ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠵᠠᠡᠭ ᠴᠦᠨ ᠰᠢᠶᠠᠨ ᠲᠤᠭᠤᠢ᠌ᠯᠠᠡᠭ ᠲᠠᠭ᠋ᠠᠭᠤᠯᠵᠤ ᠮᠠᠨ᠎ᠤ ᠤᠷᠤᠨ᠎ᠳᠤ ᠢᠷᠡᠵᠤ ᠪᠠᠢ᠌ᠴᠠᠭ᠋ᠠᠨ ᠰᠤᠳᠤᠯᠬᠤ᠎ᠳᠤ᠎ᠪᠠᠨ ᠴᠢᠬᠤᠯᠠᠴᠢᠯᠠᠬᠰᠠᠨ ᠨ᠊《ᠬᠤᠶᠠᠷ ᠵᠦᠪᠯᠡᠯ》᠎ᠤᠨ ᠵᠤᠬᠢᠶᠠᠠ ᠪᠠᠢ᠌ᠭᠤᠯᠤᠯᠳᠠ ᠵᠢᠨ ᠬᠠᠤᠯᠢ᠎ᠳᠤ ᠵᠠᠰᠠᠪᠤᠷᠢ ᠤᠷᠤᠭᠤᠯᠬᠤ ᠠᠬᠢᠴᠨ ᠵᠢ ᠲᠦᠷᠬᠡᠳᠬᠡᠵᠤ ᠦᠨᠳᠤᠰᠤᠨ ᠱᠠᠳᠤᠨ᠎ᠤ ᠵᠠᠰᠠᠯᠳᠠ ᠵᠢᠨ ᠰᠢᠰᠲᠸᠮ ᠪᠠ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ᠎ᠳᠤ ᠬᠦᠴᠤᠨ ᠪᠦᠬᠦᠢ ᠬᠠᠤᠯᠢᠵᠢᠯ᠎ᠤᠨ ᠪᠠᠳᠤᠯᠠᠭ᠎ᠠ ᠬᠠᠡᠭᠭ᠋ᠠᠬᠤ ᠬᠡᠷᠡᠭᠳᠡᠢ
ᠨᠡᠶᠢᠲᠡᠯᠡᠭᠰᠡᠨ ᠴᠠᠭ᠄ 2021-07-01

ᠵᠠᠡᠭ ᠴᠦᠨ ᠰᠢᠶᠠᠨ ᠲᠤᠭᠤᠢ᠌ᠯᠠᠡᠭ ᠲᠠᠭ᠋ᠠᠭᠤᠯᠵᠤ ᠮᠠᠨ᠎ᠤ ᠤᠷᠤᠨ᠎ᠳᠤ ᠢᠷᠡᠵᠤ ᠪᠠᠢ᠌ᠴᠠᠭ᠋ᠠᠨ ᠰᠤᠳᠤᠯᠬᠤ᠎ᠳᠤ᠎ᠪᠠᠨ ᠴᠢᠬᠤᠯᠠᠴᠢᠯᠠᠬᠰᠠᠨ ᠨ᠊《ᠬᠤᠶᠠᠷ ᠵᠦᠪᠯᠡᠯ》᠎ᠤᠨ ᠵᠤᠬᠢᠶᠠᠠ ᠪᠠᠢ᠌ᠭᠤᠯᠤᠯᠳᠠ ᠵᠢᠨ ᠬᠠᠤᠯᠢ᠎ᠳᠤ ᠵᠠᠰᠠᠪᠤᠷᠢ ᠤᠷᠤᠭᠤᠯᠬᠤ ᠠᠬᠢᠴᠨ ᠵᠢ ᠲᠦᠷᠬᠡᠳᠬᠡᠵᠤ ᠦᠨᠳᠤᠰᠤᠨ ᠱᠠᠳᠤᠨ᠎ᠤ ᠵᠠᠰᠠᠯᠳᠠ ᠵᠢᠨ ᠰᠢᠰᠲᠸᠮ ᠪᠠ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ᠎ᠳᠤ ᠬᠦᠴᠤᠨ ᠪᠦᠬᠦᠢ ᠬᠠᠤᠯᠢᠵᠢᠯ᠎ᠤᠨ ᠪᠠᠳᠤᠯᠠᠭ᠎ᠠ ᠬᠠᠡᠭᠭ᠋ᠠᠬᠤ ᠬᠡᠷᠡᠭᠳᠡᠢ
ᠱ᠌ᠢ᠎ᠲᠠᠢ ᠹᠸᠡᠭ ᠪᠠᠷ᠎ᠠ ᠪᠤᠯᠪᠠ

    6 ᠳ᠋ᠤᠭ᠋ᠠᠷ ᠰᠠᠷ᠎ᠠ ᠵᠢᠨ 22᠎ᠤ ᠡᠳᠤᠷ᠎ᠠᠴᠠ 26᠎ᠤ ᠡᠳᠤᠷ ᠪᠤᠯᠳᠠᠯ᠎ᠠ᠂ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠲᠡᠳ᠋ ᠬᠤᠷᠢᠶᠠᠨ ᠲᠠᠷᠤᠭ᠎ᠠ ᠵᠠᠡᠭ ᠴᠦᠨ ᠰᠢᠶᠠᠨ ᠪᠠᠢ᠌ᠴᠠᠭ᠋ᠠᠨ ᠰᠣᠳᠤᠯᠬᠤ ᠲᠤᠭᠤᠢ᠌ᠯᠠᠡᠭ ᠲᠠᠭ᠋ᠠᠭᠤᠯᠤᠨ ᠮᠠᠨ᠎ᠤ ᠤᠷᠤᠨ᠎ᠳᠤ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠲᠤᠰᠬᠤᠨ᠎ᠤ ᠠᠷᠠᠳ᠎ᠤᠨ ᠵᠦᠪᠯᠡᠯ᠎ᠤᠨ ᠵᠤᠬᠢᠶᠠᠨ ᠪᠠᠢ᠌ᠭᠤᠯᠤᠯᠳᠠ ᠵᠢᠨ ᠬᠠᠤᠯᠢ》 ᠪᠠ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠬᠤᠳᠠ ᠵᠢᠨ ᠰᠠᠭᠤᠭ᠋ᠠᠯᠢ ᠠᠷᠠᠳ᠎ᠤᠨ ᠵᠦᠪᠯᠡᠯ᠎ᠤᠨ ᠵᠤᠬᠢᠶᠠᠨ ᠪᠠᠢ᠌ᠭᠤᠯᠤᠯᠳᠠ ᠵᠢᠨ ᠬᠠᠤᠯᠢ》 ᠵᠢ ᠬᠡᠷᠡᠭᠵᠢᠬᠦᠯᠦᠭᠰᠡᠨ ᠪᠠᠢ᠌ᠳᠠᠯ ᠪᠠ ᠵᠠᠰᠠᠪᠤᠷᠢ ᠤᠷᠤᠭᠤᠯᠬᠤ ᠠᠵᠢᠯ᠎ᠤᠨ ᠲᠤᠬᠠᠢ ᠪᠠᠢ᠌ᠴᠠᠭ᠋ᠠᠨ ᠰᠤᠳᠤᠯᠪᠠ᠃ ᠵᠠᠡᠭ ᠴᠦᠨ ᠰᠢᠶᠠᠨ᠂ ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠨ᠂ 《ᠬᠤᠶᠠᠷ ᠵᠦᠪᠯᠡᠯ》᠎ᠤᠨ ᠵᠤᠬᠢᠶᠠᠨ ᠪᠠᠢ᠌ᠭᠤᠯᠤᠯᠳᠠ ᠵᠢᠨ ᠬᠠᠤᠯᠢ ᠵᠢᠨ ᠪᠠᠢ᠌ᠷᠢ ᠰᠠᠭᠤᠷᠢ ᠪᠠ ᠠᠬᠤᠢ᠌ᠴᠢ ᠦᠢ᠍ᠯᠡᠳᠤᠯ᠎ᠢ ᠬᠦᠢ᠍ᠴᠡᠳ ᠲᠠᠨᠢᠵᠤ᠂ ᠬᠠᠤᠯᠢ᠎ᠳᠤ ᠵᠠᠰᠠᠪᠤᠷᠢ ᠤᠷᠤᠭᠤᠯᠬᠤ ᠠᠬᠢᠴᠨ᠎ᠪᠠᠨ ᠦᠷᠬᠦᠯᠵᠢᠯᠡᠨ ᠲᠦᠷᠬᠡᠳᠬᠡᠵᠤ᠂ ᠬᠠᠤᠯᠢᠵᠢᠯ᠎ᠤᠨ ᠠᠷᠭ᠎ᠠ ᠬᠡᠯᠪᠡᠷᠢ᠎ᠪᠠᠷ ᠦᠨᠳᠤᠰᠤᠨ ᠱᠠᠳᠤᠨ᠎ᠤ ᠵᠠᠰᠠᠯᠳᠠ ᠵᠢᠨ ᠰᠢᠰᠲᠸᠮ ᠪᠠ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ ᠵᠢ ᠪᠠᠳᠤᠯᠠᠬᠤ ᠬᠡᠷᠡᠭᠳᠡᠢ ᠭᠡᠵᠤ ᠴᠢᠬᠤᠯᠠᠴᠢᠯᠠᠪᠠ᠃ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠡᠷᠬᠢᠯᠡᠭᠴᠢ ᠱ᠌ᠢ᠎ᠲᠠᠢ ᠹᠸᠡᠭ ᠬᠠᠮᠢᠶ᠎ᠠ ᠪᠦᠬᠦᠢ ᠠᠵᠢᠯᠯᠠᠭ᠎ᠠ᠎ᠳᠤ ᠪᠠᠷ᠎ᠠ ᠪᠤᠯᠪᠠ᠃
    ᠵᠠᠡᠭ ᠴᠦᠨ ᠰᠢᠶᠠᠨ ᠵᠢᠭ᠋ᠠᠬᠰᠠᠨ᠎ᠨᠢ᠂ ᠦᠪᠤᠷ ᠮᠤᠡᠭᠭᠤᠯ᠎ᠤᠨ ᠤᠯᠤᠰ ᠲᠦᠷᠤ᠎ᠪᠠᠷ ᠶᠡᠷᠤᠡᠭᠭᠡᠢ᠌ᠯᠡᠨ ᠵᠢᠯᠤᠭᠤᠳᠬᠤ ᠵᠢ ᠪᠠᠷᠢᠮᠳᠠᠯᠠᠵᠤ᠂ ᠦᠨᠳᠤᠰᠤ ᠵᠢ᠎ᠨᠢ ᠶᠡᠬᠡ᠎ᠪᠠᠷ ᠪᠠᠳᠤᠳᠬᠠᠵᠤ ᠰᠠᠭᠤᠷᠢ ᠵᠢ᠎ᠨᠢ ᠶᠡᠬᠡ᠎ᠪᠠᠷ ᠪᠡᠬᠢᠵᠢᠬᠦᠯᠵᠤ᠂ 《ᠬᠤᠶᠠᠷ ᠵᠦᠪᠯᠡᠯ》᠎ᠤᠨ ᠵᠤᠬᠢᠶᠠᠨ ᠪᠠᠢ᠌ᠭᠤᠯᠤᠯᠳᠠ ᠵᠢᠨ ᠬᠠᠤᠯᠢ ᠵᠢ ᠬᠦᠨᠵᠡᠬᠡᠢ ᠲᠤᠭᠤᠰᠢᠯᠠᠭᠤᠯᠤᠨ ᠬᠡᠷᠡᠭᠵᠢᠬᠦᠯᠦᠭᠰᠡᠨ ᠲᠠᠯ᠎ᠠ᠎ᠪᠠᠷ᠎ᠬᠢ ᠲᠤᠷᠰᠢᠯᠭ᠎ᠠ ᠰᠤᠷᠭ᠋ᠠᠮᠵᠢ ᠠᠷᠭ᠎ᠠ ᠠᠪᠴᠠᠯ᠎ᠢ ᠬᠦᠢ᠍ᠴᠡᠳ ᠨᠤᠳᠠᠯᠠᠪᠠ᠃ ᠲᠡᠷᠨ᠂ ᠰᠢ ᠵᠢᠨ ᠫᠢᠡᠭ ᠶᠡᠷᠤᠡᠭᠭᠡᠢ ᠱᠦᠵᠢ ᠦᠨᠳᠤᠰᠤᠨ ᠱᠠᠳᠤᠨ᠎ᠤ ᠰᠠᠭᠤᠷᠢ ᠠᠵᠢᠯ᠎ᠢ ᠮᠠᠰᠢ ᠴᠢᠬᠤᠯᠠᠴᠢᠯᠠᠨ ᠦᠵᠡᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠦᠨᠳᠤᠰᠤᠨ ᠱᠠᠳᠤᠨ᠎ᠤ ᠵᠠᠰᠠᠯᠳᠠ ᠵᠢᠨ ᠲᠤᠬᠠᠢ ᠨᠡᠡᠭ ᠤᠯᠠᠨ ᠰᠢᠨ᠎ᠡ ᠤᠢ᠌ᠯᠠᠭ᠋ᠠᠬᠳᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠢ᠌ᠯᠳᠤᠬᠤ ᠪᠤᠳᠤᠯᠭ᠎ᠠ ᠵᠢ ᠲᠤᠷᠠᠳᠤᠨ ᠭᠠᠷᠭ᠋ᠠᠪᠠ᠃ ᠦᠨᠤ ᠵᠢᠯ ᠨᠠᠮ᠎ᠤᠨ ᠲᠦᠪ ᠬᠤᠷᠢᠶ᠎ᠠ 《ᠦᠨᠳᠤᠰᠤᠨ ᠱᠠᠳᠤᠨ᠎ᠤ ᠵᠠᠰᠠᠯᠳᠠ ᠵᠢᠨ ᠰᠢᠰᠲᠸᠮ ᠪᠠ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ ᠵᠢᠨ ᠪᠠᠢ᠌ᠭᠤᠯᠤᠯᠳᠠ ᠵᠢ ᠴᠢᠡᠭᠭ᠋ᠠᠳᠬᠠᠬᠤ ᠲᠤᠬᠠᠢ ᠰᠠᠨᠠᠯ》᠎ᠢ ᠨᠡᠢ᠌ᠳᠡᠯᠡᠵᠤ᠂ 《ᠬᠤᠶᠠᠷ ᠵᠦᠪᠯᠡᠯ》᠎ᠤᠨ ᠵᠤᠬᠢᠶᠠᠨ ᠪᠠᠢ᠌ᠭᠤᠯᠤᠯᠳᠠ ᠵᠢᠨ ᠬᠠᠤᠯᠢ᠎ᠳᠤ ᠵᠠᠰᠠᠪᠤᠷᠢ ᠤᠷᠤᠭᠤᠯᠬᠤ᠎ᠪᠠᠷ ᠲᠤᠳᠤᠷᠬᠠᠢ ᠲᠤᠷᠠᠳᠤᠨ ᠭᠠᠷᠭ᠋ᠠᠵᠤ᠂ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠡᠬᠦᠨ᠎ᠢ ᠲᠠᠪᠤᠨ ᠵᠢᠯ᠎ᠤᠨ ᠬᠠᠤᠯᠢ ᠲᠤᠬᠳᠠᠭ᠋ᠠᠬᠤ ᠲᠦᠯᠦᠪᠵᠢᠬᠦᠯᠬᠡ᠎ᠳᠤ᠎ᠪᠠᠨ ᠤᠷᠤᠭᠤᠯᠤᠬᠰᠠᠨ ᠪᠠᠢ᠌ᠨ᠎ᠠ᠃ ᠪᠠᠢ᠌ᠴᠠᠭ᠋ᠠᠨ ᠰᠤᠳᠤᠯᠬᠤ ᠲᠤᠭᠤᠢ᠌ᠯᠠᠡᠭ ᠡᠨᠡ ᠤᠳᠠᠭ᠎ᠠ 《ᠬᠤᠶᠠᠷ ᠵᠦᠪᠯᠡᠯ》᠎ᠤᠨ ᠵᠤᠬᠢᠶᠠᠨ ᠪᠠᠢ᠌ᠭᠤᠯᠤᠯᠳᠠ ᠵᠢᠨ ᠬᠠᠤᠯᠢ᠎ᠳᠤ ᠵᠠᠰᠠᠪᠤᠷᠢ ᠤᠷᠤᠭᠤᠯᠬᠤ ᠵᠢᠨ ᠲᠤᠭᠤᠷᠢᠨ᠎ᠳᠤ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠯᠳᠠ ᠬᠢᠵᠤ᠂ ᠰᠠᠨᠠᠯ ᠰᠤᠨᠤᠰᠬᠤ᠎ᠪᠠᠷ ᠢᠷᠡᠵᠡᠢ᠃
      ᠵᠠᠡᠭ ᠴᠦᠨ ᠰᠢᠶᠠᠨ ᠴᠢᠬᠤᠯᠠᠴᠢᠯᠠᠬᠰᠠᠨ᠎ᠨᠢ᠂ ᠦᠨᠳᠤᠰᠤᠨ ᠱᠠᠳᠤᠨ᠎ᠤ ᠤᠯᠠᠨ ᠲᠦᠮᠡᠨ᠎ᠤ ᠦᠪᠡᠷᠳᠡᠬᠡᠨ ᠵᠠᠰᠠᠬᠤ ᠪᠠᠢ᠌ᠭᠤᠯᠤᠯ ᠪᠤᠯ ᠮᠠᠨ᠎ᠤ ᠤᠯᠤᠰ᠎ᠤᠨ ᠦᠨᠳᠣᠰᠤᠨ ᠤᠯᠤᠰ ᠲᠦᠷᠤ ᠵᠢᠨ ᠪᠠᠢ᠌ᠭᠤᠯᠤᠯ ᠮᠥᠨ᠂ 《ᠬᠤᠶᠠᠷ ᠵᠦᠪᠯᠡᠯ》᠎ᠤᠨ ᠵᠤᠬᠢᠶᠠᠨ ᠪᠠᠢ᠌ᠭᠤᠯᠤᠯᠳᠠ ᠵᠢᠨ ᠬᠠᠤᠯᠢ ᠪᠤᠯ ᠦᠨᠳᠤᠰᠤᠨ ᠬᠠᠤᠯᠢ ᠵᠢᠨ ᠬᠡᠷᠡᠭᠵᠢᠬᠦᠯᠤᠯᠳᠠ ᠵᠢᠨ ᠪᠠᠳᠤᠯᠠᠬᠤ᠂ ᠠᠷᠠᠳ ᠲᠦᠮᠡᠨ᠎ᠤ ᠠᠷᠠᠳᠴᠢᠯᠠᠯ᠎ᠤᠨ ᠡᠷᠬᠡ᠎ᠪᠠᠨ ᠬᠠᠤᠯᠢ ᠶᠤᠰᠤᠭ᠋ᠠᠷ ᠰᠢᠭᠤᠳ ᠬᠡᠷᠡᠭᠵᠢᠬᠦᠯᠬᠦ ᠵᠢ ᠪᠠᠳᠤᠯᠠᠬᠤ ᠴᠢᠬᠤᠯᠨ ᠬᠠᠤᠯᠢ ᠴᠠᠭ᠋ᠠᠵᠨ ᠮᠥᠨ᠃ 《ᠬᠤᠶᠠᠷ ᠵᠦᠪᠯᠡᠯ》᠎ᠤᠨ ᠵᠤᠬᠢᠶᠠᠨ ᠪᠠᠢ᠌ᠭᠤᠯᠤᠯᠳᠠ ᠵᠢᠨ ᠴᠢᠬᠤᠯᠨ ᠪᠠᠢ᠌ᠷᠢ ᠰᠠᠭᠤᠷᠢ ᠪᠠ ᠠᠬᠤᠢ᠌ᠴᠢ ᠦᠢ᠍ᠯᠡᠳᠤᠯ᠎ᠢ ᠬᠦᠢ᠍ᠴᠡᠳ ᠲᠠᠨᠢᠵᠤ᠂ ᠡᠨᠡ ᠬᠦ᠌ ᠬᠤᠶᠠᠷ ᠬᠠᠤᠯᠢ ᠴᠠᠭ᠋ᠠᠵᠨ ᠵᠢ ᠬᠦᠨᠵᠡᠬᠡᠢ ᠲᠤᠭᠤᠰᠢᠯᠠᠭᠤᠯᠤᠨ ᠬᠡᠷᠡᠭᠵᠢᠬᠦᠯᠬᠦ ᠬᠡᠷᠡᠭᠳᠡᠢ᠃ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠠ ᠪᠠᠢ᠌ᠷᠢᠯᠠᠭᠤᠯᠤᠯᠳᠠ ᠵᠢ ᠬᠦᠨᠵᠡᠬᠡᠢ ᠲᠤᠭᠤᠰᠢᠯᠠᠭᠤᠯᠵᠤ᠂ ᠨᠠᠮ᠎ᠤᠨ ᠦᠨᠳᠤᠰᠤᠨ ᠱᠠᠳᠤᠨ᠎ᠤ ᠤᠯᠠᠨ ᠲᠦᠮᠡᠨ᠎ᠤ ᠦᠪᠡᠷᠳᠡᠬᠡᠨ ᠵᠠᠰᠠᠬᠤ ᠵᠤᠬᠢᠶᠠᠨ ᠪᠠᠢ᠌ᠭᠤᠯᠤᠯᠳᠠ ᠵᠢ ᠤᠳᠤᠷᠢᠳᠬᠤ ᠲᠦᠷᠢᠮ᠎ᠢ ᠲᠡᠬᠦᠯᠳᠡᠷᠵᠢᠬᠦᠯᠬᠦ ᠬᠡᠷᠡᠭᠳᠡᠢ᠃ ᠦᠨᠳᠤᠰᠤᠨ ᠱᠠᠳᠤᠨ᠎ᠤ ᠲᠦᠷᠤᠬᠦᠯᠡᠨ ᠡᠬᠦᠳᠬᠦ ᠵᠤᠷᠢᠭ ᠰᠠᠨᠠᠭ᠎ᠠ ᠵᠢ ᠬᠦᠨᠳᠤᠳᠬᠡᠵᠤ᠂ ᠬᠡᠷᠡᠭᠵᠢᠬᠦᠯᠤᠬᠦᠰᠢᠳᠡᠢ ᠪᠦᠳᠦᠮᠵᠢᠳᠡᠢ ᠦᠢ᠍ᠯᠡᠳᠤᠯᠬᠡ ᠵᠢᠨ ᠲᠤᠷᠰᠢᠯᠭ᠎ᠠ ᠵᠢ ᠳ᠋ᠦᠡᠭᠨᠡᠵᠤ ᠰᠢᠡᠭᠭᠡᠭᠡᠬᠦ ᠬᠡᠷᠡᠭᠳᠡᠢ᠃ ᠢᠷᠬᠡᠨ᠎ᠤ ᠬᠠᠤᠯᠢ ᠵᠢᠨ ᠪᠢᠴᠢᠭ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ 《ᠬᠤᠶᠠᠷ ᠵᠦᠪᠯᠡᠯ》 ᠪᠠ ᠪᠤᠰᠤᠳ ᠦᠨᠳᠤᠰᠤᠨ ᠱᠠᠳᠤᠨ᠎ᠤ ᠵᠤᠬᠢᠶᠠᠨ ᠪᠠᠢ᠌ᠭᠤᠯᠤᠯᠳᠠ ᠵᠢᠨ ᠬᠠᠷᠢᠴᠠᠭ᠎ᠠ ᠵᠢ ᠰᠠᠢ᠌ᠳᠤᠷ ᠰᠢᠢ᠍ᠳᠪᠤᠷᠢᠯᠡᠬᠦ ᠬᠡᠷᠡᠭᠳᠡᠢ᠃ ᠠᠰᠠᠭᠤᠳᠠᠯ ᠵᠶ᠋ᠡᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠵᠤ᠂ ᠰᠢᠨ᠎ᠡ ᠴᠠᠭ ᠦᠶ᠎ᠡ ᠵᠢᠨ ᠰᠢᠨ᠎ᠡ ᠪᠠᠢ᠌ᠳᠠᠯ  ᠎ᠤᠨ ᠬᠦᠭᠵᠢᠯᠳᠡ ᠵᠢᠨ ᠦᠨᠳᠤᠰᠤᠨ ᠱᠠᠳᠤᠨ᠎ᠤ ᠵᠠᠰᠠᠯᠳᠠ᠎ᠳᠤ ᠲᠠᠯᠪᠢᠬᠰᠠᠨ ᠰᠢᠨ᠎ᠡ ᠱᠠᠭ᠋ᠠᠷᠳᠠᠯᠭ᠎ᠠ᠎ᠳᠤ ᠵᠤᠬᠢᠴᠠᠭᠤᠯᠬᠤ ᠬᠡᠷᠡᠭᠳᠡᠢ᠃ ᠬᠠᠤᠯᠢ ᠴᠠᠭ᠋ᠠᠵᠨ ᠵᠢᠨ ᠲᠦᠰᠤᠯ᠎ᠢ ᠦᠨᠳᠤᠷ ᠪᠦᠳᠦᠮᠵᠢᠳᠡᠢ᠂ ᠴᠢᠨᠠᠷ ᠰᠠᠢ᠌ᠳᠠᠢ ᠨᠤᠤᠷᠠᠬᠯᠠᠬᠤ ᠪᠠ ᠵᠠᠰᠠᠪᠤᠷᠢ ᠤᠷᠤᠭᠤᠯᠵᠤ᠂   ᠠᠯᠢ ᠲᠦᠷᠬᠡᠨ ᠵᠶ᠋ᠡᠷ ᠬᠢᠨᠠᠨ ᠵᠦᠪᠯᠡᠬᠦᠯᠵᠤ ᠪᠠᠳᠤᠯᠠᠭᠤᠯᠬᠤ᠎ᠪᠠᠷ   ᠲᠡᠪᠰᠢᠬᠦᠯᠬᠦ᠎ᠪᠠᠷ ᠴᠢᠷᠮᠠᠢ᠌ᠨ᠂ ᠦᠨᠳᠤᠰᠤᠨ ᠱᠠᠳᠤᠨ᠎ᠤ ᠤᠯᠠᠨ ᠲᠦᠮᠡᠨ᠎ᠤ ᠦᠪᠡᠷᠳᠡᠬᠡᠨ ᠵᠠᠰᠠᠬᠤ ᠪᠠᠢ᠌ᠭᠤᠯᠤᠯ᠎ᠢ ᠪᠠᠷᠢᠮᠳᠠᠯᠠᠨ ᠲᠡᠬᠦᠯᠳᠡᠷᠵᠢᠬᠦᠯᠬᠦ᠎ᠳᠤ ᠬᠦᠴᠤᠳᠤ ᠬᠠᠤᠯᠢ ᠴᠠᠭ᠋ᠠᠵᠨ ᠵᠢᠨ ᠲᠤᠯᠭ᠋ᠠᠭᠤᠷᠢᠯᠠᠯ ᠬᠠᠡᠭᠭ᠋ᠠᠬᠤ ᠬᠡᠷᠡᠭᠳᠡᠢ᠃
      ᠪᠠᠢ᠌ᠴᠠᠭ᠋ᠠᠨ ᠰᠤᠳᠤᠯᠬᠤ ᠲᠤᠭᠤᠢ᠌ᠯᠠᠡᠭ᠎ᠤᠨ᠎ᠬᠢᠨ ᠦᠪᠤᠷ ᠮᠤᠡᠭᠭᠤᠯ᠎ᠳᠤ ᠪᠠᠢ᠌ᠬᠤ ᠬᠤᠭᠤᠴᠠᠭ᠋ᠠᠨ᠎ᠳᠤ ᠬᠦᠬᠡᠬᠤᠳᠠ ᠵᠢᠨ ᠬᠤᠳᠤᠡᠭ ᠠᠷᠠᠳ᠎ᠤᠨ ᠲᠤᠭᠤᠷᠢᠭ᠎ᠤᠨ ᠶᠦᠮ᠎ᠤᠨ ᠪᠠᠢ᠌ᠰᠢᠡᠭ ᠪᠠᠯᠭ᠋ᠠᠰᠤᠨ᠎ᠤ ᠳ᠋ᠤᠸᠠᠨ ᠵᠢᠶᠨ ᠶᠤᠤ ᠲᠤᠰᠬᠤᠨ᠂ ᠮᠸᠡᠭ ᠼᠣᠤ ᠶᠤᠸᠠᠨ ᠲᠠᠷᠢᠮᠠᠯ᠎ᠤᠨ ᠦᠢ᠍ᠯᠡᠰ᠎ᠤᠨ ᠲᠦᠪ᠂ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ ᠪᠠᠢ᠌ᠭᠤᠯᠤᠬᠳᠠᠬᠰᠠᠨ 70 ᠵᠢᠯ᠎ᠤᠨ ᠤᠢ ᠵᠢ ᠪᠡᠯᠬᠡᠯᠡᠬᠦ ᠭᠤᠤᠯ ᠬᠤᠷᠠᠯ᠎ᠤᠨ ᠲᠠᠯᠠᠪᠠᠢ᠂ ᠬᠦᠬᠡᠬᠤᠳᠠ ᠵᠢᠨ ᠰᠢᠨ᠎ᠡ ᠬᠤᠳᠠ ᠲᠤᠭᠤᠷᠢᠭ᠎ᠤᠨ ᠪᠤᠷᠤᠬᠤᠰᠢᠭᠤ ᠪᠠᠯᠭ᠋ᠠᠰᠤᠨ᠎ᠤ ᠤᠪᠤᠭ᠎ᠠ ᠲᠤᠰᠬᠤᠨ᠂ ᠤᠯᠠᠭ᠋ᠠᠨᠬᠠᠳᠠ ᠬᠤᠳᠠ ᠵᠢᠨ ᠰᠦᠡᠭᠱ᠌ᠠᠨ ᠲᠤᠭᠤᠷᠢᠭ᠎ᠤᠨ ᠯᠢᠨ ᠬᠤᠸᠠᠡᠭ ᠨᠡᠢ᠌ᠬᠡᠮ ᠲᠤᠭᠤᠷᠢᠭ᠂ ᠤᠯᠠᠭ᠋ᠠᠨᠬᠠᠳᠠ ᠬᠤᠳᠠ ᠵᠢᠨ ᠬᠤᠡᠭᠱ᠌ᠠᠨ ᠲᠤᠭᠤᠷᠢᠭ᠎ᠤᠨ ᠡᠯ ᠳ᠋ᠤᠤ ᠶᠢᠡᠭ ᠲᠤᠰᠬᠤᠨ ᠪᠠ ᠶᠠᠡᠭ ᠵᠢᠶᠨ ᠸᠠᠨ ᠲᠤᠰᠬᠤᠨ ᠵᠡᠷᠬᠡ ᠭᠠᠵᠠᠷ᠎ᠲᠤ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠰᠤᠳᠤᠯᠤᠯᠳᠠ ᠬᠢᠭᠰᠡᠨ ᠪᠦᠬᠡᠳ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠬᠠᠷᠢᠭᠤ ᠮᠡᠳᠡᠬᠦᠯᠤᠯᠳᠡ ᠵᠢ ᠰᠤᠨᠤᠰᠤᠬᠰᠠᠨ ᠪᠠᠢ᠌ᠨ᠎ᠠ᠃
      ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠨᠡᠢ᠌ᠬᠡᠮ᠎ᠤᠨ ᠪᠠᠢ᠌ᠭᠤᠯᠤᠯᠳᠠ ᠵᠢᠨ ᠵᠦᠪᠯᠡᠯ᠎ᠤᠨ ᠲᠡᠳ᠋ ᠡᠷᠬᠢᠯᠡᠭᠴᠢ ᠬᠡᠰᠢᠬᠦᠨ ᠯᠢᠤ ᠶᠤᠸᠠᠢ ᠵᠢᠶᠦ᠋ᠨ᠂ ᠬᠦᠡᠭ ᠫᠦ᠋ ᠭᠤᠸᠠᠡᠭ᠂ ᠠᠷᠠᠳ᠎ᠤᠨ ᠶᠠᠪᠤᠳᠠᠯ᠎ᠤᠨ ᠶᠠᠮᠤᠨ᠎ᠤ ᠲᠡᠳ᠋ ᠰᠠᠢ᠌ᠳ ᠸᠠᠡᠭ ᠠᠢ ᠸᠸᠨ᠂ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢ ᠸᠠᠡᠭ ᠰᠢᠨ ᠬᠤᠢ᠂ ᠸᠠᠡᠭ ᠵᠢᠶᠦ᠋ᠨ ᠰᠢᠶᠠᠡᠭ ᠨᠠᠷ ᠬᠠᠮᠳᠤ᠎ᠪᠠᠷ ᠪᠠᠢ᠌ᠴᠠᠭ᠋ᠠᠨ ᠰᠤᠳᠤᠯᠵᠠᠢ᠃ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠡᠭᠭᠤ ᠵᠢᠨ ᠬᠡᠰᠢᠬᠦᠨ᠂ ᠬᠦᠬᠡᠬᠤᠳᠠ ᠵᠢᠨ ᠨᠠᠮ᠎ᠤᠨ ᠬᠤᠷᠢᠶᠠᠨ᠎ᠤ ᠱᠦᠵᠢ ᠸᠠᠡᠭ ᠯᠢ ᠰᠢᠶᠨ᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠡᠭᠭᠤ ᠵᠢᠨ ᠬᠡᠰᠢᠬᠦᠨ᠂ ᠨᠠᠷᠢᠨ ᠪᠢᠴᠢᠭ᠎ᠤᠨ ᠲᠠᠷᠤᠭ᠎ᠠ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠡᠳ᠋ ᠲᠡᠷᠢᠬᠦᠯᠡᠭᠴᠢ ᠵᠠᠡᠭ ᠱᠤᠤ ᠴᠦᠨ ᠲᠤᠰ ᠲᠤᠰ ᠪᠠᠷ᠎ᠠ ᠪᠤᠯᠵᠤ ᠬᠠᠮᠢᠶ᠎ᠠ ᠪᠦᠬᠦᠢ ᠠᠵᠢᠯᠯᠠᠭ᠎ᠠ᠎ᠳᠤ ᠤᠷᠤᠯᠴᠠᠯ᠎ᠠ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠲᠡᠳ᠋ ᠡᠷᠬᠢᠯᠡᠭᠴᠢ ᠨᠠᠰᠤᠨᠮᠦ᠋ᠡᠭᠭᠡ ᠶᠠᠷᠢᠯᠴᠠᠬᠤ ᠬᠤᠷᠠᠯ᠎ᠢ ᠡᠷᠬᠢᠯᠡᠵᠡᠢ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠲᠡᠳ᠋ ᠡᠷᠬᠢᠯᠡᠭᠴᠢ ᠾᠸ ᠶᠠᠨ ᠯᠢᠡᠭ᠂ ᠦᠪᠡᠷᠳᠡᠬᠡᠨ ᠵᠠᠰᠠᠬᠤ ᠤᠷᠤᠨ᠎ᠤ ᠲᠡᠳ᠋ ᠲᠡᠷᠢᠬᠦᠯᠡᠭᠴᠢ ᠴᠢ ᠪᠠᠳᠤ ᠨᠠᠷ ᠪᠠᠷ᠎ᠠ ᠪᠤᠯᠵᠤ ᠪᠠᠢ᠌ᠴᠠᠭ᠋ᠠᠨ ᠰᠤᠳᠤᠯᠤᠯᠳᠠ ᠬᠢᠪᠡ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠡᠷᠲᠡᠭᠡᠨ ᠵᠠᠰᠠᠬᠤ ᠤᠷᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠲᠤᠰᠬᠠᠢ ᠲᠠᠯᠠᠪᠤᠷ᠎ᠤᠨ ᠰᠤᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠠᠭᠤᠯᠪᠠ
ᠸᠠᠡᠭ ᠯᠢ ᠰᠢᠶᠨ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠤᠯᠠᠬ᠍ᠴᠢ ᠲᠡᠷᠢᠬᠦᠯᠡᠭᠴᠢ ᠵᠢᠨ ᠲᠤᠰᠢᠶᠠᠯ᠎ᠢ ᠡᠬᠦᠷᠬᠡᠯᠡᠪᠡ
ᠸᠠᠡᠭ ᠯᠢ ᠰᠢᠶᠨ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠤᠯᠠᠬ᠍ᠴᠢ ᠲᠡᠷᠢᠬᠦᠯᠡᠭᠴᠢ᠎ᠪᠠᠷ ᠲᠤᠮᠢᠯᠠᠬᠳᠠᠪᠠ
ᠱ᠌ᠢ᠎ᠲᠠᠢ ᠹᠸᠡᠭ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠡᠭᠭᠤ ᠵᠢᠨ ᠬᠤᠷᠢᠶᠠᠨ᠎ᠤ ᠬᠤᠷᠠᠯ ᠪᠤᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠤᠳᠤᠷᠢᠳᠬᠤ ᠲᠤᠭᠤᠢ᠌ᠯᠠᠡᠭ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠤᠳᠤᠬᠠᠨ᠎ᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠢ ᠰᠤᠳᠤᠯᠤᠨ ᠪᠠᠢ᠌ᠷᠢᠯᠠᠭᠤᠯᠪᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠨᠠᠮ᠎ᠤᠨ ᠤᠳᠤᠷᠢᠳᠬᠤ ᠲᠤᠭᠤᠢ᠌ᠯᠠᠡᠭ 2021 ᠤᠨ᠎ᠤ ᠭᠤᠷᠪᠠᠳᠤᠭ᠋ᠠᠷ ᠤᠳᠠᠭ᠎ᠠ ᠵᠢᠨ ᠦᠷᠬᠡᠳᠭᠡᠭᠰᠡᠨ ᠬᠤᠷᠠᠯ ᠬᠤᠷᠠᠯᠳᠤᠭᠤᠯᠵᠤ᠂ ᠲᠦᠪ᠎ᠤᠨ ᠤᠯᠤᠰ ᠲᠦᠷᠤ ᠵᠢᠨ ᠲᠤᠪᠴᠢᠶᠠᠨ᠎ᠤ ᠬᠤᠷᠠᠯ᠎ᠤᠨ ᠵᠤᠷᠢᠭ ᠰᠠᠨᠠᠭ᠎ᠠ ᠪᠤᠯᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠲᠦᠷᠪᠡᠳᠤᠬᠡᠷ ᠪᠦᠬᠦᠳᠡ ᠬᠤᠷᠠᠯ᠎ᠤᠨ ᠵᠤᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠪᠠᠢ᠌ᠷᠢᠯᠠᠭᠤᠯᠬᠤ ᠠᠵᠢᠯ᠎ᠢ ᠪᠠᠢ᠌ᠷᠢᠯᠠᠭᠤᠯᠪᠠ ᠸᠠᠡᠭ ᠯᠢ ᠰᠢᠶᠨ ᠬᠤᠷᠠᠯ ᠡᠷᠬᠢᠯᠡᠵᠡᠢ
 
            