ᠤᠨ ᠡᠬᠢᠯᠡᠯᠲᠡ ᠵᠢᠨ ᠵᠢᠯ ᠪᠣᠯᠬᠣᠷ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠢ ᠴᠢᠩᠭ᠋ᠠᠳᠬᠠᠬᠤ ᠶᠠᠪᠤᠳᠠᠯ ᠪᠣᠯ ᠣᠨᠴᠠᠭ᠋ᠠᠢ ᠴᠢᠬᠤᠯᠠ ᠠᠴᠢ ᠬᠣᠯᠪᠣᠭᠳᠠᠯ᠎ᠲᠠᠢ ᠶᠤᠮ᠃ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠥᠷᠪᠡᠳᠦᠭᠡᠷ ᠤᠳᠠᠭ᠎ᠠ ᠵᠢᠨ ᠴᠢᠬᠡᠴᠢ ᠵᠠᠰᠠᠭ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠳᠣᠯᠣᠳᠤᠭ᠋ᠠᠷ ᠪᠦᠬᠦᠳᠠ ᠬᠤᠷᠠᠯ᠎ᠤᠨ ᠪᠠᠢ᠌ᠷᠢᠯᠠᠭᠤᠯᠤᠯᠲᠠ ᠵᠢᠨ ᠶᠣᠰᠣᠭ᠋ᠠᠷ ᠵᠠᠰᠠᠭ᠎ᠤᠨ ᠣᠷᠳᠣᠨ᠎ᠤ ᠰᠢᠰᠲ᠋ᠧᠮ᠎ᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠢ ᠲᠠᠰᠤᠷᠠᠯᠳᠠ ᠦᠭᠡᠢ ᠭᠦᠨᠵᠡᠭᠡᠢ᠌ᠷᠡᠭᠦᠯᠬᠦ ᠬᠡᠷᠡᠭᠲᠡᠢ ᠭᠡᠪᠡ᠃
    ᠬᠤᠷᠠᠯ᠎ᠠᠴᠠ ᠵᠠᠰᠠᠭ᠎ᠤᠨ ᠣᠷᠳᠣᠨ᠎ᠤ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠤᠳᠤᠷᠢᠳᠬᠤ ᠳᠤᠭᠤᠢ᠌ᠯᠠᠩ (ᠨᠠᠮ᠎ᠤᠨ ᠬᠣᠷᠢᠢ᠎ᠠ) ᠡᠷᠬᠡᠪᠰᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠨᠠᠮ᠎ᠤᠨ ᠤᠳᠤᠷᠢᠳᠬᠤ ᠳᠤᠭᠤᠢ᠌ᠯᠠᠩ (ᠨᠠᠮ᠎ᠤᠨ ᠬᠣᠷᠢᠶ᠎ᠠ)  ᠎ᠤᠨ ᠱᠦᠵᠢ ᠵᠢᠨ ᠨᠢᠭᠡᠳᠦᠭᠡᠷ ᠬᠠᠷᠢᠭᠤᠴᠠᠯᠭ᠎ᠠ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠎ᠤ 〈〈ᠨᠢᠭᠡ ᠠᠵᠢᠯ᠎ᠤᠨ ᠪᠠᠢ᠌ᠷᠢ ᠵᠢᠨ ᠬᠣᠤᠰ ᠬᠠᠷᠢᠭᠤᠴᠠᠯᠭ᠎ᠠ〉〉 ᠵᠢ ᠡᠷᠡᠰ ᠨᠠᠢ᠌ᠳᠠᠪᠤᠷᠢᠵᠢᠭᠤᠯᠬᠤ ᠬᠡᠷᠡᠭᠲᠠᠢ᠃ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ ᠪᠣᠯᠤᠨ ᠣᠨᠣᠯ ᠵᠶ᠋ᠠᠷ ᠵᠡᠪᠰᠡᠭᠯᠡᠬᠦ ᠵᠢ ᠦᠷᠭᠦᠯᠵᠢᠯᠡᠨ ᠴᠢᠩᠭ᠋ᠠᠳᠬᠠᠨ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂   ᠣᠢ᠌ᠯᠠᠭ᠋ᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠵᠤ᠂ ᠨᠡᠪᠲᠡᠷᠡᠲᠡᠯ᠎ᠡ ᠤᠢ᠌ᠯᠠᠭ᠋ᠠᠨ ᠪᠣᠳᠠᠲᠠᠢ᠌ᠵᠢᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠯᠠᠪᠳᠠᠭᠤᠨ ᠪᠠᠲᠤᠲᠠᠶ ᠰᠠᠢ᠌ᠲᠤᠷ ᠥᠷᠨᠢᠭᠦᠯᠤᠨ᠂ 〈〈ᠳᠥᠷᠪᠡᠨ ᠤᠬᠠᠮᠰᠠᠷ〉〉 ᠵᠶ᠋ᠠᠨ ᠴᠢᠨᠠᠭᠰᠢᠳᠠ ᠴᠢᠩᠭ᠋ᠠᠳᠬᠠᠵᠤ᠂ 〈〈ᠳᠥᠷᠪᠡᠨ ᠢᠲᠡᠭᠡᠯ〉〉 ᠵᠶ᠋ᠠᠨ ᠪᠠᠲᠤᠳᠬᠠᠨ᠂  〈〈ᠬᠣᠶᠠᠷ᠎ᠢ ᠬᠠᠮᠠᠭ᠋ᠠᠯᠠᠬᠤ〉〉 ᠵᠢ ᠡᠷᠬᠡᠪᠰᠢ ᠪᠡᠶᠡᠯᠡᠭᠦᠯᠬᠦ ᠬᠡᠷᠡᠭᠲᠡᠶ ᠭᠡᠪᠡ᠃
      ᠬᠤᠷᠠᠯ᠎ᠠᠴᠠ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠬᠦᠲᠦᠯᠦᠨ ᠳᠠᠭ᠋ᠠᠭᠤᠯᠵᠤ ᠪᠠᠲᠤᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠮ᠎ᠤᠨ ᠲᠥᠪ ᠬᠣᠷᠢᠶᠠᠨ᠎ᠤ   ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠡᠷᠡ ᠶᠤᠰᠤᠭ᠋ᠠᠷ᠎ᠨᠢ ᠨᠠᠢ᠌ᠲᠠᠪᠤᠷᠢᠵᠢᠭᠤᠯᠤᠨ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠠᠭᠤᠰᠤᠨ ᠦᠢ᠍ᠯᠡᠴᠢᠯᠡᠵᠤ᠂ ᠥᠪᠥᠷ ᠮᠣᠩᠭᠣᠯ᠎ᠤᠨ ᠪᠠᠢ᠌ᠯᠳᠤᠬᠤ ᠪᠤᠳᠤᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠠᠷᠭ᠎ᠠ ᠵᠠᠮ ᠵᠶ᠋ᠠᠷ ᠡᠷᠡᠰ ᠭᠤᠢ᠌ᠪᠢᠰᠢ ᠦᠭᠡᠢ ᠰᠠᠢ᠌ᠲᠤᠷ ᠵᠠᠮᠨᠠᠬᠤ ᠬᠡᠷᠡᠭᠲᠡᠢ᠃ 〈〈ᠵᠢᠷᠭᠤᠭ᠎ᠠ ᠵᠢ ᠲᠣᠭᠲᠠᠪᠤᠷᠢᠵᠢᠭᠤᠯᠬᠤ〉〉 ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ 〈〈ᠵᠢᠷᠭᠤᠭ᠎ᠠ ᠵᠢ ᠪᠠᠲᠤᠯᠠᠬᠤ〉〉 ᠡᠭᠦᠷᠭᠡ ᠵᠢ   ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠷᠡᠰ ᠰᠠᠢ᠌ᠲᠤᠷ ᠬᠢᠵᠦ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱ᠌ᠢᠵᠦ ᠪᠣᠯᠬᠤᠢ᠌ᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠦᠷᠢᠯᠲᠤᠭᠦᠯᠬᠦ ᠬᠡᠷᠡᠭᠲᠡᠢ ᠭᠡᠪᠡ᠃
      ᠬᠤᠷᠠᠯ᠎ᠠᠴᠠ ᠲᠥᠪ᠎ᠤᠨ ᠲᠣᠭᠣᠷᠢᠨ ᠪᠠᠢ᠌ᠴᠠᠭ᠋ᠠᠯᠲᠠ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ   ᠵᠢᠨ ᠬᠢᠨᠠᠨ ᠪᠠᠢ᠌ᠴᠠᠭ᠋ᠠᠯᠲᠠ ᠪᠠ ᠲᠣᠭ᠎ᠠ ᠪᠦᠷᠢᠳᠬᠡᠯ᠎ᠤᠨ ᠬᠢᠨᠠᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ   ᠵᠶ᠋ᠠᠷ ᠦᠷᠭᠦᠯᠵᠢᠯᠡᠨ ᠰᠠᠢ᠌ᠲᠤᠷ ᠴᠡᠭᠴᠡᠯᠡᠨ ᠵᠠᠰᠠᠬᠤ ᠪᠠ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶ᠎ᠡ ᠴᠠᠷᠠᠭ᠋ᠠᠨ᠎ᠳᠤ᠎ᠬᠢ ᠬᠠᠤᠯᠢ ᠲᠦᠷᠢᠮ᠎ᠠᠴᠠ ᠵᠥᠷᠢᠴᠡᠭᠰᠡᠨ ᠠᠰᠠᠭᠤᠳᠠᠯ᠎ᠤᠨ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠵᠶ᠋ᠠᠨ ᠦᠷᠭᠦᠯᠵᠢᠯᠡᠨ ᠦᠷᠭᠡᠳᠬᠡᠨ ᠭᠦᠨᠵᠡᠭᠡᠢ᠌ᠷᠡᠭᠦᠯᠬᠦ ᠬᠡᠷᠡᠭᠲᠡᠢ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠦᠷᠢᠶ᠎ᠡ ᠴᠠᠷᠠᠭ᠋ᠠᠨ᠎ᠳᠤ᠎ᠬᠢ ᠢᠯᠵᠠᠷᠠᠯ᠎ᠤᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯ ᠪᠠ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠰᠢᠰᠲ᠋ᠧᠮ᠎ᠤᠨ ᠢᠯᠵᠠᠷᠠᠯ᠎ᠤᠨ ᠠᠰᠠᠭᠤᠳᠠᠯ᠎ᠢ ᠭᠣᠤᠯᠳᠠᠯᠭ᠎ᠠ᠎ᠲᠠᠢ ᠴᠡᠭᠴᠡᠯᠡᠨ ᠵᠠᠰᠠᠬᠤ ᠠᠵᠢᠯ᠂ ᠤᠯᠤᠰ ᠲᠥᠷᠥ ᠬᠠᠤᠯᠢ ᠴᠠᠭ᠋ᠠᠵᠠ ᠵᠢᠨ ᠰᠢᠰᠲ᠋ᠧᠮ᠎ᠤᠨ ᠢᠯᠵᠠᠷᠠᠯ ᠪᠠ ᠣᠪᠣᠷ ᠰᠤᠷᠲᠠᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠠᠵᠢᠯ ᠵᠢᠴᠢ ᠨᠤᠲᠤᠭ ᠪᠡᠯᠴᠢᠭᠡᠷ ᠣᠢ᠌ᠲᠤ ᠣᠷᠣᠨ᠎ᠤ ᠭᠠᠵᠠᠷ ᠬᠦᠷᠣᠰᠤ ᠵᠢ ᠡᠪᠳᠡᠭᠰᠡᠨ ᠬᠠᠤᠯᠢ ᠳᠦᠷᠢᠮ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠲᠤᠰᠬᠠᠶ ᠴᠡᠭᠴᠡᠯᠡᠨ ᠵᠠᠰᠠᠬᠤ ᠠᠵᠢᠯ᠎ᠢ   ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠪᠡ᠃
    ᠬᠤᠷᠠᠯ᠎ᠠᠴᠠ ᠪᠠᠰᠠ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠂ ᠤᠯᠠᠠ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶ᠎ᠠ᠂ ᠤᠯᠠᠠ ᠨᠡᠢ᠌ᠲᠡ ᠵᠢᠨ ᠢᠨᠵᠧᠨᠧᠷᠢᠩ᠎ᠤᠨ ᠪᠦᠲᠦᠭᠡᠡ ᠪᠠᠢ᠌ᠭᠤᠯᠤᠯᠲᠠ ᠵᠡᠷᠭᠡ ᠬᠦᠷᠢᠶ᠎ᠡ ᠴᠠᠷᠠᠭ᠋ᠠᠨ᠎ᠤ ᠬᠢᠨᠠᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠢ᠃ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠰᠢᠭᠤᠳ ᠬᠦᠷᠭᠡᠬᠦ ᠲᠣᠭᠲᠠᠴᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ   ᠦᠷ᠎ᠡ ᠪᠦᠲᠤᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠠᠷᠪᠢᠯᠠᠨ ᠭᠠᠮᠨᠠᠬᠤ ᠵᠢ ᠪᠠᠷᠢᠮᠲᠠᠯᠠᠨ᠂ ᠭᠠᠮᠨᠠᠵᠤ ᠠᠷᠪᠢᠯᠠᠭᠰᠠᠨ ᠪᠡᠯᠡ ᠮᠥᠩᠭᠥ᠎ᠪᠠᠨ ᠠᠵᠢᠯ ᠣᠯᠭᠣᠯᠲᠠ᠂ ᠠᠷᠠᠳ᠎ᠤᠨ ᠠᠮᠢᠳᠤᠷᠠᠯ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠠᠲᠤᠯᠠᠬᠤ ᠳᠡᠭᠡᠷ᠎ᠡ ᠬᠡᠷᠡᠭᠯᠡᠬᠦ ᠬᠡᠷᠡᠭᠲᠡᠢ᠃ 〈〈ᠲᠦᠷᠪᠡᠨ ᠰᠤᠷᠲᠠᠯ〉〉᠎ᠢ ᠴᠥᠬᠥᠷᠡᠰᠢ ᠦᠭᠡᠢ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ᠎ᠤ ᠬᠦᠯᠢᠶᠡᠰᠦ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠬᠦ ᠬᠡᠷᠡᠭᠲᠠᠢ᠃ ᠢᠯᠵᠠᠷᠠᠯ᠎ᠢ ᠰᠡᠷᠭᠡᠢ᠌ᠯᠡᠨ ᠠᠷᠢᠭᠤᠨ ᠴᠢᠬᠡᠴᠢ᠎ᠪᠠᠷ   ᠠᠵᠢᠯᠯᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠡᠭᠦᠯᠳᠡᠷᠵᠢᠭᠦᠯᠵᠦ᠂ ᠢᠯᠵᠠᠷᠠᠯ᠎ᠢ ᠡᠬᠢ ᠡᠭᠦᠰᠦᠯ᠎ᠠᠴᠠ᠎ᠨᠢ ᠰᠡᠷᠭᠡᠢ᠌ᠯᠡᠨ ᠬᠣᠷᠢᠭᠯᠠᠬᠤ ᠬᠡᠷᠡᠭᠲᠠᠢ᠃ ᠤᠳᠤᠷᠢᠳᠬᠤ ᠺᠠᠳ᠋ᠷᠴᠤᠳ ᠲᠦᠷᠦᠭᠦᠯᠡᠨ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠵᠤ᠂ ᠠᠷᠢᠭᠤᠨ ᠴᠢᠬᠡᠴᠢ᠎ᠪᠠᠷ ᠠᠵᠢᠯᠯᠠᠬᠤ ᠠᠵᠢᠯ᠎ᠤᠨ ᠪᠠᠷᠢᠮᠵᠢᠶ᠎ᠠ ᠵᠢ ᠵᠢᠷᠤᠮᠯᠠᠨ ᠬᠡᠷᠡᠭᠵᠢᠭᠦᠯᠬᠦ ᠵᠡᠷᠭᠡ ᠲᠠᠯ᠎ᠠ᠎ᠪᠠᠷ ᠬᠡᠪ ᠲᠦᠷᠢᠮ ᠪᠤᠯᠵᠤ᠂ ᠦᠯᠢᠭᠡᠷ ᠳᠠᠭᠤᠷᠢᠶᠠᠯ᠎ᠤᠨ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠬᠤ ᠬᠡᠷᠡᠭᠲᠡᠢ ᠭᠡᠵᠡᠢ᠃
    ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠰᠢᠭᠤᠳ ᠬᠠᠷᠢᠶ᠎ᠠ ᠳᠤᠰᠬᠠᠢ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠪᠠ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠡᠭᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠰᠢ ᠵᠢᠨ ᠫᠢᠡᠭ ᠶᠡᠷᠤᠡᠭᠭᠡᠢ ᠱᠦᠵᠢ ᠵᠢᠨ ᠲᠦᠷᠤᠬᠦᠤ ᠤᠯᠠᠷᠢᠯ᠎ᠤᠨ ᠠᠵᠤ ᠠᠬᠤᠢ ᠵᠢᠨ ᠪᠠᠢ᠌ᠳᠠᠯ᠎ᠤᠨ ᠲᠤᠬᠠᠢ ᠴᠢᠬᠤᠯᠨ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠵᠤ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠳᠠ ᠪᠠ ᠦᠨᠳᠤᠷ ᠴᠢᠨᠰᠠᠭ᠎ᠠ᠎ᠲᠠᠢ ᠬᠦᠭᠵᠢᠯᠳᠡ ᠵᠢᠨ ᠠᠵᠢᠯ᠎ᠢ ᠰᠤᠳᠤᠯᠵᠤ᠂ ᠪᠦᠬᠦ ᠤᠷᠤᠨ᠎ᠤ ᠶᠡᠬᠡ ᠲᠡᠭᠡᠳᠤ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠤ ᠵᠢᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠬᠦᠯᠤᠯᠳᠡ ᠵᠢ ᠰᠤᠨᠤᠰᠪᠠ
ᠯᠢ ᠵᠢᠢ ᠾᠸᠩ ᠨᠢᠩᠰᠢᠶᠠ᠎ᠳᠤ ᠰᠤᠳᠤᠯᠤᠨ ᠪᠠᠢ᠌ᠴᠠᠭ᠋ᠠᠯᠲᠠ ᠬᠢᠬᠦ᠎ᠳᠤ᠎ᠪᠠᠨ ᠠᠷᠠᠳ᠎ᠤᠨ ᠶᠠᠪᠤᠳᠠᠯ᠎ᠤᠨ ᠴᠢᠨᠠᠷᠯᠢᠭ ᠬᠦᠭᠵᠢᠯᠲᠡ ᠵᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠬᠦᠭᠵᠢᠯᠲᠡ ᠪᠤᠯᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠳᠤ ᠨᠡᠩ ᠰᠠᠢ᠌ᠨ ᠦᠢ᠍ᠯᠡᠴᠢᠯᠡᠭᠦᠯᠬᠦ ᠬᠡᠷᠡᠭᠲᠡᠢ ᠬᠡᠮᠡᠨ ᠴᠢᠬᠤᠯᠠᠴᠢᠯᠠᠵᠠᠢ
ᠵᠠᠡᠭ ᠴᠦᠨ ᠰᠢᠶᠠᠨ ᠲᠤᠭᠤᠢ᠌ᠯᠠᠡᠭ ᠲᠠᠭ᠋ᠠᠭᠤᠯᠵᠤ ᠮᠠᠨ᠎ᠤ ᠤᠷᠤᠨ᠎ᠳᠤ ᠢᠷᠡᠵᠤ ᠪᠠᠢ᠌ᠴᠠᠭ᠋ᠠᠨ ᠰᠤᠳᠤᠯᠬᠤ᠎ᠳᠤ᠎ᠪᠠᠨ ᠴᠢᠬᠤᠯᠠᠴᠢᠯᠠᠬᠰᠠᠨ ᠨ᠊《ᠬᠤᠶᠠᠷ ᠵᠦᠪᠯᠡᠯ》᠎ᠤᠨ ᠵᠤᠬᠢᠶᠠᠠ ᠪᠠᠢ᠌ᠭᠤᠯᠤᠯᠳᠠ ᠵᠢᠨ ᠬᠠᠤᠯᠢ᠎ᠳᠤ ᠵᠠᠰᠠᠪᠤᠷᠢ ᠤᠷᠤᠭᠤᠯᠬᠤ ᠠᠬᠢᠴᠨ ᠵᠢ ᠲᠦᠷᠬᠡᠳᠬᠡᠵᠤ ᠦᠨᠳᠤᠰᠤᠨ ᠱᠠᠳᠤᠨ᠎ᠤ ᠵᠠᠰᠠᠯᠳᠠ ᠵᠢᠨ ᠰᠢᠰᠲᠸᠮ ᠪᠠ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ᠎ᠳᠤ ᠬᠦᠴᠤᠨ ᠪᠦᠬᠦᠢ ᠬᠠᠤᠯᠢᠵᠢᠯ᠎ᠤᠨ ᠪᠠᠳᠤᠯᠠᠭ᠎ᠠ ᠬᠠᠡᠭᠭ᠋ᠠᠬᠤ ᠬᠡᠷᠡᠭᠳᠡᠢ
ᠦᠪᠡᠷᠲᠡᠭᠡᠨ ᠵᠠᠰᠠᠬᠤ ᠤᠷᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠲᠤᠰᠬᠠᠢ ᠲᠠᠯᠠᠪᠤᠷ᠎ᠤᠨ ᠰᠤᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠠᠭᠤᠯᠪᠠ
ᠸᠠᠡᠭ ᠯᠢ ᠰᠢᠶᠨ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠤᠯᠠᠬ᠍ᠴᠢ ᠲᠡᠷᠢᠬᠦᠯᠡᠭᠴᠢ ᠵᠢᠨ ᠲᠤᠰᠢᠶᠠᠯ᠎ᠢ ᠡᠬᠦᠷᠬᠡᠯᠡᠪᠡ
 
            