ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 11 ᠳ᠋ᠦᠭᠡᠷ ᠰᠠᠷ᠎ᠠ ᠵᠢᠨ 22᠎ᠤᠨ ᠡᠳᠦᠷ ᠬᠤᠷᠠᠯ᠎ᠢ ᠡᠷᠭᠢᠯᠡᠨ ᠬᠤᠷᠠᠯᠳᠤᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠬᠡᠴᠢ ᠵᠢᠨ ᠬᠢᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠱᠤᠭᠤᠮ᠎ᠢ ᠲᠤᠭᠤᠰᠢᠯᠠᠭᠤᠯᠤᠬᠰᠠᠨ ᠰᠡᠳᠬᠢᠴᠡ ᠠᠷᠭ᠎ᠠ ᠵᠢᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ᠃
ᠡᠨᠡ ᠤᠳᠠᠭ᠎ᠠ ᠵᠢᠨ ᠬᠤᠷᠠᠯ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ᠎ᠬᠢᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠭᠣᠣᠯ ᠰᠢᠵᠢᠮ᠎ᠤᠨ ᠲᠣᠭᠣᠷᠢᠨ᠎ᠳᠤ ᠬᠤᠷᠠᠯᠳᠤᠭᠤᠯᠤᠭᠰᠠᠨ ᠭᠤᠷᠪᠠᠳᠤᠭ᠋ᠠᠷ ᠤᠳᠠᠭ᠎ᠠ ᠵᠢᠨ ᠬᠠᠷᠢᠭᠤ ᠮᠡᠳᠡᠭᠦᠯᠦᠯᠲᠡ ᠵᠢᠨ ᠬᠤᠷᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠨᠠᠮ᠎ᠤᠨ ᠬᠣᠷᠢᠶ᠎ᠠ ᠵᠢᠨ ᠤᠯᠤᠰ ᠲᠦᠷᠦ ᠬᠠᠤᠯᠢ ᠴᠠᠭ᠋ᠠᠵᠠ ᠵᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠬᠠᠷᠢᠭᠤᠴᠠᠯᠭ᠋ᠠᠳᠠᠳ ᠬᠠᠷᠢᠭᠤ ᠮᠡᠳᠡᠬᠦᠯᠵᠡᠢ᠃
ᠰᠦᠨ ᠱᠤᠤ ᠴᠸᠡᠭ᠂ ᠦᠨᠳᠦᠰᠦᠲᠡᠨ᠎ᠤ ᠭᠠᠵᠠᠷ ᠣᠷᠣᠨ᠎ᠳᠤ ᠠᠪᠴᠤ ᠬᠡᠯᠡᠪᠡᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠡᠯ᠎ᠡ ᠵᠦᠢ᠍ᠯ᠎ᠤᠨ ᠠᠵᠢᠯ᠎ᠤᠨ ᠭᠣᠣᠯ ᠱᠤᠭᠤᠮ ᠮᠥᠨ᠂ ᠡᠯ᠎ᠡ ᠰᠠᠯᠠᠭ᠎ᠠ ᠮᠥᠴᠢᠷ ᠡᠯ᠎ᠡ ᠨᠢᠬᠡᠴᠢ ᠵᠢᠨ ᠠᠵᠢᠯ᠎ᠳᠤ ᠴᠥᠮ ᠤᠬᠠᠮᠰᠠᠷ᠎ᠠᠴᠠ᠎ᠪᠠᠨ ᠡᠭᠦᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠯᠡᠬᠦ ᠬᠡᠷᠡᠭᠲᠡᠢ᠃ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠎ᠪᠠᠨ ᠱᠠᠯᠠᠪᠳᠠᠨ ᠰᠢᠯᠢᠳᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠢ ᠰᠠᠢ᠌ᠲᠤᠷ ᠬᠢᠬᠦ ᠵᠢ ᠰᠠᠯᠠᠭ᠎ᠠ ᠮᠥᠴᠢᠷ ᠨᠢᠭᠡᠴᠢ ᠵᠢᠨ᠎ᠬᠢᠨ᠎ᠤ 《ᠭᠤᠷᠪᠠ ᠵᠢ ᠲᠣᠭᠲᠠᠭ᠋ᠠᠬᠤ》 ᠲᠥᠰᠥᠯ᠎ᠳᠤ ᠲᠣᠳᠣᠷᠬᠠᠢ ᠪᠢᠴᠢᠨ ᠣᠷᠣᠭᠤᠯᠵᠤ᠂ ᠭᠣᠣᠯ ᠰᠢᠵᠢᠮ᠎ᠢ ᠲᠤᠭᠤᠰᠢᠯᠠᠭᠤᠯᠬᠤ ᠵᠢ ᠬᠠᠤᠯᠢ᠎ᠪᠠᠷ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠂ ᠡᠷᠬᠡᠪᠰᠢ ᠭᠦᠢ᠍ᠴᠡᠳᠬᠡᠬᠦ ᠬᠠᠷᠢᠭᠤᠴᠠᠯᠭ᠎ᠠ ᠪᠣᠯᠭ᠋ᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠠᠢ᠌ᠴᠠᠭ᠋ᠠᠵᠤ ᠱᠠᠯᠠᠪᠳᠠᠭᠤᠯᠤᠨ ᠭᠦᠢ᠍ᠴᠡᠳᠬᠡᠬᠦ᠂ ᠦᠷ᠎ᠡ ᠪᠦᠲᠦᠮᠵᠢ ᠵᠢ᠎ᠨᠢ ᠮᠥᠷᠳᠡᠨ ᠨᠡᠬᠡᠮᠵᠢᠯᠡᠬᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠵᠢᠯ᠎ᠤᠨ ᠲᠣᠭᠲᠠᠴᠠ ᠵᠢ ᠪᠠᠢ᠌ᠭᠤᠯᠵᠤ᠂ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠱᠠᠭ᠋ᠠᠷᠳᠠᠯᠭ᠎ᠠ ᠵᠢ ᠬᠠᠤᠯᠢ ᠲᠣᠭᠲᠠᠭ᠋ᠠᠯ ᠲᠦᠷᠦ ᠵᠢᠨ ᠪᠣᠳᠣᠯᠭ᠎ᠠ ᠵᠢ ᠲᠣᠭᠲᠠᠭ᠋ᠠᠵᠤ ᠬᠢᠨᠠᠨ ᠬᠠᠷᠭᠤᠭᠤᠯᠬᠤ᠂ ᠨᠠᠮ᠎ᠤᠨ ᠭᠡᠰᠢᠭᠦᠨ ᠺᠠᠳ᠋ᠷ᠎ᠢ ᠬᠥᠮᠥᠵᠢᠭᠦᠯᠦᠨ ᠪᠣᠯᠪᠠᠰᠤᠷᠠᠭᠤᠯᠵᠤ ᠬᠠᠮᠢᠶᠠᠷᠬᠤ᠂ ᠡᠯ᠎ᠡ ᠲᠦᠷᠦᠯ᠎ᠤᠨ ᠰᠢᠨ᠎ᠡ᠎ᠪᠠᠷ ᠪᠠᠶ᠋ᠢᠭᠤᠯᠬᠤ ᠵᠣᠬᠢᠶᠠᠨ ᠪᠠᠢ᠌ᠭᠤᠯᠤᠯᠲᠠ ᠵᠢᠨ ᠳᠦᠷᠢᠮ᠎ᠢ ᠲᠣᠭᠲᠠᠭ᠋ᠠᠬᠤ ᠵᠡᠷᠭᠡ ᠲᠠᠯ᠎ᠠ ᠪᠦᠬᠦᠨ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠬᠤᠢ᠌ᠳᠤᠨ ᠵᠢᠯ᠎ᠤᠨ ᠠᠵᠢᠯ᠎ᠤᠨ ᠲᠦᠯᠦᠪᠯᠡᠬᠡ᠎ᠲᠠᠢ ᠤᠶᠠᠯᠳᠤᠭᠤᠯᠤᠨ᠂ ᠭᠣᠣᠯ ᠰᠢᠵᠢᠮ᠎ᠢ ᠲᠤᠭᠤᠰᠢᠯᠠᠭᠤᠯᠬᠤ ᠲᠥᠯᠥᠪᠯᠡᠭᠡ ᠪᠠ ᠭᠣᠣᠯᠳᠠᠯᠭ᠎ᠠ ᠵᠢ ᠨᠠᠷᠢᠨ ᠲᠣᠭᠲᠠᠭ᠋ᠠᠵᠤ᠂ ᠶᠠᠭᠤ ᠬᠢᠬᠦ ᠪᠠ ᠶᠠᠭ᠋ᠠᠬᠢᠵᠤ ᠬᠢᠬᠦ ᠵᠢ ᠲᠣᠳᠣᠷᠬᠠᠢ ᠪᠣᠳᠣᠯᠬᠢᠯᠠᠵᠤ᠂ ᠲᠡᠷᠡᠴᠢᠯᠡᠨ ᠵᠢᠭᠰᠠᠭ᠋ᠠᠨ ᠭᠠᠷᠭ᠋ᠠᠵᠤ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠨᠢᠭᠡ ᠨᠢᠭᠡ᠎ᠪᠠᠷ ᠰᠠᠢ᠌ᠲᠤᠷ ᠠᠳᠬᠤᠵᠤ᠂ ᠪᠠᠷᠢᠴᠨ᠎ᠲᠠᠢ᠂ ᠦᠷ᠎ᠡ ᠪᠦᠲᠦᠮᠵᠢ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠴᠢᠬᠤᠯᠠ ᠶᠡᠬᠡ ᠠᠰᠠᠭᠤᠳᠠᠯ᠎ᠤᠨ ᠲᠤᠬᠠᠢ ᠰᠤᠳᠤᠯᠭ᠋ᠠᠨ᠎ᠢ ᠴᠢᠩᠭ᠋ᠠᠳᠬᠠᠵᠤ᠂ ᠲᠦᠷᠦ ᠵᠢᠨ ᠪᠣᠳᠣᠯᠭ᠎ᠠ ᠪᠣᠯᠣᠨ ᠣᠷᠣᠨ᠎ᠤ ᠪᠠᠢ᠌ᠳᠠᠯ᠎ᠤᠨ ᠲᠤᠬᠠᠢ ᠰᠤᠳᠤᠯᠭ᠋ᠠᠨ᠎ᠢ ᠭᠦᠨᠵᠡᠭᠡᠢ᠌ᠷᠡᠭᠦᠯᠵᠦ᠂ ᠣᠨᠴᠠᠭ᠋ᠠᠢ ᠴᠢᠨᠠᠷ᠎ᠢ ᠡᠵᠡᠮᠳᠡᠵᠦ᠂ ᠬᠠᠮᠵᠢᠯᠴᠠᠭ᠎ᠠ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠪᠣᠯᠣᠨ ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠠᠳᠠᠯᠢ ᠴᠢᠭᠯᠡᠯ ᠵᠶ᠋ᠡᠷ ᠬᠦᠴᠦᠯᠡᠬᠦ ᠵᠢ ᠨᠡᠩ ᠰᠠᠢ᠌ᠲᠤᠷ ᠠᠬᠢᠭᠤᠯᠵᠤ᠂ ᠭᠠᠵᠠᠷ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠡᠩ ᠰᠠᠢ᠌ᠲᠤᠷ ᠠᠬᠢᠭᠤᠯᠬᠤ ᠬᠡᠷᠡᠭᠲᠡᠢ᠃ ᠠᠵᠢᠯ ᠵᠶ᠋ᠠᠨ ᠭᠦᠨᠵᠡᠭᠡᠢ ᠨᠠᠷᠢᠨ ᠬᠢᠨᠠᠮᠠᠭ᠋ᠠᠢ ᠰᠠᠢ᠌ᠲᠤᠷ ᠬᠢᠵᠦ᠂ ᠶᠡᠬᠡ᠎ᠪᠠᠷ ᠴᠢᠬᠤᠯᠠᠴᠢᠯᠠᠨ᠂ ᠪᠦᠬᠦ ᠲᠠᠯ᠎ᠠ᠎ᠪᠠᠷ ᠲᠤᠭᠤᠰᠢᠯᠠᠭᠤᠯᠬᠤ ᠵᠢᠨ ᠬᠠᠮᠲᠤ ᠤᠨᠢᠨ ᠳᠡᠭᠡᠷ᠎ᠡ᠎ᠨᠢ ᠤᠶᠠᠯᠳᠤᠭᠤᠯᠵᠤ᠂ ᠤᠨᠴᠠᠭ᠋ᠠᠢ ᠵᠢᠱ᠌ᠢᠶ᠎ᠡ ᠦᠷᠬᠡᠵᠢᠬᠦ ᠰᠡᠷᠬᠡᠢ᠌ᠯᠡᠵᠤ᠂ ᠬᠣᠭᠣᠰᠤᠨ ᠤᠷᠢᠶ᠎ᠠ ᠬᠠᠰᠬᠢᠷᠬᠤ᠂ ᠳᠤᠷ᠎ᠠ᠎ᠪᠠᠷ ᠵᠶ᠋ᠠᠨ ᠱᠣᠰᠢᠭ᠎ᠠ ᠨᠠᠭ᠋ᠠᠬᠤ ᠵᠢ ᠡᠷᠡᠰ ᠬᠤᠷᠢᠬᠯᠠᠨ᠂ ᠡᠯ᠎ᠡ ᠵᠦᠢ᠍ᠯ᠎ᠤᠨ ᠬᠡᠯᠪᠡᠷᠢ ᠵᠢᠨ 《ᠲᠡᠡᠭᠳᠡᠬᠦᠤ ᠤᠯᠠᠭ᠋ᠠᠨ》 《ᠲᠡᠡᠭᠳᠡᠬᠦᠤ ᠬᠠᠷ᠎ᠠ》 ᠪᠤᠯᠭ᠋ᠠᠬᠤ᠎ᠠᠴᠠ ᠵᠠᠪᠠᠯ ᠰᠡᠷᠡᠮᠵᠢᠯᠡᠬᠦ ᠬᠡᠷᠡᠭᠲᠡᠢ᠃
ᠢᠦᠢ ᠯᠢ ᠰᠢᠨ ᠬᠤᠷᠠᠯ᠎ᠳᠤ ᠣᠷᠣᠯᠴᠠᠪᠠ᠃