ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 11 ᠳ᠋ᠤᠬᠡᠷ ᠰᠠᠷ᠎ᠠ ᠵᠢᠨ 5 ᠠᠴᠠ 8᠎ᠤ ᠡᠳᠦᠷ ᠤᠯᠠᠭ᠋ᠠᠨᠴᠠᠪ ᠬᠣᠲᠠ ᠵᠢᠨ ᠬᠡᠰᠡᠭ ᠬᠣᠰᠢᠭᠤ ᠰᠢᠶᠠᠨ᠎ᠳᠤ ᠭᠦᠨᠵᠡᠭᠡᠢ᠌ᠷᠡᠨ᠂ ᠬᠣᠶᠠᠳᠤᠭ᠋ᠠᠷ ᠪᠦᠯᠦᠭ ᠭᠣᠣᠯ ᠰᠡᠳᠦᠪᠲᠦ ᠬᠥᠮᠦᠵᠢᠯ᠎ᠢ ᠥᠷᠨᠢᠭᠦᠯᠦᠭᠰᠡᠨ ᠪᠠᠢ᠌ᠳᠠᠯ᠂ ᠦᠨᠤ ᠵᠢᠯ᠎ᠤᠨ ᠠᠵᠢᠯ ᠵᠶ᠋ᠠᠨ ᠪᠡᠶᠡᠯᠡᠭᠦᠯᠦᠭᠰᠡᠨ ᠪᠠᠢ᠌ᠳᠠᠯ ᠪᠠ ᠬᠤᠢ᠌ᠳᠤᠨ ᠵᠢᠯ᠎ᠤᠨ ᠠᠵᠢᠯ᠎ᠤᠨ ᠲᠣᠬᠢᠷᠠᠭᠤᠯᠤᠯᠲᠠ ᠵᠢᠨ ᠲᠣᠭᠣᠷᠢᠨ᠎ᠳᠤ ᠪᠠᠢ᠌ᠴᠠᠭ᠋ᠠᠨ ᠰᠤᠳᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 11 ᠳ᠋ᠤᠬᠡᠷ ᠰᠠᠷ᠎ᠠ ᠵᠢᠨ 5᠎ᠤ ᠡᠳᠦᠷ ᠳᠥᠷᠪᠡᠳ ᠬᠣᠰᠢᠭᠤᠨ᠎ᠳᠤ ᠲᠣᠰ ᠬᠣᠰᠢᠭᠤᠨ᠎ᠤ ᠬᠣᠶᠠᠳᠤᠭ᠋ᠠᠷ ᠪᠦᠯᠦᠭ ᠭᠣᠣᠯ ᠰᠡᠳᠦᠪᠲᠦ ᠬᠥᠮᠦᠵᠢᠯ᠎ᠢ ᠥᠷᠨᠢᠭᠦᠯᠦᠭᠰᠡᠨ ᠪᠠᠢ᠌ᠳᠠᠯ ᠪᠠ ᠭᠣᠣᠯᠳᠠᠯᠭ᠎ᠠ᠎ᠲᠠᠢ ᠠᠵᠢᠯ᠎ᠢ ᠠᠬᠢᠭᠤᠯᠤᠭᠰᠠᠨ ᠪᠠᠢ᠌ᠳᠠᠯ᠎ᠤᠨ ᠮᠡᠳᠡᠭᠦᠯᠦᠯᠲᠡ ᠵᠢ ᠰᠣᠨᠣᠰᠴᠤ᠂ ᠦᠨᠤ ᠵᠢᠯ᠎ᠤᠨ ᠠᠵᠢᠯ ᠵᠶ᠋ᠠᠨ ᠪᠡᠶᠡᠯᠡᠭᠦᠯᠦᠭᠰᠡᠨ ᠪᠠᠢ᠌ᠳᠠᠯ ᠪᠠ ᠬᠤᠢ᠌ᠳᠤᠨ ᠵᠢᠯ᠎ᠤᠨ ᠠᠵᠢᠯ᠎ᠤᠨ ᠲᠣᠬᠢᠷᠠᠭᠤᠯᠤᠯᠲᠠ ᠵᠢ ᠨᠠᠷᠢᠨ ᠣᠢ᠌ᠯᠠᠭ᠋ᠠᠵᠤ ᠪᠠᠢ᠌ᠭ᠎ᠠ᠎ᠨᠢ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 11 ᠳ᠋ᠤᠬᠡᠷ ᠰᠠᠷ᠎ᠠ ᠵᠢᠨ 8᠎ᠤ ᠡᠳᠦᠷ ᠵᠦᠸᠧᠽᠢ ᠰᠢᠶᠠᠨ᠎ᠳᠤ ᠵᠦᠸᠧᠽᠢ ᠰᠢᠶᠠᠨ᠂ ᠰᠢᠩ ᠾᠧ ᠰᠢᠶᠠᠨ᠂ ᠹᠧᠩ ᠵᠧᠨ ᠬᠣᠲᠠ᠂ ᠯᠢᠶᠡᠩᠴᠧᠩ ᠰᠢᠶᠠᠨ᠎ᠤ ᠬᠣᠶᠠᠳᠤᠭ᠋ᠠᠷ ᠪᠦᠯᠦᠭ ᠭᠣᠣᠯ ᠰᠡᠳᠦᠪᠲᠦ ᠬᠥᠮᠦᠵᠢᠯ᠎ᠢ ᠥᠷᠨᠢᠭᠦᠯᠦᠭᠰᠡᠨ ᠪᠠᠢ᠌ᠳᠠᠯ ᠪᠠ ᠭᠣᠣᠯᠳᠠᠯᠭ᠎ᠠ᠎ᠲᠠᠢ ᠠᠵᠢᠯ᠎ᠢ ᠠᠬᠢᠭᠤᠯᠤᠭᠰᠠᠨ ᠪᠠᠢ᠌ᠳᠠᠯ᠎ᠤᠨ ᠮᠡᠳᠡᠬᠦᠯᠤᠯᠳᠡ ᠵᠢ ᠰᠣᠨᠣᠰᠴᠤ᠂ ᠦᠨᠤ ᠵᠢᠯ᠎ᠤᠨ ᠠᠵᠢᠯ ᠵᠶ᠋ᠠᠨ ᠪᠡᠶᠡᠯᠡᠭᠦᠯᠦᠭᠰᠡᠨ ᠪᠠᠢ᠌ᠳᠠᠯ ᠪᠠ ᠬᠤᠢ᠌ᠳᠤᠨ ᠵᠢᠯ᠎ᠤᠨ ᠠᠵᠢᠯ᠎ᠤᠨ ᠲᠣᠬᠢᠷᠠᠭᠤᠯᠤᠯᠲᠠ ᠵᠢ ᠨᠠᠷᠢᠨ ᠤᠢ᠌ᠯᠠᠭ᠋ᠠᠵᠤ ᠪᠠᠢ᠌ᠭ᠎ᠠ᠎ᠨᠢ
ᠡᠪᠦᠯ᠎ᠤᠨ ᠠᠭᠤᠷ ᠣᠷᠣᠬᠤ᠎ᠠᠴᠠ ᠡᠮᠦᠨ᠎ᠡ ᠲᠡᠭᠷᠢ ᠭᠡᠨᠡᠳᠲᠡ ᠬᠦᠢ᠍ᠳᠡᠷᠡᠪᠡ᠃ ᠰᠦᠨ ᠱᠤᠤ ᠴᠧᠩ ᠰᠠᠯᠬᠢ ᠰᠢᠭᠤᠷᠭ᠋ᠠᠨ᠎ᠤ ᠳᠤᠮᠳᠠᠭᠤᠷ ᠬᠠᠷᠢᠯᠴᠠᠬᠤ ᠴᠡᠭ᠎ᠨᠢ ᠪᠤᠯᠬᠤ ᠳᠥᠷᠪᠡᠳ ᠬᠣᠰᠢᠭᠤᠨ᠎ᠳᠤ ᠢᠷᠡᠭᠰᠡᠨ᠎ᠤ ᠳᠠᠷᠠᠭ᠎ᠠ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ᠂ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤ᠂ ᠬᠤᠸᠠᠳ᠋ᠸ ᠰᠢᠶᠠᠨ᠂ ᠰᠢᠩ ᠾᠸ ᠰᠢᠶᠠᠨ᠂ ᠹᠸᠡᠭᠵᠸᠨ ᠬᠤᠳᠠ᠂ ᠯᠢᠶᠡᠩᠴᠧᠩ ᠰᠢᠶᠠᠨ᠂ ᠵᠦᠸᠧᠽᠢ ᠰᠢᠶᠠᠨ᠎ᠳᠤ ᠬᠦᠷᠴᠦ᠂ ᠬᠥᠳᠡᠭᠡ ᠲᠣᠰᠬᠣᠨ ᠵᠶ᠋ᠡᠷ ᠬᠦᠨᠵᠡᠬᠡᠢ᠌ᠷᠡᠨ ᠲᠠᠷᠢᠶᠠᠴᠢᠨ ᠠᠢ᠌ᠯ ᠵᠶ᠋ᠡᠷ ᠰᠤᠷᠪᠤᠯᠵᠢᠯᠠᠵᠤ᠂ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠬᠦ᠂ ᠰᠤᠷᠪᠤᠯᠵᠢᠯᠠᠨ ᠰᠣᠯᠢᠯᠴᠠᠬᠤ᠂ ᠮᠡᠳᠡᠭᠦᠯᠦᠯᠲᠡ ᠰᠣᠨᠣᠰᠬᠤ ᠵᠡᠷᠭᠡ ᠠᠷᠭ᠎ᠠ᠎ᠪᠠᠷ ᠬᠣᠶᠠᠳᠤᠭ᠋ᠠᠷ ᠪᠦᠯᠦᠭ ᠭᠣᠣᠯ ᠰᠡᠳᠦᠪᠲᠦ ᠬᠥᠮᠦᠵᠢᠯ᠎ᠢ ᠪᠠᠢ᠌ᠴᠠᠭ᠋ᠠᠨ ᠰᠤᠳᠤᠯᠵᠤ᠂ ᠵᠢᠯᠤᠭᠣᠳᠴᠤ᠂ ᠬᠣᠰᠢᠭᠤ ᠰᠢᠶᠠᠨ᠎ᠤ ᠭᠣᠣᠯᠳᠠᠯᠭ᠎ᠠ᠎ᠲᠠᠢ ᠠᠵᠢᠯ᠎ᠤᠨ ᠠᠬᠢᠴᠠ ᠪᠣᠯᠣᠨ ᠬᠤᠢ᠌ᠳᠤᠨ ᠵᠢᠯ᠎ᠤᠨ ᠠᠵᠢᠯ᠎ᠤᠨ ᠲᠥᠯᠥᠪᠯᠡᠭᠡ ᠵᠢ ᠭᠦᠨᠵᠡᠭᠡᠢ ᠣᠢ᠌ᠯᠠᠭ᠋ᠠᠪᠠ᠃
ᠰᠦᠨ ᠱᠤᠤ ᠴᠧᠩ᠂ ᠭᠣᠣᠯ ᠰᠡᠳᠦᠪᠲᠦ ᠬᠥᠮᠦᠵᠢᠯ᠎ᠢ ᠥᠷᠨᠢᠭᠦᠯᠬᠦ᠎ᠳᠤ ᠡᠷᠬᠡᠪᠰᠢ ᠪᠣᠳᠠᠲᠠᠢ ᠵᠢ ᠡᠷᠬᠢᠮᠯᠡᠨ ᠦᠷ᠎ᠡ ᠪᠦᠲᠦᠮᠵᠢ ᠵᠢᠨ ᠤᠳᠤᠷᠢᠳᠤᠮᠵᠢ ᠵᠢ ᠳᠤᠪᠤᠢ᠍ᠢ᠍ᠯᠭ᠋ᠠᠵᠦ ᠦᠨᠡᠨ ᠪᠣᠳᠠᠲᠠᠢ᠎ᠪᠠᠷ ᠠᠬᠢᠭᠤᠯᠵᠤ᠂ ᠲᠣᠭᠲᠠᠭᠰᠠᠨ ᠬᠥᠳᠡᠯᠭᠡᠭᠡᠨ᠎ᠢ ᠪᠣᠳᠠᠲᠠᠢ᠎ᠪᠠᠷ ᠬᠢᠵᠦ᠂ ᠥᠪᠡᠷ ᠵᠶ᠋ᠡᠨ ᠰᠣᠩᠭᠣᠬᠤ ᠬᠥᠳᠡᠯᠭᠡᠭᠡᠨ᠎ᠢ ᠥᠪᠡᠷᠮᠢᠴᠡ ᠣᠨᠴᠠᠯᠢᠭ᠎ᠲᠠᠢ ᠠᠳᠬᠤᠵᠤ᠂ ᠬᠠᠰᠢ ᠶᠠᠰᠢ᠎ᠪᠠᠷ ᠬᠡᠯᠪᠡᠷᠢ ᠵᠢᠨ ᠲᠡᠳᠦᠢ ᠬᠢᠵᠦ ᠶᠠᠭ᠋ᠠᠬᠢᠭᠰᠠᠨ ᠴᠤ᠌ ᠪᠣᠯᠬᠤ ᠦᠭᠡᠢ᠃ ᠨᠢᠭᠡ᠎ᠳᠤ᠂ ᠤᠨᠤᠯ᠎ᠤᠨ ᠰᠤᠷᠤᠯᠴᠠᠯᠭ᠎ᠠ᠎ᠳᠤ ᠬᠠᠨᠳᠤᠯᠭ᠋ᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢ ᠲᠤᠪᠤᠢ᠍ᠢ᠍ᠯᠭ᠋ᠠᠵᠤ᠂ ᠤᠯᠤᠰ ᠲᠦᠷᠦ ᠵᠢᠨ ᠤᠨᠤᠯ᠎ᠢ ᠰᠤᠷᠤᠯᠴᠠᠬᠤ ᠮᠥᠷᠲᠡᠭᠡᠨ ᠲᠤᠬᠠᠢ᠌ᠯᠠᠭᠰᠠᠨ ᠠᠵᠢᠯ᠎ᠤᠨ ᠮᠡᠳᠡᠯᠭᠡ ᠵᠢ ᠴᠦ᠍ ᠰᠤᠷᠤᠯᠴᠠᠵᠤ᠂ ᠺᠠᠳ᠋ᠷᠴᠤᠳ᠎ᠤᠨ ᠶᠡᠷᠦᠩᠬᠡᠢ᠌ᠯᠡᠭᠰᠡᠨ ᠬᠡᠪ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠪᠠᠢ᠌ᠴᠠᠭ᠋ᠠᠨ ᠰᠤᠳᠤᠯᠤᠯᠲᠠ ᠬᠢᠬᠦ᠎ᠳᠤ᠎ᠪᠠᠨ ᠠᠰᠠᠭᠤᠳᠠᠯ᠎ᠢ ᠰᠢᠭᠤᠳ ᠰᠢᠢ᠍ᠳᠪᠦᠷᠢᠯᠡᠬᠦ ᠬᠡᠷᠡᠭᠲᠡᠢ᠂ ᠶᠠᠮᠠᠷ ᠠᠰᠠᠭᠤᠳᠠᠯ ᠪᠠᠢ᠌ᠪᠠᠯ ᠲᠡᠷᠡ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠪᠠᠢ᠌ᠴᠠᠭ᠋ᠠᠨ ᠦᠵᠡᠵᠦ ᠴᠡᠭᠴᠡᠯᠡᠨ ᠰᠠᠢ᠌ᠵᠢᠷᠠᠭᠤᠯᠬᠤ᠎ᠳᠤ ᠦᠨᠡᠨ᠎ᠢ ᠪᠠᠷᠢᠮᠲᠠᠯᠠᠨ ᠬᠠᠲᠠᠭᠤ ᠵᠢ ᠬᠦᠨᠳᠡᠵᠤ᠂ ᠬᠡᠯᠡᠭᠰᠡᠨ᠎ᠳᠤ᠎ᠪᠠᠨ ᠬᠦᠷᠬᠦ ᠬᠡᠷᠡᠭᠲᠡᠢ᠃ ᠬᠣᠶᠠᠷ᠎ᠲᠤ᠂ ᠠᠷᠠᠳ ᠤᠯᠠᠨ᠎ᠢ ᠰᠡᠳᠬᠢᠯ ᠬᠠᠨᠤᠮᠵᠢᠲᠠᠶ ᠪᠤᠯᠭ᠋ᠠᠬᠤ ᠬᠡᠷᠡᠭᠳᠡᠢ᠃ 《ᠨᠠᠮ᠎ᠤᠨ ᠠᠴᠢ ᠲᠤᠰᠠ ᠵᠢ ᠣᠢ᠌ᠯᠠᠭ᠋ᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠬᠦ᠎ᠳᠤ ᠬᠡᠮᠵᠢᠶ᠎ᠡ ᠵᠢ᠎ᠨᠢ ᠰᠠᠢ᠌ᠲᠤᠷ ᠡᠵᠡᠮᠰᠢᠵᠦ᠂ ᠣᠯᠠᠨ ᠲᠦᠮᠡᠨ᠎ᠤ ᠦᠵᠡᠵᠦ ᠰᠣᠨᠣᠰᠬᠤ ᠳᠤᠷᠠᠲᠠᠢ ᠬᠡᠯᠪᠡᠷᠢ᠎ᠪᠠᠷ᠂ ᠣᠯᠠᠨ ᠲᠦᠮᠡᠨ᠎ᠤ ᠳᠡᠷᠭᠡᠳᠡᠬᠢ ᠤᠴᠢᠷ ᠶᠠᠪᠤᠳᠠᠯ ᠪᠠ ᠬᠢᠯᠪᠠᠷ ᠣᠢ᠌ᠯᠠᠭ᠋ᠠᠮᠵᠢᠲᠠᠢ ᠦᠭᠡ ᠬᠡᠯᠡ᠎ᠪᠠᠷ ᠶᠣᠰᠣ ᠤᠴᠢᠷ᠎ᠢ ᠲᠣᠳᠣᠷᠬᠠᠢ ᠶᠠᠷᠢᠵᠤ ᠥᠭᠬᠦ ᠬᠡᠷᠡᠭᠲᠡᠢ᠃ ᠭᠤᠷᠪᠠ᠎ᠳᠤ᠂ ᠨᠠᠮ᠎ᠤᠨ ᠡᠯ᠎ᠡ ᠵᠦᠢ᠍ᠯ᠎ᠤᠨ ᠠᠵᠢᠯ᠎ᠳᠤ᠎ᠬᠢ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢᠨ ᠳᠠᠪᠠᠭᠤᠯᠢᠭ᠎ᠢ ᠭᠦᠢ᠍ᠴᠡᠳ ᠢᠯᠡᠷᠡᠭᠦᠯᠵᠦ᠂ ᠨᠠᠮ ᠤᠯᠠᠨ ᠲᠦᠮᠡᠨ᠂ ᠺᠠᠳ᠋ᠷ ᠤᠯᠠᠨ ᠲᠦᠮᠡᠨ᠎ᠤ ᠬᠠᠷᠢᠴᠠᠭ᠎ᠠ ᠵᠢ ᠤᠯᠠᠮ ᠴᠢᠨᠠᠭᠰᠢᠳᠠ ᠨᠢᠬᠳᠠᠷᠠᠭᠤᠯᠬᠤ ᠬᠡᠷᠡᠭᠳᠡᠢ᠃ ᠳᠥᠷᠪᠡ᠎ᠳᠤ᠂ ᠠᠵᠢᠯ᠎ᠤᠨ ᠴᠢᠷᠮᠠᠢ᠌ᠬᠤ ᠴᠢᠭᠯᠡᠯ᠎ᠢ ᠲᠤᠳᠤᠷᠬᠠᠢ᠌ᠯᠠᠬᠤ ᠬᠡᠷᠡᠭᠳᠡᠢ᠃ 《ᠳᠠᠪᠠᠭᠤᠯᠢᠭ ᠵᠶ᠋ᠠᠨ ᠪᠠᠳᠠᠷᠠᠭᠤᠯᠵᠤ᠂ ᠵᠥᠷᠢᠶ᠎ᠡ᠎ᠪᠠᠨ ᠡᠷᠢᠵᠦ᠂ ᠬᠥᠭᠵᠢᠯᠲᠡ ᠵᠢ ᠠᠬᠢᠭᠤᠯᠬᠤ》 ᠲᠤᠰᠬᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠵᠢ ᠬᠢᠨᠠᠮᠠᠭ᠋ᠠᠢ ᠥᠷᠨᠢᠭᠦᠯᠵᠦ᠂ ᠲᠣᠰ ᠭᠠᠵᠠᠷ ᠣᠷᠣᠨ᠎ᠤ ᠳᠠᠪᠠᠭᠤᠯᠢᠭ ᠲᠠᠯ᠎ᠠ ᠪᠠ ᠳᠤᠲᠠᠭᠤᠳᠠᠯ᠎ᠢ ᠲᠣᠳᠣᠷᠬᠠᠢ ᠪᠣᠯᠭ᠋ᠠᠵᠤ᠂ ᠴᠢᠷᠮᠠᠢ᠌ᠬᠤ ᠴᠢᠭᠯᠡᠯ ᠵᠶ᠋ᠡᠨ ᠤᠯᠠᠮ ᠲᠤᠳᠤᠷᠬᠠᠢ ᠪᠤᠯᠭ᠋ᠠᠨ᠂ ᠬᠦᠭᠵᠢᠬᠦᠯᠤᠯᠳᠡ ᠵᠢᠨ ᠰᠡᠳᠬᠢᠮᠵᠢ᠎ᠪᠠᠨ ᠲᠡᠭᠦᠯᠳᠡᠷᠵᠢᠭᠦᠯᠵᠦ᠂ ᠠᠭᠤᠯᠠ ᠳᠠᠭ᠋ᠠᠷᠠᠪᠠᠯ ᠵᠠᠮ ᠨᠡᠭᠡᠭᠡᠨ᠂ ᠤᠰᠤ ᠳᠠᠭ᠋ᠠᠷᠠᠪᠠᠯ ᠬᠥᠭᠥᠷᠭᠡ ᠲᠠᠯᠪᠢᠵᠤ᠂ ᠭᠠᠵᠠᠷ ᠣᠷᠣᠨ᠎ᠤ ᠬᠦᠭᠵᠢᠯᠳᠡ ᠵᠢ ᠲᠦᠷᠭᠡᠳᠬᠡᠵᠦ᠂ ᠴᠢᠨᠠᠷ ᠰᠠᠢ᠌ᠲᠠᠢ ᠬᠦᠭᠵᠢᠯᠳᠡ ᠵᠢ ᠠᠬᠢᠭᠤᠯᠬᠤ ᠬᠡᠷᠡᠭᠳᠡᠢ᠃ ᠲᠠᠪᠤ᠎ᠳᠤ᠂ ᠬᠥᠭᠵᠢᠯᠲᠡ ᠵᠢᠨ ᠪᠠᠢ᠌ᠳᠠᠯ᠎ᠢ ᠭᠦᠨᠵᠡᠭᠡᠢ ᠵᠠᠳᠠᠯᠵᠤ᠂ ᠬᠠᠷᠠᠯᠲᠠ ᠡᠭᠦᠷᠭᠡ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠬᠤᠢ᠌ᠳᠤᠨ ᠵᠢᠯ᠎ᠤᠨ ᠠᠵᠢᠯ᠎ᠤᠨ ᠲᠣᠮᠣ ᠬᠡᠪᠴᠢᠶ᠎ᠡ ᠪᠣᠯᠣᠨ ᠡᠭᠦᠷᠭᠡ ᠵᠢᠨ ᠪᠢᠴᠢᠭ᠎ᠢ ᠣᠶᠤᠨᠴᠢ᠎ᠪᠠᠷ ᠪᠣᠳᠠᠲᠠᠢ ᠵᠢ ᠡᠷᠬᠢᠮᠯᠡᠨ ᠳᠤᠷᠠᠳᠴᠤ᠂ ᠡᠷᠴᠢ ᠵᠣᠷᠢᠭ ᠭᠠᠷᠭ᠋ᠠᠵᠤ ᠪᠠᠢ᠌ᠭ᠋ᠠᠳ ᠨᠢᠭᠡ ᠵᠢ ᠬᠢᠪᠡᠯ ᠨᠢᠬᠡ ᠵᠢ ᠪᠦᠳᠤᠬᠡᠬᠦ ᠬᠡᠷᠡᠭᠳᠡᠢ᠃ ᠢᠯᠠᠩᠭᠤᠶ᠎ᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠢ ᠭᠣᠣᠯ ᠰᠡᠳᠦᠪᠲᠦ ᠬᠥᠮᠦᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠴᠥᠮ ᠭᠣᠣᠯ ᠰᠢᠵᠢᠮ᠎ᠢ ᠡᠯ᠎ᠡ ᠠᠵᠢᠯ᠎ᠳᠤ᠎ᠪᠠᠨ ᠨᠠᠢ᠌ᠳᠠᠪᠤᠷᠢᠵᠢᠭᠤᠯᠬᠤ ᠪᠣᠳᠠᠲᠠᠢ ᠠᠷᠭ᠎ᠠ ᠠᠪᠴᠤ᠂ ᠦᠡᠭᠭᠡᠪᠴᠢ᠂ ᠬᠣᠭᠣᠰᠤᠨ ᠤᠷᠢᠶ᠎ᠠ ᠬᠠᠰᠬᠢᠷᠬᠤ᠎ᠠᠴᠠ ᠰᠡᠷᠭᠡᠢ᠌ᠯᠡᠬᠦ ᠬᠡᠷᠡᠭᠲᠡᠢ ᠭᠡᠵᠤ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 11 ᠳ᠋ᠤᠬᠡᠷ ᠰᠠᠷ᠎ᠠ ᠵᠢᠨ 6᠎ᠤ ᠡᠳᠦᠷ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤᠨ᠎ᠤ ᠤᠯᠠᠭ᠋ᠠᠨᠬᠠᠳᠠ ᠰᠤᠮᠤ ᠵᠢᠨ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠲᠤ ᠺᠠᠳ᠋ᠷ ᠣᠯᠠᠨ ᠲᠦᠮᠡᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠬᠣᠶᠠᠳᠤᠭ᠋ᠠᠷ ᠪᠦᠯᠦᠭ ᠭᠣᠣᠯ ᠰᠡᠳᠦᠪᠲᠦ ᠬᠥᠮᠦᠵᠢᠯ ᠪᠠ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ ᠪᠠᠢ᠌ᠭ᠎ᠠ ᠪᠠᠢ᠌ᠳᠠᠯ᠎ᠢ ᠨᠠᠷᠢᠨ ᠤᠢ᠌ᠯᠠᠭ᠋ᠠᠵᠤ ᠪᠠᠢ᠌ᠭ᠎ᠠ᠎ᠨᠢ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 11 ᠳ᠋ᠤᠬᠡᠷ ᠰᠠᠷ᠎ᠠ ᠵᠢᠨ 7᠎ᠤ ᠡᠳᠦᠷ ᠬᠤᠸᠠᠳ᠋ᠸ ᠰᠢᠶᠠᠨ᠎ᠤ ᠬᠦᠨᠬᠤᠳᠳᠤᠭ ᠰᠢᠶᠠᠩ᠎ᠤᠨ ᠮᠢᠨ ᠵᠤ᠌ ᠲᠣᠰᠬᠣᠨ᠎ᠤ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠲᠤ ᠺᠠᠳ᠋ᠷ ᠣᠯᠠᠨ ᠲᠦᠮᠡᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠬᠣᠶᠠᠳᠤᠭ᠋ᠠᠷ ᠪᠦᠯᠦᠭ ᠭᠣᠣᠯ ᠰᠡᠳᠦᠪᠲᠦ ᠬᠥᠮᠦᠵᠢᠯ ᠪᠠ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ ᠪᠠᠢ᠌ᠭ᠎ᠠ ᠪᠠᠢ᠌ᠳᠠᠯ᠎ᠢ ᠨᠠᠷᠢᠨ ᠤᠢ᠌ᠯᠠᠭ᠋ᠠᠵᠤ ᠪᠠᠢ᠌ᠭ᠎ᠠ᠎ᠨᠢ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 11 ᠳ᠋ᠤᠬᠡᠷ ᠰᠠᠷ᠎ᠠ ᠵᠢᠨ 7᠎ᠤ ᠡᠳᠦᠷ ᠰᠢᠩ ᠾᠧ ᠰᠢᠶᠠᠨ᠎ᠤ ᠴᠧᠩ ᠭᠤᠸᠠᠨ ᠪᠠᠯᠭ᠋ᠠᠰᠤᠨ᠎ᠤ ᠬᠠᠷ᠎ᠠ ᠭᠤᠤ ᠲᠣᠰᠬᠣᠨ᠎ᠳᠤ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ ᠪᠠᠢ᠌ᠭ᠎ᠠ ᠪᠠᠢ᠌ᠳᠠᠯ᠎ᠢ ᠨᠠᠷᠢᠨ ᠤᠢ᠌ᠯᠠᠭ᠋ᠠᠵᠤ ᠪᠠᠢ᠌ᠭ᠎ᠠ᠎ᠨᠢ
ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠬᠢᠷᠢ ᠵᠡᠷᠭᠡ ᠥᠷᠨᠢᠭᠦᠯᠵᠦ᠂ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ᠎ᠢ ᠰᠦᠨ ᠱᠣᠣ ᠴᠧᠩ ᠲᠤᠢ᠌ᠯ ᠵᠶ᠋ᠠᠷ ᠠᠩᠬᠠᠷᠴᠤ ᠪᠠᠢ᠌ᠪᠠ᠃ ᠰᠦᠨ ᠱᠤᠤ ᠴᠸᠡᠭ ᠤᠯᠠᠭ᠋ᠠᠨᠬᠠᠳᠠ ᠰᠤᠮᠤ ᠪᠣᠯᠣᠨ ᠮᠢᠨ ᠵᠤ᠌ ᠲᠣᠰᠬᠣᠨ᠎ᠤ ᠨᠠᠮ ᠤᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂ ᠲᠠᠷᠢᠶᠠᠴᠢᠨ ᠠᠢ᠌ᠯ᠎ᠳᠤ ᠬᠦᠷᠴᠦ᠂ ᠲᠤᠬᠠᠢ ᠵᠢᠨ ᠭᠠᠵᠠᠷ᠎ᠤᠨ ᠺᠠᠳ᠋ᠷ ᠤᠯᠠᠨ ᠲᠦᠮᠡᠨ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠬᠤ ᠵᠢᠨ ᠬᠠᠮᠲᠤ 《ᠪᠦᠬᠦᠨ᠎ᠳᠤ ᠲᠣᠬᠢᠷᠠᠬᠤ ᠺᠠᠷᠲ》᠎ᠤᠨ ᠲᠦᠷᠦ ᠵᠢᠨ ᠪᠣᠳᠣᠯᠭ᠎ᠠ ᠵᠢᠨ ᠢᠯᠡ ᠺᠠᠷᠲ᠂ ᠲᠠᠷᠢᠶᠠᠴᠢᠳ᠎ᠲᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠵᠢᠨ ᠨᠠᠷᠢᠨ ᠳᠠᠩᠰᠠ ᠵᠡᠷᠭᠡ ᠵᠢ ᠨᠠᠷᠢᠨ ᠪᠠᠢ᠌ᠴᠠᠭ᠋ᠠᠨ᠂ ᠠᠷᠠᠳ᠎ᠲᠤ ᠠᠰᠢᠭ ᠬᠦᠷᠲᠡᠭᠡᠬᠦ ᠡᠯ᠎ᠡ ᠲᠦᠷᠦᠯ᠎ᠤᠨ ᠨᠥᠬᠥᠪᠦᠷᠢ ᠵᠢ ᠲᠠᠷᠬᠠᠭ᠋ᠠᠵᠤ ᠪᠠᠢ᠌ᠭ᠎ᠠ ᠪᠠᠢ᠌ᠳᠠᠯ᠎ᠢ ᠨᠠᠷᠢᠨ ᠣᠢ᠌ᠯᠠᠭ᠋ᠠᠪᠠ᠃ ᠰᠦᠨ ᠱᠤᠤ ᠴᠧᠩ᠂ ᠮᠠᠨ᠎ᠤ ᠨᠠᠮ᠎ᠤᠨ ᠲᠣᠭᠲᠠᠭ᠋ᠠᠭᠰᠠᠨ ᠠᠷᠠᠳ᠎ᠲᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠪᠤᠯᠭ᠋ᠠᠨ᠂ ᠲᠠᠷᠬᠠᠭ᠋ᠠᠭᠰᠠᠨ ᠨᠥᠬᠥᠪᠦᠷᠢ ᠮᠥᠩᠭᠥ ᠨᠢᠬᠡ ᠪᠦᠷᠢ ᠵᠢ ᠤᠯᠠᠨ ᠲᠦᠮᠡᠨ᠎ᠳᠤ ᠲᠣᠳᠣᠷᠬᠠᠢ ᠶᠠᠷᠢᠵᠤ᠂ ᠨᠠᠮ᠎ᠤᠨ ᠠᠴᠢ ᠵᠢ ᠤᠯᠠᠨ ᠲᠦᠮᠡᠨ᠎ᠳᠤ ᠦᠨᠡᠨ ᠬᠦ᠌ ᠮᠡᠳᠡᠬᠦᠯᠬᠦ ᠬᠡᠷᠡᠭᠳᠡᠢ᠂ ᠢᠡᠭᠬᠢᠪᠡᠯ ᠰᠠᠶᠢ ᠨᠠᠮ᠎ᠤᠨ ᠠᠴᠢ ᠵᠢ ᠰᠡᠳᠬᠢᠯ᠎ᠤᠨ ᠤᠭ᠎ᠠᠴᠠ᠎ᠪᠠᠨ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠨ᠎ᠠ᠃ ᠤᠯᠠᠨ ᠲᠦᠮᠡᠨ᠎ᠳᠤ ᠦᠢ᠍ᠯᠡᠴᠢᠯᠡᠬᠦ᠎ᠳᠤ᠎ᠪᠠᠨ ᠤᠴᠢᠷ ᠶᠠᠪᠤᠳᠠᠯ ᠪᠠᠢ᠌ᠪᠠᠯ ᠵᠠᠪᠠᠯ ᠰᠢᠢ᠍ᠳᠪᠦᠷᠢᠯᠡᠬᠦ᠂ ᠤᠴᠢᠷ ᠦᠭᠡᠢ ᠪᠤᠯ ᠦᠢ᠍ᠮᠡᠬᠦᠯᠬᠦ ᠦᠭᠡᠢ ᠪᠠᠢ᠌ᠬᠤ ᠵᠢ ᠪᠠᠷᠢᠮᠲᠠᠯᠠᠵᠤ᠂ ᠠᠷᠠᠳ᠎ᠲᠤ ᠰᠠᠢ᠌ᠨ ᠶᠠᠪᠤᠳᠠᠯ᠎ᠢ ᠬᠢᠬᠦ᠎ᠳᠤ᠎ᠪᠠᠨ ᠪᠣᠳᠠᠲᠠᠢ᠎ᠠᠴᠠ ᠡᠭᠦᠰᠴᠦ᠂ ᠴᠢᠳᠠᠯ᠎ᠤᠨ ᠵᠶ᠋ᠠᠨ ᠴᠢᠷᠮᠠᠢ᠌ᠵᠤ᠂ ᠴᠢᠳᠠᠯ ᠵᠶ᠋ᠡᠷ ᠵᠶ᠋ᠡᠨ᠎ᠬᠢᠨ ᠲᠠᠭ᠋ᠠᠭ᠋ᠠᠮᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠲᠦᠷᠦ ᠵᠢᠨ ᠪᠣᠳᠣᠯᠭ᠎ᠠ ᠲᠣᠭᠲᠠᠭ᠋ᠠᠬᠤ ᠪᠠ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ᠎ᠳᠤ ᠴᠥᠮ ᠠᠵᠢᠯ ᠶᠠᠪᠤᠳᠠᠯ᠎ᠢ ᠳᠥᠭᠥᠮ ᠳᠥᠲᠡ ᠪᠠᠢ᠌ᠯᠭ᠋ᠠᠵᠤ᠂ ᠠᠵᠢᠯᠲᠠᠨ ᠨᠠᠷᠢᠨ ᠪᠤᠳᠤᠯᠢᠶᠠᠨᠲᠠᠢ ᠪᠣᠯᠭ᠋ᠠᠬᠤ᠎ᠠᠴᠠ ᠵᠠᠢ᠌ᠯᠠᠰᠬᠢᠵᠦ᠂ ᠤᠯᠠᠨ ᠲᠦᠮᠡᠨ᠎ᠢ ᠳᠡᠩᠰᠡᠯᠭᠡᠬᠦ ᠦᠭᠡᠢ᠂ ᠺᠠᠳ᠋ᠷᠴᠤᠳ᠎ᠢ ᠳᠡᠩᠰᠡᠯᠭᠡᠬᠦ ᠦᠭᠡᠢ᠎ᠪᠠᠷ ᠰᠠᠢ᠌ᠨ ᠶᠠᠪᠤᠳᠠᠯ᠎ᠢ ᠦᠨᠡᠨ ᠬᠦ᠌ ᠰᠠᠢ᠌ᠨ ᠬᠢᠬᠦ ᠬᠡᠷᠡᠭᠲᠡᠢ ᠭᠡᠵᠤ ᠬᠡᠯᠡᠪᠡ᠃
ᠪᠠᠢ᠌ᠴᠠᠭ᠋ᠠᠨ ᠰᠤᠳᠤᠯᠤᠯᠲᠠ ᠵᠢᠨ ᠬᠤᠭᠤᠴᠠᠭ᠋ᠠᠨ᠎ᠳᠤ ᠰᠦᠨ ᠱᠤᠤ ᠴᠧᠩ ᠲᠣᠭ᠎ᠠ ᠪᠦᠷᠢᠳᠬᠡᠯ᠎ᠤᠨ ᠲᠣᠪᠴᠢᠶ᠎ᠠ᠂ ᠪᠠᠢ᠌ᠴᠠᠭ᠋ᠠᠯᠲᠠ ᠵᠢᠨ ᠪᠠᠭ᠎ᠤᠨ᠎ᠬᠢᠨ᠎ᠲᠠᠢ ᠬᠠᠮᠲᠤ ᠲᠠᠷᠢᠶᠠᠴᠢᠨ ᠠᠢ᠌ᠯ᠎ᠳᠤ ᠬᠦᠷᠴᠦ᠂ ᠲᠠᠷᠢᠶ᠎ᠠ ᠳᠠᠷᠢᠭᠰᠠᠨ᠂ ᠮᠠᠯ ᠲᠡᠵᠢᠭᠡᠪᠦᠷᠢ ᠵᠢᠨ ᠣᠷᠣᠯᠭ᠎ᠠ ᠪᠣᠯᠣᠨ ᠨᠥᠬᠥᠪᠦᠷᠢ ᠮᠥᠩᠭᠥ ᠠᠪᠴᠤ ᠪᠠᠢ᠌ᠭ᠎ᠠ ᠪᠠᠢ᠌ᠳᠠᠯ᠎ᠢ ᠨᠠᠷᠢᠨ ᠠᠰᠠᠭᠤᠨ ᠯᠠᠪᠯᠠᠵᠤ᠂ ᠲᠠᠷᠢᠶᠠᠴᠢᠳ᠎ᠲᠠᠢ ᠣᠷᠣᠯᠭ᠎ᠠ ᠵᠠᠷᠤᠯᠭ᠎ᠠ ᠵᠢᠨ ᠳᠠᠩᠰᠠ ᠵᠢ ᠨᠢᠭᠡᠳ ᠨᠢᠭᠡ᠎ᠪᠠᠷ ᠨᠠᠷᠢᠨ ᠪᠤᠳᠤᠵᠠᠢ᠃ ᠰᠦᠨ ᠱᠤᠤ ᠴᠸᠡᠭ᠂ ᠡᠯ᠎ᠡ ᠱᠠᠲᠤᠨ᠎ᠤ᠎ᠬᠢᠨ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠰᠠᠭᠤᠳᠠᠯ᠎ᠢ ᠮᠠᠰᠢᠳᠠ ᠴᠢᠬᠤᠯᠠᠴᠢᠯᠠᠨ᠂ ᠣᠯᠠᠨ ᠲᠦᠮᠡᠨ᠎ᠢ ᠰᠤᠷᠭ᠋ᠠᠨ ᠬᠥᠮᠥᠵᠢᠭᠦᠯᠬᠦ᠂ ᠣᠯᠠᠨ ᠲᠦᠮᠡᠨ᠎ᠢ ᠳᠠᠢ᠌ᠴᠢᠯᠠᠬᠤ ᠵᠢ ᠰᠤᠷᠴᠤ᠂ ᠣᠯᠠᠨ ᠲᠦᠮᠡᠨ᠎ᠢ ᠵᠢᠯᠤᠭᠣᠳᠴᠤ ᠪᠠᠢ᠌ᠭ᠋ᠠᠳ ᠰᠢᠷᠭ᠋ᠠᠭᠤ ᠬᠥᠳᠡᠯᠮᠦᠷᠢᠯᠡᠭᠦᠯᠵᠦ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠬᠥᠭᠵᠢᠭᠦᠯᠬᠦ ᠵᠡᠷᠭᠡ ᠠᠷᠭ᠎ᠠ᠎ᠪᠠᠷ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠬᠦ ᠬᠡᠷᠡᠭᠲᠡᠢ ᠭᠡᠵᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 11 ᠳ᠋ᠤᠬᠡᠷ ᠰᠠᠷ᠎ᠠ ᠵᠢᠨ 8᠎ᠤ ᠡᠳᠦᠷ ᠯᠢᠶᠠᠡᠭᠴᠸᠡᠭ ᠰᠢᠶᠠᠨ᠎ᠤ ᠲᠠᠭ᠎ᠠ ᠵᠢᠨ ᠨᠠᠭᠤᠷ᠎ᠤᠨ ᠬᠣᠢ᠌ᠲᠤ ᠡᠷᠭᠢ᠎ᠳᠤ ᠲᠠᠭ᠎ᠠ ᠵᠢᠨ ᠨᠠᠭᠤᠷ᠎ᠤᠨ ᠠᠮᠢ ᠠᠬᠤᠢ ᠵᠢᠨ ᠶᠡᠷᠦᠩᠬᠡᠢ᠌ᠯᠡᠭᠰᠡᠨ ᠵᠠᠰᠠᠯᠲᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠵᠤ ᠪᠠᠢ᠌ᠭ᠎ᠠ᠎ᠨᠢ
ᠰᠦᠨ ᠱᠤᠤ ᠴᠧᠩ ᠲᠠᠭ᠎ᠠ ᠵᠢᠨ ᠨᠠᠭᠤᠷ᠎ᠤᠨ ᠬᠣᠢ᠌ᠲᠤ ᠬᠥᠪᠡᠭᠡᠨ᠎ᠳᠤ ᠲᠣᠭᠣᠷᠢᠨ ᠪᠠᠢ᠌ᠴᠠᠭ᠋ᠠᠵᠤ᠂ ᠲᠠᠭ᠎ᠠ ᠵᠢᠨ ᠨᠠᠭᠤᠷ᠎ᠤᠨ ᠠᠮᠢ ᠠᠬᠤᠢ ᠵᠢᠨ ᠶᠡᠷᠦᠩᠬᠡᠢ᠌ᠯᠡᠭᠰᠡᠨ ᠵᠠᠰᠠᠯᠲᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠵᠤ᠂ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠢ ᠠᠮᠢ ᠠᠬᠤᠢ ᠵᠢᠨ ᠲᠠᠩᠰᠠ ᠵᠢ ᠰᠠᠢ᠌ᠲᠤᠷ ᠪᠤᠳᠤᠵᠤ᠂ ᠬᠠᠮᠠᠭ᠋ᠠᠯᠠᠯᠲᠠ ᠪᠠ ᠵᠠᠰᠠᠯᠲᠠ ᠵᠢ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠠᠬᠢᠪᠠ᠃
ᠢᠦᠢ ᠯᠢ ᠰᠢᠨ ᠪᠠᠢ᠌ᠴᠠᠭ᠋ᠠᠨ ᠰᠤᠳᠤᠯᠤᠯᠳᠠ᠎ᠳᠤ ᠣᠷᠣᠯᠴᠠᠵᠠᠢ᠃