ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠱ᠌ᠢ᠎ᠲᠠᠢ ᠹᠸᠡᠭ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠡᠭᠭᠤ ᠵᠢᠨ ᠬᠤᠷᠢᠶᠠᠨ᠎ᠤ ᠬᠤᠷᠠᠯ ᠪᠤᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠤᠳᠤᠷᠢᠳᠬᠤ ᠲᠤᠭᠤᠢ᠌ᠯᠠᠡᠭ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠤᠳᠤᠬᠠᠨ᠎ᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠢ ᠰᠤᠳᠤᠯᠤᠨ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2021-08-05

  8 ᠳ᠋ᠤᠭ᠋ᠠᠷ ᠰᠠᠷ᠎ᠠ ᠵᠢᠨ 2᠎ᠤ ᠡᠳᠤᠷ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠦᠪᠡᠷᠳᠡᠬᠡᠨ ᠵᠠᠰᠠᠬᠤ ᠤᠷᠤᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠤᠳᠤᠷᠢᠳᠬᠤ ᠲᠤᠭᠤᠢ᠌ᠯᠠᠡᠭ᠎ᠤᠨ ᠲᠠᠷᠤᠭ᠎ᠠ ᠱ᠌ᠢ᠎ᠲᠠᠢ ᠹᠸᠡᠭ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠡᠭᠭᠤ ᠵᠢᠨ ᠬᠤᠷᠢᠶᠠᠨ᠎ᠤ ᠬᠤᠷᠠᠯ ᠪᠤᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠤᠨ ᠤᠳᠤᠷᠢᠳᠬᠤ ᠲᠤᠭᠤᠢ᠌ᠯᠠᠡᠭ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠤᠨ ᠵᠢᠯᠤᠭᠤᠳᠬᠤ ᠭᠠᠵᠠᠷ ᠪᠤᠯᠤᠨ ᠡᠮᠴᠢᠯᠡᠬᠡᠨ᠎ᠤ ᠰᠡᠷᠬᠡᠢ᠌ᠯᠡᠨ ᠡᠵᠡᠮᠳᠡᠬᠦ ᠲᠤᠭᠤᠢ᠌ᠯᠠᠡᠭ᠂ ᠨᠡᠢ᠌ᠬᠡᠮ᠎ᠤᠨ ᠬᠠᠮᠢᠶᠠᠷᠤᠨ ᠡᠵᠡᠮᠳᠡᠬᠦ ᠲᠤᠭᠤᠢ᠌ᠯᠠᠡᠭ᠂ ᠭᠠᠳᠠᠭ᠋ᠠᠳᠤ᠎ᠳᠤ ᠬᠤᠯᠪᠤᠬᠳᠠᠬᠤ ᠰᠢᠶᠠᠡᠭᠭ᠋ᠠᠡᠭ ᠤᠤᠮᠸᠨ ᠲᠠᠢ᠌ᠸᠠᠨ᠎ᠲᠠᠢ ᠬᠤᠯᠪᠤᠬᠳᠠᠬᠤ ᠠᠵᠢᠯ᠎ᠤᠨ ᠲᠤᠭᠤᠢ᠌ᠯᠠᠡᠭ᠂ ᠤᠯᠠᠨ ᠤᠯᠤᠰ᠎ᠤᠨ ᠵᠢᠰᠢᠶᠠᠨ᠎ᠤ ᠨᠢᠰᠬᠡᠯ᠎ᠢ ᠲᠠᠷᠬᠠᠭ᠋ᠠᠨ ᠪᠠᠭᠤᠯᠭ᠋ᠠᠵᠤ ᠰᠢᠢ᠍ᠳᠪᠤᠷᠢᠯᠡᠬᠦ ᠠᠵᠢᠯ᠎ᠤᠨ ᠲᠤᠭᠤᠢ᠌ᠯᠠᠡᠭ᠎ᠤᠨ ᠤᠳᠤᠬᠠᠨ᠎ᠤ ᠮᠠᠨ᠎ᠤ ᠤᠷᠤᠨ᠎ᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠤᠨ ᠲᠤᠬᠠᠢ ᠬᠠᠷᠢᠭᠤ ᠮᠡᠳᠡᠬᠦᠯᠤᠯᠳᠡ ᠵᠢ ᠰᠤᠨᠤᠰᠴᠤ᠂ ᠲᠠᠷᠠᠭ᠋ᠠᠴᠢ ᠵᠢᠨ ᠰᠡᠷᠬᠡᠢ᠌ᠯᠡᠨ ᠡᠵᠡᠮᠳᠡᠬᠦ ᠠᠵᠢᠯ᠎ᠢ ᠰᠤᠳᠤᠯᠤᠨ ᠪᠠᠢ᠌ᠷᠢᠯᠠᠭᠤᠯᠪᠠ᠃
  ᠬᠤᠷᠠᠯ᠎ᠠᠴᠠ ᠵᠢᠭ᠋ᠠᠪᠤᠷᠢᠯᠠᠬᠰᠠᠨ᠎ᠨᠢ᠂ ᠪᠦᠬᠦ ᠲᠡᠯᠡᠬᠡᠢ ᠵᠢᠨ ᠬᠢᠵᠢᠭ ᠮᠥᠨ ᠯᠨ ᠦᠷᠪᠢᠰᠤᠨ ᠲᠡᠯᠬᠡᠷᠡᠬᠦ ᠪᠠᠢ᠌ᠳᠠᠯ᠎ᠳᠤ ᠤᠷᠤᠰᠢᠵᠤ᠂ ᠭᠠᠳᠠᠨ᠎ᠠ᠎ᠠᠴᠠ ᠬᠠᠯᠳᠠᠪᠤᠷᠢᠯᠠᠨ ᠤᠷᠤᠵᠤ ᠢᠷᠡᠬᠦ ᠵᠢ ᠰᠡᠷᠬᠡᠢ᠌ᠯᠡᠬᠦ ᠲᠠᠷᠤᠯᠳᠠ ᠦᠷᠬᠦᠯᠵᠢᠯᠡᠨ ᠨᠡᠮᠡᠭᠳᠡᠵᠤ ᠪᠠᠢ᠌ᠨ᠎ᠠ᠃ ᠤᠢ᠌ᠷ᠎ᠠ ᠵᠢᠨ ᠬᠤᠭᠤᠴᠠᠭ᠋ᠠᠨ᠎ᠳᠤ ᠬᠢᠯᠢ ᠵᠢᠨ ᠭᠠᠳᠠᠨ᠎ᠠ᠎ᠠᠴᠠ ᠤᠷᠤᠵᠤ ᠢᠷᠡᠭᠰᠡᠨ᠎ᠠᠴᠠ ᠪᠤᠯᠤᠬᠰᠠᠨ ᠲᠤᠬᠠᠢ ᠵᠢᠨ ᠭᠠᠵᠠᠷ᠎ᠤᠨ ᠴᠤᠬᠯᠠᠷᠠᠯ᠎ᠤᠨ ᠴᠢᠨᠠᠷᠳᠠᠢ ᠬᠢᠵᠢᠭ᠎ᠤᠨ ᠪᠠᠢ᠌ᠳᠠᠯ᠎ᠨᠢ ᠮᠠᠨ᠎ᠤ ᠤᠯᠤᠰ᠎ᠤᠨ ᠤᠯᠠᠨ ᠮᠤᠵᠢ ᠤᠷᠤᠨ᠎ᠢ ᠨᠦᠯᠦᠬᠡᠯᠡᠪᠡ᠂ ᠤᠳᠤᠬᠠᠨ᠎ᠳᠤ ᠶᠠᠭ ᠵᠢᠭᠤᠯᠴᠢᠯᠠᠯ᠎ᠤᠨ ᠬᠦᠭᠵᠢᠶᠡᠨ᠎ᠲᠠᠢ ᠤᠯᠠᠷᠢᠯ ᠪᠤᠯᠵᠤ ᠮᠠᠨ᠎ᠤ ᠤᠷᠤᠨ᠎ᠳᠤ ᠢᠷᠡᠵᠤ ᠶᠠᠪᠤᠬᠤ ᠬᠦᠮᠦᠰ ᠢᠯᠡᠷᠬᠡᠢ ᠨᠡᠮᠡᠭᠳᠡᠨ᠂ ᠬᠢᠵᠢᠭ ᠲᠠᠷᠬᠠᠬᠤ ᠠᠶᠤᠯ ᠴᠦ᠍ ᠤᠯᠠᠮ ᠨᠡᠮᠡᠭᠳᠡᠵᠤ ᠪᠠᠢ᠌ᠨ᠎ᠠ᠃ ᠡᠯ᠎ᠡ ᠱᠠᠳᠤᠨ᠎ᠤ᠎ᠬᠢᠨ ᠤᠳᠤᠬᠠᠨ᠎ᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠵᠢᠨ ᠬᠦᠨᠳᠤ ᠨᠤᠴᠢᠳᠠᠢ ᠴᠢᠨᠠᠷ ᠪᠤᠯᠤᠨ ᠨᠠᠷᠢᠨ ᠪᠤᠳᠤᠯᠢᠶᠠᠨᠳᠤ ᠴᠢᠨᠠᠷ᠎ᠢ ᠬᠦᠢ᠍ᠴᠡᠳ ᠲᠠᠨᠢᠵᠤ᠂ ᠰᠢ ᠵᠢᠨ ᠫᠢᠡᠭ ᠶᠡᠷᠤᠡᠭᠭᠡᠢ ᠱᠦᠵᠢ ᠵᠢᠨ ᠴᠢᠬᠤᠯᠨ ᠵᠢᠭ᠋ᠠᠪᠤᠷᠢ ᠵᠢᠨ ᠵᠤᠷᠢᠭ ᠰᠠᠨᠠᠭ᠎ᠠ ᠪᠤᠯᠤᠨ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠲᠤᠬᠠᠢ ᠲᠦᠪ᠎ᠤᠨ ᠰᠢᠨ᠎ᠡ ᠪᠠᠢ᠌ᠷᠢᠯᠠᠭᠤᠯᠤᠯᠳᠠ ᠰᠢᠨ᠎ᠡ ᠱᠠᠭ᠋ᠠᠷᠳᠠᠯᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠭᠠᠳᠠᠨ᠎ᠠ᠎ᠠᠴᠠ ᠬᠠᠯᠳᠠᠪᠤᠷᠢᠯᠠᠨ ᠤᠷᠤᠵᠤ ᠢᠷᠡᠬᠦ ᠵᠢ ᠰᠡᠷᠬᠡᠢ᠌ᠯᠡᠬᠦ᠂ ᠲᠤᠳᠤᠭ᠋ᠠᠳᠤ᠎ᠳᠤ᠎ᠪᠠᠨ ᠲᠠᠬᠢᠨ ᠲᠡᠯᠬᠡᠷᠡᠬᠦ ᠵᠢ ᠰᠡᠷᠬᠡᠢ᠌ᠯᠡᠬᠦ ᠠᠵᠢᠯ᠎ᠢ ᠴᠢᠡᠭᠭ᠎ᠠ ᠪᠤᠳᠠᠳᠠᠢ ᠨᠠᠷᠯᠢᠭ ᠰᠠᠢ᠌ᠳᠤᠷ ᠬᠢᠵᠤ᠂ ᠰᠡᠷᠬᠡᠢ᠌ᠯᠡᠨ ᠡᠵᠡᠮᠳᠡᠬᠦ ᠲᠠᠯ᠎ᠠ᠎ᠪᠠᠷ᠎ᠬᠢ ᠲᠤᠳᠠᠬᠳᠠᠯ᠎ᠢ ᠰᠢᠭᠰᠢᠨ ᠪᠠᠢ᠌ᠴᠠᠭ᠋ᠠᠵᠤ᠂ ᠰᠡᠷᠬᠡᠢ᠌ᠯᠡᠨ ᠡᠵᠡᠮᠳᠡᠬᠦ ᠭᠤᠤᠯᠳᠠᠯᠭ᠎ᠠ ᠵᠢ ᠲᠠᠬᠢᠨ ᠪᠡᠬᠢᠵᠢᠬᠦᠯᠤᠨ᠂ ᠰᠡᠷᠬᠡᠢ᠌ᠯᠡᠨ ᠡᠵᠡᠮᠳᠡᠬᠦ ᠱᠠᠭ᠋ᠠᠷᠳᠠᠯᠭ᠎ᠠ ᠵᠢ ᠲᠠᠬᠢᠨ ᠨᠠᠢ᠌ᠳᠠᠪᠤᠷᠢᠵᠢᠭᠤᠯᠬᠤ ᠬᠡᠷᠡᠭᠳᠡᠢ᠂ ᠶᠠᠭ᠋ᠠᠬᠢᠬᠰᠠᠨ ᠠᠯᠮᠠᠢ᠌ᠷᠠᠨ ᠲᠠᠢ᠌ᠪᠤᠰᠢᠷᠠᠵᠤ ᠪᠤᠯᠬᠤ ᠦᠬᠡᠢ᠂ ᠦᠴᠤᠬᠡᠨ ᠴᠦ᠍ ᠰᠤᠯᠠᠷᠠᠭᠤᠯᠵᠤ ᠪᠤᠯᠬᠤ ᠦᠬᠡᠢ᠂ ᠬᠢᠯᠪᠡᠷ ᠪᠤᠰᠤ᠎ᠪᠠᠷ ᠤᠯᠵᠤ ᠢᠷᠡᠭᠰᠡᠨ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠭᠰᠡᠨ ᠦᠷ᠎ᠡ ᠪᠦᠳᠦᠬᠡᠯ᠎ᠢ ᠡᠷᠡᠰ ᠰᠠᠢ᠌ᠳᠤᠷ ᠬᠠᠮᠠᠭ᠋ᠠᠠᠯᠬᠤ ᠬᠡᠷᠡᠭᠳᠡᠢ᠃
  ᠬᠤᠷᠠᠯ᠎ᠠᠴᠠ ᠴᠢᠬᠤᠯᠠᠴᠢᠯᠠᠬᠰᠠᠨ᠎ᠨᠢ᠂ ᠨᠢᠰᠬᠡᠯ᠎ᠤᠨ ᠪᠠᠭᠤᠳᠠᠯ᠂ ᠪᠤᠭᠤᠮᠳᠠ ᠵᠡᠷᠬᠡ ᠭᠤᠤᠯᠳᠠᠯᠭ᠎ᠠ᠎ᠲᠠᠢ ᠭᠠᠵᠠᠷ᠎ᠤᠨ ᠰᠡᠷᠬᠡᠢ᠌ᠯᠡᠨ ᠡᠵᠡᠮᠳᠡᠬᠦ ᠠᠵᠢᠯ᠎ᠢ ᠪᠦᠬᠦ ᠲᠠᠯ᠎ᠠ᠎ᠪᠠᠷ ᠴᠢᠡᠭᠭ᠋ᠠᠳᠬᠠᠵᠤ᠂ ᠠᠵᠢᠯ᠎ᠤᠨ ᠶᠠᠪᠤᠴᠨ ᠪᠤᠯᠤᠨ ᠰᠡᠷᠬᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠤᠯᠠᠮ ᠰᠢᠯᠢᠳᠡᠭᠵᠢᠬᠦᠯᠤᠨ ᠲᠡᠬᠦᠯᠳᠡᠷᠵᠢᠬᠦᠯᠵᠤ᠂ ᠪᠦᠬᠦ ᠶᠠᠪᠤᠴᠨ᠎ᠪᠠᠷ᠎ᠨᠢ ᠪᠢᠳᠡᠬᠦᠮᠵᠢᠯᠡᠨ ᠬᠠᠮᠢᠶᠠᠷᠬᠤ ᠠᠵᠢᠯ᠎ᠢ ᠯᠠᠪᠳᠠᠭᠤᠨ ᠪᠠᠳᠤᠳᠠᠢ ᠨᠢᠬᠳᠠ ᠴᠢᠡᠭᠭ᠎ᠠ ᠬᠢᠵᠤ᠂ ᠬᠢᠯᠢ ᠵᠢᠨ ᠬᠠᠮᠢᠶᠠᠷᠤᠯᠳᠠ ᠵᠢ ᠴᠢᠡᠭᠭ᠋ᠠᠳᠬᠠᠨ᠂ ᠬᠢᠯᠢ ᠵᠢᠨ ᠭᠠᠳᠠᠨ᠎ᠠ᠎ᠠᠴᠠ ᠬᠢᠵᠢᠭ ᠬᠠᠯᠳᠠᠪᠤᠷᠢᠯᠠᠨ ᠤᠷᠤᠵᠤ ᠢᠷᠡᠬᠦ ᠵᠢ ᠴᠢᠡᠭᠭ᠎ᠠ ᠰᠡᠷᠬᠡᠢ᠌ᠯᠡᠬᠦ ᠬᠡᠷᠡᠭᠳᠡᠢ᠃ ᠠᠶᠤᠯ ᠲᠦᠭᠰᠢᠬᠦᠷᠢ ᠶᠡᠬᠡᠳᠡᠢ ᠠᠵᠢᠯ᠎ᠤᠨ ᠪᠠᠢ᠌ᠷᠢ᠎ᠳᠤ᠎ᠬᠢ ᠬᠦᠮᠦᠰ᠎ᠤᠨ ᠬᠠᠮᠢᠶᠠᠷᠤᠯᠳᠠ ᠵᠢ ᠴᠢᠡᠭᠭ᠋ᠠᠳᠬᠠᠵᠤ᠂ ᠬᠢᠯᠢ᠎ᠪᠠᠷ ᠤᠷᠤᠵᠤ ᠢᠷᠡᠬᠦ ᠬᠦᠮᠦᠰ᠂ ᠬᠢᠯᠢ᠎ᠪᠠᠷ ᠤᠷᠤᠵᠤ ᠢᠷᠡᠬᠦ ᠬᠦᠢ᠍ᠳᠡᠨ ᠵᠶ᠋ᠡᠷ ᠵᠦᠬᠡᠬᠡᠪᠤᠷᠢᠯᠡᠬᠦ ᠪᠠᠷᠠᠭ᠎ᠠ ᠪᠠ ᠤᠷᠴᠢᠨ ᠲᠤᠭᠤᠷᠢᠨ᠎ᠲᠠᠢ ᠰᠢᠭᠤᠳ ᠤᠢ᠌ᠷᠠᠳᠬᠤ ᠡᠯ᠎ᠡ ᠲᠦᠷᠤᠯ᠎ᠤᠨ ᠬᠦᠮᠦᠰ᠎ᠢ ᠪᠦᠬᠦ ᠶᠠᠪᠤᠴᠨ᠎ᠪᠠᠷ ᠪᠢᠳᠡᠬᠦᠮᠵᠢᠯᠡᠬᠦ ᠪᠤᠶᠤ ᠲᠤᠰᠠᠭ᠋ᠠᠷᠯᠠᠨ ᠬᠠᠮᠢᠶᠠᠷᠴᠤ᠂ ᠠᠷᠢᠭᠤᠨ ᠴᠡᠪᠡᠷ᠎ᠤᠨ ᠠᠵᠢᠯᠴᠢᠨ᠎ᠢ ᠪᠠᠬᠳᠠᠭ᠋ᠠᠬᠰᠠᠨ ᠰᠢᠭᠤᠳ ᠦᠢ᠍ᠯᠡᠴᠢᠯᠡᠵᠤ ᠪᠠᠳᠤᠯᠠᠬᠤ ᠬᠦᠮᠦᠰ᠎ᠢ ᠰᠡᠷᠬᠡᠢ᠌ᠯᠡᠨ ᠡᠵᠡᠮᠳᠡᠬᠦ ᠠᠷᠭ᠎ᠠ ᠠᠪᠴᠠᠯ᠎ᠢ ᠴᠢᠡᠭᠭ᠋ᠠᠳᠬᠠᠨ᠂ ᠠᠵᠢᠯᠯᠠᠬᠤ ᠶᠠᠪᠤᠴᠨ ᠵᠢ ᠵᠢᠷᠤᠮᠵᠢᠭᠤᠯᠵᠤ᠂ ᠠᠮᠤᠷ ᠲᠦᠪᠰᠢᠨ᠎ᠤ ᠰᠡᠷᠬᠡᠢ᠌ᠯᠡᠯᠳᠡ ᠵᠢ ᠴᠢᠡᠭᠭ᠋ᠠᠳᠬᠠᠨ᠂ ᠬᠠᠯᠳᠠᠪᠤᠷᠢᠯᠠᠬᠤ ᠠᠶᠤᠯ ᠲᠦᠭᠰᠢᠬᠦᠷᠢ ᠵᠢ ᠦᠨᠡᠨ ᠬᠦ᠌ ᠪᠠᠭᠤᠷᠠᠭᠤᠯᠬᠤ ᠬᠡᠷᠡᠭᠳᠡᠢ᠃ 《ᠬᠦᠮᠦᠨ᠂ ᠪᠤᠳᠠᠰ》᠎ᠢ ᠵᠡᠷᠬᠡ᠎ᠪᠠᠷ ᠰᠡᠷᠬᠡᠢ᠌ᠯᠡᠬᠦ ᠵᠢ ᠪᠠᠷᠢᠮᠳᠠᠯᠠᠵᠤ᠂ ᠭᠠᠳᠠᠭ᠋ᠠᠳᠤ᠎ᠠᠴᠠ ᠤᠷᠤᠭᠤᠯᠤᠬᠰᠠᠨ ᠬᠦᠢ᠍ᠳᠡᠨ ᠵᠶ᠋ᠡᠷ ᠵᠦᠬᠡᠬᠡᠪᠤᠷᠢᠯᠡᠬᠦ ᠢᠳᠡᠬᠡᠨ᠎ᠢ ᠬᠢᠨᠠᠨ ᠬᠡᠮᠵᠢᠵᠤ ᠰᠢᠯᠭ᠋ᠠᠨᠨ ᠪᠠᠢ᠌ᠴᠠᠭ᠋ᠠᠬᠤ ᠪᠠ ᠤᠷᠢᠳᠴᠢᠯᠠᠨ ᠰᠡᠷᠬᠡᠢ᠌ᠡᠯᠬᠦ ᠴᠢᠨᠠᠷᠳᠠᠢ ᠪᠦᠬᠦ ᠲᠠᠯ᠎ᠠ᠎ᠪᠠᠷ ᠠᠷᠢᠭᠤᠳᠬᠠᠬᠤ ᠠᠵᠢᠯ᠎ᠢ ᠴᠢᠡᠭᠭ᠋ᠠᠳᠬᠠᠨ᠂ ᠭᠠᠳᠠᠭ᠋ᠠᠳᠤ᠎ᠠᠴᠠ ᠤᠷᠤᠭᠤᠯᠤᠬᠰᠠᠨ ᠬᠦᠢ᠍ᠳᠡᠨ ᠵᠶ᠋ᠡᠷ ᠵᠦᠬᠡᠬᠡᠪᠤᠷᠢᠯᠡᠬᠦ ᠢᠳᠡᠬᠡᠨ᠎ᠢ ᠡᠵᠡᠡᠭᠨᠡᠵᠤ ᠪᠠᠢ᠌ᠭ᠎ᠠ ᠵᠠᠬ᠎ᠠ ᠲᠡᠯᠬᠡᠬᠦᠷ ᠪᠤᠯᠤᠨ ᠬᠠᠮᠢᠶ᠎ᠠ ᠪᠦᠬᠦᠢ ᠲᠡᠬᠡᠬᠡᠪᠤᠷᠢ ᠵᠢᠨ ᠪᠠᠭ᠋ᠠᠵᠢ᠂ ᠠᠵᠢᠯᠳᠠᠨ᠎ᠤ ᠬᠠᠮᠢᠶᠠᠷᠤᠯᠳᠠ ᠡᠵᠡᠮᠳᠡᠯ᠎ᠢ ᠴᠢᠡᠭᠭ᠋ᠠᠳᠬᠠᠬᠤ ᠬᠡᠷᠡᠭᠳᠡᠢ᠃ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠵᠢ ᠪᠠᠢ᠌ᠡᠭᠭᠤᠵᠢᠭᠤᠯᠬᠤ ᠱᠠᠭ᠋ᠠᠷᠳᠠᠯᠭ᠎ᠠ ᠵᠢ ᠴᠢᠡᠭᠭ᠎ᠠ ᠨᠠᠢ᠌ᠳᠠᠪᠤᠷᠢᠵᠢᠭᠤᠯᠵᠤ᠂ 《1 +8 +N》 ᠲᠦᠷᠤ ᠵᠢᠨ ᠪᠤᠳᠤᠯᠭ᠎ᠠ ᠵᠢᠨ ᠰᠢᠰᠲᠸᠮ ᠪᠤᠯᠤᠨ 《ᠲᠦᠷᠪᠡᠨ ᠡᠷᠳᠡ》 ᠵᠢᠨ ᠱᠠᠭ᠋ᠠᠷᠳᠠᠯᠭ᠎ᠠ ᠵᠢ ᠴᠢᠡᠭᠭ᠎ᠠ ᠨᠠᠢ᠌ᠳᠠᠪᠤᠷᠢᠵᠢᠭᠤᠯᠵᠤ᠂ ᠨᠠᠰᠤᠵᠢᠯ  ᠎ᠤᠨ ᠠᠰᠠᠷᠠᠮᠵᠢ ᠵᠢᠨ ᠪᠠᠢ᠌ᠭᠤᠯᠤᠮᠵᠢ᠂ ᠲᠠᠷᠢᠶᠠᠯᠠᠡᠭ᠎ᠤᠨ ᠠᠷᠠᠯᠵᠢᠶᠠᠨ᠎ᠤ ᠵᠠᠬ᠎ᠠ ᠲᠡᠯᠬᠡᠬᠦᠷ᠂ ᠬᠤᠳᠠᠯᠳᠤᠭ᠋ᠠᠨ᠎ᠤ ᠲᠠᠯᠠᠪᠤᠷ᠂ ᠬᠠᠮ ᠲᠡᠯᠬᠡᠬᠦᠷ ᠵᠡᠷᠬᠡ ᠭᠤᠤᠯᠳᠠᠯᠭ᠎ᠠ᠎ᠲᠠᠢ ᠭᠠᠵᠠᠷ᠎ᠤᠨ ᠰᠡᠷᠬᠡᠢ᠌ᠯᠡᠨ ᠡᠵᠡᠮᠳᠡᠬᠦ ᠠᠵᠢᠯ᠎ᠢ ᠤᠯᠠᠨ ᠴᠢᠡᠭᠭ᠋ᠠᠳᠬᠠᠨ᠂ ᠠᠶᠤᠯ ᠲᠦᠭᠰᠢᠬᠦᠷᠢ ᠶᠡᠬᠡᠳᠡᠢ ᠠᠵᠢᠯ᠎ᠤᠨ ᠪᠠᠢ᠌ᠷᠢ ᠵᠢᠨ ᠬᠦᠮᠦᠰ᠎ᠤᠨ ᠪᠦᠬᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠳᠠ ᠬᠢᠬᠦ ᠤᠳᠠᠭ᠎ᠠ ᠲᠠᠪᠳᠠᠮᠵᠢ ᠵᠢ ᠨᠡᠮᠡᠭᠳᠡᠬᠦᠯᠵᠤ᠂ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠵᠢ ᠪᠠᠢ᠌ᠡᠭᠭᠤᠵᠢᠭᠤᠯᠬᠤ ᠱᠠᠭ᠋ᠠᠷᠳᠠᠯᠭ᠎ᠠ ᠵᠢ ᠨᠠᠷᠢᠯᠢᠭ ᠪᠤᠳᠠᠳᠠᠢ   ᠨᠠᠢ᠌ᠳᠠᠪᠤᠷᠢᠵᠢᠭᠤᠯᠬᠤ ᠬᠡᠷᠡᠭᠳᠡᠢ᠃ ᠡᠯ᠎ᠡ ᠲᠦᠷᠤᠯ᠎ᠤᠨ ᠬᠤᠷᠠᠯ᠂ ᠠᠵᠢᠯᠯᠠᠭ᠎ᠠ ᠵᠢᠨ ᠬᠠᠮᠢᠶᠠᠷᠤᠯᠳᠠ ᠡᠵᠡᠮᠳᠡᠯ᠎ᠢ ᠴᠢᠡᠭᠭ᠋ᠠᠳᠬᠠᠵᠤ᠂ ᠴᠤᠬᠯᠠᠷᠠᠯ᠎ᠤᠨ ᠴᠢᠨᠠᠷᠳᠠᠢ ᠬᠢᠵᠢᠭ᠎ᠤᠨ ᠪᠠᠢ᠌ᠳᠠᠯ ᠭᠠᠷᠬᠤ᠎ᠠᠴᠠ ᠡᠷᠡᠰ ᠵᠠᠢ᠌ᠯᠠᠰᠬᠢᠬᠦ ᠬᠡᠷᠡᠭᠳᠡᠢ᠃ ᠬᠢᠨᠠᠨ ᠬᠡᠮᠵᠢᠵᠤ ᠤᠷᠢᠳᠴᠢᠯᠠᠨ ᠰᠡᠷᠡᠮᠵᠢᠯᠡᠬᠦᠯᠬᠦ ᠰᠢᠰᠲᠸᠮ᠎ᠢ ᠲᠠᠰᠳᠷᠠᠯᠳᠠ ᠦᠬᠡᠢ ᠪᠦᠷᠢᠨᠰᠢᠬᠦᠯᠤᠨ ᠲᠡᠬᠦᠯᠳᠡᠷᠵᠢᠬᠦᠯᠵᠤ᠂ ᠲᠤᠮᠤ ᠳ᠋ᠠᠢ᠌ᠲᠨ᠎ᠪᠠᠷ ᠵᠠᠳᠠᠯᠤᠨ ᠬᠡᠷᠡᠭᠯᠡᠬᠦ ᠵᠢ ᠴᠢᠡᠭᠭ᠋ᠠᠳᠬᠠᠨ᠂ ᠤᠯᠠᠨ ᠨᠡᠢ᠌ᠳᠡ ᠵᠢᠨ ᠲᠠᠯᠠᠪᠤᠷ᠂ ᠵᠢᠭᠤᠯᠴᠢᠯᠠᠯ᠎ᠤᠨ ᠦᠵᠡᠮᠵᠢ ᠵᠢᠨ ᠤᠷᠤᠨ ᠵᠡᠷᠬᠡ ᠬᠦᠮᠦᠨ ᠬᠠᠷ᠎ᠠ ᠨᠢᠬᠳᠠᠷᠠᠬᠰᠠᠨ ᠤᠷᠤᠨ ᠪᠦᠰᠡ ᠵᠢᠨ ᠡᠷᠡᠬᠦᠯ ᠮᠡᠨᠳᠤ ᠵᠢᠨ ᠺᠤᠳ᠋᠎ᠢ ᠪᠠᠢ᠌ᠴᠠᠭ᠋ᠠᠨ ᠰᠢᠯᠭ᠋ᠠᠬᠤ ᠠᠵᠢᠯ᠎ᠢ ᠴᠢᠡᠭᠭ᠋ᠠᠳᠬᠠᠵᠤ᠂ ᠲᠤᠮᠳᠠ ᠦᠨᠳᠤᠷ ᠵᠡᠷᠬᠡ ᠵᠢᠨ ᠠᠶᠤᠯ ᠲᠦᠭᠰᠢᠬᠦᠷᠢ᠎ᠲᠠᠢ ᠭᠠᠵᠠᠷ ᠤᠷᠤᠨ᠎ᠠᠴᠠ ᠮᠠᠨ᠎ᠤ ᠤᠷᠤᠨ᠎ᠳᠤ ᠢᠷᠡᠭᠰᠡᠨ ᠬᠦᠮᠦᠰ ᠪᠤᠯᠤᠨ ᠬᠠᠮᠢᠶ᠎ᠠ ᠪᠦᠬᠦᠢ ᠤᠢ᠌ᠷᠠᠳᠤᠬᠰᠠᠳ᠎ᠢ ᠰᠢᠭᠰᠢᠨ ᠪᠠᠢ᠌ᠴᠠᠭ᠋ᠠᠵᠤ᠂ ᠮᠦᠷᠳᠡᠬᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠳᠡᠢ᠃ ᠡᠮᠴᠢᠯᠡᠬᠡᠨ᠎ᠤ ᠪᠠᠢ᠌ᠭᠤᠯᠤᠮᠵᠢ ᠵᠢᠨ ᠠᠡᠭᠬ᠎ᠠ ᠤᠨᠤᠰᠢᠯᠠᠬᠤ ᠬᠠᠷᠢᠭᠤᠴᠠᠯᠭ᠎ᠠ ᠵᠢᠨ ᠲᠦᠷᠢᠮ ᠪᠤᠯᠤᠨ ᠤᠷᠢᠳᠴᠢᠯᠠᠨ ᠪᠠᠢ᠌ᠴᠠᠭ᠋ᠠᠵᠤ ᠬᠤᠪᠢᠶᠠᠨ ᠤᠨᠤᠰᠢᠯᠠᠬᠤ ᠲᠦᠷᠢᠮ᠎ᠢ ᠴᠢᠡᠭᠭ᠎ᠠ ᠨᠠᠢ᠌ᠳᠠᠪᠤᠷᠢᠵᠢᠭᠤᠯᠤᠨ᠂ ᠡᠮᠴᠢᠯᠡᠬᠡᠨ᠎ᠤ ᠪᠠᠢ᠌ᠭᠤᠯᠤᠮᠵᠢ ᠵᠢᠨ ᠬᠠᠯᠳᠠᠪᠤᠷᠢᠳᠤ ᠡᠪᠳᠴᠢᠨ᠎ᠢ ᠰᠡᠷᠬᠡᠢ᠌ᠯᠡᠨ ᠡᠵᠡᠮᠳᠡᠬᠦ ᠠᠵᠢᠯ᠎ᠢ ᠪᠦᠬᠦ ᠲᠠᠯ᠎ᠠ᠎ᠪᠠᠷ ᠴᠢᠡᠭᠭ᠋ᠠᠳᠬᠠᠵᠤ᠂ ᠠᠶᠤᠯ ᠲᠦᠭᠰᠢᠬᠦᠷᠢ ᠵᠢ ᠰᠢᠭᠰᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠨᠠᠷᠢᠨ ᠬᠢᠮᠠᠨᠠᠭ᠋ᠠᠢ ᠦᠷᠨᠢᠬᠦᠯᠵᠤ᠂ ᠡᠮᠨᠡᠯᠬᠡ ᠵᠢᠨ ᠬᠤᠷᠢᠶᠠᠨ᠎ᠳᠤ ᠬᠠᠯᠳᠠᠪᠤᠷᠢᠯᠠᠬᠤ ᠵᠢ ᠡᠷᠡᠰ ᠰᠡᠷᠬᠡᠢ᠌ᠯᠡᠬᠦ ᠬᠡᠷᠡᠭᠳᠡᠢ᠃ ᠸᠠᠺᠼᠢᠨ᠎ᠤ ᠪᠦᠬᠦ ᠬᠡᠯᠬᠢᠶᠡᠨ᠎ᠤ ᠬᠠᠮᠢᠶᠠᠷᠤᠯᠳᠠ ᠵᠢ ᠴᠢᠡᠭᠳᠠᠯᠠᠵᠤ᠂ ᠸᠠᠺᠼᠢᠨ᠎ᠤ ᠲᠠᠷᠢᠯᠭ᠎ᠠ ᠵᠢᠨ ᠠᠵᠢᠯ᠎ᠢ ᠦᠨᠡᠨ ᠬᠦ᠌ ᠰᠠᠢ᠌ᠳᠤᠷ᠎ᠬᠢᠨ᠂ ᠠᠶᠤᠯ ᠲᠦᠭᠰᠢᠬᠦᠷᠢ ᠶᠡᠬᠡᠳᠡᠢ ᠠᠵᠢᠯ᠎ᠤᠨ ᠪᠠᠢ᠌ᠷᠢ ᠵᠢᠨ ᠬᠦᠮᠦᠰ᠎ᠲᠤ ᠪᠦᠬᠦᠨ᠎ᠢ ᠲᠠᠷᠢᠬᠤ ᠵᠢ ᠦᠨᠡᠨ ᠬᠦ᠌ ᠪᠠᠳᠤᠯᠠᠵᠤ᠂ ᠵᠤᠬᠢᠬᠤ ᠨᠠᠰᠤᠨ᠎ᠤ ᠴᠡᠬᠡᠷ ᠦᠬᠡᠢ ᠬᠦᠮᠦᠨ ᠪᠦᠬᠦᠨ᠎ᠳᠤ ᠲᠠᠷᠢᠬᠤ ᠵᠢ ᠦᠨᠡᠨ ᠬᠦ᠌ ᠪᠠᠳᠤᠯᠠᠬᠤ ᠬᠡᠷᠡᠭᠳᠡᠢ᠃
  ᠬᠤᠷᠠᠯ᠎ᠠᠴᠠ ᠲᠠᠬᠢᠨᠳᠠ ᠴᠢᠬᠤᠯᠠᠴᠢᠯᠠᠬᠰᠠᠨ᠎ᠨᠢ᠂ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠡᠯ᠎ᠡ ᠱᠠᠳᠤᠨ᠎ᠤ ᠵᠢᠯᠤᠭᠤᠳᠬᠤ ᠭᠠᠵᠠᠷ᠎ᠤᠨ᠎ᠬᠢᠨ ᠪᠦᠳᠦᠮᠵᠢ ᠰᠠᠢ᠌ᠳᠠᠢ ᠠᠵᠢᠯᠯᠠᠬᠤ ᠵᠢ ᠪᠠᠳᠤᠯᠠᠨ᠂ ᠵᠤᠬᠢᠶᠠᠨ ᠪᠠᠢ᠌ᠭᠤᠯᠤᠯᠳᠠ ᠵᠢᠨ ᠰᠢᠰᠲᠸᠮ ᠬᠤᠪᠢᠷᠠᠬᠤ ᠦᠬᠡᠢ᠂ ᠠᠵᠢᠯ᠎ᠤᠨ ᠡᠷᠴᠢᠮ ᠵᠶ᠋ᠡᠨ ᠰᠤᠯᠠᠷᠠᠭᠤᠯᠬᠤ ᠦᠬᠡᠢ ᠪᠠᠢ᠌ᠵᠤ᠂ ᠦᠢ᠍ᠯᠡᠳᠤᠯ ᠵᠶ᠋ᠡᠨ ᠬᠦᠢ᠍ᠴᠡᠳ ᠪᠠᠳᠠᠷᠠᠭᠤᠯᠬᠤ ᠵᠢ ᠪᠠᠳᠤᠯᠠᠬᠤ ᠬᠡᠷᠡᠭᠳᠡᠢ᠃ 《ᠲᠦᠷᠪᠡᠨ ᠲᠠᠯ᠎ᠠ》 ᠵᠢᠨ ᠬᠠᠷᠢᠭᠤᠴᠠᠯᠭ᠎ᠠ ᠵᠢ ᠤᠯᠠᠮ ᠴᠢᠡᠭᠭ᠋ᠠᠷᠠᠭᠤᠯᠤᠨ᠂ 《ᠲᠠᠪᠤᠨ ᠪᠠᠢ᠌ᠬᠤ ᠭᠤᠷᠪᠠᠨ ᠴᠢᠡᠭᠭ᠎ᠠ》 ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠵᠢᠵᠢᠬᠦᠷᠯᠡᠨ ᠰᠠᠬᠢᠬᠤ᠎ᠪᠠᠨ ᠴᠢᠡᠭᠭ᠋ᠠᠳᠬᠠᠨ᠂ ᠡᠳᠤᠷ᠎ᠤᠨ ᠮᠡᠳᠡᠬᠦᠯᠤᠯᠳᠠ᠂ ᠡᠪᠡᠳᠴᠢᠨ᠎ᠤ ᠵᠢᠱ᠌ᠢᠶ᠎ᠡ ᠦᠬᠡᠢ ᠮᠡᠳᠡᠬᠦᠯᠤᠯᠳᠠ ᠵᠢᠨ ᠲᠦᠷᠢᠮ᠎ᠢ ᠴᠢᠡᠭᠭ᠎ᠠ ᠬᠡᠷᠡᠭᠵᠢᠬᠦᠯᠬᠦ ᠬᠡᠷᠡᠭᠳᠡᠢ᠃ ᠪᠤᠭᠤᠮᠳᠠ᠂ ᠬᠢᠯᠢ ᠵᠢᠨ ᠪᠠᠢ᠌ᠴᠠᠭ᠋ᠠᠯᠳᠠ᠂ ᠵᠠᠮ ᠬᠠᠷᠢᠯᠴᠠᠭ᠎ᠠ᠂ ᠲᠤᠳᠤᠭ᠋ᠠᠳᠤ ᠵᠢ ᠬᠠᠮᠠᠭ᠋ᠠᠯᠠᠬᠤ ᠵᠡᠷᠬᠡ ᠰᠠᠯᠠᠭ᠎ᠠ ᠮᠦᠴᠢᠷ᠎ᠤᠨ᠎ᠬᠢᠨ ᠮᠡᠳᠡᠬᠡ ᠵᠠᠡᠭᠭᠢ ᠵᠢ ᠨᠡᠪᠳᠡᠷᠡᠯᠴᠡᠬᠦᠯᠵᠤ ᠬᠤᠪᠢᠶᠠᠯᠴᠠᠬᠤ ᠵᠢ ᠴᠢᠡᠭᠭ᠋ᠠᠳᠬᠠᠨ᠂ ᠨᠡᠡᠭ ᠦᠨᠳᠤᠷ ᠪᠦᠳᠦᠮᠵᠢᠳᠠᠢ ᠬᠤᠷᠰᠢᠬᠤ ᠲᠤᠬᠳᠠᠴᠨ ᠵᠢ ᠪᠠᠢ᠌ᠭᠤᠯᠤᠨ ᠪᠤᠢ ᠪᠤᠯᠭ᠋ᠠᠬᠤ ᠬᠡᠷᠡᠭᠳᠡᠢ᠃ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠰᠢᠰᠲᠸᠮ᠎ᠤᠨ ᠰᠢᠭᠰᠢᠨ ᠪᠠᠢ᠌ᠴᠠᠭ᠋ᠠᠯᠳᠠ ᠵᠢ ᠲᠤᠬᠳᠠᠮᠠᠯ ᠬᠤᠭᠤᠴᠠᠭ᠎ᠠ᠎ᠲᠠᠢ᠎ᠪᠠᠷ ᠵᠤᠬᠢᠶᠠᠨ ᠪᠠᠢ᠌ᠭᠤᠯᠤᠨ ᠦᠷᠨᠢᠬᠦᠯᠵᠤ᠂ ᠠᠰᠠᠭᠤᠳᠠᠯ᠎ᠢ ᠴᠠᠭ ᠲᠤᠬᠠᠢ᠎ᠳᠤ᠎ᠨᠢ ᠢᠯᠡᠷᠡᠬᠦᠯᠵᠤ᠂ ᠴᠠᠭ ᠲᠤᠬᠠᠢ᠎ᠳᠤ᠎ᠨᠢ ᠴᠡᠭᠴᠡᠯᠡᠨ ᠰᠠᠢ᠌ᠵᠢᠷᠠᠭᠤᠯᠬᠤ ᠵᠢ ᠴᠢᠡᠭᠭ᠋ᠠᠳᠬᠠᠨ᠂ ᠬᠢᠵᠢᠭ ᠬᠠᠯᠳᠠᠪᠤᠷᠢᠯᠠᠨ ᠤᠷᠤᠵᠤ ᠢᠷᠡᠬᠦ ᠰᠡᠷᠬᠡᠢ᠌ᠯᠡᠯᠳᠡ ᠵᠢᠨ ᠱᠤᠭᠤᠮ᠎ᠢ ᠪᠠᠳᠤ ᠴᠤᠬ᠍ᠴᠠᠯᠠᠬᠤ ᠬᠡᠷᠡᠭᠳᠡᠢ᠃ ᠰᠠᠬᠢᠯᠭ᠎ᠠ ᠪᠠᠳᠤ ᠵᠢᠨ ᠱᠠᠭ᠋ᠠᠷᠳᠠᠯᠭ᠎ᠠ ᠵᠢ ᠴᠢᠡᠭᠳᠠᠯᠠᠨ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠭᠠᠷᠭ᠋ᠠᠬᠰᠠᠨ᠂ ᠰᠡᠷᠬᠡᠢ᠌ᠯᠡᠨ ᠡᠵᠡᠮᠳᠡᠬᠦ ᠲᠠᠯ᠎ᠠ᠎ᠪᠠᠷ ᠰᠤᠯᠨ᠂ ᠠᠰᠠᠭᠤᠳᠠᠯ ᠭᠠᠷᠤᠬᠰᠠᠨ ᠪᠠᠢ᠌ᠪᠠᠯ ᠴᠢᠡᠭᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃
  ᠬᠤᠷᠠᠯ ᠲᠡᠬᠡᠷ᠎ᠡ ᠪᠠᠰᠨ ᠪᠤᠰᠤᠳ ᠵᠦᠢ᠍ᠯ᠎ᠢ ᠰᠤᠳᠤᠯᠤᠬᠰᠠᠨ ᠪᠠᠢ᠌ᠨ᠎ᠠ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠨᠠᠮ᠎ᠤᠨ ᠤᠳᠤᠷᠢᠳᠬᠤ ᠲᠤᠭᠤᠢ᠌ᠯᠠᠡᠭ 2021 ᠤᠨ᠎ᠤ ᠭᠤᠷᠪᠠᠳᠤᠭ᠋ᠠᠷ ᠤᠳᠠᠭ᠎ᠠ ᠵᠢᠨ ᠦᠷᠬᠡᠳᠭᠡᠭᠰᠡᠨ ᠬᠤᠷᠠᠯ ᠬᠤᠷᠠᠯᠳᠤᠭᠤᠯᠵᠤ᠂ ᠲᠦᠪ᠎ᠤᠨ ᠤᠯᠤᠰ ᠲᠦᠷᠤ ᠵᠢᠨ ᠲᠤᠪᠴᠢᠶᠠᠨ᠎ᠤ ᠬᠤᠷᠠᠯ᠎ᠤᠨ ᠵᠤᠷᠢᠭ ᠰᠠᠨᠠᠭ᠎ᠠ ᠪᠤᠯᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠲᠦᠷᠪᠡᠳᠤᠬᠡᠷ ᠪᠦᠬᠦᠳᠡ ᠬᠤᠷᠠᠯ᠎ᠤᠨ ᠵᠤᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠪᠠᠢ᠌ᠷᠢᠯᠠᠭᠤᠯᠬᠤ ᠠᠵᠢᠯ᠎ᠢ ᠪᠠᠢ᠌ᠷᠢᠯᠠᠭᠤᠯᠪᠠ ᠸᠠᠡᠭ ᠯᠢ ᠰᠢᠶᠨ ᠬᠤᠷᠠᠯ ᠡᠷᠬᠢᠯᠡᠵᠡᠢ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠪᠠᠳᠤᠭ᠋ᠠᠷ ᠬᠤᠭᠤᠴᠠᠭ᠋ᠠᠨ᠎ᠤ ᠬᠤᠷᠢᠶᠠᠨ᠎ᠤ ᠠᠷᠪᠠᠨ ᠲᠦᠷᠪᠡᠳᠤᠬᠡᠷ ᠪᠦᠬᠦᠳᠡ ᠬᠤᠷᠠᠯ᠎ᠤᠨ ᠠᠯᠪᠠᠨ ᠮᠡᠳᠡᠬᠡ
ᠱ᠌ᠢ᠎ᠲᠠᠢ ᠹᠸᠡᠭ ᠬᠦᠬᠡᠬᠤᠳᠠ ᠵᠢᠨ ᠴᠠᠭ᠋ᠠᠨ ᠰᠤᠪᠤᠷᠭ᠎ᠠ ᠤᠯᠠᠨ ᠤᠯᠤᠰ᠎ᠤᠨ ᠨᠢᠰᠬᠡᠯ᠎ᠤᠨ ᠪᠠᠭᠤᠳᠠᠯ ᠪᠤᠯᠤᠨ ᠦᠪᠤᠷ ᠮᠤᠡᠭᠭᠤᠯ᠎ᠤᠨ ᠲᠦᠷᠪᠡᠳᠤᠬᠡᠷ ᠡᠮᠨᠡᠯᠬᠡ ᠵᠢᠨ ᠬᠤᠷᠢᠶ᠎ᠠ᠎ᠳᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠬᠤ᠎ᠳᠤ᠎ᠪᠠᠨ ᠴᠢᠬᠤᠯᠠᠴᠢᠯᠠᠬᠰᠠᠨ᠎ᠨᠢ᠄ ᠠᠯᠮᠠᠢ᠌ᠷᠠᠨ ᠲᠠᠢ᠌ᠪᠤᠰᠢᠡᠷᠠᠬᠤ ᠦᠵᠡᠯ ᠰᠠᠨᠠᠭ᠎ᠠ ᠵᠢ ᠡᠷᠡᠰ ᠲᠡᠪᠴᠢᠵᠤ᠂ ᠬᠠᠮᠤᠭ᠎ᠤᠨ ᠴᠢᠡᠭᠭ᠎ᠠ᠂ ᠬᠠᠮᠤᠭ᠎ᠤᠨ ᠨᠠᠷᠢᠯᠢᠭ᠂ ᠬᠠᠮᠤᠭ᠎ᠤᠨ ᠪᠤᠳᠠᠳᠠᠢ ᠠᠷᠭ᠎ᠠ ᠬᠡᠮᠵᠢᠶ᠎ᠡ᠎ᠪᠠᠷ ᠭᠠᠳᠠᠨ᠎ᠠ᠎ᠠᠴᠠ ᠬᠠᠯᠳᠠᠪᠤᠷᠢᠯᠠᠨ ᠤᠷᠤᠵᠤ ᠢᠷᠡᠬᠦ ᠵᠢ ᠰᠡᠷᠬᠡᠢ᠌ᠯᠡᠬᠦ ᠰᠡᠷᠬᠡᠢ᠌ᠯᠡᠯᠳᠡ ᠵᠢᠨ ᠱᠤᠭᠤᠮ᠎ᠢ ᠪᠠᠳᠤ ᠴᠤᠬ᠍ᠴᠠᠯᠠᠬᠤ ᠬᠡᠷᠡᠭᠳᠡᠢ
ᠸᠠᠡᠭ ᠯᠢ ᠰᠢᠶᠠ ᠬᠦᠬᠡᠬᠤᠳᠠ᠎ᠳᠤ ᠬᠢᠵᠢᠭ᠎ᠤᠨ ᠪᠠᠢ᠌ᠳᠠᠯ᠎ᠢ ᠰᠡᠷᠬᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠪᠠ
ᠸᠠᠡᠭ ᠯᠢ ᠰᠢᠶᠨ ᠬᠢᠡᠭᠭ᠋ᠠᠨ ᠠᠢ᠌ᠮᠠᠭ᠂ ᠰᠢᠯᠢ ᠵᠢᠨ ᠭᠤᠤᠯ ᠠᠢ᠌ᠮᠠᠭ᠂ ᠤᠯᠠᠭ᠋ᠠᠨᠬᠠᠳᠠ ᠬᠤᠳᠠ᠂ ᠲᠦᠡᠭᠯᠢᠶᠤᠤ ᠬᠤᠳᠠ᠎ᠳᠤ ᠪᠠᠢ᠌ᠴᠠᠭ᠋ᠠᠨ ᠰᠣᠳᠤᠯᠬᠤ᠎ᠳᠤ᠎ᠪᠠᠨ ᠴᠢᠬᠤᠯᠠᠴᠢᠯᠠᠬᠰᠠᠨ᠎ᠨᠢ᠄ ᠡᠯ᠎ᠡ ᠵᠦᠢ᠍ᠯ᠎ᠤᠨ ᠠᠵᠢᠯ᠎ᠢ ᠴᠦᠮ ᠲᠤᠮᠳᠠᠳᠤ ᠵᠢᠨ ᠦᠨᠳᠤᠰᠤᠳᠡᠨ᠎ᠤ ᠬᠠᠮᠳᠤ ᠵᠢᠨ ᠴᠤᠬ᠍ᠴᠨ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠤᠤᠯ ᠰᠢᠵᠢᠮ᠎ᠤᠨ ᠲᠤᠭᠤᠷᠢᠨ᠎ᠳᠤ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ
 
            