ᠲᠥᠷᠥ ᠵᠢᠨ ᠶᠠᠪᠤᠳᠠᠯ᠎ᠤᠨ ᠬᠣᠷᠢᠶ᠎ᠠ ᠵᠢᠨ᠎ᠬᠢᠨ ᠲᠦᠷᠦᠭᠦᠬᠡᠨ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠡᠨᠡ ᠪᠣᠯ ᠥᠪᠥᠷ ᠮᠣᠩᠭᠣᠯ᠎ᠤᠨ ᠶᠡᠬᠡ ᠶᠠᠪᠤᠳᠠᠯ᠂ ᠴᠢᠬᠤᠯᠠ ᠶᠠᠪᠤᠳᠠᠯ᠂ ᠪᠠᠶᠠᠷᠳᠤ ᠶᠠᠪᠤᠳᠠᠯ ᠪᠣᠯᠣᠨ᠎ᠠ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠤᠨ ᠠᠵᠢᠯ᠎ᠢ ᠮᠠᠰᠢᠳᠠ ᠴᠢᠬᠤᠯᠠᠴᠢᠯᠠᠨ ᠦᠵᠡᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠠᠢ᠌ᠷᠠᠯᠠᠨ ᠬᠠᠯᠠᠮᠵᠢᠯᠠᠵᠤ᠂ ᠥᠪᠥᠷ ᠮᠣᠩᠭᠣᠯ᠎ᠤᠨ ᠬᠥᠭᠵᠢᠯᠲᠡ᠎ᠳᠤ ᠲᠠᠯᠪᠢᠵᠤ ᠪᠠᠢ᠌ᠭ᠎ᠠ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ᠎ᠨᠢ ᠪᠦᠬᠦ ᠣᠷᠣᠨ᠎ᠤ ᠺᠠᠳ᠋ᠷ ᠤᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠴᠠᠢ᠃ ᠤᠯᠠᠨ ᠵᠶ᠋ᠠᠷ ᠵᠶ᠋ᠠᠨ᠄ 《〈ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠳᠤ ᠳᠤᠷᠠᠳᠤᠭᠰᠠᠨ ᠡᠭᠦᠷᠭᠡ ᠠᠷᠭ᠎ᠠ᠎ᠪᠠᠷ ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ ᠵᠢ ᠪᠦᠲᠦᠭᠡᠨ ᠪᠠᠶ᠋ᠢᠭᠤᠯᠬᠤ ᠠᠵᠢᠯᠯᠠᠭ᠋ᠠᠨ᠎ᠤ ᠵᠦᠭᠯᠡᠭᠦᠷ ᠪᠣᠯᠭ᠋ᠠᠵᠤ᠂ ᠰᠢᠨ᠎ᠡ ᠬᠥᠭᠵᠢᠯᠲᠡ ᠵᠢᠨ ᠠᠵᠠ ᠲᠣᠬᠢᠶᠠᠯ᠎ᠢ ᠠᠮᠵᠢᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠨ᠎ᠡ》 ᠬᠡᠵᠡᠬᠡᠪᠡ᠃
30 ᠮᠸᠲᠷ ᠥᠨᠳᠥᠷ ᠬᠠᠷᠠᠭᠤᠯ᠎ᠤᠨ ᠴᠠᠮᠬᠠᠭ᠎ᠲᠤ ᠭᠠᠷᠬᠤ᠎ᠳᠤ ᠠᠮᠢᠯᠠᠯ᠎ᠤᠨ ᠨᠣᠭᠣᠭ᠋ᠠᠨ ᠥᠩᠭᠡ ᠬᠠᠷᠠᠭ᠎ᠠ ᠠᠯᠳᠠᠭᠤᠯᠤᠨ᠎ᠠ᠃ 《ᠥᠩᠭᠡᠷᠡᠭᠰᠡᠨ᠎ᠳᠤ ᠡᠨᠳᠡ ᠬᠥᠪᠡᠭᠡ ᠬᠢᠵᠠᠭ᠋ᠠᠷ ᠦᠭᠡᠢ ᠡᠯᠡᠰᠦᠨ ᠲᠤᠪᠤ᠂ ᠡᠵᠡᠭᠦᠢ ᠲᠠᠩ᠂ ᠬᠤᠵᠢᠷᠯᠢᠭ ᠭᠠᠵᠠᠷ ᠪᠠᠢ᠌ᠪᠠ᠂ 63 ᠵᠢᠯ᠎ᠤᠨ ᠰᠢᠷᠭ᠋ᠠᠭᠤ ᠬᠠᠲᠠᠭᠤᠵᠢᠯᠲᠠᠢ ᠲᠡᠮᠡᠴᠡᠯ ᠵᠶ᠋ᠡᠷ ᠳᠠᠮᠵᠢᠭ᠋ᠠᠳ ᠤᠯᠤᠰ᠎ᠤᠨ ᠰᠢᠨᠬᠤᠸᠠ ᠤᠢ ᠰᠢᠭᠤᠢ ᠵᠢᠨ ᠲᠠᠯᠠᠪᠠᠢ᠎ᠳᠤ 3.9 ᠲᠦᠮᠡᠨ ᠮᠦ᠍᠂ 430 ᠲᠦᠮᠡᠨ ᠮᠣᠳᠣ ᠲᠠᠷᠢᠵᠦ᠂ ᠬᠤᠵᠢᠷᠯᠢᠭ ᠲᠠᠩ᠎ᠢ ᠰᠠᠢ᠌ᠨ ᠲᠠᠷᠢᠶ᠎ᠠ ᠪᠣᠯᠭ᠋ᠠᠵᠤ᠂ ᠡᠯᠡᠰᠦᠨ ᠴᠦᠯ᠎ᠢ ᠨᠣᠭᠣᠭ᠋ᠠᠨ ᠪᠦᠷᠢᠳᠦ ᠪᠣᠯᠭ᠋ᠠᠪᠠ》᠃ ᠪᠠᠶᠠᠨᠨᠠᠭᠤᠷ ᠬᠤᠳᠠ ᠵᠢᠨ ᠯᠢᠨ ᠾᠧ ᠲᠣᠭᠣᠷᠢᠭ᠎ᠤᠨ ᠤᠯᠤᠰ᠎ᠤᠨ ᠡᠵᠡᠩᠨᠡᠯᠲᠡ ᠵᠢᠨ ᠰᠢᠨᠬᠤᠸᠠ ᠤᠢ ᠰᠢᠭᠤᠢ ᠵᠢᠨ ᠲᠠᠯᠠᠪᠠᠢ ᠵᠢᠨ ᠳᠠᠷᠤᠭ᠎ᠠ ᠳ᠋ᠦ᠋ ᠸᠸᠨ ᠬᠤᠸᠨ᠄ 《〈ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠢ ᠨᠡᠢ᠌ᠲᠡᠯᠡᠭᠰᠡᠨ᠎ᠨᠢ ᠮᠠᠨ᠎ᠤ ᠢᠲᠡᠭᠡᠯ ᠵᠣᠷᠢᠭ᠎ᠢ ᠪᠠᠲᠤᠳᠬᠠᠪᠠ᠂ ᠬᠣᠢ᠌ᠰᠢᠳᠠ ᠪᠢᠳᠡ ᠤᠢ ᠮᠣᠳᠣ ᠲᠠᠷᠢᠵᠤ ᠡᠯᠡᠰᠦ ᠵᠢ ᠵᠠᠰᠠᠬᠤ ᠠᠵᠢᠯ᠎ᠳᠤ ᠬᠤᠪᠢ ᠲᠠᠬᠢᠨ ᠴᠢᠷᠮᠠᠢ᠌ᠨ ᠣᠷᠣᠯᠴᠠᠵᠤ᠂ ᠤᠢ ᠰᠢᠭᠤᠢ ᠵᠢᠨ ᠲᠠᠯᠠᠪᠠᠢ ᠵᠢᠨ ᠤᠢ ᠰᠢᠭᠤᠢ ᠵᠢᠨ ᠪᠦᠷᠬᠦᠴᠡ ᠵᠢᠨ ᠨᠤᠷᠮ᠎ᠠ ᠵᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ》ᠭᠡᠵᠦ ᠬᠡᠯᠡᠪᠡ᠃ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠨᠢ ᠪᠠᠶᠠᠨᠨᠠᠭᠤᠷ ᠬᠣᠲᠠ ᠵᠢᠨ ᠡᠯ᠎ᠡ ᠱᠠᠲᠤᠨ᠎ᠤ ᠺᠠᠳ᠋ᠷ ᠣᠯᠠᠨ ᠲᠦᠮᠡᠨ᠎ᠤ ᠤᠷᠮ᠎ᠠ ᠵᠣᠷᠢᠭ᠎ᠢ ᠬᠦᠪᠴᠢᠯᠡᠭᠰᠡᠨ ᠵᠶ᠋ᠡᠷ᠄ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠭᠡᠬᠦ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠲᠠᠯ᠎ᠠ ᠨᠤᠲᠤᠭ᠂ ᠤᠢ ᠰᠢᠭᠤᠢ᠂ ᠨᠤᠭᠤ ᠭᠠᠵᠠᠷ ᠵᠡᠷᠭᠡ ᠠᠮᠢ ᠠᠬᠤᠢ ᠵᠢᠨ ᠰᠢᠰᠲᠸᠮ᠎ᠢ ᠬᠠᠮᠠᠭ᠋ᠠᠯᠠᠨ ᠰᠡᠷᠭᠦᠭᠡᠬᠦ ᠡᠷᠴᠢᠮ᠎ᠢ ᠴᠢᠩᠭ᠋ᠠᠷᠠᠭᠤᠯᠵᠤ᠂ ᠴᠦᠯᠯᠡᠷᠬᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠵᠢ ᠴᠢᠩᠭ᠋ᠠᠳᠬᠠᠵᠤ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠤᠮᠢᠨ ᠨᠣᠭᠣᠭ᠋ᠠᠨ ᠴᠠᠭ᠋ᠠᠨ ᠬᠡᠷᠡᠮ᠎ᠢ ᠪᠠᠢ᠌ᠭᠤᠯᠤᠨ᠎ᠠ》 ᠭᠡᠵᠦ ᠢᠯᠡᠳᠬᠡᠵᠡᠭᠡᠪᠡ᠃
ᠪᠤᠭᠤᠲᠤ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ ᠯᠢᠦ ᠶᠦᠩ ᠮᠢᠩ᠄ 《ᠪᠤᠭᠤᠲᠤ ᠬᠣᠲᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠲᠣᠮᠣ ᠠᠵᠤ ᠦᠢ᠍ᠯᠡᠳᠪᠦᠷᠢ ᠵᠢᠨ ᠬᠣᠲᠠ ᠪᠣᠯᠤᠭᠰᠠᠨ᠎ᠤ ᠬᠤᠪᠢ᠎ᠳᠤ 〈ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠭᠠᠷᠭ᠋ᠠᠭᠰᠠᠨ 〈ᠪᠦᠬᠦ ᠤᠯᠤᠰ᠎ᠤᠨ ᠬᠠᠮᠤᠭ᠎ᠤᠨ ᠲᠣᠮᠣ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠭᠠᠵᠠᠷ ᠪᠠ ᠳᠡᠯᠡᠬᠡᠢ ᠵᠢᠨ ᠲᠡᠷᠢᠭᠦᠨ᠎ᠤ ᠬᠣᠪᠣᠷ ᠰᠢᠷᠣᠢ ᠵᠢᠨ ᠬᠡᠷᠡᠭᠯᠡᠭᠡᠨ᠎ᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ〉 〈ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ〉 ᠭᠡᠰᠡᠨ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠶᠣᠰᠣᠭ᠋ᠠᠷ ᠬᠣᠪᠣᠷ ᠰᠢᠷᠣᠢ ᠪᠣᠯᠣᠨ ᠲᠠᠯᠠᠰᠲᠤ ᠴᠠᠬᠢᠭᠤᠷ ᠭᠡᠷᠡᠯ ᠸᠣᠯᠲ ᠭᠡᠬᠦ ᠬᠣᠶᠠᠷ ᠲᠣᠮᠣ ᠲᠤᠭ ᠬᠡᠯᠪᠡᠷᠢ ᠵᠢᠨ ᠠᠵᠤ ᠦᠢ᠍ᠯᠡᠰ᠎ᠢ ᠲᠦᠷᠭᠡᠨ ᠪᠤᠵᠠᠭ᠋ᠠᠢ᠌ᠷᠠᠭᠤᠯᠤᠨ ᠰᠢᠯᠢᠳᠡᠭᠵᠢᠭᠦᠯᠵᠦ᠂ ᠡᠬᠡ ᠬᠠᠭᠤᠷᠠᠢ ᠳᠡᠭᠡᠷᠡᠬᠢ ᠰᠠᠯᠬᠢᠨ ᠬᠦᠴᠦᠨ᠎ᠤ ᠴᠠᠬᠢᠯᠭ᠋ᠠᠨ᠎ᠤ ᠲᠣᠨᠣᠭᠯᠠᠯ᠂ ᠲᠡᠷᠢᠭᠦᠨ᠎ᠤ ᠲᠡᠮᠦᠷᠯᠢᠭ ᠮᠠᠲ᠋ᠧᠷᠢᠶᠠᠯ᠂ ᠨᠡᠭᠦᠷᠡᠰᠦᠲᠥ᠋ᠷᠥᠭᠴᠢ ᠵᠢᠨ ᠰᠢᠷᠬᠡᠭ ᠪᠤᠯᠤᠨ ᠲᠣᠮᠣ ᠮᠤᠯᠸᠺᠦᠢ᠌ᠯᠲᠤ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠢᠨ ᠬᠦᠨᠳᠦ ᠺᠠᠷᠲ ᠪᠠ ᠢᠵᠢ ᠪᠦᠷᠢᠳᠦᠭᠦᠯᠬᠦ᠂ ᠤᠰᠤᠲᠥ᠋ᠷᠥᠭᠴᠢ ᠡᠨᠧᠷᠭᠢ ᠵᠢᠨ ᠨᠥᠭᠡᠴᠡ ᠡᠨᠧᠷᠭᠢ ᠵᠡᠷᠭᠡ ᠲᠠᠪᠤᠨ ᠶᠡᠬᠡ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠤᠯᠠᠮᠵᠢᠯᠠᠯᠲᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠳᠡᠭᠡᠳᠦ ᠦᠵᠦᠭᠦᠷᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠦᠭᠵᠢᠬᠦᠯᠤᠯᠳᠡ ᠵᠢ ᠲᠦᠷᠭᠡᠨ ᠠᠬᠢᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠦᠭᠵᠢᠬᠦᠯᠤᠯᠳᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠯᠠᠪᠳᠠᠭᠤᠨ ᠪᠠᠲᠤᠲᠠᠢ ᠵᠠᠮᠨᠠᠵᠤ᠂ ᠪᠥᠬᠥ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠤᠭᠤᠲᠤ ᠵᠢᠨ ᠬᠦᠴᠦᠨ ᠴᠢᠳᠠᠯ ᠵᠶ᠋ᠠᠨ ᠡᠷᠭᠦᠨ᠎ᠡ》 ᠬᠡᠵᠡᠢ᠃
ᠦᠬᠠᠢ ᠬᠤᠳᠠ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠠᠭᠤᠷᠬᠠᠢ ᠵᠢᠨ ᠣᠷᠣᠨ᠎ᠢ ᠴᠡᠭᠴᠡᠯᠡᠨ ᠵᠠᠰᠠᠬᠤ᠎ᠪᠠᠷ ᠭᠣᠣᠯ ᠪᠠᠢ᠌ᠯᠳᠤᠭ᠋ᠠᠨ᠎ᠤ ᠲᠠᠯᠠᠪᠤᠷ ᠪᠣᠯᠭ᠋ᠠᠵᠤ᠂ ᠠᠭᠤᠷᠬᠠᠢ ᠵᠢᠨ ᠡᠷᠬᠡ ᠵᠢ ᠨᠡᠢ᠌ᠳᠬᠡᠵᠦ ᠲᠠᠬᠢᠨ ᠵᠣᠬᠢᠶᠠᠨ ᠪᠠᠶ᠋ᠢᠭᠤᠯᠬᠤ᠎ᠪᠠᠷ ᠵᠠᠩᠭᠢᠯᠠᠭ᠎ᠠ ᠵᠢᠨ ᠴᠡᠭ ᠪᠤᠯᠭ᠋ᠠᠨ᠂ ᠠᠭᠤᠷᠬᠠᠢ ᠵᠢᠨ ᠶᠡᠷᠦᠩᠬᠡᠢ᠌ᠯᠡᠭᠰᠡᠨ ᠵᠠᠰᠠᠯᠲᠠ ᠵᠢᠨ ᠠᠵᠢᠯ᠎ᠢ ᠭᠦᠨᠵᠡᠭᠡᠢ ᠥᠷᠨᠢᠭᠦᠯᠵᠦ᠂ ᠠᠭᠤᠷᠬᠠᠢ ᠵᠢᠨ ᠣᠷᠣᠨ᠎ᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠬᠤ ᠵᠢᠨ ᠵᠡᠷᠬᠡ᠎ᠪᠠᠷ 《ᠬᠣᠶᠠᠷ ᠬᠠᠷᠢᠭᠤᠴᠠᠯᠭ᠎ᠠ ᠬᠣᠶᠠᠷ ᠳᠠᠷᠤᠭ᠎ᠠ ᠵᠢᠨ ᠳᠦᠷᠢᠮ》 ᠵᠢᠡᠷ ᠠᠬᠢᠭᠤᠯᠤᠨ᠂ ᠠᠭᠤᠷᠬᠠᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠠᠬᠢᠭᠤᠯᠪᠠ᠃ ᠦᠬᠠᠢ ᠬᠤᠳᠠ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠥᠭᠡᠷᠡᠴᠢᠯᠡᠯᠲᠡ ᠬᠦᠭᠵᠢᠬᠦᠯᠤᠯᠳᠡ ᠪᠣᠯᠣᠨ ᠰᠢᠨᠵᠢᠯᠡᠬᠦ ᠮᠡᠷᠭᠡᠵᠢᠯ᠎ᠤᠨ ᠰᠠᠯᠠᠭ᠋ᠠᠨ᠎ᠤ ᠳᠡᠳ᠋ ᠳᠠᠷᠤᠭ᠎ᠠ ᠫᠠᠨ ᠷᠦ᠋ ᠢᠦᠢ᠄ 《〈ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠨᠢ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠰᠦᠪᠡᠭᠴᠢᠯᠡᠬᠦ ᠲᠤᠬᠠᠢ ᠲᠣᠳᠣᠷᠬᠠᠢ ᠪᠠᠢ᠌ᠷᠢᠯᠠᠭᠤᠯᠤᠯᠲᠠ ᠬᠢᠵᠡᠢ᠂ ᠡᠨᠡ ᠪᠣᠯ ᠮᠠᠨ᠎ᠤ ᠬᠣᠢ᠌ᠰᠢᠳᠠ ᠵᠢᠨ ᠠᠵᠢᠯ ᠵᠶ᠋ᠠᠨ ᠥᠷᠨᠢᠭᠦᠯᠬᠦ ᠠᠵᠢᠯᠯᠠᠭ᠋ᠠᠨ᠎ᠤ ᠬᠥᠲᠥᠯᠪᠦᠷᠢ ᠪᠤᠯᠬᠤ ᠪᠦᠬᠡᠳ ᠦᠬᠠᠢ ᠬᠤᠳᠠ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ᠎ᠳᠤ ᠰᠢᠨ᠎ᠡ ᠴᠢᠭᠯᠡᠯ᠎ᠢ ᠵᠢᠭ᠋ᠠᠵᠤ ᠥᠭᠴᠡᠢ᠃ ᠵᠠᠯᠭ᠋ᠠᠭ᠋ᠠᠳ ᠪᠢᠳᠡ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠳᠤ ᠳᠤᠷᠠᠳᠤᠭᠰᠠᠨ ᠰᠢᠨ᠎ᠡ ᠬᠠᠷᠠᠯᠲᠠ ᠰᠢᠨ᠎ᠡ ᠱᠠᠭ᠋ᠠᠷᠳᠠᠯᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠠᠵᠠᠷ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠦᠭᠵᠢᠬᠦᠯᠤᠯᠳᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠡᠷᠡᠰ ᠵᠠᠮᠨᠠᠵᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠡᠮᠬᠢ ᠵᠢᠷᠤᠮ᠎ᠲᠠᠢ ᠨᠡᠭᠡᠭᠡᠨ ᠠᠰᠢᠭᠯᠠᠬᠤ᠂ ᠠᠭᠤᠷᠬᠠᠢ ᠵᠢᠨ ᠣᠷᠣᠨ᠎ᠢ ᠵᠠᠰᠠᠵᠤ ᠰᠡᠷᠭᠦᠭᠡᠬᠦ ᠵᠡᠷᠭᠡ ᠭᠣᠣᠯᠳᠠᠯᠭ᠎ᠠ᠎ᠲᠠᠢ ᠠᠵᠢᠯ᠎ᠢ ᠴᠢᠷᠮᠠᠢ᠌ᠨ ᠰᠠᠢ᠌ᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠪᠣᠳᠠᠲᠤ ᠠᠵᠢᠯᠯᠠᠭ᠎ᠠ᠎ᠪᠠᠷ ᠵᠶ᠋ᠠᠨ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠬᠡᠯᠡᠪᠡ᠃
《〈ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠳᠤ ᠰᠢᠨ᠎ᠡ ᠬᠡᠯᠪᠡᠷᠢ ᠵᠢᠨ ᠡᠨᠧᠷᠭᠢ ᠵᠢᠨ ᠰᠤᠷᠪᠤᠯᠵᠢ ᠵᠢᠨ ᠰᠢᠰᠲ᠋ᠧᠮ᠎ᠢ ᠪᠠᠢ᠌ᠭᠤᠯᠵᠤ᠂ ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠴᠢᠩᠭ᠋ᠠᠷᠠᠭᠤᠯᠤᠨ᠎ᠠ ᠭᠡᠵᠦ ᠳᠤᠷᠠᠳᠤᠭᠰᠠᠨ᠎ᠨᠢ ᠪᠢᠳᠡᠨ᠎ᠤ ᠣᠲᠣ ᠦᠶ᠎ᠡ ᠵᠢᠨ ᠡᠨᠧᠷᠭᠢ ᠵᠢᠨ ᠰᠤᠷᠪᠤᠯᠵᠢ ᠵᠢᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠬᠦ᠂ ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠵᠢᠨ ᠰᠠᠭᠤᠷᠢᠨ ᠭᠠᠵᠠᠷ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ᠂ ᠤᠯᠤᠰ᠎ᠤᠨ ᠡᠨᠧᠷᠭᠢ ᠵᠢᠨ ᠰᠤᠷᠪᠤᠯᠵᠢ ᠵᠢᠨ ᠠᠮᠤᠷ ᠲᠦᠪᠰᠢᠨ᠎ᠢ ᠪᠠᠲᠤᠯᠠᠬᠤ᠎ᠳᠤ ᠴᠢᠬᠤᠯᠠ ᠶᠡᠬᠡ ᠪᠥᠭᠡᠳ ᠠᠯᠤᠰ ᠬᠡᠲᠦ ᠵᠢᠨ ᠠᠴᠢ ᠬᠣᠯᠪᠣᠭᠳᠠᠯ᠎ᠲᠠᠢ ᠶᠤᠮ》᠃ ᠣᠷᠳᠣᠰ ᠬᠣᠲᠠ ᠵᠢᠨ ᠡᠨᠧᠷᠭᠢ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠾᠦᠸᠸ ᠯᠢ ᠫᠢᠩ᠄ 《ᠣᠷᠳᠣᠰ ᠬᠣᠲᠠ ᠵᠢᠨ ᠡᠨᠧᠷᠭᠢ ᠵᠢᠨ ᠰᠢᠰᠲ᠋ᠧᠮ᠎ᠤᠨ᠎ᠬᠢᠨ 〈ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠤᠨ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠨ ᠨᠠᠢ᠌ᠳᠠᠪᠤᠷᠢᠵᠢᠭᠤᠯᠵᠤ᠂ ᠡᠨᠧᠷᠭᠢ ᠵᠢᠨ ᠰᠤᠷᠪᠤᠯᠵᠢ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠭᠣᠣᠯ ᠰᠡᠳᠦᠪ ᠪᠣᠯᠭ᠋ᠠᠵᠤ᠂ ᠡᠨᠧᠷᠭᠢ ᠵᠢᠨ ᠰᠤᠷᠪᠤᠯᠵᠢ ᠡᠬᠢ ᠪᠠᠶᠠᠯᠢᠭ᠎ᠤᠨ ᠨᠡᠭᠡᠭᠡᠯᠲᠡ ᠪᠠ ᠠᠮᠢ ᠠᠬᠤᠢ ᠵᠢᠨ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠯᠡᠵᠦ᠂ ᠳᠡᠯᠡᠬᠡᠢ ᠵᠢᠨ ᠳᠡᠰ᠎ᠤᠨ ᠡᠨᠧᠷᠭᠢ ᠵᠢᠨ ᠠᠵᠤ ᠦᠢ᠍ᠯᠡᠰ᠎ᠢ ᠪᠠᠶ᠋ᠢᠭᠤᠯᠬᠤ ᠬᠠᠷᠠᠯᠲᠠ᠎ᠪᠠᠷ ᠪᠠᠷᠢᠴᠨ ᠪᠤᠯᠭ᠋ᠠᠨ᠂ ᠤᠯᠠᠮᠵᠢᠯᠠᠯᠲᠤ ᠡᠨᠧᠷᠭᠢ ᠵᠢᠨ ᠬᠠᠩᠭ᠋ᠠᠯᠭ᠎ᠠ ᠵᠢᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠨᠡᠭᠦᠷᠡᠰᠦ ᠴᠠᠬᠢᠯᠭ᠋ᠠᠨ ᠲᠣᠰᠣ ᠬᠡᠢ ᠵᠢᠨ ᠲᠡᠷᠢᠭᠦᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠡᠮᠬᠢ ᠳᠢᠭᠯᠢᠮ᠎ᠲᠠᠢ ᠭᠠᠷᠭ᠋ᠠᠵᠤ᠂ ᠲᠣᠮᠣ ᠬᠡᠯᠪᠡᠷᠢ ᠵᠢᠨ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠬᠡᠷᠡᠯ ᠴᠡᠨᠡᠭ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ 〈ᠱᠠ ᠭᠧ ᠬᠤᠸᠠᠩ〉 ᠲᠣᠮᠣ ᠬᠡᠯᠪᠡᠷᠢ ᠵᠢᠨ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠬᠡᠷᠡᠯ ᠴᠡᠨᠡᠭ᠎ᠤᠨ ᠰᠠᠭᠤᠷᠢᠨ ᠭᠠᠵᠠᠷ᠂ ᠲᠤᠯᠭ᠋ᠠᠭᠤᠷᠢᠯᠠᠬᠤ ᠴᠢᠨᠠᠷᠲᠠᠢ ᠴᠠᠬᠢᠯᠭ᠋ᠠᠨ ᠡᠭᠦᠰᠬᠡᠭᠴᠢ ᠪᠠ ᠭᠠᠳᠠᠭᠰᠢ ᠬᠦᠷᠭᠡᠬᠦ ᠵᠠᠮ᠎ᠢ ᠲᠦᠷᠭᠡᠨ ᠪᠠᠢ᠌ᠭᠤᠯᠵᠤ᠂ ᠲᠠᠭᠤᠷᠢᠶᠠᠯ ᠪᠤᠯᠤᠨ ᠡᠮᠦᠨ᠎ᠡ᠎ᠨᠢ ᠶᠠᠪᠤᠵᠤ᠂ ᠣᠷᠳᠣᠰᠤᠨᠬᠢᠨᠤ ᠦᠢᠯᠡ ᠠᠵᠢᠯᠯᠠᠭ᠎ᠠ ᠪᠠ ᠡᠭᠦᠷᠭᠡᠯᠡᠯ᠎ᠢ ᠦᠵᠡᠭᠦᠯᠵᠦ᠂ ᠡᠨᠧᠷᠭᠢ ᠵᠢᠨ ᠬᠡᠯᠪᠡᠷᠢ ᠵᠢᠨ ᠬᠤᠪᠢᠷᠠᠭᠤᠯᠤᠯᠲᠠ᠎ᠪᠠᠷ ᠠᠵᠤ ᠦᠢ᠍ᠯᠡᠰ᠎ᠤᠨ ᠲᠠᠰ ᠳᠡᠪᠰᠢᠬᠦ ᠵᠢ ᠳᠠᠶ᠋ᠢᠴᠢᠯᠠᠨ᠂ ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠰᠢᠰᠲ᠋ᠧᠮ᠎ᠢ ᠲᠦᠷᠭᠡᠨ ᠪᠠᠢ᠌ᠭᠤᠯᠵᠤ᠂ ᠡᠬᠢ ᠪᠠᠶᠠᠯᠢᠭ᠎ᠤᠨ ᠬᠡᠯᠪᠡᠷᠢ ᠵᠢᠨ ᠬᠣᠲᠠ ᠵᠢᠨ ᠪᠣᠬᠢᠷᠲᠤᠯ ᠦᠭᠡᠢ ᠬᠦᠭᠵᠢᠬᠦᠯᠤᠯᠳᠡ ᠵᠢᠨ ᠰᠢᠨ᠎ᠡ ᠵᠠᠮ᠎ᠢ ᠨᠡᠭᠡᠭᠡᠨ᠎ᠡ》 ᠭᠡᠵᠡᠢ᠃
ᠲᠦᠩᠯᠢᠶᠣᠣ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠵᠢᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠰᠠᠯᠠᠭ᠋ᠠᠨ᠎ᠤ ᠳᠠᠷᠤᠭ᠎ᠠ ᠵᠢᠢ ᠹᠧᠩ ᠬᠣᠶ᠄ 《〈ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠨᠢ ᠲᠦᠩᠯᠢᠶᠣᠣ ᠬᠣᠲᠠ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠂ ᠬᠠᠷ᠎ᠠ ᠬᠥᠷᠥᠰᠥ ᠵᠢ ᠬᠠᠮᠠᠭ᠋ᠠᠯᠠᠬᠤ ᠪᠠ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠣᠯᠳᠠᠬᠤᠶ᠎ᠠ ᠪᠡᠷᠬᠡ ᠠᠵᠠ ᠲᠣᠬᠢᠶᠠᠯ ᠣᠯᠭᠣᠵᠠᠢ᠃ ᠳᠠᠷᠠᠭ᠋ᠠᠴᠢ᠎ᠪᠠᠷ ᠮᠠᠨ᠎ᠤ ᠬᠣᠲᠠ ᠵᠢᠨ᠎ᠬᠢᠨ 〈ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠪᠠᠷ ᠭᠣᠣᠯᠳᠠᠯᠭ᠎ᠠ ᠪᠣᠯᠭ᠋ᠠᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠭᠦᠶᠦᠬᠡᠨ ᠪᠤᠯᠠᠵᠤ ᠳᠤᠰᠤᠯᠭ᠋ᠠᠨ ᠤᠰᠤᠯᠠᠬᠤ ᠥᠨᠳᠥᠷ ᠪᠦᠲᠦᠮᠵᠢᠲᠡᠶ ᠤᠰᠤ ᠠᠷᠪᠢᠯᠠᠬᠤ ᠢᠨᠵᠧᠨᠧᠷᠢᠩ ᠵᠶ᠋ᠡᠷ ᠭᠣᠣᠯ ᠪᠣᠯᠭ᠋ᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠤᠳᠤᠯᠭ᠎ᠠ ᠵᠢ ᠲᠦᠷᠭᠡᠨ ᠬᠡᠷᠡᠭᠵᠢᠭᠦᠯᠵᠦ᠂ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ ᠵᠢ ᠵᠡᠷᠬᠡ᠎ᠪᠠᠷ ᠠᠬᠢᠭᠤᠯᠬᠤ ᠵᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠣᠨ ᠬᠠᠷ᠎ᠠ ᠬᠥᠷᠥᠰᠥ ᠵᠢ ᠬᠠᠮᠠᠭ᠋ᠠᠯᠠᠨ ᠠᠰᠢᠭᠯᠠᠬᠤ᠂ ᠬᠤᠵᠢᠷᠰᠢᠭᠰᠠᠨ ᠲᠠᠷᠢᠶᠠᠨ ᠭᠠᠵᠠᠷ᠎ᠢ ᠵᠠᠰᠠᠬᠤ ᠠᠷᠭ᠎ᠠ ᠪᠤᠳᠤᠯᠭ᠎ᠠ ᠵᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠵᠢ ᠪᠠᠷᠢᠮᠲᠠᠯᠠᠵᠤ᠂ ᠤᠰᠤ ᠠᠷᠪᠢᠯᠠᠬᠤ ᠪᠠ ᠠᠮᠤ ᠪᠤᠳᠠᠭ᠎ᠠ ᠵᠢ ᠨᠡᠮᠡᠭᠳᠡᠭᠦᠯᠵᠦ ᠬᠠᠮᠳᠤ᠎ᠪᠠᠷ ᠠᠰᠢᠭ ᠬᠦᠷᠳᠡᠬᠦ ᠵᠢ ᠪᠠᠷᠢᠮᠲᠠᠯᠠᠵᠤ᠂ ᠲᠠᠷᠢᠶᠠᠨ ᠭᠠᠵᠠᠷ᠎ᠤᠨ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠣᠯᠣᠨ ᠠᠮᠢ ᠠᠬᠤᠢ ᠵᠢᠨ ᠠᠮᠤᠷ ᠲᠦᠪᠰᠢᠨ᠎ᠢ ᠪᠠᠲᠤᠯᠠᠬᠤ᠎ᠳᠤ ᠲᠦᠩᠯᠢᠶᠣᠣ ᠬᠤᠳᠠ ᠵᠢᠨ᠎ᠬᠢᠨ᠎ᠤ ᠬᠦᠴᠦᠨ ᠴᠢᠳᠠᠯ᠎ᠢ ᠨᠡᠮᠡᠷᠢᠯᠡᠨ᠎ᠡ》 ᠬᠡᠪᠡ᠃
《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠳᠤᠷᠠᠳᠤᠭᠰᠠᠨ 10 ᠵᠢᠯ᠎ᠤᠨ ᠲᠤᠷᠰᠢ ᠡᠷᠢᠶᠡᠨ ᠬᠣᠲᠠ ᠵᠢᠨ ᠬᠢᠯᠢ ᠵᠢᠨ ᠪᠣᠭᠣᠮᠲᠠ ᠵᠢᠨ᠎ᠬᠢᠨ ᠳᠤᠮᠳᠠᠳᠤ ᠮᠣᠩᠭᠣᠯ᠎ᠤᠨ ᠬᠠᠮᠤᠭ᠎ᠤᠨ ᠶᠡᠬᠡ ᠬᠠᠭᠤᠷᠠᠢ ᠵᠠᠮ᠎ᠤᠨ ᠪᠣᠭᠣᠮᠲᠠ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ 《ᠳᠤᠮᠳᠠ ᠵᠠᠮ》᠎ᠳᠤ᠎ᠬᠢ ᠴᠣᠷ᠎ᠤᠨ ᠭᠠᠭᠴᠠ ᠬᠢᠯᠢ᠎ᠪᠠᠷ ᠣᠷᠣᠭᠤᠯᠵᠤ ᠭᠠᠷᠭ᠋ᠠᠬᠤ ᠪᠣᠭᠣᠮᠲᠠ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠤᠨ ᠴᠢᠬᠤᠯᠠ ᠵᠠᠩᠭᠢᠯᠠᠭ᠎ᠠ ᠪᠡ ᠤᠯᠤᠰ᠎ᠤᠨ ᠤᠮᠠᠷᠠᠰᠢ ᠨᠡᠭᠡᠭᠡᠯᠲᠡ ᠬᠢᠬᠦ ᠬᠥᠭᠥᠷᠭᠡᠨ ᠪᠡᠬᠢᠯᠡᠯᠲᠡ ᠵᠢᠨ ᠴᠢᠬᠤᠯᠠ ᠪᠠᠢ᠌ᠯᠳᠤᠬᠤ ᠪᠣᠳᠣᠯᠭ᠎ᠠ ᠵᠢᠨ ᠲᠤᠯᠬᠤ ᠴᠡᠭ ᠪᠣᠯᠤᠭᠰᠠᠨ᠎ᠤ ᠬᠤᠪᠢ᠎ᠳᠤ ᠬᠢᠯᠢ᠎ᠪᠠᠷ ᠣᠷᠣᠭᠤᠯᠵᠤ ᠭᠠᠷᠭ᠋ᠠᠬᠤ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠦᠭᠡᠢ᠎ᠠᠴᠠ᠎ᠪᠠᠨ ᠪᠠᠢ᠌ᠬᠤ ᠪᠣᠯᠵᠤ ᠲᠡᠷᠬᠡ ᠨᠡᠪᠳᠡᠷᠡᠭᠰᠡᠨᠠᠴᠠᠪᠠᠨ ᠰᠠᠭ᠋ᠠᠳ ᠦᠭᠡᠢ ᠨᠡᠪᠳᠡᠷᠡᠭᠰᠡᠨ ᠲᠡᠦᠬᠡᠲᠦ ᠴᠢᠨᠠᠷᠲᠠᠢ ᠳᠠᠪᠠᠯᠲᠠ ᠵᠢ ᠥᠩᠭᠡᠷᠡᠭᠡᠵᠦ᠂ ᠠᠽᠢᠶ᠎ᠠ ᠡᠸᠦ᠋ᠷᠦᠫᠡ ᠵᠢᠨ ᠡᠬᠡ ᠬᠠᠭᠤᠷᠠᠢ ᠵᠢ ᠨᠡᠪᠲᠡᠷᠡᠭᠦᠯᠬᠦ᠂ ᠠᠷᠠᠯᠵᠢᠶᠠᠨ᠎ᠤ ᠬᠥᠭᠵᠢᠯ ᠴᠡᠴᠡᠭᠯᠡᠯ᠎ᠢ ᠠᠬᠢᠭᠤᠯᠬᠤ᠂ 《ᠨᠢᠭᠡ ᠪᠦᠰᠡ ᠨᠢᠭᠡ ᠵᠠᠮ》 ᠤᠨ ᠴᠢᠨᠠᠷ ᠰᠠᠢ᠌ᠲᠠᠢ ᠬᠥᠭᠵᠢᠯᠲᠡ ᠵᠢ ᠬᠠᠮᠳᠤ᠎ᠪᠠᠷ ᠪᠠᠶ᠋ᠢᠭᠤᠯᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨᠨ ᠪᠠᠢ᠌ᠨ᠎ᠠ᠃ ᠡᠷᠢᠶᠡᠨᠤ ᠪᠣᠭᠣᠮᠲᠠ ᠵᠢᠨ ᠨᠠᠮ᠎ᠤᠨ ᠬᠣᠷᠢᠶᠠᠨ᠎ᠤ ᠱᠦᠵᠢ᠂ ᠪᠣᠭᠣᠮᠲᠠ ᠵᠢᠨ ᠳᠠᠷᠤᠭ᠎ᠠ ᠵᠠᠩ ᠱᠧᠩ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠤᠨ ᠪᠥᠬᠥ ᠠᠭᠤᠯᠭ᠎ᠠ ᠵᠢ ᠦᠵᠡᠭᠡᠳ ᠲᠤᠢ᠌ᠯ ᠵᠶ᠋ᠠᠷ ᠰᠡᠳᠬᠢᠯ ᠬᠦᠳᠡᠯᠦᠭᠰᠡᠨ ᠪᠠᠢ᠌ᠯ᠎ᠠ᠃ ᠲᠡᠷᠡ᠄ 《ᠪᠣᠭᠣᠮᠲᠠ ᠵᠢᠨ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ ᠪᠣᠭᠣᠮᠲᠠ ᠵᠢᠨ ᠭᠠᠳᠠᠭ᠋ᠠᠳᠤ ᠨᠡᠭᠡᠭᠡᠯᠲᠡ ᠵᠢᠨ ᠬᠥᠭᠥᠷᠭᠡ ᠪᠠ ᠬᠣᠯᠪᠣᠭ᠋ᠠᠰᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠬᠤ᠂ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠪᠠᠷ ᠭᠣᠣᠯ ᠰᠡᠳᠦᠪ ᠪᠣᠯᠭ᠋ᠠᠵᠤ᠂ ᠬᠦᠭᠵᠢᠬᠦᠯᠤᠯᠳᠡ ᠪᠣᠯᠣᠨ ᠠᠶᠤᠯ ᠦᠬᠡᠢ ᠵᠢ ᠨᠢᠭᠡᠳᠦᠯᠲᠡᠢ ᠲᠥᠯᠥᠪᠵᠢᠭᠦᠯᠵᠦ᠂ ᠪᠣᠭᠣᠮᠲᠠ ᠵᠢᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠬᠦ ᠵᠢ ᠢᠳᠡᠪᠬᠢᠲᠡᠢ ᠠᠬᠢᠭᠤᠯᠤᠨ᠂ ᠪᠣᠭᠣᠮᠲᠠ ᠵᠢᠨ ᠡᠵᠡᠩᠨᠡᠯᠲᠡ ᠵᠢᠨ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠵᠦ᠂ ᠨᠡᠭᠡᠭᠡᠯᠲᠡᠲᠤ ᠲᠠᠪᠴᠠᠩ᠂ ᠨᠡᠪᠲᠡᠷᠡᠬᠦ ᠵᠠᠮ᠎ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠠᠶ᠋ᠢᠭᠤᠯᠬᠤ᠎ᠳᠤ ᠨᠡᠩ ᠤᠯᠠᠨ ᠬᠦᠴᠦᠨ ᠴᠢᠳᠠᠯ ᠵᠶ᠋ᠠᠨ ᠡᠷᠭᠦᠨ᠎ᠡ》 ᠬᠡᠪᠡ᠃
ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠯᠢ ᠭᠦᠸᠧ ᠬᠣᠩ᠄ 《〈ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠢ ᠨᠡᠢ᠌ᠲᠡᠯᠡᠭᠰᠡᠨ᠎ᠨᠢ ᠬᠢᠩᠭ᠋ᠠᠨ ᠠᠢ᠌ᠮᠠᠭᠤᠨᠬᠢᠨᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠢᠲᠡᠭᠡᠯ ᠵᠣᠷᠢᠭ᠎ᠢ ᠬᠦᠪᠴᠢᠯᠡᠵᠤ᠂ ᠬᠥᠳᠡᠯᠭᠡᠬᠦ ᠬᠦᠴᠦᠨ᠎ᠢ ᠨᠡᠮᠡᠭᠳᠡᠭᠦᠯᠦᠭᠰᠡᠨ ᠪᠠᠢ᠌ᠨ᠎ᠠ᠃ ᠳᠠᠷᠠᠭ᠋ᠠᠴᠢ᠎ᠪᠠᠷ ᠪᠢᠳᠡ 〈ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠢ ᠨᠠᠢ᠌ᠳᠠᠪᠤᠷᠢᠵᠢᠭᠤᠯᠬᠤ ᠠᠵᠢᠯ᠎ᠢ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠡᠯ᠎ᠡ ᠵᠦᠢ᠍ᠯ᠎ᠤᠨ ᠠᠵᠢᠯ ᠵᠶ᠋ᠠᠨ ᠰᠠᠢ᠌ᠲᠤᠷ ᠬᠢᠬᠦ ᠵᠢᠨ ᠭᠣᠣᠯ ᠱᠤᠭᠤᠮ ᠪᠣᠯᠭ᠋ᠠᠵᠤ᠂ 〈ᠲᠠᠪᠤᠨ ᠶᠡᠬᠡ ᠡᠭᠦᠷᠭᠡ〉 ᠵᠢ ᠨᠠᠢ᠌ᠳᠠᠪᠤᠷᠢᠵᠢᠭᠤᠯᠬᠤ ᠪᠣᠭᠣᠮᠲᠠ ᠰᠢᠪᠲᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠤᠨ᠂ ᠪᠦᠬᠦ ᠤᠯᠤᠰ ᠵᠶ᠋ᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠠᠢ᠌ᠮᠠᠭ᠎ᠢ ᠡᠬᠦᠳᠤᠨ ᠪᠠᠶ᠋ᠢᠭᠤᠯᠬᠤ ᠠᠵᠢᠯᠯᠠᠭ᠎ᠠ ᠪᠠ 〈ᠰᠠᠢ᠌ᠨ ᠰᠠᠢ᠌ᠬᠠᠨ ᠠᠮᠢᠳᠤᠷᠠᠯ᠎ᠢ ᠴᠤᠬ᠍ᠴᠠᠯᠠᠬᠤ〉 ᠠᠷᠠᠳ᠎ᠤᠨ ᠠᠮᠢᠳᠤᠷᠠᠯ᠎ᠤᠨ ᠠᠵᠢᠯᠯᠠᠭ᠎ᠠ ᠵᠢ ᠪᠠᠲᠤᠳᠬᠠᠵᠤ᠂ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠦᠨᠡᠨ ᠬᠦ᠌ ᠠᠳᠬᠤᠨ ᠪᠣᠳᠠᠲᠠᠢ᠎ᠪᠠᠷ ᠠᠵᠢᠯᠯᠠᠵᠤ᠂ ᠡᠷᠡᠯᠬᠡᠭᠯᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠠᠯ᠎ᠠ᠎ᠪᠠᠷ ᠡᠮᠦᠨ᠎ᠡ᠎ᠨᠢ ᠶᠠᠪᠤᠵᠤ ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢ᠌ᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠬᠢᠩᠭ᠋ᠠᠨ ᠠᠢ᠌ᠮᠠᠭ᠎ᠤᠨ᠎ᠬᠢᠨ ᠤ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠬᠡᠯᠡᠪᠡ᠃