ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠯᠢ ᠵᠢᠢ ᠾᠸᠩ ᠨᠢᠩᠰᠢᠶᠠ᠎ᠳᠤ ᠰᠤᠳᠤᠯᠤᠨ ᠪᠠᠢ᠌ᠴᠠᠭ᠋ᠠᠯᠲᠠ ᠬᠢᠬᠦ᠎ᠳᠤ᠎ᠪᠠᠨ ᠠᠷᠠᠳ᠎ᠤᠨ ᠶᠠᠪᠤᠳᠠᠯ᠎ᠤᠨ ᠴᠢᠨᠠᠷᠯᠢᠭ ᠬᠦᠭᠵᠢᠯᠲᠡ ᠵᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠬᠦᠭᠵᠢᠯᠲᠡ ᠪᠤᠯᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠳᠤ ᠨᠡᠩ ᠰᠠᠢ᠌ᠨ ᠦᠢ᠍ᠯᠡᠴᠢᠯᠡᠭᠦᠯᠬᠦ ᠬᠡᠷᠡᠭᠲᠡᠢ ᠬᠡᠮᠡᠨ ᠴᠢᠬᠤᠯᠠᠴᠢᠯᠠᠵᠠᠢ
ᠨᠡᠶᠢᠲᠡᠯᠡᠭᠰᠡᠨ ᠴᠠᠭ᠄ 2021-06-15

     
      ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠳᠤᠭᠤᠢ᠌ᠯᠠᠩ᠎ᠤᠨ ᠱᠦᠵᠢ᠂ ᠶᠠᠮᠤᠨ᠎ᠤ ᠳᠠᠷᠤᠭ᠎ᠠ ᠯᠢ ᠵᠢᠢ ᠾᠸᠩ  6 ᠰᠠᠷ᠎ᠠ ᠵᠢᠨ 5 — 7᠎ᠤ ᠡᠳᠦᠷ ᠨᠢᠩᠰᠢᠶᠠ᠎ᠳᠤ ᠬᠦᠷᠴᠦ ᠠᠷᠠᠳ᠎ᠤᠨ ᠶᠠᠪᠤᠳᠠᠯ᠎ᠤᠨ ᠠᠵᠢᠯ᠎ᠤᠨ ᠰᠤᠳᠤᠯᠤᠨ ᠪᠠᠢ᠌ᠴᠠᠭ᠋ᠠᠯᠲᠠ ᠬᠢᠭᠰᠡᠨ ᠪᠦᠭᠡᠳ ᠠᠷᠠᠳ᠎ᠤᠨ ᠶᠠᠪᠤᠳᠠᠯ᠎ᠤᠨ ᠠᠵᠢᠯ᠎ᠤᠨ ᠰᠠᠭᠤᠳᠠᠯ᠎ᠤᠨ ᠬᠤᠷᠠᠯ ᠬᠤᠷᠠᠯᠳᠤᠭᠤᠯᠵᠠᠢ᠃ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠩᠭᠤ ᠵᠢᠨ ᠭᠡᠰᠢᠭᠦᠨ᠂ ᠢᠷᠭ᠋ᠠᠢ ᠬᠤᠲᠠ ᠵᠢᠨ ᠨᠠᠮ᠎ᠤᠨ ᠬᠤᠷᠢᠶᠠᠨ᠎ᠤ ᠱᠦᠵᠢ ᠵᠠᠩ ᠵᠤ᠌᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠩᠭᠤ ᠵᠢᠨ ᠭᠡᠰᠢᠭᠦᠨ᠂ ᠭᠦᠶᠤᠸᠠᠨ ᠬᠤᠲᠠ ᠵᠢᠨ ᠨᠠᠮ᠎ᠤᠨ ᠬᠤᠷᠢᠶᠠᠨ᠎ᠤ ᠱᠦᠵᠢ ᠮᠠ ᠬᠠᠨ ᠴᠸᠩ᠂ ᠦᠪᠡᠷᠲᠡᠭᠡᠨ ᠵᠠᠰᠠᠬᠤ ᠤᠷᠤᠨ᠎ᠤ ᠲᠡᠳ᠋ ᠲᠡᠷᠢᠭᠦᠯᠡᠭᠴᠢ ᠸᠠᠩ ᠾᠸ ᠱᠠᠨ ᠨᠠᠷ ᠬᠤᠯᠪᠤᠭᠳᠠᠯ ᠪᠦᠬᠦᠢ ᠰᠤᠳᠤᠯᠤᠨ ᠪᠠᠢ᠌ᠴᠠᠭ᠋ᠠᠯᠲᠠ ᠪᠤᠯᠤᠨ ᠰᠠᠭᠤᠳᠠᠯ᠎ᠤᠨ ᠬᠤᠷᠠᠯ᠎ᠳᠤ ᠤᠷᠤᠯᠴᠠᠵᠠᠢ᠃
      ᠯᠢ ᠵᠢᠢ ᠾᠸᠩ᠎ᠪᠠᠷ ᠢᠷᠭ᠋ᠠᠢ ᠬᠤᠲᠠ ᠵᠢᠨ ᠶᠦᠩ ᠨᠢᠩ ᠰᠢᠶᠠᠨ᠎ᠤ ᠮᠢᠨ ᠨᠢᠩ ᠪᠠᠯᠭ᠋ᠠᠰᠤ ᠪᠤᠯᠤᠨ ᠡᠤ ᠵᠦᠩ ᠬᠤᠲᠠ ᠵᠢᠨ ᠲᠦᠩ ᠰᠢᠨ ᠰᠢᠶᠠᠨ᠎ᠤ ᠡᠾᠸ ᠰᠢ ᠪᠠᠯᠭ᠋ᠠᠰᠤ ᠵᠢᠨ ᠬᠠᠨ ᠲᠢᠶᠠᠨ ᠯᠢᠩ ᠲᠤᠰᠬᠤᠨ᠎ᠳᠤ ᠪᠠᠢ᠌ᠴᠠᠭ᠋ᠠᠨ ᠰᠤᠳᠤᠯᠤᠯᠲᠠ ᠬᠢᠵᠦ᠂ ᠪᠠᠯᠭ᠋ᠠᠰᠤ᠂ ᠲᠤᠰᠬᠤᠨ᠎ᠤ ᠬᠤᠶᠠᠷ ᠲᠡᠰ᠎ᠤᠨ᠎ᠬᠢᠨ ᠵᠡᠭᠦᠨ ᠪᠠᠷᠠᠭᠤᠨ ᠤᠷᠤᠨ ᠬᠠᠮᠵᠢᠯᠴᠠᠬᠤ᠎ᠪᠠᠷ ᠳᠠᠮᠵᠢᠨ ᠶᠠᠳᠠᠭᠤ᠎ᠠᠴᠠ ᠠᠩᠭᠢᠵᠢᠷᠠᠨ ᠪᠠᠶᠠᠵᠢᠬᠤ᠂ ᠤᠨᠳᠤᠤ ᠭᠠᠵᠠᠷ ᠨᠡᠭᠦᠯᠭᠡᠨ ᠬᠤᠷᠢᠶᠠᠯᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠂ ᠨᠡᠢ᠌ᠭᠡᠮ᠎ᠤᠨ ᠠᠪᠤᠷᠠᠨ ᠲᠤᠰᠠᠯᠠᠯᠲᠠ᠂ ᠬᠡᠥᠬᠡᠳ᠎ᠤᠨ ᠠᠰᠠᠷᠠᠮᠵᠢ᠂ ᠵᠡᠮᠳᠡᠭ᠍ᠴᠤᠳ᠎ᠤᠨ ᠪᠠᠲᠤᠯᠠᠭ᠎ᠠ ᠵᠡᠷᠭᠡ ᠠᠷᠠᠳ᠎ᠤᠨ ᠶᠠᠪᠤᠳᠠᠯ᠎ᠤᠨ ᠪᠠᠢ᠌ᠭᠤᠯᠤᠯ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠶᠠᠳᠠᠭᠤ ᠬᠦᠴᠢᠷᠲᠠᠢ ᠤᠯᠠᠨ ᠲᠦᠮᠡᠨ᠎ᠢ ᠬᠠᠪᠰᠤᠷᠤᠨ ᠤᠨᠤᠴᠠᠳᠠᠢ᠎ᠪᠠᠷ ᠶᠠᠳᠠᠭᠤ᠎ᠠᠴᠠ ᠠᠩᠭᠢᠵᠢᠷᠠᠬᠤ ᠪᠤᠯᠤᠨ ᠶᠠᠳᠠᠭᠤ᠎ᠠᠴᠠ ᠠᠩᠭᠢᠵᠢᠷᠠᠬᠤ ᠪᠤᠭᠤᠮᠲᠠ ᠰᠢᠪᠲᠤᠯᠬᠤ ᠵᠢᠨ ᠦᠷ᠎ᠡ ᠪᠦᠲᠦᠭᠡᠯ ᠵᠶ᠋ᠡᠨ ᠪᠠᠲᠤᠳᠬᠠᠨ ᠦᠷᠭᠡᠳᠬᠡᠵᠦ᠂ ᠳᠤᠤᠷ᠎ᠠ ᠪᠠᠲᠤᠯᠠᠭ᠋ᠠᠲᠤ ᠡᠷᠥᠬᠡ᠎ᠪᠠᠷ ᠭᠦᠨᠵᠡᠭᠡᠢ᠌ᠷᠡᠨ ᠲᠤᠬᠤᠨᠢᠭᠤᠯᠵᠤ᠂ ᠤᠯᠠᠨ ᠲᠦᠮᠡᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠰᠠᠨᠠᠯ ᠰᠠᠨᠠᠭᠤᠯᠭ᠎ᠠ ᠵᠢ ᠰᠤᠨᠤᠰᠤᠭᠰᠠᠨ ᠪᠠᠢ᠌ᠨ᠎ᠠ᠃ ᠯᠢ ᠵᠢᠢ ᠾᠸᠩ᠎ᠪᠠᠷ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢ ᠪᠠᠢ᠌ᠷᠢᠯᠠᠭᠤᠯᠤᠯᠲᠠ ᠵᠢ ᠤᠯᠠᠮ ᠨᠢᠭᠡ ᠠᠯᠬᠤᠮ ᠲᠤᠭᠤᠰᠢᠯᠠᠭᠤᠯᠵᠤ᠂ ᠳᠤᠤᠷ᠎ᠠ ᠪᠠᠲᠤᠯᠠᠭ᠎ᠠ ᠵᠢᠨ ᠲᠦᠷᠦ ᠵᠢᠨ ᠪᠤᠳᠤᠯᠭ᠎ᠠ ᠵᠢᠨ ᠲᠤᠬᠲᠠᠪᠤᠷᠢᠲᠦ ᠴᠢᠨᠠᠷ᠎ᠢ ᠪᠠᠷᠢᠮᠲᠠᠯᠠᠵᠤ᠂ ᠬᠦᠲᠡᠭᠡ ᠲᠤᠰᠬᠤᠨ᠎ᠤ ᠲᠤᠤᠷ᠎ᠠ ᠤᠷᠤᠯᠭ᠎ᠠ᠎ᠲᠠᠢ ᠬᠦᠮᠦᠨ ᠠᠮᠠ ᠵᠢ ᠬᠦᠳᠡᠯᠦᠩᠭᠦᠢ ᠪᠠᠢ᠌ᠴᠠᠭ᠋ᠠᠬᠤ ᠪᠠ ᠡᠳᠦᠷ ᠲᠤᠳᠤᠮ᠎ᠤᠨ ᠲᠤᠰᠠᠯᠠᠵᠤ ᠲᠡᠮᠵᠢᠬᠦ ᠪᠠᠢ᠌ᠭᠤᠯᠤᠮᠵᠢ ᠵᠢ ᠪᠦᠷᠢᠵᠢᠭᠦᠯᠵᠦ᠂ ᠤᠨᠳᠤᠤ ᠭᠠᠵᠠᠷ ᠨᠡᠭᠦᠯᠭᠡᠨ ᠶᠠᠳᠠᠭᠤ᠎ᠠᠴᠠ ᠠᠩᠭᠢᠵᠢᠷᠠᠭᠤᠯᠬᠤ ᠵᠢᠨ ᠰᠡᠭᠦᠯᠴᠢ ᠵᠢᠨ ᠲᠤᠰᠠᠯᠠᠮᠵᠢ ᠵᠢ ᠴᠢᠩᠭ᠎ᠠ ᠠᠳᠬᠤᠵᠤ᠂ ᠬᠡᠪᠴᠢᠶᠡᠲᠦ ᠴᠢᠨᠠᠷ᠎ᠲᠠᠢ᠎ᠪᠠᠷ ᠶᠠᠳᠠᠭᠤ᠎ᠳᠤ᠎ᠪᠠᠨ ᠤᠬᠤᠷᠢᠬᠤ ᠵᠢᠨ ᠳᠤᠤᠷᠠᠲᠤ ᠬᠢᠵᠠᠭ᠋ᠠᠷ᠎ᠢ ᠪᠠᠲᠤ ᠰᠠᠬᠢᠵᠤ᠂ ᠡᠯ᠎ᠡ ᠦᠨᠳᠦᠰᠦᠲᠡᠨ᠎ᠤ ᠠᠷᠠᠳ ᠲᠦᠮᠡᠨ᠎ᠤ ᠪᠠᠶᠠᠨ ᠴᠢᠨᠡᠭᠡᠯᠢᠭ ᠠᠮᠢᠳᠤᠷᠠᠯ᠎ᠲᠠᠢ ᠪᠤᠯᠬᠤ᠎ᠳᠤ᠎ᠨᠢ ᠲᠤᠰᠠᠯᠠᠬᠤ ᠬᠡᠷᠡᠭᠲᠡᠢ ᠬᠡᠮᠡᠨ ᠴᠢᠬᠤᠯᠠᠴᠢᠯᠠᠵᠠᠢ᠃
        ᠯᠢ ᠵᠢᠢ ᠾᠸᠩ᠎ᠪᠠᠷ ᠢᠷᠭ᠋ᠠᠢ ᠬᠤᠲᠠ ᠵᠢᠨ ᠰᠢ ᠰᠢᠶᠠ ᠲᠡᠭᠦᠷᠭᠡ ᠵᠢᠨ ᠾᠸ ᠯᠠᠩ ᠱᠠᠨ ᠪᠠᠷᠠᠭᠤᠨ ᠵᠠᠮ᠎ᠤᠨ ᠶᠢᠩ ᠪᠸᠢ ᠬᠤᠷᠢᠶᠠᠯᠠᠯ ᠪᠤᠯᠤᠨ ᠡᠤ ᠵᠦᠩ ᠬᠤᠲᠠ ᠵᠢᠨ ᠯᠢ ᠲᠦᠩ ᠲᠡᠭᠦᠷᠭᠡ ᠵᠢᠨ ᠵᠢᠨ ᠰᠢᠩ ᠪᠠᠯᠭ᠋ᠠᠰᠤ ᠵᠢᠨ ᠵᠢᠨ ᠬᠤᠸᠠ ᠶᠤᠸᠠᠨ ᠬᠤᠷᠢᠶᠠᠯᠠᠯ᠎ᠳᠤ ᠬᠦᠷᠴᠦ᠂ ᠬᠤᠷᠢᠶᠠᠯᠠᠯ᠎ᠤᠨ ᠨᠠᠮ ᠪᠠ ᠤᠯᠠᠨ ᠲᠦᠮᠡᠨ᠎ᠤ ᠬᠦᠳᠡᠯᠭᠡᠭᠡᠨ᠎ᠤ ᠲᠦᠪ᠂ ᠰᠠᠭᠤᠭ᠋ᠠᠯᠢ ᠠᠷᠠᠳ᠎ᠤᠨ ᠬᠦᠳᠡᠯᠭᠡᠭᠡᠨ᠎ᠤ ᠦᠷᠦᠭᠡ᠂ ᠡᠳᠦᠷ᠎ᠤᠨ ᠠᠷᠠᠴᠢᠯᠠᠭ᠎ᠠ ᠵᠢᠨ ᠲᠦᠪ ᠵᠶ᠋ᠡᠷ ᠲᠤᠭᠤᠷᠢᠨ ᠭᠦᠨᠵᠡᠭᠡᠢ᠌ᠷᠡᠵᠦ᠂ ᠬᠤᠷᠢᠶᠠᠯᠠᠯ᠎ᠤᠨ ᠨᠠᠮ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠪᠦᠯᠬᠦᠮᠳᠡᠯ᠎ᠲᠠᠢ ᠬᠤᠷᠢᠶᠠᠯᠠᠯ᠎ᠢ ᠪᠦᠲᠦᠭᠡᠨ ᠪᠠᠢ᠌ᠭᠤᠯᠬᠤ ᠪᠠ ᠤᠯᠠᠨ ᠲᠦᠮᠡᠨ᠎ᠳᠤ ᠦᠢ᠍ᠯᠡᠴᠢᠯᠡᠬᠦ ᠵᠡᠷᠭᠡ ᠪᠠᠢ᠌ᠳᠠᠯ᠎ᠢ ᠤᠢ᠌ᠯᠠᠭ᠋ᠠᠵᠤ᠂ ᠬᠤᠷᠢᠶᠠᠯᠠᠯ᠎ᠤᠨ ᠠᠵᠢᠯ᠎ᠢ ᠰᠠᠢ᠌ᠲᠤᠷ ᠬᠢᠬᠦ ᠲᠤᠷᠰᠢᠯᠭ᠎ᠠ ᠠᠷᠭ᠎ᠠ ᠵᠢᠨ ᠲᠠᠯ᠎ᠠ᠎ᠪᠠᠷ ᠤᠯᠠᠨ᠎ᠲᠠᠢ ᠰᠤᠯᠢᠯᠴᠠᠭᠰᠠᠨ ᠪᠠᠢ᠌ᠨ᠎ᠠ᠃ ᠯᠢ ᠵᠢᠢ ᠾᠸᠩ᠎ᠪᠠᠷ ᠬᠦᠳᠡᠭᠡ ᠲᠤᠰᠬᠤᠨ᠎ᠤ ᠬᠤᠷᠢᠶᠠᠯᠠᠯ ᠪᠤᠯ ᠨᠠᠮ᠎ᠤᠨ ᠬᠤᠷᠢᠶ᠎ᠠ ᠪᠤᠯᠤᠨ ᠵᠠᠰᠠᠭ᠎ᠤᠨ ᠤᠷᠳᠤᠨ᠎ᠤ ᠡᠯ᠎ᠡ ᠦᠨᠳᠦᠰᠦᠲᠡᠨ᠎ᠤ ᠠᠷᠠᠳ ᠲᠦᠮᠡᠨ᠎ᠲᠠᠢ ᠬᠠᠷᠢᠴᠠᠬᠤ ᠪᠠ ᠦᠢ᠍ᠯᠡᠴᠢᠯᠡᠬᠦ 《ᠬᠠᠮᠤᠭ᠎ᠤᠨ ᠰᠡᠭᠦᠯᠴᠢ ᠵᠢᠨ ᠨᠢᠭᠡ ᠺᠢᠯᠦᠮᠸᠲᠷ》 ᠮᠦᠨ᠂ ᠨᠠᠮ᠎ᠤᠨ ᠲᠦᠪ ᠬᠤᠷᠢᠶᠠᠨ᠎ᠤ ᠦᠨᠳᠦᠰᠦᠨ ᠱᠠᠲᠤᠨ᠎ᠢ ᠵᠠᠰᠠᠬᠤ ᠰᠢᠰᠲᠸᠮ ᠪᠤᠯᠤᠨ ᠵᠠᠰᠠᠬᠤ ᠴᠢᠳᠠᠪᠤᠷᠢ ᠵᠢᠨ ᠲᠤᠬᠠᠢ ᠤᠳᠤᠬᠢᠴᠢᠯᠠᠭᠰᠠᠨ ᠰᠢᠢ᠍ᠳᠪᠦᠷᠢ ᠵᠢᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠤᠨᠤᠯᠵᠢᠬᠤᠨ᠎ᠤ ᠡᠭᠦᠳᠦᠯᠲᠡ᠂ ᠦᠢ᠍ᠯᠡᠳᠦᠯᠭᠡ ᠵᠢᠨ ᠡᠭᠦᠳᠦᠯᠲᠡ᠂ ᠪᠠᠢ᠌ᠭᠤᠯᠤᠯ᠎ᠤᠨ ᠡᠭᠦᠳᠦᠯᠲᠡ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠵᠠᠰᠠᠬᠤ ᠦᠢ᠍ᠯᠡᠴᠢᠯᠡᠭᠡ ᠵᠢᠨ ᠰᠢᠰᠲᠸᠮᠴᠢᠯᠡᠬᠦ᠂ ᠰᠢᠨᠵᠢᠯᠡᠬᠦ ᠤᠬᠠᠭ᠋ᠠᠨᠴᠢᠯᠠᠬᠤ᠂ ᠤᠶᠤᠨᠴᠢᠯᠠᠬᠤ᠂ ᠬᠠᠤᠯᠢᠵᠢᠭᠤᠯᠬᠤ ᠵᠢ ᠲᠦᠯᠬᠢᠨ ᠠᠬᠢᠭᠤᠯᠵᠤ᠂ ᠬᠦᠳᠡᠭᠡ ᠲᠤᠰᠬᠤᠨ᠎ᠤ ᠨᠡᠢ᠌ᠭᠡᠮ ᠬᠤᠷᠢᠶᠠᠯᠠᠯ ᠵᠶ᠋ᠠᠨ ᠬᠠᠮᠲᠤ᠎ᠪᠠᠷ ᠪᠠᠢ᠌ᠭᠤᠯᠤᠨ ᠬᠠᠮᠲᠤ᠎ᠪᠠᠷ ᠵᠠᠰᠠᠨ ᠬᠠᠮᠲᠤ᠎ᠪᠠᠷ ᠡᠳ᠋ᠯᠡᠬᠦ ᠵᠢᠨ ᠵᠤᠯ ᠵᠢᠷᠭ᠋ᠠᠯᠲᠤ ᠭᠡᠷ ᠬᠦᠷᠢᠶᠡᠯᠡᠩ ᠪᠤᠯᠭ᠋ᠠᠨ ᠪᠦᠲᠦᠭᠡᠨ ᠪᠠᠢ᠌ᠭᠤᠯᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠭᠡᠷ ᠪᠦᠯᠢ ᠵᠢ ᠴᠤᠭᠴᠠᠯᠠᠨ᠂   ᠨᠢᠭᠡ ᠰᠡᠳᠬᠢᠯ ᠵᠶ᠋ᠡᠷ ᠳᠤᠮᠳᠠᠳᠤ ᠵᠢᠨ ᠵᠡᠭᠦᠳᠦ᠎ᠪᠠᠨ ᠲᠡᠷᠭᠡᠯᠰᠢᠭᠦᠯᠬᠦ》 ᠵᠢᠨ ᠦᠨᠳᠦᠰᠦᠨ ᠱᠠᠲᠤᠨ᠎ᠤ ᠰᠠᠭᠤᠷᠢ ᠵᠢ ᠪᠠᠲᠤᠳᠬᠠᠬᠤ ᠬᠡᠷᠡᠭᠲᠡᠢ ᠬᠡᠮᠡᠨ ᠴᠢᠬᠤᠯᠠᠴᠢᠯᠠᠵᠠᠢ᠃
      ᠯᠢ ᠵᠢᠢ ᠾᠸᠩ᠂ ᠡᠤ ᠵᠦᠩ ᠬᠤᠲᠠ ᠵᠢᠨ ᠨᠠᠰᠤᠲᠠᠳ᠎ᠤᠨ ᠠᠰᠠᠷᠠᠮᠵᠢ ᠵᠢᠨ ᠬᠦᠷᠢᠶᠡᠯᠡᠩ᠂ ᠨᠢᠩᠰᠢᠶᠠ ᠬᠡᠥᠬᠡᠳ᠎ᠤᠨ ᠠᠰᠠᠷᠠᠮᠵᠢ ᠵᠢᠨ ᠬᠦᠷᠢᠶᠡᠯᠡᠩ ᠪᠤᠯᠤᠨ ᠨᠠᠰᠤᠲᠠᠳ᠎ᠤᠨ ᠦᠢ᠍ᠯᠡᠴᠢᠯᠡᠭᠡᠨ᠎ᠤ ᠲᠦᠪ ᠵᠶ᠋ᠡᠷ ᠭᠦᠨᠵᠡᠭᠡᠢ᠌ᠷᠡᠨ᠂ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ᠂ ᠡᠵᠡᠩᠨᠡᠯᠲᠡ ᠬᠠᠮᠢᠶᠠᠷᠤᠯᠲᠠ ᠪᠤᠯᠤᠨ ᠠᠰᠠᠷᠠᠮᠵᠢ ᠵᠢᠨ ᠨᠡᠰᠤᠲᠠᠳ᠂ ᠬᠡᠥᠬᠡᠳ᠎ᠤᠨ ᠠᠮᠢᠳᠤᠷᠠᠯ᠂ ᠠᠰᠠᠷᠠᠮᠵᠢ ᠵᠢᠴᠢ ᠡᠷᠡᠭᠦᠯᠵᠢᠯ ᠵᠡᠷᠭᠡ ᠪᠠᠢ᠌ᠳᠠᠯ᠎ᠢ ᠤᠢ᠌ᠯᠠᠭ᠋ᠠᠵᠤ᠂ ᠦᠭᠭᠢᠶᠡᠮᠦᠷ ᠬᠠᠢ᠌ᠷ᠎ᠠ᠎ᠪᠠᠷ 《ᠨᠢᠭᠡ ᠨᠠᠰᠤᠲᠠᠨ ᠨᠢᠭᠡ ᠨᠢᠯᠬᠠᠰ》᠎ᠤᠨ ᠦᠢ᠍ᠯᠡᠴᠢᠯᠡᠭᠡ ᠵᠢ ᠰᠠᠢ᠌ᠲᠤᠷ ᠬᠢᠵᠦ᠂ ᠨᠠᠰᠤᠵᠢᠯ᠎ᠤᠨ ᠦᠢ᠍ᠯᠡᠴᠢᠯᠡᠭᠡ ᠵᠢᠨ ᠦᠨᠳᠦᠰᠦᠨ ᠪᠠᠢ᠌ᠭᠤᠯᠤᠯ᠎ᠢ ᠲᠡᠭᠦᠯᠳᠡᠷᠵᠢᠭᠦᠯᠵᠦ᠂ ᠤᠷᠤᠨ ᠨᠤᠲᠤᠭ᠎ᠤᠨ ᠤᠨᠴᠠᠯᠢᠭ ᠪᠦᠬᠦᠢ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲᠸᠮ᠎ᠢ ᠪᠠᠢ᠌ᠭᠤᠯᠵᠤ᠂ ᠰᠢᠨ᠎ᠡ᠎ᠪᠠᠷ ᠵᠠᠰᠠᠭᠰᠠᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠬᠠᠤᠯᠢ ᠪᠤᠯᠤᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠳᠤᠭᠤᠢ᠌ᠯᠠᠩ᠎ᠤᠨ ᠨᠢᠭᠡᠳᠦᠭᠡᠷ ᠤᠳᠠᠭ᠋ᠠᠨ᠎ᠤ ᠪᠦᠭᠦᠳᠡ ᠬᠤᠷᠠᠯᠳᠤᠭ᠋ᠠᠨ᠎ᠤ ᠵᠤᠷᠢᠭ ᠰᠠᠨᠠᠭ᠎ᠠ ᠵᠢ ᠲᠤᠭᠤᠰᠢᠯᠠᠭᠤᠯᠵᠤ᠂ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠵᠤᠬᠢᠴᠠᠭᠤᠯᠬᠤ ᠲᠤᠭᠲᠠᠯᠴᠠᠭ᠎ᠠ ᠵᠢᠨ ᠦᠢ᠍ᠯᠡᠳᠦᠯ᠎ᠢ ᠪᠦᠷᠢᠨᠰᠢᠭᠦᠯᠦᠨ ᠪᠠᠳᠠᠷᠠᠭᠤᠯᠵᠤ᠂ ᠳᠠᠭ᠋ᠠᠯᠲᠠ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠬᠦᠳᠡᠭᠡ ᠲᠤᠰᠬᠤᠨ (ᠵᠡᠭᠡᠯᠢ ᠭᠤᠳᠤᠮᠵᠢ)᠎ᠤ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠦᠷᠲᠡᠭᠡ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠬᠠᠮᠠᠭ᠋ᠠᠯᠠᠬᠤ ᠠᠵᠢᠯ᠎ᠤᠨ ᠤᠲᠠᠰᠤ ᠵᠢᠨ ᠴᠢᠯᠦᠭᠡᠲᠡᠢ ᠪᠠᠢ᠌ᠬᠤ ᠵᠢ ᠪᠠᠲᠤᠯᠠᠵᠤ᠂ ᠨᠡᠢ᠌ᠭᠡᠮ᠎ᠤᠨ ᠬᠦᠴᠦᠨ᠎ᠤ ᠤᠷᠤᠯᠴᠠᠭ᠎ᠠ ᠵᠢ ᠠᠰᠢᠭᠯᠠᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠰᠢᠨ᠎ᠡ ᠪᠠᠢ᠌ᠳᠠᠯ᠎ᠢ ᠡᠭᠦᠳᠬᠦ ᠬᠡᠷᠡᠭᠲᠡᠢ ᠬᠡᠮᠡᠨ ᠴᠢᠬᠤᠯᠠᠴᠢᠯᠠᠵᠠᠢ᠃
        ᠨᠠᠮ᠎ᠤᠨ ᠲᠡᠥᠬᠡ ᠵᠢᠨ ᠰᠤᠷᠤᠯᠴᠠᠯᠭ᠎ᠠ ᠬᠦᠮᠦᠵᠢᠯ᠎ᠲᠠᠢ ᠤᠶᠠᠯᠳᠤᠭᠤᠯᠤᠨ ᠯᠢ ᠵᠢᠢ ᠾᠸᠩ ᠨᠠᠷ ᠪᠠᠰᠠ ᠵᠢᠶᠠᠩ᠎ᠲᠠᠢ ᠪᠤᠤ ᠤᠯᠠᠭ᠋ᠠᠨ ᠴᠡᠷᠢᠭ᠎ᠤᠨ ᠠᠭᠤᠯᠵᠠᠯᠲᠠ ᠵᠢᠨ ᠳᠤᠷᠠᠰᠬᠠᠯ᠎ᠤᠨ ᠬᠦᠷᠢᠶᠡᠯᠡᠩ᠂ ᠯᠢᠦ ᠫᠠᠨ ᠱᠠᠨ ᠤᠯᠠᠭ᠋ᠠᠨ ᠴᠡᠷᠢᠭ᠎ᠤᠨ ᠤᠷᠲᠤ ᠵᠠᠮ᠎ᠤᠨ ᠠᠶᠠᠨ ᠳᠠᠢ᠌ᠨ᠎ᠤ ᠳᠤᠷᠠᠰᠬᠠᠯ᠎ᠤᠨ ᠤᠷᠳᠤᠨ ᠪᠤᠯᠤᠨ ᠤᠯᠠᠭ᠋ᠠᠨ ᠴᠡᠷᠢᠭ᠎ᠤᠨ ᠪᠠᠷᠠᠭᠤᠨᠰᠢ ᠠᠶᠠᠯᠠᠭᠰᠠᠨ ᠳᠤᠷᠠᠰᠬᠠᠯ᠎ᠤᠨ ᠤᠷᠳᠤᠨ ᠵᠶ᠋ᠡᠷ ᠲᠤᠭᠤᠷᠢᠨ ᠰᠤᠷᠤᠯᠴᠠᠵᠤ᠂ ᠬᠤᠪᠢᠰᠬᠠᠯ᠎ᠤᠨ ᠤᠨ ᠵᠢᠯ᠎ᠢ ᠳᠤᠷᠠᠰᠤᠨ ᠰᠠᠨᠠᠭ᠋ᠠᠯᠵᠠᠵᠤ᠂ ᠤᠷᠲᠤ ᠵᠠᠮ᠎ᠤᠨ ᠠᠶᠠᠨ ᠳᠠᠢ᠌ᠨ᠎ᠤ ᠵᠤᠷᠢᠭ ᠰᠠᠨᠠᠭ᠎ᠠ ᠵᠢ ᠰᠤᠷᠤᠯᠴᠠᠭᠰᠠᠨ ᠪᠠᠢ᠌ᠨ᠎ᠠ᠃ ᠯᠢ ᠵᠢᠢ ᠾᠸᠩ᠎ᠠᠴᠠ ᠪᠢᠳᠡ ᠨᠠᠮ᠎ᠤᠨ ᠲᠡᠥᠬᠡ ᠵᠢ ᠰᠠᠢ᠌ᠲᠤᠷ ᠴᠡᠭᠡᠵᠢᠯᠡᠵᠦ᠂ ᠨᠦᠭᠴᠢᠭᠰᠡᠨ ᠪᠠᠭ᠋ᠠᠲᠤᠷᠴᠤᠳ ᠵᠶ᠋ᠠᠨ ᠳᠤᠷᠠᠰᠤᠨ᠂ ᠤᠷᠲᠤ ᠵᠠᠮ᠎ᠤᠨ ᠠᠶᠠᠨ ᠳᠠᠢ᠌ᠨ᠎ᠤ ᠵᠤᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠤᠭ ᠰᠠᠨᠠᠭ᠎ᠠ᠎ᠪᠠᠨ ᠦᠯᠦ ᠤᠮᠠᠷᠳᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠰᠢᠨ᠎ᠡ ᠴᠠᠭ ᠡᠷᠢᠨ᠎ᠤ ᠤᠷᠲᠤ ᠵᠠᠮ᠎ᠤᠨ ᠠᠶᠠᠨ ᠳᠠᠢ᠌ᠨ᠎ᠢ ᠰᠠᠢ᠌ᠲᠤᠷ ᠶᠠᠪᠤᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠪᠡᠶᠡᠯᠡᠭᠦᠯᠬᠦ᠎ᠳᠤ ᠬᠤᠪᠢ ᠨᠡᠮᠡᠷᠢ᠎ᠪᠠᠨ ᠡᠷᠭᠦᠭᠦ ᠬᠡᠷᠡᠭᠲᠡᠢ ᠭᠡᠵᠦ ᠴᠢᠬᠤᠯᠠᠴᠢᠯᠠᠵᠠᠢ᠃
ᠰᠠᠭᠤᠳᠠᠯ᠎ᠤᠨ ᠬᠤᠷᠠᠯ ᠳᠡᠭᠡᠷ᠎ᠡ᠂ ᠯᠢ ᠵᠢᠢ ᠾᠸᠩ᠎ᠠᠴᠠ ᠨᠢᠩᠰᠢᠶᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ
ᠮᠦᠴᠢᠷ᠎ᠤᠨ ᠨᠠᠮ᠎ᠤᠨ ᠲᠡᠥᠬᠡ ᠵᠢᠨ ᠰᠤᠷᠤᠯᠴᠠᠯᠭ᠎ᠠ ᠬᠦᠮᠦᠵᠢᠯ ᠵᠢᠴᠢ ᠠᠷᠠᠳ᠎ᠤᠨ ᠶᠠᠪᠤᠳᠠᠯ᠎ᠤᠨ ᠠᠵᠢᠯ᠎ᠤᠨ ᠤᠯᠤᠭᠰᠠᠨ ᠠᠮᠵᠢᠯᠲᠠ ᠵᠢ ᠭᠦᠢ᠍ᠴᠡᠳ ᠦᠨᠡᠯᠡᠵᠡᠢ᠃ ᠲᠡᠷᠡ᠎ᠪᠠᠷ᠂ ᠦᠨᠦ ᠵᠢᠯ ᠪᠤᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ᠎ᠤ 100 ᠵᠢᠯ᠎ᠤᠨ ᠤᠢ ᠪᠠ 《ᠠᠷᠪᠠᠨ ᠳᠦᠷᠪᠡᠳᠦᠭᠡᠷ ᠲᠠᠪᠤᠨ ᠵᠢᠯ᠎ᠤᠨ ᠲᠦᠯᠦᠪᠯᠡᠭᠡ》 ᠵᠢᠨ ᠡᠬᠢᠯᠡᠯᠲᠡ ᠵᠢᠨ ᠤᠨ ᠮᠦᠨ᠂ ᠡᠯ᠎ᠡ ᠲᠦᠷᠦᠯ᠎ᠤᠨ ᠠᠷᠠᠳ᠎ᠤᠨ ᠶᠠᠪᠤᠳᠠᠯ᠎ᠤᠨ ᠠᠵᠢᠯ᠎ᠢ ᠰᠠᠢ᠌ᠲᠤᠷ ᠬᠢᠬᠦ᠎ᠨᠢ ᠬᠦᠨᠳᠦ ᠴᠢᠬᠤᠯᠠ ᠠᠴᠢ ᠬᠤᠯᠪᠤᠭᠳᠠᠯ᠎ᠲᠠᠢ ᠶᠤᠮ᠃ ᠨᠠᠮ᠎ᠤᠨ ᠲᠡᠥᠬᠡ ᠵᠢᠨ ᠰᠤᠷᠤᠯᠴᠠᠯᠭ᠎ᠠ ᠬᠦᠮᠦᠵᠢᠯ᠎ᠢ ᠭᠦᠨᠵᠡᠭᠡᠢ᠌ᠷᠡᠭᠦᠯᠦᠨ᠂ ᠤᠨᠤᠯ ᠵᠶ᠋ᠠᠷ ᠵᠡᠪᠰᠡᠭᠯᠡᠬᠦ᠎ᠳᠤ ᠰᠢᠨ᠎ᠡ ᠱᠠᠭ᠋ᠠᠷᠳᠠᠯᠭ᠎ᠠ᠎ᠲᠠᠢ ᠪᠠᠢ᠌ᠬᠤ᠂ ᠤᠯᠤᠰ ᠲᠦᠷᠦ ᠵᠢᠨ ᠵᠤᠭᠰᠤᠴᠠ ᠰᠢᠨ᠎ᠡ ᠦᠨᠳᠦᠷᠴᠡ᠎ᠲᠠᠢ ᠪᠠᠢ᠌ᠬᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠨᠢ ᠰᠢᠨ᠎ᠡ ᠮᠡᠳᠡᠡᠷᠡᠮᠵᠢ᠎ᠲᠠᠢ ᠪᠠᠢ᠌ᠬᠤ᠂ ᠬᠦᠰᠡᠯ ᠢᠲᠡᠭᠡᠯ᠎ᠨᠢ ᠰᠢᠨ᠎ᠡ ᠪᠠᠢ᠌ᠳᠠᠯ᠎ᠲᠠᠢ ᠪᠠᠢ᠌ᠬᠤ᠂   ᠨᠠᠮ᠎ᠤᠨ ᠴᠡᠭᠴᠡᠯᠡᠯᠲᠡ ᠵᠢ ᠪᠦᠬᠦ ᠲᠠᠯ᠎ᠠ᠎ᠪᠠᠷ ᠴᠢᠩᠭ᠎ᠠ ᠬᠢᠬᠦ᠎ᠨᠢ ᠰᠢᠨ᠎ᠡ ᠲᠦᠷᠢ ᠲᠦᠷᠬᠦ᠎ᠲᠠᠢ ᠪᠠᠢ᠌ᠬᠤ ᠵᠢ ᠪᠠᠲᠤᠯᠠᠵᠤ᠂ ᠮᠠᠷᠺᠰ᠎ᠤᠨ ᠦᠵᠡᠯ᠂ ᠡᠪ ᠬᠠᠮᠲᠤ ᠶᠤᠰᠤᠨ᠎ᠤ ᠢᠲᠡᠭᠡᠯ ᠪᠢᠰᠢᠷᠡᠯ᠂ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢ᠌ᠭᠡᠮ ᠵᠢᠷᠤᠮ᠎ᠤᠨ ᠢᠲᠡᠭᠡᠯ ᠪᠢᠰᠢᠷᠡᠯ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠢᠲᠡᠭᠡᠯ ᠵᠤᠷᠢᠭ ᠵᠶ᠋ᠠᠨ ᠲᠠᠰᠤᠷᠠᠯᠲᠠ ᠦᠭᠡᠢ ᠴᠢᠩᠭ᠋ᠠᠳᠬᠠᠨ᠂ ᠨᠠᠮ ᠪᠤᠯᠤᠨ ᠠᠷᠠᠳ ᠲᠦᠮᠡᠨ᠎ᠠᠴᠠ ᠤᠯᠭᠤᠭᠰᠠᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠲᠤᠷ ᠡᠭᠦᠷᠭᠡᠯᠡᠬᠦ ᠬᠡᠷᠡᠭᠲᠡᠢ᠃ ᠠᠷᠠᠳ᠎ᠤᠨ ᠶᠠᠪᠤᠳᠠᠯ᠎ᠤᠨ ᠠᠵᠢᠯ᠎ᠤᠨ ᠤᠯᠤᠰ ᠲᠦᠷᠦ ᠵᠢᠨ ᠵᠢᠯᠤᠭᠤᠳᠤᠯᠭ᠎ᠠ ᠵᠢ ᠴᠢᠩᠭ᠋ᠠᠳᠬᠠᠨ᠂ ᠨᠠᠮ᠎ᠤᠨ ᠦᠨᠳᠦᠰᠦᠲᠡᠨ᠎ᠤ ᠠᠵᠢᠯ᠎ᠤᠨ ᠴᠢᠭᠯᠡᠯᠲᠡ ᠪᠤᠯᠤᠨ ᠠᠷᠠᠳ᠎ᠤᠨ ᠶᠠᠪᠤᠳᠠᠯ᠎ᠤᠨ ᠠᠵᠢᠯ᠎ᠤᠨ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠲᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠵᠢᠭᠤᠯᠬᠤ᠎ᠳᠤ ᠦᠵᠡᠭᠦᠯᠬᠦ ᠦᠪᠡᠷᠮᠢᠴᠡ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠬᠦ ᠡᠯ᠎ᠡ ᠡᠲᠡᠭᠡᠳ᠎ᠢ ᠨᠠᠮ᠎ᠤᠨ ᠲᠤᠭᠤᠷᠢᠨ᠎ᠳᠤ ᠨᠢᠭᠲᠠ ᠪᠦᠯᠬᠦᠮᠳᠡᠭᠦᠯᠬᠦ ᠬᠡᠷᠡᠭᠲᠡᠢ᠃ ᠠᠷᠠᠳ᠎ᠤᠨ ᠦᠨᠳᠦᠰᠦᠨ ᠠᠮᠢᠳᠤᠷᠠᠯ᠎ᠤᠨ ᠬᠠᠮᠠᠭ᠋ᠠᠯᠠᠯᠲᠠ ᠵᠢᠨ ᠲᠤᠤᠷ᠎ᠢ ᠨᠠᠷᠢᠨ ᠨᠢᠭᠲᠠ ᠪᠠᠲᠤ ᠪᠡᠬᠢ ᠪᠤᠯᠭ᠋ᠠᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠲᠤᠯᠠᠨ ᠦᠷᠭᠡᠳᠬᠡᠬᠦ ᠬᠢᠭᠡᠳ ᠬᠦᠳᠡᠭᠡ ᠲᠤᠰᠬᠤᠨ᠎ᠢ ᠰᠡᠷᠭᠦᠭᠡᠨ ᠬᠦᠭᠵᠢᠭᠦᠯᠬᠦ ᠵᠢ ᠠᠮᠠ ᠰᠡᠭᠡᠷ ᠵᠤᠯᠭ᠋ᠠᠭᠤᠯᠬᠤ᠂ ᠨᠡᠢ᠌ᠭᠡᠮ᠎ᠤᠨ ᠠᠪᠤᠷᠠᠯᠲᠠ ᠵᠢᠨ ᠪᠠᠢ᠌ᠭᠤᠯᠤᠮᠵᠢ ᠵᠢ ᠦᠭᠡᠷᠡᠴᠢᠯᠡᠨ ᠲᠡᠭᠦᠯᠳᠡᠷᠵᠢᠭᠦᠯᠬᠦ᠂ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠯ᠎ᠢ ᠪᠦᠷᠢᠨᠰᠢᠭᠦᠯᠬᠦ᠂ ᠪᠤᠶᠠᠨ᠎ᠤ ᠦᠢ᠍ᠯᠡᠰ᠎ᠢ ᠬᠦᠭᠵᠢᠭᠦᠯᠬᠦ᠂ ᠨᠠᠰᠤᠨ᠎ᠳᠤ ᠦᠯᠦ ᠬᠦᠷᠦᠭᠰᠡᠳ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠲᠠᠯ᠎ᠠ᠎ᠪᠠᠷ ᠨᠡᠩ ᠶᠡᠬᠡ ᠠᠮᠵᠢᠯᠲᠠ ᠤᠯᠬᠤ᠎ᠪᠠᠷ ᠴᠢᠷᠮᠠᠢ᠌ᠬᠤ ᠬᠡᠷᠡᠭᠲᠡᠢ᠃ ᠦᠨᠳᠦᠰᠦᠨ ᠱᠠᠲᠤᠨ᠎ᠤ ᠲᠦᠷᠦ ᠵᠢᠨ ᠡᠷᠬᠡ ᠵᠢᠨ ᠵᠠᠰᠠᠯᠳᠠ ᠵᠢᠨ ᠴᠢᠳᠠᠪᠤᠷᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠬᠦᠲᠡᠭᠡ ᠲᠤᠰᠬᠤᠨ᠎ᠤ ᠬᠤᠷᠢᠶᠠᠯᠠᠯ᠎ᠤᠨ ᠵᠠᠰᠠᠯᠳᠠ ᠵᠢᠨ ᠲᠤᠭᠲᠠᠯᠴᠠᠭ᠎ᠠ ᠵᠢ ᠰᠢᠨᠡᠳᠬᠡᠬᠦ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠬᠤ᠂ ᠨᠡᠢ᠌ᠭᠡᠮ ᠬᠤᠷᠢᠶᠠᠯᠠᠯ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠠᠵᠢᠯᠲᠠᠨ ᠪᠤᠯᠤᠨ ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠬᠤᠯᠪᠤᠭ᠋ᠠᠯᠠᠭᠰᠠᠨ ᠬᠦᠭᠵᠢᠯᠲᠡ ᠵᠢ ᠲᠦᠯᠬᠢᠨ ᠠᠬᠢᠭᠤᠯᠵᠤ᠂ ᠦᠨᠳᠦᠰᠦᠨ ᠱᠠᠲᠤᠨ᠎ᠤ ᠵᠠᠰᠠᠬᠤ ᠲᠤᠭᠲᠠᠯᠴᠠᠭ᠎ᠠ ᠪᠤᠯᠤᠨ ᠵᠠᠰᠠᠬᠤ ᠴᠢᠳᠠᠪᠤᠷᠢ ᠵᠢᠨ ᠤᠳᠤᠬᠢᠴᠢᠯᠠᠯᠲᠠ ᠵᠢ ᠠᠬᠢᠭᠤᠯᠬᠤ ᠬᠡᠷᠡᠭᠲᠡᠢ᠃   ᠨᠡᠢ᠌ᠭᠡᠮ᠎ᠤᠨ ᠦᠨᠳᠦᠰᠦᠨ ᠦᠢ᠍ᠯᠡᠴᠢᠯᠡᠭᠡ ᠵᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠦᠢ᠍ᠯᠡᠰ ᠪᠤᠯᠤᠨ ᠠᠵᠤ ᠠᠬᠤᠢ᠌ᠯᠠᠯ᠎ᠢ ᠨᠢᠭᠡᠳᠦᠯᠲᠡᠢ ᠬᠦᠭᠵᠢᠭᠦᠯᠵᠦ᠂ ᠦᠨᠳᠦᠰᠦᠲᠡᠨ᠎ᠤ ᠤᠨᠴᠠᠯᠢᠭ᠎ᠲᠠᠢ ᠤᠷᠤᠰᠢᠭᠤᠯᠭ᠎ᠠ ᠵᠢᠨ ᠦᠢ᠍ᠯᠡᠴᠢᠯᠡᠭᠡᠨ᠎ᠤ ᠪᠠᠢ᠌ᠭᠤᠯᠤᠯ᠎ᠢ ᠪᠠᠢ᠌ᠭᠤᠯᠵᠤ᠂ ᠤᠷᠤᠨ ᠬᠤᠪᠢᠶᠠᠭᠰᠠᠨ ᠭᠠᠵᠠᠷ ᠤᠷᠤᠨ᠎ᠤ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠨᠢᠭᠡᠲᠦᠯᠲᠡᠢ ᠬᠦᠭᠵᠢᠭᠦᠯᠬᠦ ᠬᠢᠭᠡᠳ ᠠᠮᠤᠷ ᠲᠦᠪᠰᠢᠨ᠎ᠢ ᠠᠩᠬᠠᠷᠴᠤ᠂ ᠠᠷᠠᠳ᠎ᠤᠨ ᠶᠠᠪᠤᠳᠠᠯ᠎ᠤᠨ ᠬᠦᠷᠢᠶ᠎ᠠ ᠴᠠᠷᠠᠭ᠋ᠠᠨ᠎ᠳᠠᠬᠢ ᠠᠮᠤᠷ ᠲᠦᠪᠰᠢᠨ᠎ᠤ ᠲᠦᠭᠰᠢᠭᠦᠷᠢ ᠵᠢ ᠪᠦᠲᠦᠮᠵᠢᠲᠡᠢ᠎ᠪᠠᠷ ᠰᠡᠷᠭᠡᠢ᠌ᠯᠡᠨ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ᠎ᠤ 100 ᠵᠢᠯ᠎ᠤᠨ ᠤᠢ ᠵᠢᠨ ᠪᠠᠶᠠᠷ᠎ᠲᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠤᠯᠭ᠋ᠠᠬᠤ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠨᠡᠩᠲᠡ ᠲᠤᠭᠤᠰᠢᠯᠠᠭᠤᠯᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠦᠪᠡᠷ ᠪᠡᠶ᠎ᠡ ᠵᠢᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ 《ᠭᠤᠷᠪᠠᠨ ᠦᠬᠡᠷ》᠎ᠤᠨ ᠵᠤᠷᠢᠭ ᠰᠠᠨᠠᠭ᠎ᠠ ᠵᠢ ᠶᠡᠬᠡᠪᠡᠷ ᠰᠤᠷᠲᠠᠯᠴᠢᠯᠠᠨ᠂ ᠨᠢᠩᠰᠢᠶᠠ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠰᠢᠨ᠎ᠡ ᠳᠦᠷᠢ ᠲᠦᠷᠬᠦ ᠵᠢ ᠪᠢᠴᠢᠭᠯᠡᠬᠦ ᠬᠡᠷᠡᠭᠲᠡᠢ ᠬᠡᠮᠡᠨ ᠴᠢᠬᠤᠯᠠᠴᠢᠯᠠᠵᠠᠢ᠃
      ᠠᠷᠠᠳ᠎ᠤᠨ ᠶᠠᠪᠤᠳᠠᠯ᠎ᠤᠨ ᠶᠠᠮᠤᠨ᠎ᠤ ᠬᠠᠮᠢᠶ᠎ᠠ ᠪᠦᠬᠦᠢ ᠲᠤᠪᠴᠢᠶ᠎ᠠ ᠪᠤᠯᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠠᠷᠢᠭᠤᠴᠠᠯᠭ᠋ᠠᠲᠠᠳ ᠬᠠᠮᠳᠤ ᠪᠠᠢ᠌ᠴᠠᠭ᠋ᠠᠨ ᠰᠤᠳᠤᠯᠵᠠᠢ᠃ ᠦᠪᠡᠷᠲᠡᠭᠡᠨ ᠵᠠᠰᠠᠬᠤ ᠤᠷᠤᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠬᠤᠯᠪᠤᠭᠳᠠᠯ ᠪᠦᠬᠦᠢ ᠬᠠᠷᠢᠭᠤᠴᠠᠯᠲᠠᠨ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ᠂ ᠲᠢᠩᠬᠢᠮ᠎ᠤᠨ ᠠᠯᠪᠠᠨ ᠪᠠᠢ᠌ᠭᠤᠯᠭ᠎ᠠ ᠵᠢᠨ ᠡᠯ᠎ᠡ ᠭᠠᠵᠠᠷ (ᠠᠯᠪᠠᠨ ᠭᠡᠷ᠂ ᠲᠤᠪᠴᠢᠶ᠎ᠠ)᠂ ᠰᠢᠭᠤᠳ ᠬᠠᠷᠢᠶ᠎ᠠ ᠪᠠᠢ᠌ᠭᠤᠯᠭ᠎ᠠ ᠵᠢᠴᠢ ᠬᠤᠯᠪᠤᠭᠳᠠᠯ ᠪᠦᠬᠦᠢ ᠬᠤᠲᠠ ᠵᠢᠨ ᠠᠷᠠᠳ᠎ᠤᠨ ᠶᠠᠪᠤᠳᠠᠯ᠎ᠤᠨ ᠬᠠᠷᠢᠭᠤᠴᠠᠯᠭ᠋ᠠᠳᠠᠳ ᠰᠠᠭᠤᠳᠠᠯ᠎ᠤᠨ ᠬᠤᠷᠠᠯ᠎ᠳᠤ ᠤᠷᠤᠯᠴᠠᠵᠠᠢ᠃
     

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠵᠠᠡᠭ ᠴᠦᠨ ᠰᠢᠶᠠᠨ ᠲᠤᠭᠤᠢ᠌ᠯᠠᠡᠭ ᠲᠠᠭ᠋ᠠᠭᠤᠯᠵᠤ ᠮᠠᠨ᠎ᠤ ᠤᠷᠤᠨ᠎ᠳᠤ ᠢᠷᠡᠵᠤ ᠪᠠᠢ᠌ᠴᠠᠭ᠋ᠠᠨ ᠰᠤᠳᠤᠯᠬᠤ᠎ᠳᠤ᠎ᠪᠠᠨ ᠴᠢᠬᠤᠯᠠᠴᠢᠯᠠᠬᠰᠠᠨ ᠨ᠊《ᠬᠤᠶᠠᠷ ᠵᠦᠪᠯᠡᠯ》᠎ᠤᠨ ᠵᠤᠬᠢᠶᠠᠠ ᠪᠠᠢ᠌ᠭᠤᠯᠤᠯᠳᠠ ᠵᠢᠨ ᠬᠠᠤᠯᠢ᠎ᠳᠤ ᠵᠠᠰᠠᠪᠤᠷᠢ ᠤᠷᠤᠭᠤᠯᠬᠤ ᠠᠬᠢᠴᠨ ᠵᠢ ᠲᠦᠷᠬᠡᠳᠬᠡᠵᠤ ᠦᠨᠳᠤᠰᠤᠨ ᠱᠠᠳᠤᠨ᠎ᠤ ᠵᠠᠰᠠᠯᠳᠠ ᠵᠢᠨ ᠰᠢᠰᠲᠸᠮ ᠪᠠ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ᠎ᠳᠤ ᠬᠦᠴᠤᠨ ᠪᠦᠬᠦᠢ ᠬᠠᠤᠯᠢᠵᠢᠯ᠎ᠤᠨ ᠪᠠᠳᠤᠯᠠᠭ᠎ᠠ ᠬᠠᠡᠭᠭ᠋ᠠᠬᠤ ᠬᠡᠷᠡᠭᠳᠡᠢ
ᠦᠪᠡᠷᠲᠡᠭᠡᠨ ᠵᠠᠰᠠᠬᠤ ᠤᠷᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠲᠤᠰᠬᠠᠢ ᠲᠠᠯᠠᠪᠤᠷ᠎ᠤᠨ ᠰᠤᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠠᠭᠤᠯᠪᠠ
ᠸᠠᠡᠭ ᠯᠢ ᠰᠢᠶᠨ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠤᠯᠠᠬ᠍ᠴᠢ ᠲᠡᠷᠢᠬᠦᠯᠡᠭᠴᠢ ᠵᠢᠨ ᠲᠤᠰᠢᠶᠠᠯ᠎ᠢ ᠡᠬᠦᠷᠬᠡᠯᠡᠪᠡ
ᠸᠠᠡᠭ ᠯᠢ ᠰᠢᠶᠨ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠤᠯᠠᠬ᠍ᠴᠢ ᠲᠡᠷᠢᠬᠦᠯᠡᠭᠴᠢ᠎ᠪᠠᠷ ᠲᠤᠮᠢᠯᠠᠬᠳᠠᠪᠠ
ᠱ᠌ᠢ᠎ᠲᠠᠢ ᠹᠸᠡᠭ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠡᠭᠭᠤ ᠵᠢᠨ ᠬᠤᠷᠢᠶᠠᠨ᠎ᠤ ᠬᠤᠷᠠᠯ ᠪᠤᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠤᠳᠤᠷᠢᠳᠬᠤ ᠲᠤᠭᠤᠢ᠌ᠯᠠᠡᠭ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠤᠳᠤᠬᠠᠨ᠎ᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠢ ᠰᠤᠳᠤᠯᠤᠨ ᠪᠠᠢ᠌ᠷᠢᠯᠠᠭᠤᠯᠪᠠ
 
            