ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠡᠷᠲᠡᠭᠡᠨ ᠵᠠᠰᠠᠬᠤ ᠤᠷᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠲᠤᠰᠬᠠᠢ ᠲᠠᠯᠠᠪᠤᠷ᠎ᠤᠨ ᠰᠤᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠠᠭᠤᠯᠪᠠ
ᠨᠡᠶᠢᠲᠡᠯᠡᠭᠰᠡᠨ ᠴᠠᠭ᠄ 2021-06-30

ᠦᠪᠡᠷᠲᠡᠭᠡᠨ ᠵᠠᠰᠠᠬᠤ ᠤᠷᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠲᠤᠰᠬᠠᠢ ᠲᠠᠯᠠᠪᠤᠷ᠎ᠤᠨ ᠰᠤᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠠᠭᠤᠯᠪᠠ
   
    6   ᠳ᠋ᠤᠭ᠋ᠠᠷ ᠰᠠᠷ᠎ᠠ ᠵᠢᠨ 21᠎ᠤ ᠡᠳᠦᠷ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠳᠡᠰ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠲᠤᠰᠬᠠᠢ ᠲᠠᠯᠠᠪᠤᠷ᠎ᠤᠨ ᠰᠤᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ᠂ ᠡᠨᠡ᠎ᠨᠢ 《ᠨᠠᠮ ᠪᠠᠢ᠌ᠭᠤᠯᠤᠭᠳᠠᠭᠰᠠᠨ ᠵᠠᠭᠤᠨ ᠵᠢᠯ᠎ᠢ   ᠪᠡᠯᠭᠡᠯᠡᠵᠦ ᠲᠤᠯᠭ᠋ᠠᠭᠤᠷ ᠵᠤᠷᠢᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠦᠶ᠎ᠡ》 ᠭᠡᠬᠦ ᠰᠢᠷᠢᠰ ᠰᠤᠨᠢᠨ ᠮᠡᠳᠡᠭᠡ ᠨᠡᠢ᠌ᠲᠡᠯᠡᠬᠦ ᠬᠤᠷᠠᠯ᠎ᠤᠨ ᠲᠠᠪᠤᠳᠤᠭ᠋ᠠᠷ ᠲᠠᠯᠠᠪᠤᠷ ᠪᠤᠯᠤᠨ᠎ᠠ᠃
      ᠰᠤᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠦᠬᠦ ᠤᠷᠤᠨ ᠵᠶ᠋ᠠᠷ ᠵᠶ᠋ᠠᠨ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠶᠠᠳᠠᠭᠤ ᠵᠢ ᠳᠡᠳᠬᠦᠬᠦ ᠠᠵᠢᠯ᠎ᠤᠨ ᠲᠤᠬᠠᠢ ᠴᠢᠬᠤᠯᠠ ᠦᠭᠦᠯᠡᠯᠲᠡ ᠪᠠ ᠨᠠᠮ᠎ᠤᠨ ᠲᠦᠪ ᠬᠤᠷᠢᠶ᠎ᠠ ᠵᠢᠨ ᠰᠢᠢ᠍ᠳᠪᠤᠷᠢ ᠪᠤᠳᠤᠯᠭ᠎ᠠ ᠵᠢᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠵᠢ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠠ ᠠᠷᠠᠳ᠎ᠤᠨ ᠠᠮᠢᠳᠤᠷᠠᠯ᠎ᠤᠨ ᠲᠡᠷᠢᠬᠦᠨ ᠢᠨᠵᠸᠨ᠋ᠸᠷᠢᠡᠭ ᠪᠤᠯᠭ᠋ᠠᠬᠤ ᠵᠢ ᠪᠠᠷᠢᠮᠲᠡᠯᠠᠵᠤ᠂ 8 ᠵᠢᠯ ᠤᠨᠤᠴᠠᠳᠠᠢ᠎ᠪᠠᠷ ᠶᠠᠳᠠᠭᠤ ᠵᠢ ᠳᠡᠳᠬᠦᠬᠦ᠂ 5 ᠵᠢᠯ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ᠎ᠪᠠᠷ ᠲᠠᠮᠵᠢᠨ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ 3681 ᠶᠠᠳᠠᠭᠤ   ᠬᠦᠴᠢᠷᠳᠡᠯᠲᠡᠢ ᠭᠠᠴᠠᠭ᠎ᠠ ᠳᠤᠰᠬᠤᠨ ᠎ᠢ ᠪᠦᠬᠦᠨ᠎ᠢ ᠶᠠᠳᠠᠭᠤ᠎ᠠᠴᠠ ᠠᠩᠭᠢᠵᠷᠠᠭᠤᠯᠤᠨ᠂ 157 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠵᠢ 2020 ᠤᠨ᠎ᠤ ᠰᠡᠭᠦᠯᠴᠢ   ᠪᠤᠯᠬᠤ᠎ᠳᠤ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠲᠤᠢ᠌ᠯ᠎ᠤᠨ ᠶᠠᠳᠠᠭᠤ ᠬᠦᠴᠢᠷᠳᠡᠯᠲᠡᠢ ᠠᠰᠠᠠᠭᠤᠳᠠᠯ᠎ᠢ ᠲᠡᠤᠬᠡᠲᠦ ᠴᠢᠨᠡᠷᠲᠠᠢ᠎ᠪᠠᠷ ᠰᠢᠢ᠍ᠳᠪᠦᠷᠢᠯᠡᠪᠡ᠃ ᠮᠠᠨ᠎ᠤ ᠤᠷᠤᠨ ᠨᠠᠮ᠎ᠤᠨ ᠲᠦᠪ ᠬᠤᠷᠢᠶ᠎ᠠ᠎ᠳᠤ ᠪᠢᠴᠢᠭᠰᠡᠨ 《ᠪᠠᠲᠤᠯᠠᠪᠤᠷᠢ ᠵᠢᠨ ᠪᠢᠴᠢᠭ》 ᠪᠤᠯᠤᠨ ᠪᠦᠬᠦ ᠤᠷᠤᠨ᠎ᠤ ᠡᠯ᠎ᠡ ᠦᠨᠳᠦᠰᠦᠲᠡᠨ ᠠᠷᠠᠳ ᠲᠦᠮᠡᠨ᠎ᠳᠤ ᠬᠢᠭᠰᠡᠨ ᠲᠦᠪ ᠴᠢᠩᠭ᠎ᠠ ᠠᠮᠠᠯᠠᠯᠲᠠ᠎ᠪᠠᠨ   ᠲᠤᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ᠂   ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠦᠪᠦᠷ ᠮᠤᠩᠭᠤᠯ᠎ᠤᠨ ᠴᠢᠨᠠᠷ ᠰᠠᠢ᠌ᠲᠠᠢ ᠬᠠᠷᠢᠭᠤᠯᠲᠠ ᠵᠢᠨ ᠬᠠᠭᠤᠳᠠᠰᠤ᠎ᠪᠠᠨ ᠲᠤᠰᠢᠶᠠᠪᠠ᠃ 2019 ᠤᠨ ᠪᠠ 2020 ᠤᠨ᠎ᠤ ᠮᠤᠵᠢ ᠵᠢᠨ ᠳᠡᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠠᠵᠢᠯ᠎ᠤᠨ ᠦᠷ᠎ᠡ ᠪᠦᠲᠦᠮᠵᠢ ᠵᠢᠨ ᠬᠢᠨᠠᠨ ᠰᠢᠯᠭ᠋ᠠᠯᠲᠠ᠎ᠳᠤ ᠮᠠᠨ᠎ᠤ ᠤᠷᠤᠨ 《ᠰᠠᠢ᠌ᠨ》 ᠲᠡᠰ ᠵᠶ᠋ᠡᠷ ᠦᠨᠡᠯᠡᠭᠳᠡᠵᠦ᠂ ᠵᠡᠭᠦᠨ ᠪᠠᠷᠠᠭᠤᠨ ᠤᠷᠤᠨ᠎ᠤ ᠬᠠᠮᠵᠢᠯᠴᠠᠭ᠋ᠠᠨ᠎ᠤ ᠦᠷ᠎ᠡ ᠪᠦᠲᠦᠮᠵᠢ ᠵᠢᠨ ᠬᠢᠨᠠᠨ ᠰᠢᠯᠭ᠋ᠠᠯᠲᠠ ᠎ᠳᠤ 3 ᠵᠢᠯ ᠳᠠᠷᠠᠭ᠋ᠠᠯᠠᠨ 《ᠰᠠᠢ᠌ᠨ》 ᠳᠡᠰ ᠵᠶ᠋ᠡᠷ   ᠦᠨᠡᠯᠡᠭᠳᠡᠨ᠂ ᠪᠡᠯᠨ ᠮᠦᠡᠭᠭᠦ ᠵᠢᠨ ᠦᠷ᠎ᠡ ᠪᠦᠲᠦᠮᠵᠢ ᠵᠢᠨ ᠦᠨᠡᠯᠡᠯᠲᠡ᠎ᠨᠢ 3 ᠵᠢᠯ ᠳᠠᠷᠠᠭ᠋ᠠᠯᠠᠨ 《ᠰᠢᠯᠢᠳᠡᠭ》 ᠵᠶ᠋ᠡᠷ ᠦᠨᠡᠯᠡᠭᠳᠠᠪᠡ᠃
      ᠶᠠᠳᠠᠭᠤ   ᠬᠦᠴᠢᠷᠳᠡᠯᠲᠡᠢ ᠬᠦᠮᠦᠰ᠎ᠤᠨ ᠦᠢ᠍ᠯᠡᠳᠪᠦᠷᠢᠯᠡᠯ ᠠᠮᠢᠳᠤᠷᠠᠯ᠎ᠤᠨ ᠲᠦᠪᠰᠢᠨ ᠢᠯᠡᠷᠬᠡᠢ ᠲᠡᠭᠡᠭᠰᠢᠯᠡᠪᠡ᠃ 8 ᠵᠢᠯ᠎ᠤᠨ ᠲᠤᠷᠰᠢ᠂ ᠮᠠᠨ᠎ᠤ ᠤᠷᠤᠨ ᠶᠠᠳᠠᠭᠤ᠎ᠠᠴᠠ ᠠᠩᠭᠢᠵᠢᠷᠠᠭᠰᠠᠨ ᠬᠦᠮᠦᠨ ᠠᠮᠠ ᠵᠢᠨ ᠳᠤᠮᠳᠠᠴᠢ ᠴᠡᠪᠡᠷ ᠤᠷᠤᠯᠭ᠎ᠠ 2014 ᠤᠨ᠎ᠤ 2902 ᠲᠦᠭᠦᠷᠢᠭ ᠪᠠᠢ᠌ᠭᠰᠠᠨ᠎ᠠᠴᠠ᠎ᠪᠠᠨ 2020 ᠤᠨ ᠪᠤᠯᠬᠤ᠎ᠳᠤ 13159 ᠲᠦᠭᠦᠷᠢᠭ ᠪᠤᠯᠵᠤ᠂ ᠵᠢᠯ ᠳᠤᠮᠳᠠᠴᠢ᠎ᠪᠠᠷ 28.7᠎ᠪᠠᠷ ᠨᠡᠮᠡᠭᠳᠡᠪᠡ᠃ ᠡᠯ᠎ᠡ ᠱᠠᠳᠤᠨ᠎ᠤ ᠡᠯ᠎ᠡ ᠲᠦᠷᠦᠯ᠎ᠤᠨ ᠰᠤᠷᠤᠭᠴᠢ ᠵᠢ ᠨᠡᠢ᠌ᠲᠡ 2509.9 ᠲᠦᠮᠡᠨ ᠬᠦᠮᠦᠨ ᠤᠳᠠᠭ᠎ᠠ ᠳᠤᠰᠠᠯᠠᠪᠠ᠃ ᠪᠤᠢ ᠪᠦᠬᠦᠢ ᠶᠠᠳᠠᠭᠤ ᠬᠦᠴᠢᠷᠳᠡᠯᠲᠡᠢ ᠬᠦᠮᠦᠨ ᠠᠮᠠ ᠵᠢ ᠴᠦᠮ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮ ᠡᠮᠨᠡᠯᠭᠡ ᠵᠢᠨ ᠲᠤᠰᠠᠯᠠᠮᠵᠢ ᠵᠢᠨ ᠬᠡᠪᠴᠢᠶᠡᠨ᠎ᠳᠤ ᠤᠷᠤᠭᠤᠯᠵᠤ᠂ ᠪᠦᠬᠦ ᠤᠷᠤᠨ᠎ᠤ 6.4 ᠲᠦᠮᠡ ᠭᠠᠷᠤᠢ   ᠶᠠᠳᠠᠭᠤ ᠬᠦᠴᠢᠷᠳᠡᠯᠲᠡᠢ ᠬᠦᠨᠳᠦ   ᠡᠪᠡᠳᠴᠢᠲᠡᠨ᠎ᠢ ᠲᠦᠷᠦᠯ ᠬᠤᠪᠢᠶᠠᠨ ᠲᠤᠰᠠᠯᠠᠨ ᠡᠮᠴᠢᠯᠡᠬᠦᠯᠪᠡ᠃ 13.7 ᠲᠦᠮᠡᠨ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠵᠤ᠂ ᠶᠠᠳᠠᠭᠤ ᠵᠢ ᠲᠡᠳᠬᠦᠬᠦ᠎ᠳᠤ ᠲᠦᠬᠦᠮ ᠭᠠᠵᠠᠷ ᠤᠨᠳᠤᠤ ᠭᠠᠵᠠᠷ᠎ᠲᠤ ᠨᠡᠭᠦᠯᠭᠡᠨ ᠲᠦᠪᠭᠢᠨᠡᠭᠦᠯᠬᠦ   ᠪᠠᠢ᠌ᠰᠢᠡᠭ᠎ᠢ 5.31 ᠲᠦᠮᠨ ᠪᠠᠷᠢᠵᠤ᠂ 12.5 ᠲᠦᠮᠡᠨ ᠤᠯᠠᠨ ᠲᠦᠮᠡᠨ ᠠᠭᠤᠵᠢᠮ ᠰᠠᠷᠠᠭᠤᠯ ᠲᠤᠭᠤᠰᠬᠠᠨ ᠪᠠᠢ᠌ᠰᠢᠩ᠎ᠳᠤ ᠰᠠᠭᠤᠪᠠ᠃ 18.3 ᠲᠦᠮᠡᠨ ᠶᠠᠳᠠᠭᠤ ᠬᠦᠴᠢᠷᠳᠡᠯᠲᠠᠢ ᠬᠦᠮᠦᠨ ᠴᠡᠪᠡᠷ ᠤᠰᠤ ᠤᠤᠭᠤᠬᠤ ᠪᠤᠯᠵᠤ᠂ 42.37 ᠲᠦᠮᠡᠨ ᠶᠠᠳᠠᠭᠤ ᠬᠦᠴᠢᠷᠳᠡᠯᠲᠡᠢ ᠬᠦᠮᠦᠨ᠎ᠢ ᠲᠡᠳᠬᠦᠨ ᠲᠡᠵᠢᠬᠡᠬᠦ ᠪᠠᠳᠤᠯᠠᠭ᠎ᠠ ᠵᠢᠨ ᠬᠡᠪᠴᠢᠶᠡᠨ᠎ᠳᠤ   ᠤᠷᠤᠭᠤᠯᠪᠠ᠃ 8.56 ᠲᠦᠮᠡᠨ ᠶᠠᠳᠠᠭᠤ ᠬᠦᠴᠢᠷᠳᠡᠯᠲᠡᠢ ᠪᠠ ᠨᠤᠴᠢᠳᠠᠢ ᠵᠡᠮᠳᠡᠭᠴᠦᠳ᠎ᠲᠤ ᠠᠮᠢᠳᠤᠷᠠᠯ᠎ᠤᠨ ᠪᠤᠶᠤ ᠰᠤᠪᠢᠯᠠᠯᠲᠠ ᠵᠢᠨ ᠨᠦᠬᠦᠪᠦᠷᠢ ᠤᠯᠭᠤᠪᠠ  ᠃ 3.17 ᠲᠦᠮᠡᠨ ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠤᠷᠤᠨ ᠭᠠᠵᠠᠷ᠎ᠲᠤ᠎ᠨᠢ ᠤᠢ ᠬᠠᠮᠠᠭ᠋ᠠᠯᠠᠭᠴᠢ ᠪᠤᠯᠭ᠋ᠠᠪᠠ᠃
    ᠶᠠᠳᠠᠭᠤ᠎ᠠᠴᠠ ᠠᠡᠭᠭᠢᠵᠢᠷᠠᠬᠰᠠᠨ ᠭᠠᠵᠠᠷ ᠤᠷᠤᠨ᠎ᠤ ᠰᠠᠭᠤᠷᠢ ᠲᠦᠬᠦᠭᠡᠷᠦᠮᠵᠢ ᠪᠠ ᠤᠯᠠᠨ ᠨᠡᠢ᠌ᠲᠡ ᠵᠢᠨ ᠦᠢ᠍ᠯᠡᠴᠢᠯᠡᠭᠡ ᠮᠠᠰᠢᠳᠠ ᠰᠠᠢ᠌ᠵᠢᠷᠠᠪᠠ᠃ ᠪᠦᠬᠦ ᠤᠷᠤᠨ᠎ᠳᠤ ᠰᠢᠨ᠎ᠡ᠎ᠪᠠᠷ ᠦᠭᠡᠷᠡᠴᠢᠯᠡᠨ ᠪᠠᠢ᠌ᠭᠤᠯᠤᠭᠰᠠᠨ ᠲᠠᠷᠢᠶᠠᠯᠠᠬᠤ ᠮᠠᠯᠵᠢᠬᠤ ᠤᠷᠤᠨ᠎ᠤ ᠵᠠᠰᠠᠮᠠᠯ ᠵᠠᠮ 6.5 ᠲᠦᠮᠡᠨ ᠺᠢᠯᠦᠮᠸᠲᠷ ᠪᠠᠢ᠌ᠵᠤ᠂ ᠠᠢ᠌ᠮᠠᠭ ᠬᠤᠲᠠ ᠵᠢᠨ ᠰᠠᠭᠤᠭ᠎ᠠ ᠭᠠᠵᠠᠷ ᠪᠤᠯᠭ᠋ᠠᠨ᠎ᠳᠤ ᠬᠤᠷᠳᠤᠨ᠎ᠤ ᠵᠠᠮ ᠨᠡᠪᠲᠡᠷᠡᠬᠦᠯᠵᠦ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ᠎ᠳᠤ ᠪᠦᠷᠢ᠎ᠳᠤ ᠨᠢᠭᠡᠳᠦᠭᠡᠷ ᠳᠡᠰ ᠪᠡ ᠨᠢᠬᠡᠳᠤᠬᠡᠷ ᠲᠡᠰ᠎ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠭᠦᠯᠵᠦ᠂ ᠨᠦᠭᠦᠴᠡᠯ ᠪᠦᠷᠢᠳᠦᠭᠦᠯᠦᠭᠰᠡᠨ ᠰᠤᠮᠤ ᠪᠠᠯᠭ᠋ᠠᠰᠤ᠂ ᠲᠤᠰᠬᠤᠨ ᠪᠤᠯᠭ᠋ᠠᠨᠨ᠎ᠳᠤ ᠬᠠᠲᠠᠭᠤᠷᠠᠭᠤᠯᠤᠭᠰᠠᠨ ᠵᠠᠮ ᠨᠡᠪᠳᠡᠷᠡᠭᠦᠯᠵᠦ᠂ ᠳᠦᠷᠪᠡᠨ ᠱᠠᠲᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠤᠤᠷᠵᠢᠯ᠎ᠢ ᠦᠨᠳᠦᠰᠦᠨ᠎ᠳᠤ᠎ᠪᠠᠨ ᠪᠠᠢ᠌ᠭᠤᠯᠤᠪᠠ᠃ ᠪᠤᠢ ᠪᠦᠬᠦᠢ ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ᠎ᠳᠤ ᠴᠠᠬᠢᠯᠭ᠋ᠠᠨ ᠨᠡᠪᠲᠡᠷᠡᠭᠦᠯᠦᠨ᠂ ᠶᠠᠳᠠᠭᠤ ᠬᠦᠴᠢᠷᠳᠡᠯᠲᠡᠢ ᠡᠷᠦᠭᠡ ᠪᠦᠷᠢ ᠠᠮᠢᠳᠤᠷᠠᠯ᠎ᠳᠤ ᠬᠡᠷᠡᠭᠯᠡᠬᠦ ᠴᠠᠬᠢᠯᠭ᠋ᠠᠨ ᠨᠡᠪᠳᠡᠷᠡᠬᠦᠯᠵᠤ᠂᠂ 99% ᠎ᠠᠴᠠ ᠳᠡᠭᠡᠭᠰᠢᠬᠢ ᠶᠠᠳᠠᠭᠤ ᠬᠦᠴᠢᠷᠳᠡᠯᠲᠡᠢ ᠭᠠᠴᠠᠭ᠎ᠠ ᠳᠤᠰᠬᠤᠨ᠎ᠳᠤ ᠰᠦᠯᠵᠢᠶ᠎ᠡ ᠨᠡᠪᠳᠡᠷᠡᠨ᠂ ᠶᠠᠳᠠᠭᠤ ᠵᠢ ᠲᠡᠳᠬᠦᠬᠦ ᠰᠢᠭᠤᠳ   ᠨᠡᠪᠲᠡᠷᠡᠭᠦᠯᠭᠡ ᠵᠢᠨ ᠲᠠᠰᠤᠭ᠂ ᠡᠭᠦᠯᠡᠨ ᠬᠡᠳᠦ ᠳᠡᠯᠭᠡᠭᠦᠷ ᠵᠡᠷᠭᠡ ᠲᠠᠪᠴᠠᠩ᠎ᠨᠢ ᠠᠷᠠᠳ ᠤᠯᠠᠨ᠎ᠤ ᠨᠤᠳᠤᠭ᠎ᠤᠨ ᠤᠨᠴᠠ ᠭᠠᠷᠤᠯᠲᠠ᠎ᠪᠠᠨ ᠭᠠᠴᠠᠭ᠎ᠠ ᠲᠤᠰᠬᠤᠨ᠎ᠠᠴᠠ ᠭᠠᠷᠭ᠋ᠠᠵᠤ᠂ ᠳᠤᠰᠬᠤᠨ᠎ᠤ ᠬᠡᠳᠦ ᠳᠡᠯᠭᠡᠭᠦᠷ᠎ᠲᠤ ᠴᠦᠮ ᠰᠢᠯᠵᠢᠮᠡᠯ ᠲᠤᠭ᠋ᠠᠴᠠᠭ᠎ᠠ ᠬᠢᠬᠦ ᠪᠤᠯᠪᠠ᠃ ᠭᠠᠴᠠᠭ᠎ᠠ ᠲᠤᠰᠬᠤᠨ᠎ᠤ ᠬᠤᠶᠠᠷ ᠱᠠᠲᠤᠨ᠎ᠤ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢ ᠴᠦᠮ ᠪᠠᠷᠢᠮᠵᠢᠶ᠎ᠠ᠎ᠳᠤ   ᠬᠦᠷᠬᠦ   ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠵᠦ᠂ ᠡᠷᠡᠭᠦᠯ ᠬᠠᠮᠠᠭ᠋ᠠᠯᠠᠯ᠎ᠤᠨ ᠲᠠᠰᠤᠭ᠂ ᠰᠤᠶᠤᠯ᠎ᠤᠨ ᠲᠠᠰᠤᠭ᠂ ᠰᠤᠶᠤᠯ᠎ᠤᠨ ᠠᠭᠤᠳᠠᠮ ᠲᠠᠯᠠᠪᠠᠢ ᠪᠤᠯᠤᠨ ᠪᠦᠬᠦ ᠠᠷᠠᠳ᠎ᠤᠨ ᠬᠡᠳᠦ ᠳᠡᠯᠭᠡᠭᠦᠷ ᠪᠤᠢ ᠪᠦᠬᠦᠢ ᠭᠠᠴᠠᠭ᠎ᠠ ᠲᠤᠰᠬᠤᠨ᠎ᠢ ᠬᠠᠮᠤᠷᠤᠨ᠂ ᠠᠷᠠᠳ   ᠤᠯᠠᠨ ᠭᠡᠷ᠎ᠤᠨ ᠡᠭᠦᠳᠡᠨ᠎ᠳᠤ᠎ᠪᠠᠨ ᠳᠦᠭᠦᠮ ᠲᠦᠳᠡ ᠤᠯᠠᠨ ᠨᠡᠢ᠌ᠲᠡ ᠵᠢᠨ ᠦᠢ᠍ᠯᠡᠴᠢᠯᠡᠭᠡᠨ᠎ᠢ ᠬᠦᠷᠲᠡᠵᠦ᠂ ᠬᠦᠮᠦᠰ᠎ᠤᠨ ᠤᠷᠤᠰᠢᠨ   ᠰᠠᠭᠤᠬᠤ ᠤᠷᠴᠢᠨ ᠨᠦᠬᠦᠴᠡᠯ ᠢᠯᠡᠳᠲᠡ ᠰᠠᠢ᠌ᠵᠢᠷᠠᠵᠤ᠂ 96.3% ᠵᠢᠨ ᠵᠠᠰᠠᠭ ᠵᠠᠬᠢᠷᠭ᠋ᠠᠨ᠎ᠤ ᠳᠤᠰᠬᠤᠨ᠎ᠳᠤ ᠠᠮᠢᠳᠤᠷᠠᠯ᠎ᠤᠨ ᠬᠤᠭ ᠨᠤᠪᠰᠢ ᠵᠢ ᠬᠤᠷᠢᠶᠠᠨ ᠲᠡᠭᠡᠭᠡᠪᠦᠷᠢᠯᠡᠬᠦ ᠰᠢᠰᠲᠸᠮ᠎ᠢ ᠪᠠᠢ᠌ᠭᠤᠯᠵᠤ᠂ 97.8% ᠵᠢᠨ ᠠᠢ᠌ᠯ ᠳᠤᠰᠬᠤᠨ᠎ᠳᠤ ᠪᠠᠢ᠌ᠩᠭᠤ ᠵᠢᠨ ᠴᠢᠨᠠᠷᠲᠠᠢ ᠠᠷᠢᠭᠤᠨ ᠴᠡᠪᠡᠷ᠎ᠢ ᠪᠡᠶᠡᠯᠡᠭᠦᠯᠪᠡ᠃
    ᠶᠠᠳᠠᠭᠤ ᠎ᠠᠴᠠ ᠠᠡᠭᠭᠢᠵᠢᠷᠠᠬᠰᠠᠨ ᠭᠠᠵᠠᠷ ᠤᠷᠤᠨ᠎ᠤ ᠡᠯ᠎ᠡ ᠲᠦᠷᠦᠯ᠎ᠤᠨ ᠠᠵᠤ ᠦᠢ᠍ᠯᠡᠰ ᠎ᠤᠨ ᠬᠦᠭᠵᠢᠯᠲᠡ ᠵᠢᠨ ᠬᠦᠳᠡᠯᠭᠡᠬᠦ ᠬᠦᠴᠦᠨ ᠢᠯᠡᠳᠲᠡ ᠲᠡᠭᠡᠭᠰᠢᠯᠡᠪᠡ᠃ ᠪᠦᠬᠦ ᠤᠷᠤᠨ᠎ᠳᠤ ᠨᠡᠢ᠌ᠲᠡ 394.1 ᠳ᠋ᠦᠩᠰᠢᠭᠤᠷ ᠲᠦᠭᠦᠷᠢᠭ᠎ᠤᠨ ᠪᠡᠯᠡ ᠤᠷᠤᠭᠤᠯᠵᠤ ᠠᠵᠤ ᠦᠢ᠍ᠯᠡᠰ ᠵᠶ᠋ᠡᠷ ᠶᠠᠳᠠᠭᠤ ᠵᠢ ᠳᠡᠳᠬᠦᠬᠦ᠎ᠳᠤ ᠬᠡᠷᠡᠭᠯᠡᠨ᠂ 3.5 ᠲᠦᠮᠡᠨ ᠲᠦᠷᠦᠯ ᠵᠦᠢ᠍ᠯ᠎ᠢ ᠬᠡᠷᠡᠭᠵᠢᠭᠦᠯᠵᠦ᠂ 《ᠨᠢᠭᠡ ᠳᠤᠰᠬᠤᠨ ᠨᠢᠭᠡ ᠦᠢ᠍ᠯᠡᠳᠬᠦᠨ》᠎ᠤ ᠰᠠᠭᠤᠷᠢᠨ ᠭᠠᠵᠠᠷ 1376᠂ ᠤᠨᠴᠠᠯᠢᠭᠲᠤ ᠠᠵᠤ ᠦᠢ᠍ᠯᠡᠰ᠎ᠤᠨ ᠰᠠᠭᠤᠷᠢ ᠭᠠᠵᠠᠷ2012᠂ ᠶᠠᠳᠠᠭᠤ ᠵᠢ ᠳᠠᠭ᠋ᠠᠭᠤᠯᠤᠨ ᠶᠠᠳᠠᠭᠤ ᠵᠢ ᠪᠠᠭ᠋ᠠᠰᠬᠠᠬᠤ ᠠᠵᠤ ᠦᠢ᠍ᠯᠡᠰ᠎ᠤᠨ ᠬᠦᠷᠢᠶᠡᠯᠡᠩ ᠲᠤᠭᠤᠷᠢᠭ 491 ᠵᠢ ᠪᠠᠢ᠌ᠭᠤᠯᠵᠤ᠂ ᠬᠤᠰᠢᠭᠤ ᠰᠢᠶᠠᠨ᠎ᠠᠴᠠ ᠭᠠᠴᠠᠭ᠎ᠠ ᠬᠦᠷᠲᠡᠯ᠎ᠡ᠃ ᠭᠠᠴᠠᠭ᠎ᠠ ᠲᠤᠰᠬᠤᠨ᠎ᠠᠴᠠ ᠮᠠᠯᠵᠢᠬᠤ ᠲᠠᠷᠢᠶᠠᠯᠠᠬᠤ ᠡᠷᠦᠬᠡ ᠬᠦᠷᠲᠡᠯ᠎ᠡ ᠢᠵᠢ ᠪᠦᠷᠢᠳᠦᠭᠰᠡᠨ ᠲᠤᠯᠭ᠋ᠠᠭᠤᠷᠢᠯᠠᠬᠤ ᠠᠵᠤ ᠦᠢ᠍ᠯᠡᠰ᠂ ᠤᠨᠴᠠᠯᠢᠭᠲᠤ ᠠᠵᠤ ᠦᠢ᠍ᠯᠡᠰ᠂ ᠪᠠᠶᠠᠵᠢᠯ᠎ᠤᠨ ᠠᠵᠤ ᠦᠢ᠍ᠯᠡᠰ ᠪᠤᠯᠤᠨ ᠤᠷᠤᠯᠭ᠎ᠠ᠎ᠪᠠᠨ ᠨᠡᠮᠡᠭᠳᠡᠬᠦᠯᠬᠦ ᠲᠦᠷᠦᠯ ᠵᠦᠢ᠍ᠯ᠎ᠤᠨ ᠰᠢᠰᠲᠸᠮ᠎ᠢ ᠦᠨᠳᠦᠰᠦᠨ᠎ᠳᠤ᠎ᠨᠢ ᠪᠠᠢ᠌ᠭᠤᠯᠪᠠ᠃ ᠲᠦᠩᠯᠢᠶᠤᠤ ᠵᠢᠨ ᠡᠷᠳᠡᠨᠢ ᠰᠢᠰᠢ᠂ ᠤᠯᠠᠭ᠋ᠠᠨᠬᠠᠳᠠ ᠵᠢᠨ ᠨᠠᠷᠢᠮᠤ᠂ ᠬᠢᠩᠭ᠋ᠠᠨ᠎ᠤ ᠳᠤᠲᠤᠷᠭ᠎ᠠ᠂ ᠦᠬᠠᠢ ᠵᠢᠨ ᠦᠵᠦᠮ᠂ ᠪᠤᠷᠤ   ᠲᠤᠬᠤᠢ ᠵᠢᠨ ᠨᠠᠷᠠᠨ ᠬᠤᠸᠠᠷ᠂ ᠤᠯᠠᠭ᠋ᠠᠨᠴᠠᠪ᠎ᠤᠨ ᠲᠦᠮᠦᠰᠦ ᠪᠠ ᠬᠤᠷᠴᠢᠨ ᠦᠬᠡᠷ᠂ ᠰᠢᠯᠢᠨ ᠭᠤᠤᠯ᠎ᠤᠨ ᠬᠤᠨᠢᠨ᠎ᠤ ᠮᠢᠬ᠎ᠠ ᠵᠡᠷᠭᠡ 《ᠦᠪᠤᠷ ᠮᠤᠩᠭᠤᠯ᠎ᠤᠨ ᠨᠡᠷᠡᠲᠤ》   ᠪᠦᠲᠦᠭᠡᠭᠳᠡᠭᠦᠨ ᠨᠡᠷ᠎ᠡ ᠠᠯᠳᠠᠷᠰᠢᠵᠤ᠂ ᠦᠢ᠍ᠯᠡᠳᠪᠦᠷᠢᠯᠡᠯ ᠪᠠ ᠪᠤᠷᠤᠯᠠᠭᠤᠯᠭ᠎ᠠ  ᠎ᠨᠢ ᠵᠡᠷᠬᠡ᠎ᠪᠠᠷ ᠬᠦᠭᠵᠢᠵᠦ᠂ ᠤᠷᠤᠨ᠎ᠤ ᠭᠠᠳᠠᠨ᠎ᠠ ᠳᠤᠲᠤᠨ᠎ᠠ ᠵᠠᠬ᠎ᠠ ᠳᠡᠯᠭᠡᠭᠦᠷ᠎ᠢ ᠨᠡᠬᠡᠭᠡᠬᠦ 《ᠬᠤᠰᠢᠭᠤᠴᠢ》 ᠪᠤᠯᠤᠨ ᠤᠯᠠᠨ ᠲᠦᠮᠡᠨ᠎ᠢ ᠳᠠᠢ᠌ᠴᠢᠯᠠᠨ ᠤᠷᠤᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠬᠤ 《ᠲᠠᠯᠠᠯᠭ᠎ᠠ》 ᠪᠤᠯᠤᠭᠰᠠᠨ ᠪᠠᠢ᠌ᠨ᠎ᠠ᠃ ᠡᠯᠸᠺᠲᠷᠤᠨ ᠬᠤᠳᠠᠯᠳᠤᠭ᠎ᠠ᠂ ᠬᠡᠷᠡᠯ ᠴᠡᠨᠡᠭ  ᠂ ᠵᠢᠭᠤᠯᠴᠢᠯᠠᠯ ᠵᠡᠷᠭᠡ ᠤᠨᠴᠠᠯᠢᠭᠲᠤ ᠶᠠᠳᠠᠭᠤ ᠵᠢ ᠳᠡᠳᠬᠦᠬᠦ ᠠᠵᠤ ᠦᠢ᠍ᠯᠡᠰ ᠦᠷᠨᠢᠩᠭᠦᠢ ᠬᠦᠭᠵᠢᠵᠦ᠂ 4040 ᠭᠠᠴᠠᠭ᠎ᠠ ᠡᠯᠸᠺᠲᠷᠤᠨ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠦᠷᠲᠡᠭᠡ᠎ᠠᠴᠠ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ᠎ᠳᠤ 52.9 ᠲᠦᠮᠡᠨ ᠬᠦᠮᠦᠨ ᠤᠳᠠᠭ᠎ᠠ ᠠᠰᠢᠭ ᠬᠦᠷᠲᠡᠭᠡᠵᠦ᠂ 287 ᠵᠢᠭᠤᠯᠴᠢᠯᠠᠯ ᠵᠶ᠋ᠠᠷ ᠶᠠᠳᠠᠭᠤ ᠳᠡᠳᠬᠦᠬᠦ ᠵᠢᠱ᠌ᠢᠶ᠎ᠡ ᠦᠵᠡᠭᠦᠯᠬᠦ ᠲᠦᠷᠦᠯ ᠵᠦᠢ᠍ᠯ ᠵᠶ᠋ᠡᠷ ᠶᠠᠳᠠᠭᠤ ᠬᠦᠴᠢᠷᠳᠡᠯᠲᠡᠢ ᠬᠦᠮᠦᠨ ᠠᠮᠠ ᠵᠢ 1.2 ᠲᠦᠮᠡᠨ ᠡᠷᠦᠬᠡ ᠵᠢ ᠳᠠᠢ᠌ᠴᠢᠯᠠᠪᠠ᠃
      ᠶᠠᠳᠠᠭᠤ᠎ᠠᠴᠠ ᠠᠡᠭᠬᠢᠵᠢᠷᠠᠬᠰᠠᠨ ᠤᠯᠠᠨ ᠲᠦᠮᠡᠨ᠎ᠤ ᠤᠶᠤᠨ ᠰᠠᠨᠠᠭ᠋ᠠᠨ᠎ᠤ ᠲᠦᠷᠰᠦ ᠪᠠᠢ᠌ᠳᠠᠯ᠎ᠳᠤ ᠢᠯᠡᠳᠲᠡ ᠬᠤᠪᠢᠷᠠᠯᠲᠠ ᠭᠠᠷᠪᠠ᠃ ᠦᠩᠭᠡᠷᠡᠭᠰᠡᠨ᠎ᠳᠤ ᠶᠠᠳᠠᠭᠤ ᠬᠦᠴᠢᠷᠳᠡᠯᠲᠡᠢ ᠤᠯᠠᠨ ᠲᠦᠮᠡᠨ 《ᠭᠠᠷ ᠲᠤᠬᠳᠤᠢ᠌ᠯᠠᠵᠤ ᠰᠠᠭᠤᠬᠤ᠎ᠠᠴᠠ ᠪᠢᠰᠢ ᠬᠠᠲᠠᠭᠤᠵᠢᠯᠲᠠᠢ ᠠᠵᠢᠯᠯᠠᠬᠤ ᠳᠤᠷ᠎ᠠ ᠦᠭᠡᠢ》᠂ 《ᠬᠡᠷᠡᠮ ᠲᠦᠰᠢᠨ ᠨᠠᠷᠠᠯᠠᠵᠤ᠂ ᠴᠢᠨᠡᠬᠡᠯᠢᠭ ᠠᠮᠢᠳᠤᠷᠠᠯ᠎ᠢ ᠬᠦᠷᠬᠡᠵᠤ ᠢᠷᠡᠬᠦ ᠵᠢ ᠬᠦᠯᠢᠶᠡᠬᠦ》 ᠵᠡᠷᠭᠡ ᠦᠵᠡᠯ ᠰᠠᠨᠠᠭ᠎ᠠ᠎ᠲᠠᠢ ᠪᠠᠢ᠌ᠬᠰᠠᠨ ᠪᠤᠯ ᠤᠳᠤ ᠶᠠᠳᠠᠭᠤ᠎ᠠᠴᠠ ᠠᠡᠭᠭᠢᠵᠢᠷᠠᠬᠰᠠᠨ ᠨᠡᠡᠭ ᠤᠯᠠᠨ ᠤᠯᠠᠨ ᠲᠦᠮᠡᠨ ᠰᠡᠴᠡᠨ ᠰᠡᠷᠭᠦᠯᠡᠩ ᠠᠪᠢᠶᠠᠰ ᠴᠢᠳᠠᠪᠤᠷᠢ ᠪᠤᠯᠤᠨ ᠠᠵᠢᠯᠴᠢ ᠬᠦᠳᠡᠯᠮᠦᠷᠢᠴᠢ ᠬᠤᠶᠠᠷ ᠭᠠᠷ ᠵᠶ᠋ᠠᠷ ᠵᠶ᠋ᠠᠨ ᠵᠤᠯ ᠵᠢᠷᠭ᠋ᠠᠯᠲᠤ ᠰᠠᠢ᠌ᠨ ᠰᠠᠢ᠌ᠬᠠᠨ ᠠᠮᠢᠳᠤᠷᠠᠯ ᠵᠶ᠋ᠠᠨ ᠴᠤᠭᠴᠠᠯᠠᠵᠤ ᠪᠠᠢ᠌ᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠠᠬᠤ ᠠᠵᠢᠯ᠎ᠤᠨ ᠳᠠᠪᠲᠠᠯᠲᠠ᠎ᠪᠠᠷ ᠳᠠᠮᠵᠢᠨ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ ᠪᠤᠳᠠᠰ ᠲᠤᠳᠠᠮᠠᠭ ᠪᠠᠢ᠌ᠳᠠᠯ᠎ᠠᠴᠠ   ᠠᠡᠭᠭᠢᠵᠢᠷᠠᠵᠤ᠂ ᠤᠶᠤᠨ ᠰᠠᠨᠠᠭ᠋ᠠᠨ᠎ᠤ ᠶᠠᠳᠠᠭᠤᠷᠠᠯ᠎ᠠᠴᠠ ᠮᠤᠯᠳᠤᠷᠠᠵᠤ᠂ ᠢᠲᠡᠭᠡᠯ ᠵᠤᠷᠢᠭ᠎ᠨᠢ ᠨᠡᠩ ᠪᠠᠲᠤᠵᠢᠵᠤ᠂ ᠳᠠᠷᠢᠬᠢ ᠲᠤᠯᠤᠭ᠋ᠠᠢ᠎ᠨᠢ ᠨᠡᠩ ᠰᠡᠷᠭᠡᠭ᠂ ᠡᠷᠴᠢ ᠵᠤᠷᠢᠭ᠎ᠨᠢ ᠤᠯᠠᠮ ᠨᠡᠮᠡᠭᠳᠡᠨ᠂ ᠤᠶᠤᠨ ᠰᠠᠨᠠᠭ᠋ᠠᠨ᠎ᠤ ᠲᠦᠷᠰᠦ ᠪᠠᠢ᠌ᠳᠠᠯ᠎ᠳᠤ ᠭᠦᠨᠵᠡᠭᠡᠢ ᠬᠤᠪᠢᠷᠠᠯᠲᠠ ᠭᠠᠷᠤᠭᠰᠠᠨ ᠪᠠᠢ᠌ᠨ᠎ᠠ᠃
      ᠶᠠᠳᠠᠭᠤ ᠬᠦᠴᠢᠷᠳᠡᠯᠲᠡᠢ ᠭᠠᠵᠠᠷ ᠤᠷᠤᠨ᠎ᠤ ᠶᠠᠳᠠᠭᠤ ᠬᠦᠴᠢᠷᠳᠡᠯ᠎ᠤᠨ ᠵᠠᠰᠠᠯᠳᠠ ᠵᠢᠨ ᠴᠢᠳᠠᠪᠤᠷᠢ ᠪᠦᠬᠦ ᠲᠠᠯ᠎ᠠ᠎ᠪᠠᠷ   ᠳᠡᠭᠡᠭᠰᠢᠯᠡᠪᠡ᠃ ᠨᠠᠮ ᠎ᠤᠨ ᠪᠠᠢ᠌ᠭᠤᠯᠤᠯᠲᠠ ᠵᠢ ᠠᠳᠬᠤᠵᠤ ᠶᠠᠳᠠᠭᠤ᠎ᠠᠴᠠ ᠠᠩᠭᠢᠵᠢᠷᠠᠭᠤᠯᠬᠤ ᠵᠢ ᠠᠭᠢᠭᠤᠯᠵᠤ᠂ ᠦᠨᠳᠦᠰᠦᠨ ᠱᠠᠲᠤᠨ᠎ᠤ ᠳᠤᠷᠤᠢ ᠪᠠᠭᠤᠷᠠᠢ ᠰᠤᠯᠠ ᠵᠠᠳᠠᠭ᠋ᠠᠢ ᠦᠨᠳᠤᠰᠤᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠲᠠ ᠵᠢ ᠦᠷᠬᠦᠯᠵᠢᠯᠡᠨ ᠴᠡᠭᠴᠡᠯᠡᠵᠦ᠂ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢ᠌ᠭᠤᠯᠤᠯᠲᠠ᠎ᠨᠢ ᠤᠯᠠᠨ ᠲᠦᠮᠡᠨ᠎ᠢ ᠳᠠᠭ᠋ᠠᠭᠤᠯᠤᠨ ᠶᠠᠳᠠᠭᠤ᠎ᠠᠴᠠ ᠠᠩᠭᠢᠵᠢᠷᠠᠭᠤᠯᠤᠨ ᠴᠢᠨᠡᠯᠢᠭᠵᠢᠭᠦᠯᠬᠦ ᠪᠠᠲᠤ ᠴᠢᠩᠭ᠎ᠠ ᠳᠠᠢ᠌ᠴᠢᠨ ᠪᠡᠬᠢᠯᠡᠯᠲᠡ ᠪᠤᠯᠬᠤ ᠵᠢ ᠠᠬᠢᠭᠤᠯᠪᠠ᠃ ᠤᠢ᠌ᠯᠭ᠋ᠠᠭᠰᠠᠨ ᠵᠶ᠋ᠠᠷ᠂ ᠨᠡᠢ᠌ᠲᠡ 9776 ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ᠎ᠤ ᠨᠢᠭᠡᠳᠦᠭᠡᠷ ᠱᠦᠵᠢ ᠪᠠ 8.5 ᠲᠦᠮᠡᠨ ᠠᠵᠢᠯᠯᠠᠬᠤ ᠠᠩᠬᠢ ᠵᠢᠨ ᠭᠡᠰᠢᠭᠦᠨ ᠦᠨᠳᠦᠰᠦᠨ ᠱᠠᠲᠤᠨ᠎ᠳᠤ ᠬᠦᠨᠵᠡᠬᠡᠢ᠌ᠷᠡᠵᠤ᠂ ᠡᠮᠤᠨ᠎ᠡ ᠹᠷᠤᠨᠲ᠎ᠲᠤ ᠡᠷᠡᠯᠬᠡᠭᠯᠡᠨ ᠪᠠᠢ᠌ᠯᠳᠤᠵᠤ᠂18 ᠲᠦᠮᠡᠨ ᠬᠠᠪᠰᠤᠷᠤᠨ ᠳᠡᠳᠬᠦᠬᠦ   ᠺᠠᠳ᠋ᠷ ᠶᠠᠳᠠᠭᠤ ᠬᠦᠴᠢᠷᠳᠡᠯᠲᠡᠢ ᠤᠯᠠᠨ ᠲᠦᠮᠡᠨ᠎ᠳᠤ ᠠᠷᠭ᠎ᠠ ᠤᠬᠠᠭ᠋ᠠᠨ ᠭᠠᠷᠭ᠋ᠠᠵᠤ᠂ ᠪᠤᠳᠠᠲᠠᠢ ᠠᠵᠢᠯ   ᠬᠢᠵᠦ᠂ ᠬᠦᠴᠢᠷᠳᠡᠯ᠎ᠢ᠎ᠨᠢ ᠰᠢᠢ᠍ᠳᠪᠦᠷᠢᠯᠡᠵᠦ ᠦᠭᠭᠦᠭᠰᠡᠨ ᠪᠠᠢ᠌ᠨ᠎ᠠ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠸᠠᠡᠭ ᠯᠢ ᠰᠢᠶᠨ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠤᠯᠠᠬ᠍ᠴᠢ ᠲᠡᠷᠢᠬᠦᠯᠡᠭᠴᠢ ᠵᠢᠨ ᠲᠤᠰᠢᠶᠠᠯ᠎ᠢ ᠡᠬᠦᠷᠬᠡᠯᠡᠪᠡ
ᠸᠠᠡᠭ ᠯᠢ ᠰᠢᠶᠨ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠤᠯᠠᠬ᠍ᠴᠢ ᠲᠡᠷᠢᠬᠦᠯᠡᠭᠴᠢ᠎ᠪᠠᠷ ᠲᠤᠮᠢᠯᠠᠬᠳᠠᠪᠠ
ᠱ᠌ᠢ᠎ᠲᠠᠢ ᠹᠸᠡᠭ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠡᠭᠭᠤ ᠵᠢᠨ ᠬᠤᠷᠢᠶᠠᠨ᠎ᠤ ᠬᠤᠷᠠᠯ ᠪᠤᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠤᠳᠤᠷᠢᠳᠬᠤ ᠲᠤᠭᠤᠢ᠌ᠯᠠᠡᠭ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠤᠳᠤᠬᠠᠨ᠎ᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠢ ᠰᠤᠳᠤᠯᠤᠨ ᠪᠠᠢ᠌ᠷᠢᠯᠠᠭᠤᠯᠪᠠ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠨᠠᠮ᠎ᠤᠨ ᠤᠳᠤᠷᠢᠳᠬᠤ ᠲᠤᠭᠤᠢ᠌ᠯᠠᠡᠭ 2021 ᠤᠨ᠎ᠤ ᠭᠤᠷᠪᠠᠳᠤᠭ᠋ᠠᠷ ᠤᠳᠠᠭ᠎ᠠ ᠵᠢᠨ ᠦᠷᠬᠡᠳᠭᠡᠭᠰᠡᠨ ᠬᠤᠷᠠᠯ ᠬᠤᠷᠠᠯᠳᠤᠭᠤᠯᠵᠤ᠂ ᠲᠦᠪ᠎ᠤᠨ ᠤᠯᠤᠰ ᠲᠦᠷᠤ ᠵᠢᠨ ᠲᠤᠪᠴᠢᠶᠠᠨ᠎ᠤ ᠬᠤᠷᠠᠯ᠎ᠤᠨ ᠵᠤᠷᠢᠭ ᠰᠠᠨᠠᠭ᠎ᠠ ᠪᠤᠯᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠲᠦᠷᠪᠡᠳᠤᠬᠡᠷ ᠪᠦᠬᠦᠳᠡ ᠬᠤᠷᠠᠯ᠎ᠤᠨ ᠵᠤᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠪᠠᠢ᠌ᠷᠢᠯᠠᠭᠤᠯᠬᠤ ᠠᠵᠢᠯ᠎ᠢ ᠪᠠᠢ᠌ᠷᠢᠯᠠᠭᠤᠯᠪᠠ ᠸᠠᠡᠭ ᠯᠢ ᠰᠢᠶᠨ ᠬᠤᠷᠠᠯ ᠡᠷᠬᠢᠯᠡᠵᠡᠢ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠬᠤᠷᠢᠶᠠᠨ᠎ᠤ ᠠᠷᠪᠠᠨ ᠲᠦᠷᠪᠡᠳᠤᠬᠡᠷ ᠪᠦᠬᠦᠳᠡ ᠬᠤᠷᠠᠯ᠎ᠤᠨ ᠠᠯᠪᠠᠨ ᠮᠡᠳᠡᠬᠡ
 
            