ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
3853.38 ᠳ᠋ᠦᠩᠰᠢᠭᠤᠷ ᠲᠥᠭᠥᠷᠢᠭ ᠎ᠤᠨ ᠬᠡᠯᠡᠯᠴᠡᠬᠡᠷ ᠲᠤᠬᠳᠠᠵᠤ᠂ ᠲᠦᠷᠤᠬᠦᠤ ᠭᠤᠷᠪᠠᠨ ᠬᠤᠭᠤᠴᠠᠭ᠋ᠠᠨ᠎ᠤ ᠨᠡᠢ᠌ᠯᠡᠪᠦᠷᠢ᠎ᠠᠴᠠ ᠲᠠᠪᠠᠵᠤ ᠳᠤᠮᠳᠠᠳᠤ ᠮᠣᠩᠭᠣᠯ᠎ᠤᠨ ᠲᠦᠷᠪᠡᠳᠤᠬᠡᠷ ᠬᠤᠭᠤᠴᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ ᠠᠮᠵᠢᠯᠲᠠ᠎ᠲᠠᠢ ᠥᠨᠳᠥᠷᠯᠡᠪᠡ
ᠨᠡᠶᠢᠲᠡᠯᠡᠭᠰᠡᠨ ᠴᠠᠭ᠄ 2023-09-11

   ᠳᠤᠮᠳᠠᠳᠤ ᠮᠣᠩᠭᠣᠯ᠎ᠤᠨ ᠳᠥᠷᠪᠡᠳᠦᠭᠡᠷ ᠬᠤᠭᠤᠴᠠᠭ᠋ᠠᠨ᠎ᠤ  ᠦᠵᠡᠰᠬᠦᠯᠡᠩ᠎ᠤᠨ ᠴᠤᠭᠯᠠᠭ᠋ᠠᠨ 9 ᠰᠠᠷ᠎ᠠ ᠵᠢᠨ 10᠎ᠤ ᠡᠳᠦᠷ ᠬᠥᠬᠡᠬᠣᠲᠠ᠎ᠳᠤ ᠠᠮᠵᠢᠯᠲᠠ᠎ᠲᠠᠢ ᠥᠨᠳᠥᠷᠯᠡᠪᠡ᠃ ᠲᠣᠰ ᠦᠵᠡᠰᠬᠦᠯᠡᠩ᠎ᠤᠨ ᠴᠤᠭᠯᠠᠭ᠋ᠠᠨ ᠲᠡᠬᠡᠷ᠎ᠡ ᠬᠣᠯᠪᠣᠭᠳᠠᠯ ᠪᠦᠬᠦᠢ ᠤᠯᠤᠰ᠂ ᠭᠠᠵᠠᠷ ᠣᠷᠣᠨ᠂ ᠮᠤᠵᠢ ᠣᠷᠣᠨ ᠬᠣᠲᠠ ᠪᠣᠯᠣᠨ ᠠᠢ᠌ᠮᠠᠭ ᠬᠣᠲᠠ 20 ᠭᠠᠷᠤᠢ ᠲᠠᠯᠠᠪᠤᠷ ᠡᠯ᠎ᠡ ᠲᠥᠷᠥᠯ᠎ᠤᠨ ᠠᠵᠤ ᠠᠬᠤᠢ ᠠᠷᠠᠯᠵᠢᠶᠠᠨ᠎ᠤ ᠠᠵᠢᠯᠯᠠᠭ᠎ᠠ ᠡᠷᠭᠢᠯᠡᠵᠦ᠂ ᠭᠡᠷ᠎ᠡ ᠲᠣᠭᠲᠠᠭᠰᠠᠨ ᠲᠥᠷᠥᠯ ᠵᠦᠢ᠍ᠯ 200 ᠵᠢ ᠳᠠᠪᠠᠵᠤ᠂ ᠬᠡᠯᠡᠯᠴᠡᠭᠡᠷ᠎ᠲᠤ ᠭᠡᠷ᠎ᠡ ᠲᠣᠭᠲᠠᠭᠰᠠᠨ ᠵᠣᠭᠣᠰ᠎ᠤᠨ ᠲᠣᠭ᠎ᠠ 3853.38 ᠳ᠋ᠦᠩᠰᠢᠭᠤᠷ ᠲᠥᠭᠥᠷᠢᠭ᠎ᠲᠤ ᠬᠦᠷᠴᠡᠢ᠃ ᠭᠣᠣᠯ ᠦᠵᠡᠭᠦᠯᠦᠯᠭᠡ ᠵᠢᠨ ᠲᠣᠭᠣᠷᠢᠭ ᠪᠤᠯᠬᠤ 《ᠴᠡᠯᠡᠭᠡᠷ ᠲᠠᠯ᠎ᠠ》 ᠤᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠤᠨ᠎ᠬᠢᠨ ᠬᠤᠳᠠᠯᠳᠤᠭ᠋ᠠᠴᠢᠨ ᠵᠤᠭ᠋ᠠᠴᠠᠭᠰᠠᠳ᠎ᠢ 75 ᠲᠦᠮᠡᠨ ᠤᠳᠠᠭ᠎ᠠ ᠵᠢᠨ ᠬᠦᠯᠢᠶᠡᠨ ᠠᠪᠴᠤ᠂ ᠲᠤᠬᠠᠢ ᠵᠢᠨ ᠲᠠᠯᠠᠪᠠᠢ᠎ᠳᠤ ᠬᠤᠳᠠᠯᠳᠤᠨ ᠠᠪᠴᠤ ᠠᠷᠠᠯᠵᠢᠶᠠᠯᠠᠭᠰᠠᠨ ᠲᠣᠭ᠎ᠠ᠎ᠨᠢ 2.5 ᠳ᠋ᠦᠩᠰᠢᠭᠤᠷ ᠲᠥᠭᠥᠷᠢᠭ᠎ᠲᠤ ᠬᠦᠷᠴᠡᠢ᠃
   《ᠲᠤᠰ ᠦᠵᠡᠰᠬᠦᠯᠡᠩ᠎ᠤᠨ ᠴᠤᠭᠯᠠᠭ᠋ᠠᠨ ᠤᠷᠢᠳ ᠡᠮᠦᠨ᠎ᠡ ᠪᠠᠢ᠌ᠭ᠎ᠠ ᠦᠭᠡᠢ ᠦᠪᠡᠳᠡᠭᠰᠢ  ᠪᠣᠯᠪᠠ᠂ ᠭᠣᠣᠯᠳᠠᠭᠤ ᠲᠠᠷᠠᠭ᠋ᠠᠬᠢ ᠮᠡᠲᠦ ᠬᠢᠯᠠᠰ ᠴᠡᠭ ᠪᠤᠢ᠄ ᠨᠢᠭᠡ᠎ᠳᠤ᠂ ᠦᠵᠡᠰᠬᠦᠯᠡᠩ᠎ᠳᠤ ᠣᠷᠣᠯᠴᠠᠭᠰᠠᠨ ᠶᠡᠷᠦᠩᠬᠡᠢ ᠬᠡᠪᠴᠢᠶ᠎ᠡ ᠥᠩᠭᠡᠷᠡᠭᠰᠡᠨ ᠬᠤᠭᠤᠴᠠᠭ᠋ᠠᠨ᠎ᠤ᠎ᠬᠢ᠎ᠠᠴᠠ ᠳᠠᠪᠠᠵᠤ᠂ ᠬᠤᠷᠠᠯ᠎ᠳᠤ ᠣᠷᠣᠯᠴᠠᠭᠰᠠᠨ ᠬᠦᠨᠳᠦᠲᠦ ᠵᠣᠴᠢᠳ ᠪᠣᠯᠣᠨ ᠦᠵᠡᠰᠬᠦᠯᠡᠩ᠎ᠳᠤ ᠣᠷᠣᠯᠴᠠᠭᠰᠠᠨ ᠠᠵᠤ ᠠᠬᠤᠢ᠌ᠯᠠᠯ ᠲᠦᠮᠡ ᠭᠠᠷᠤᠢ ᠬᠥᠮᠥᠨ᠎ᠢ ᠳᠠᠪᠠᠵᠠᠢ᠃ ᠬᠣᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠢᠯ ᠲᠥᠷᠥᠯ᠂ ᠬᠣᠯᠪᠣᠭᠳᠠᠯ ᠪᠦᠬᠦᠢ ᠠᠢ᠌ᠮᠠᠭ ᠬᠣᠲᠠ ᠪᠤᠯᠤᠨ ᠬᠣᠯᠪᠣᠭᠳᠠᠯ ᠪᠦᠬᠦᠢ ᠤᠯᠤᠰ᠂ ᠮᠤᠵᠢ ᠣᠷᠣᠨ ᠬᠣᠲᠠ ᠵᠢᠨ ᠡᠷᠭᠢᠯᠡᠭᠰᠡᠨ ᠠᠵᠤ ᠠᠬᠤᠢ ᠠᠷᠠᠯᠵᠢᠶᠠᠨ᠎ᠤ ᠰᠢᠷᠢᠰ ᠠᠵᠢᠯᠯᠠᠭ᠎ᠠ ᠵᠢ ᠪᠠᠭᠲᠠᠭ᠋ᠠᠭᠰᠠᠨ ᠤᠯᠤᠰ᠎ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ᠎ᠤ ᠵᠥᠪᠳᠡᠯᠴᠡᠭᠡᠷ᠎ᠤᠨ ᠬᠤᠷᠠᠯ᠎ᠢ ᠡᠭᠦᠳᠦᠨ ᠡᠷᠭᠢᠯᠡᠵᠦ᠂ ᠬᠡᠯᠡᠯᠴᠡᠭᠡᠷ ᠲᠣᠭᠲᠠᠭᠰᠠᠨ ᠵᠣᠭᠣᠰ᠎ᠤᠨ ᠲᠣᠭ᠎ᠠ᠎ᠨᠢ ᠡᠮᠦᠨ᠎ᠡ ᠭᠤᠷᠪᠠᠨ ᠬᠤᠭᠤᠴᠠᠭ᠋ᠠᠨ᠎ᠤ ᠨᠡᠢ᠌ᠯᠡᠪᠦᠷᠢ᠎ᠠᠴᠠ ᠳᠠᠪᠠᠭᠰᠠᠨ ᠪᠠᠢ᠌ᠨ᠎ᠠ᠃ ᠭᠤᠷᠪᠠ᠎ᠳᠤ᠂ 〈ᠴᠡᠯᠡᠭᠡᠷ ᠲᠠᠯ᠎ᠠ〉 ᠤᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠢ ᠡᠬᠢᠯᠡᠨ ᠬᠡᠷᠡᠭᠯᠡᠵᠦ᠂ ᠦᠵᠡᠰᠬᠦᠯᠡᠩ᠎ᠳᠤ ᠣᠷᠣᠯᠴᠠᠭᠰᠠᠨ ᠤᠯᠤᠰ᠂ ᠦᠵᠡᠰᠬᠦᠯᠡᠩ᠎ᠤᠨ ᠲᠠᠯᠠᠪᠠᠢ᠂ ᠦᠵᠡᠰᠬᠦᠯᠡᠩ᠎ᠳᠤ ᠣᠷᠣᠯᠴᠠᠭᠰᠠᠨ ᠠᠵᠢᠯ ᠲᠦᠷᠦᠯ᠎ᠤᠨ ᠠᠵᠤ ᠠᠬᠤᠢ᠌ᠯᠠᠯ᠎ᠤᠨ ᠲᠣᠭ᠎ᠠ ᠪᠦᠷ ᠥᠩᠭᠡᠷᠡᠭᠰᠡᠨ ᠬᠤᠭᠤᠴᠠᠭ᠋ᠠᠨ᠎ᠤ᠎ᠬᠢ᠎ᠠᠴᠠ ᠳᠠᠪᠠᠵᠠᠢ᠃ ᠳᠥᠷᠪᠡ᠎ᠳᠤ᠂ ᠠᠩᠬ᠎ᠠ ᠤᠳᠠᠭ᠎ᠠ ᠵᠠᠬ᠎ᠠ ᠳᠡᠯᠭᠡᠭᠦᠷᠴᠢᠯᠡᠭᠰᠡᠨ ᠠᠵᠢᠯᠯᠠᠭ᠋ᠠᠨ᠎ᠤ ᠠᠷᠭ᠎ᠠ᠎ᠪᠠᠷ ᠡᠷᠬᠢᠯᠡᠭᠰᠡᠨ᠎ᠨᠢ ᠳᠤᠮᠳᠠᠳᠤ ᠮᠣᠩᠭᠣᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠵᠢ ᠠᠬᠢᠭᠤᠯᠬᠤ᠎ᠳᠤ ᠡᠷᠬᠢᠮ ᠨᠠᠨᠳᠢᠨ ᠦᠢ᠍ᠯᠡᠳᠦᠯᠭᠡ ᠵᠢᠨ ᠲᠤᠷᠰᠢᠯᠭ᠎ᠠ ᠬᠤᠷᠠᠮᠳᠤᠭᠤᠯᠵᠠᠢ᠃ ᠲᠠᠪᠤ᠎ᠳᠤ᠂ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠨᠡᠷᠡᠳᠦ ᠵᠢᠵᠢᠭ ᠠᠮᠲᠠᠲᠤ ᠢᠳᠡᠭᠡᠨ᠎ᠤ ᠰᠣᠶᠣᠯ᠎ᠤᠨ ᠭᠠᠷᠠᠭ᠎ᠢ ᠡᠷᠬᠢᠯᠡᠵᠦ᠂ ᠠᠮᠲᠠᠲᠤ ᠢᠳᠡᠭᠡᠨ᠎ᠤ ᠰᠣᠶᠣᠯ᠎ᠤᠨ ᠰᠣᠯᠢᠯᠴᠠᠭ᠎ᠠ ᠵᠢ ᠪᠠᠶᠠᠯᠢᠭᠵᠢᠭᠤᠯᠵᠤ᠂ ᠤᠯᠠᠨ᠎ᠤ ᠪᠠᠬᠠᠷᠬᠠᠯ᠎ᠢ ᠲᠠᠲᠠᠪᠠ᠃ ᠪᠢᠳᠡ ᠲᠣᠰ ᠬᠤᠷᠠᠯ ᠡᠷᠭᠢᠯᠡᠭᠰᠡᠨ ᠲᠤᠷᠰᠢᠯᠭ᠎ᠠ᠎ᠪᠠᠨ ᠳ᠋ᠦᠩᠨᠡᠵᠦ᠂ ᠰᠠᠭᠤᠷᠢ ᠲᠥᠬᠦᠭᠡᠷᠦᠮᠵᠢ᠂ ᠬᠤᠷᠠᠯ᠎ᠤᠨ ᠲᠠᠯᠠᠪᠠᠶ ᠵᠢᠨ ᠬᠠᠮᠢᠶᠠᠷᠤᠯᠲᠠ᠂ ᠲᠤᠰᠬᠠᠢ ᠮᠡᠷᠭᠡᠵᠢᠯ᠎ᠤᠨ ᠡᠩᠨᠡᠭᠡ ᠵᠢ ᠬᠥᠮᠥᠵᠢᠭᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠲᠠᠷᠠᠭ᠋ᠠᠴᠢ ᠬᠤᠭᠤᠴᠠᠭ᠋ᠠᠨ᠎ᠤ ᠳᠤᠮᠳᠠᠳᠤ ᠮᠣᠩᠭᠣᠯ᠎ᠤᠨ ᠦᠵᠡᠰᠬᠦᠯᠡᠩ᠎ᠤᠨ ᠴᠤᠭᠯᠠᠭ᠋ᠠᠨ᠎ᠢ ᠡᠷᠭᠢᠯᠡᠬᠦ᠎ᠳᠤ ᠰᠠᠢ᠌ᠲᠤᠷ ᠪᠡᠯᠡᠳᠬᠡᠯ ᠬᠢᠨ᠎ᠡ》 ᠭᠡᠵᠦ ᠥᠪᠥᠷ ᠮᠣᠩᠭᠣᠯ᠎ᠤᠨ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠯᠢ ᠵᠢᠶᠦ᠋ᠨ ᠬᠡᠯᠡᠵᠡᠢ᠃
   ᠳᠤᠮᠳᠠᠳᠤ ᠮᠣᠩᠭᠣᠯ᠎ᠤᠨ ᠦᠵᠡᠰᠬᠦᠯᠡᠩ᠎ᠤᠨ ᠴᠤᠭᠯᠠᠭ᠋ᠠᠨ ᠪᠣᠯ ᠳᠤᠮᠳᠠᠳᠤ ᠮᠣᠩᠭᠣᠯ ᠬᠣᠶᠠᠷ ᠤᠯᠤᠰ᠎ᠤᠨ ᠵᠠᠰᠠᠭ᠎ᠤᠨ ᠣᠷᠳᠣᠨ᠎ᠤ ᠣᠷᠳᠣ ᠬᠤᠭᠤᠴᠠᠭ᠋ᠠᠨ᠎ᠤ ᠬᠠᠮᠲᠤᠷᠠᠯᠴᠠᠭ᠋ᠠᠨ᠎ᠤ ᠵᠦᠢ᠍ᠯᠡᠰ᠂ ᠪᠥᠬᠥ ᠳᠡᠯᠡᠬᠡᠢ᠎ᠳᠤ ᠬᠠᠨᠳᠤᠭᠤᠯᠤᠭᠰᠠᠨ ᠣᠯᠠᠨ ᠤᠯᠤᠰ᠎ᠤᠨ ᠠᠵᠤ ᠠᠬᠤᠢ ᠠᠷᠠᠯᠵᠢᠶ᠎ᠠ ᠰᠣᠶᠣᠯ ᠢᠷᠭᠡᠨᠰᠢᠯ᠎ᠤᠨ ᠬᠠᠮᠲᠤᠷᠠᠯᠴᠠᠭ᠋ᠠᠨ᠎ᠤ ᠰᠣᠯᠢᠯᠴᠠᠭ᠋ᠠᠨ᠎ᠤ ᠲᠠᠪᠴᠠᠩ᠂ ᠳᠤᠮᠳᠠᠳᠤ ᠮᠣᠩᠭᠣᠯ ᠬᠣᠶᠠᠷ ᠤᠯᠤᠰ᠎ᠤᠨ ᠵᠡᠭᠦᠨ ᠬᠣᠢ᠌ᠲᠤ ᠠᠽᠢᠶ᠎ᠠ᠂ ᠴᠢᠨᠠᠭᠰᠢᠯᠠᠪᠠᠯ ᠳᠡᠯᠡᠬᠡᠢ ᠵᠢᠨ ᠡᠯ᠎ᠡ ᠤᠯᠤᠰ᠎ᠯᠤᠭ᠎ᠠ ᠤᠯᠤᠰ ᠲᠥᠷᠥ ᠵᠢᠨ ᠢᠲᠡᠭᠡᠯᠴᠡᠭᠡ᠂ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠂ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠨᠡᠮᠡᠭᠳᠡᠭᠦᠯᠬᠦ ᠬᠥᠭᠥᠷᠭᠡ ᠪᠠ ᠬᠣᠯᠪᠣᠭ᠋ᠠᠰᠤ ᠮᠥᠨ᠃ ᠡᠭᠦᠨ᠎ᠠᠴᠠ ᠡᠮᠦᠨ᠎ᠡ 2015 ᠣᠨ᠂ 2017 ᠣᠨ᠂ 2019 ᠣᠨ᠎ᠳᠤ ᠭᠤᠷᠪᠠᠨ ᠬᠤᠭᠤᠴᠠᠭ᠎ᠠ ᠵᠢ ᠠᠮᠵᠢᠯᠲᠠ᠎ᠲᠠᠢ ᠡᠷᠭᠢᠯᠡᠪᠡ᠃ ᠳᠤᠮᠳᠠᠳᠤ ᠮᠣᠩᠭᠣᠯ᠎ᠤᠨ ᠳᠥᠷᠪᠡᠳᠦᠭᠡᠷ ᠬᠤᠭᠤᠴᠠᠭ᠋ᠠᠨ᠎ᠤ ᠦᠵᠡᠰᠬᠦᠯᠡᠡᠭ᠎ᠤᠨ ᠴᠤᠭᠯᠠᠭ᠋ᠠᠨ᠎ᠨᠢ 《ᠨᠡᠭᠡᠭᠡᠯᠲᠡ ᠵᠢᠨ ᠰᠢᠨ᠎ᠡ ᠪᠠᠢ᠌ᠷᠢᠰᠢᠯ᠎ᠢ ᠬᠠᠮᠲᠤ᠎ᠪᠠᠷ ᠪᠠᠢ᠌ᠭᠤᠯᠵᠤ᠂ ᠬᠦᠭᠵᠢᠬᠦᠯᠤᠯᠳᠡ ᠵᠢᠨ ᠰᠢᠨ᠎ᠡ ᠠᠵᠠ ᠲᠣᠬᠢᠶᠠᠯ᠎ᠢ ᠬᠠᠮᠲᠤ᠎ᠪᠠᠷ ᠡᠳ᠋ᠯᠡᠶ᠎ᠡ》 ᠭᠡᠬᠦ᠎ᠪᠠᠷ ᠭᠣᠣᠯ ᠰᠡᠳᠦᠪ ᠪᠣᠯᠭ᠋ᠠᠵᠤ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠮᠣᠩᠭᠣᠯ ᠤᠯᠤᠰ᠎ᠤᠨ ᠢᠳᠡᠭᠡᠨ ᠬᠦᠳᠡᠬᠡ ᠠᠵᠤ ᠠᠬᠤᠢ ᠪᠠ ᠬᠥᠩᠭᠡᠨ ᠠᠵᠤ ᠦᠢ᠍ᠯᠡᠳᠪᠦᠷᠢ ᠵᠢᠨ ᠶᠠᠮᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ᠎ᠬᠢᠨ ᠬᠠᠮᠲᠤᠷᠠᠨ ᠡᠷᠭᠢᠯᠡᠵᠦ᠂ 9 ᠰᠠᠷ᠎ᠠ ᠵᠢᠨ 6᠎ᠤ ᠡᠳᠦᠷ ᠬᠥᠬᠡᠬᠣᠲᠠ᠎ᠳᠤ ᠡᠬᠢᠯᠡᠪᠡ᠂ ᠴᠤᠬᠯᠠᠭ᠋ᠠᠨ᠎ᠤ ᠬᠤᠭᠤᠴᠠᠭ᠋ᠠᠨ᠎ᠳᠤ ᠡᠬᠢᠯᠡᠯᠲᠡ ᠵᠢᠨ ᠶᠣᠰᠣᠯᠠᠯ᠂ ᠤᠯᠤᠰ᠎ᠠᠴᠠ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ᠎ᠤ ᠵᠥᠪᠳᠡᠯᠴᠡᠭᠡᠷ᠎ᠤᠨ ᠬᠤᠷᠠᠯ᠂ ᠬᠤᠷᠠᠯ᠎ᠤᠨ ᠶᠠᠷᠢᠶᠠᠨ᠎ᠤ ᠲᠠᠪᠴᠠᠩ᠂ ᠦᠵᠡᠭᠦᠯᠦᠯᠭᠡ᠂ ᠬᠥᠮᠥᠨ ᠰᠣᠶᠣᠯ᠎ᠤᠨ ᠰᠣᠯᠢᠯᠴᠠᠭ᠎ᠠ ᠵᠡᠷᠭᠡ ᠲᠠᠪᠤᠨ ᠲᠣᠮᠣ ᠬᠡᠰᠡᠭ᠎ᠤᠨ ᠰᠢᠷᠢᠰ ᠠᠵᠢᠯᠯᠠᠭ᠎ᠠ ᠵᠢ ᠡᠷᠬᠢᠯᠡᠭᠰᠡᠨ ᠪᠠᠢ᠌ᠨ᠎ᠠ᠃



ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠦᠨ ᠱᠣᠸ᠋ ᠴᠧᠩ ᠪᠦᠯᠬᠦᠮ ᠳᠠᠭ᠋ᠠᠭᠤᠯᠤᠨ ᠮᠣᠩᠭᠣᠯ ᠤᠯᠤᠰ᠎ᠲᠤ ᠠᠢ᠌ᠯᠴᠢᠯᠠᠪᠠ
ᠵᠢᠯᠣᠭᠣᠳᠤᠯᠭ᠎ᠠ ᠵᠢᠨ ᠳᠠᠭ᠋ᠠᠤ ᠦᠷᠭᠦᠯᠵᠢᠯᠡᠨ ᠡᠷᠡᠮᠡᠬᠡᠢ᠌ᠯᠡᠵᠤ ᠢᠲᠡᠭᠡᠯ ᠵᠣᠷᠢᠭ ᠲᠡᠭᠦᠯᠳᠡᠷ ᠵᠶ᠋ᠡᠷ ᠬᠠᠷᠢᠭᠤᠴᠠᠯᠭ᠎ᠠ ᠡᠬᠦᠷᠬᠡᠯᠡᠨ ᠪᠣᠳᠠᠲᠠᠢ ᠠᠵᠢᠯᠯᠠᠶ᠎ᠠ — 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 ᠎ᠨᠢ ᠪᠦᠬᠦ ᠣᠷᠣᠨ᠎ᠤ ᠺᠠᠳ᠋ᠷ ᠤᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠪᠠ
 
            