ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠤᠳᠠᠭ᠎ᠠ ᠵᠢᠨ ᠬᠤᠷᠠᠯ᠎ᠤᠨ ᠲᠠᠷᠢᠬᠦᠯᠡᠭᠴᠢᠳ᠎ᠤᠨ ᠪᠦᠯᠬᠦᠮ ᠠᠡᠭᠬᠠᠳᠤᠭ᠋ᠠᠷ ᠬᠤᠷᠠᠯ᠎ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄ 2021-09-10

ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠤᠳᠠᠭ᠎ᠠ ᠵᠢᠨ ᠬᠤᠷᠠᠯ᠎ᠤᠨ ᠲᠠᠷᠢᠬᠦᠯᠡᠭᠴᠢᠳ᠎ᠤᠨ ᠪᠦᠯᠬᠦᠮ ᠠᠡᠭᠬᠠᠳᠤᠭ᠋ᠠᠷ ᠬᠤᠷᠠᠯ᠎ᠢ ᠬᠤᠷᠠᠯᠳᠤᠭᠤᠯᠪᠠ
ᠱ᠌ᠢ᠎ᠲᠠᠢ ᠹᠸᠡᠭ ᠬᠤᠷᠠᠯ᠎ᠢ ᠡᠷᠬᠢᠯᠡᠵᠡᠢ  

  9 ᠳ᠋ᠤᠬᠡᠷ ᠰᠠᠷ᠎ᠠ ᠵᠢᠨ 9᠎ᠤ ᠡᠳᠤᠷ᠎ᠤᠨ ᠦᠳᠡ ᠵᠢᠨ ᠡᠮᠦᠨ᠎ᠡ᠂ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠤᠳᠠᠭ᠎ᠠ ᠵᠢᠨ ᠬᠤᠷᠠᠯ᠎ᠤᠨ ᠲᠠᠷᠢᠬᠦᠯᠡᠭᠴᠢᠳ᠎ᠤᠨ ᠪᠦᠯᠬᠦᠮ ᠠᠡᠭᠬᠠᠳᠤᠭ᠋ᠠᠷ ᠬᠤᠷᠠᠯ᠎ᠢ ᠬᠤᠷᠠᠯᠳᠤᠭᠤᠯᠤᠬᠰᠠᠨ ᠪᠠᠢ᠌ᠨ᠎ᠠ᠃
  ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠤᠳᠠᠭ᠎ᠠ ᠵᠢᠨ ᠬᠤᠷᠠᠯ᠎ᠤᠨ ᠲᠠᠷᠢᠬᠦᠯᠡᠭᠴᠢᠳ᠎ᠤᠨ ᠪᠦᠯᠬᠦᠮ᠎ᠤᠨ ᠪᠦᠷᠢᠯᠳᠤᠬᠦᠨ 62 ᠬᠦᠮᠤᠨ᠂ ᠡᠨᠡ ᠤᠳᠠᠭ᠋ᠠᠨ᠎ᠤ ᠬᠤᠷᠠᠯ᠎ᠳᠤ 58 ᠬᠦᠮᠦᠨ ᠤᠷᠤᠯᠴᠠᠵᠤ᠂ ᠬᠠᠤᠯᠢ᠎ᠳᠤ ᠨᠡᠢ᠌ᠴᠡᠭᠰᠡᠨ ᠬᠦᠮᠦᠨ᠎ᠤ ᠲᠤᠭ᠎ᠠ᠎ᠲᠠᠢ ᠨᠠᠢ᠌ᠴᠡᠨ᠎ᠡ᠃
  ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠡᠷᠬᠢᠯᠡᠭᠴᠢ ᠱ᠌ᠢ᠎ᠲᠠᠢ ᠹᠸᠡᠭ ᠬᠤᠷᠠᠯ᠎ᠢ ᠡᠷᠬᠢᠯᠡᠯ᠎ᠡ᠃
  ᠬᠤᠷᠠᠯ ᠲᠡᠬᠡᠷ᠎ᠡ 《ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠤᠳᠠᠭ᠎ᠠ ᠵᠢᠨ ᠬᠤᠷᠠᠯ᠎ᠤᠨ ᠲᠡᠷᠢᠬᠦᠯᠡᠭᠴᠢᠳ᠎ᠤᠨ ᠪᠦᠯᠬᠦᠮ᠎ᠤᠨ ᠪᠠᠢ᠌ᠡᠭᠭᠤ ᠵᠢᠨ ᠲᠡᠷᠢᠬᠦᠯᠡᠭᠴᠢ ᠵᠢᠨ ᠨᠡᠷᠡᠰ》᠎ᠢ ᠪᠠᠳᠤᠯᠠᠵᠠᠢ᠃ ᠲᠡᠷᠢᠬᠦᠯᠡᠭᠴᠢᠳ᠎ᠤᠨ ᠪᠦᠯᠬᠦᠮ᠎ᠤᠨ ᠪᠠᠢ᠌ᠡᠭᠭᠤ ᠵᠢᠨ ᠲᠡᠷᠢᠬᠦᠯᠡᠭᠴᠢ ᠱ᠌ᠢ᠎ᠲᠠᠢ ᠹᠸᠡᠭ᠂ ᠨᠠᠰᠤᠨᠮᠦ᠋ᠡᠭᠭᠡ᠂ ᠸᠠᠡᠭ ᠪᠦᠸᠸ᠂ ᠯᠢ ᠷᠦᠡᠭ ᠱ᠌ᠢ᠂ ᠯᠢᠶᠠᠨ ᠰᠤ᠌᠂ ᠵᠠᠡᠭ ᠶᠤᠸᠠᠨ ᠵᠦᠡᠭ᠂ ᠾᠸ ᠶᠠᠨ ᠯᠢᠡᠭ᠂ ᠱ᠌ᠢ ᠸᠸᠨ   ᠰᠢᠤᠸᠠᠢ ᠨᠡᠷ ᠪᠤᠯᠤᠨ᠎ᠠ᠃
  ᠬᠤᠷᠠᠯ᠎ᠠᠴᠠ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠬᠤᠷᠠᠯ᠎ᠤᠨ ᠡᠳᠤᠷ᠎ᠤᠨ ᠲᠤᠬᠢᠷᠠᠭᠤᠯᠤᠯᠳᠠ᠂ ᠬᠦᠢ᠍ᠴᠡᠳᠭᠡᠭᠴᠢ ᠲᠡᠷᠢᠬᠦᠯᠡᠭᠴᠢ ᠵᠢᠨ ᠨᠡᠷᠡᠰ᠂ ᠲᠡᠳ᠋ ᠨᠠᠷᠢᠨ ᠪᠢᠴᠢᠭ᠎ᠤᠨ ᠲᠠᠷᠤᠭ᠎ᠠ ᠵᠢᠨ ᠨᠡᠷᠡᠰ᠂ ᠰᠠᠨᠠᠯ ᠵᠦᠪᠯᠡᠯᠬᠡ ᠵᠢ ᠲᠠᠰᠤᠯᠬᠤ ᠠᠷᠭ᠎ᠠ ᠵᠢ ᠪᠠᠳᠤᠯᠠᠪᠠ᠃
  ᠬᠤᠷᠠᠯ ᠲᠡᠬᠡᠷ᠎ᠡ ᠶᠡᠬᠡ ᠬᠤᠷᠠᠯ᠎ᠤᠨ ᠲᠡᠳ᠋ ᠨᠠᠷᠢᠨ ᠪᠢᠴᠢᠭ᠎ᠤᠨ ᠲᠠᠷᠤᠭ᠎ᠠ᠂ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠵᠤᠬᠢᠶᠠᠨ ᠪᠠᠢ᠌ᠭᠤᠯᠬᠤ ᠬᠡᠯᠳᠡᠰ᠎ᠤᠨ ᠪᠠᠢ᠌ᠡᠭᠭᠤ ᠵᠢᠨ ᠲᠡᠳ᠋ ᠲᠠᠷᠤᠭ᠎ᠠ ᠵᠸᠤ ᠺᠠᠢ ᠵᠢᠨ ᠬᠢᠭᠰᠡᠨ ᠶᠡᠬᠡ ᠬᠤᠷᠠᠯ᠎ᠤᠨ ᠰᠤᠡᠭᠭᠤᠭᠤᠯᠢ ᠵᠢᠨ ᠲᠦᠰᠤᠯ᠎ᠤᠨ ᠲᠤᠬᠠᠢ ᠲᠤᠳᠤᠷᠬᠠᠢ᠌ᠯᠠᠯᠳᠠ ᠵᠢ ᠰᠤᠨᠤᠰᠴᠤ᠂ ᠪᠠᠳᠤᠯᠠᠬᠰᠠᠨ ᠰᠤᠡᠭᠭᠤᠭᠤᠯᠢ ᠵᠢᠨ ᠠᠷᠭ᠎ᠠ ᠵᠢᠨ ᠲᠦᠰᠤᠯ᠎ᠢ ᠲᠠᠷᠤᠮᠠᠯᠯᠠᠨ ᠲᠠᠷᠬᠠᠭ᠋ᠠᠵᠤ᠂ ᠪᠦᠬᠦ ᠲᠦᠯᠦᠬᠡᠯᠡᠭᠴᠢᠳ ᠵᠶ᠋ᠡᠷ ᠬᠢᠨᠠᠨ ᠵᠦᠪᠯᠡᠬᠦᠯᠦᠭᠰᠡᠨ᠎ᠤ ᠰᠡᠬᠦᠯᠡᠷ ᠶᠡᠬᠡ ᠬᠤᠷᠠᠯ᠎ᠳᠤ ᠲᠡᠪᠰᠢᠬᠦᠯᠵᠤ ᠲᠠᠰᠤᠯᠤᠭᠤᠯᠬᠤ᠎ᠪᠠᠷ ᠲᠤᠬᠳᠠᠯ᠎ᠠ᠃
  ᠬᠤᠷᠠᠯ ᠲᠡᠬᠡᠷ᠎ᠡ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ ᠪᠠᠢ᠌ᠡᠭᠭᠤ ᠵᠢᠨ ᠬᠡᠰᠢᠬᠦᠨ᠂ ᠵᠤᠬᠢᠶᠠᠨ ᠪᠠᠢ᠌ᠭᠤᠯᠬᠤ ᠬᠡᠯᠳᠡᠰ᠎ᠤᠨ ᠲᠠᠷᠤᠭ᠎ᠠ ᠶᠠᠡᠭ ᠸᠸᠢ ᠳ᠋ᠦᠡᠭ᠎ᠤᠨ ᠬᠢᠭᠰᠡᠨ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠲᠡᠷᠢᠬᠦᠯᠡᠭᠴᠢ ᠵᠢ ᠨᠦᠬᠦᠨ ᠰᠤᠡᠭᠭᠤᠬᠤ᠎ᠪᠠᠷ ᠵᠢᠱ᠌ᠢᠭᠳᠡᠭᠰᠡᠳ᠎ᠤᠨ ᠪᠠᠢ᠌ᠳᠠᠯ᠎ᠤᠨ ᠲᠤᠳᠤᠷᠬᠠᠢ᠌ᠯᠠᠯᠳᠠ ᠵᠢ ᠰᠤᠨᠤᠰᠴᠤ᠂ ᠵᠢᠱ᠌ᠢᠭᠳᠡᠭᠰᠡᠳ᠎ᠤᠨ ᠨᠡᠷᠡᠰ᠎ᠢ ᠲᠠᠰᠤᠯᠤᠨ ᠪᠠᠳᠤᠯᠠᠵᠤ᠂ ᠪᠠᠳᠤᠯᠠᠬᠰᠠᠨ᠎ᠤ ᠲᠠᠷᠠᠭ᠋ᠠᠬᠢ ᠨᠡᠷᠡᠰ᠎ᠢ ᠲᠡᠷᠢᠬᠦᠯᠡᠭᠴᠢ ᠵᠢᠨ ᠪᠦᠯᠬᠦᠮ᠎ᠤᠨ ᠲᠤᠷᠠᠳᠤᠬᠰᠠᠨ ᠵᠢᠱ᠌ᠢᠭᠳᠡᠭᠰᠡᠳ᠎ᠤᠨ ᠨᠡᠷᠡᠰ ᠪᠤᠯᠭ᠋ᠠᠨ ᠲᠠᠷᠤᠮᠠᠯᠯᠠᠨ ᠲᠠᠷᠬᠠᠭ᠋ᠠᠵᠤ᠂ ᠪᠦᠬᠦ ᠲᠦᠯᠦᠬᠡᠯᠡᠭᠴᠢᠳ ᠵᠶ᠋ᠡᠷ ᠪᠤᠳᠤᠯᠬᠢᠯᠠᠭᠤᠯᠵᠤ᠂ ᠶᠠᠷᠢᠯᠴᠠᠭᠤᠯᠬᠤ᠎ᠪᠠᠷ ᠰᠢᠢ᠍ᠳᠦᠭᠰᠡᠨ ᠪᠠᠢ᠌ᠨ᠎ᠠ᠃



ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠤᠳᠠᠭ᠎ᠠ ᠵᠢᠨ ᠬᠤᠷᠠᠯ ᠪᠡᠯᠡᠳᠭᠡᠯ ᠬᠤᠷᠠᠯ᠎ᠢ ᠬᠤᠷᠠᠯᠳᠤᠭᠤᠯᠪᠠ
ᠱ᠌ᠢ᠎ᠲᠠᠢ ᠹᠸᠡᠭ ᠪᠠᠬᠰᠢ ᠨᠠᠷ᠎ᠤᠨ ᠲᠦᠯᠦᠭᠡᠯᠡᠭᠴᠢ ᠵᠢ ᠪᠤᠯᠭᠤᠭ᠋ᠠᠨ ᠦᠵᠡᠵᠤ ᠲᠤᠬᠤᠨᠢᠭᠤᠯᠬᠤ᠎ᠳᠤ᠎ᠪᠠᠨ ᠪᠦᠬᠦ ᠤᠷᠤᠨ᠎ᠤ ᠪᠠᠬᠰᠢ ᠨᠠᠷ ᠪᠤᠯᠤᠨ ᠰᠤᠷᠭ᠋ᠠᠨ ᠬᠦᠮᠤᠵᠢᠯ᠎ᠤᠨ ᠠᠵᠢᠯᠳᠠᠳ᠎ᠲᠤ ᠪᠠᠶᠠᠷ᠎ᠤᠨ ᠡᠳᠤᠷ᠎ᠤᠨ ᠮᠡᠨᠳᠤᠴᠢᠯᠡᠬᠡ ᠲᠡᠪᠰᠢᠬᠦᠯᠤᠯ᠎ᠡ
ᠱ᠌ᠢ᠎ᠲᠠᠢ ᠹᠸᠡᠭ ᠵᠢᠡᠭ ᠢᠤᠢ ᠯᠢᠤᠢ ᠮᠨ ᠮᠨ ᠪᠦᠯᠦᠭᠯᠡᠯ᠎ᠤᠨ ᠬᠡᠷᠡᠭ ᠮᠡᠳᠡᠭᠴᠢᠳ᠎ᠤᠨ ᠲᠠᠷᠤᠭ᠎ᠠ ᠬᠤᠡᠭ ᠴᠢᠡᠭ ᠬᠤᠸᠨ᠎ᠲᠠᠢ ᠠᠭᠤᠯᠵᠠᠪᠠ
ᠸᠠᠡᠭ ᠯᠢ ᠰᠢᠶᠨ ᠰᠤᠷᠭ᠋ᠠᠭᠤᠯᠢ᠎ᠳᠤ ᠬᠦᠷᠴᠤ ᠪᠤᠯᠭᠤᠭ᠋ᠠᠨ ᠲᠤᠬᠤᠨᠢᠭᠤᠯᠬᠤ᠎ᠳᠤ᠎ᠪᠠᠨ ᠪᠦᠬᠦ ᠤᠷᠤᠨ᠎ᠤ ᠰᠤᠷᠭ᠋ᠠᠨ ᠬᠦᠮᠤᠵᠢᠯ᠎ᠤᠨ ᠠᠵᠢᠯᠳᠠᠳ᠎ᠲᠤ ᠪᠠᠶᠠᠷ᠎ᠤᠨ ᠡᠳᠤᠷ᠎ᠤᠨ ᠮᠡᠨᠳᠤᠴᠢᠯᠡᠯ ᠪᠠ ᠴᠢᠡᠭ ᠰᠡᠳᠬᠢᠯ᠎ᠤᠨ ᠬᠦᠨᠳᠤᠳᠬᠡᠯ ᠲᠡᠪᠰᠢᠬᠦᠯᠤᠯ᠎ᠡ
2021 ᠤᠨ᠎ᠤ ᠲᠤᠮᠳᠠᠳᠤ ᠤᠯᠤᠰ᠎ᠤᠨ ᠨᠡᠷᠡᠳᠤ ᠲᠡᠮᠳᠡᠭᠳᠤ ᠵᠢᠨ ᠨᠠᠢ᠌ᠷ᠎ᠤᠨ ᠠᠷᠪᠠᠨ ᠲᠠᠪᠤᠳᠤᠭ᠋ᠠᠷ ᠤᠳᠠᠭ᠋ᠠᠨ᠎ᠤ ᠤᠨ᠎ᠤ ᠬᠤᠷᠠᠯ ᠬᠦᠬᠡᠬᠤᠳᠠ᠎ᠳᠤ ᠬᠦᠰᠢᠬᠡ᠎ᠪᠠᠨ ᠨᠡᠬᠡᠬᠡᠯ᠎ᠡ
 
            