ᠰᠦᠨ ᠱᠤᠤ ᠴᠧᠩ ᠬᠤᠷᠠᠯ᠎ᠢ ᠡᠷᠬᠢᠯᠡᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ 9 ᠳ᠋ᠤᠬᠡᠷ ᠰᠠᠷ᠎ᠠ ᠵᠢᠨ 10᠎ᠤ ᠡᠳᠦᠷ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠰᠢᠨ᠎ᠡ ᠴᠠᠭ ᠦᠶ᠎ᠡ᠎ᠳᠤ ᠵᠡᠭᠦᠨ ᠬᠣᠢ᠌ᠲᠤ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠵᠡᠢ᠃
ᠬᠤᠷᠠᠯ᠎ᠠᠴᠠ ᠵᠢᠭ᠋ᠠᠬᠰᠠᠨ᠎ᠨᠢ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ᠎ᠨᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠵᠢᠯᠤᠭᠣᠳᠬᠤ ᠴᠢᠨᠠᠷᠲᠠᠢ ᠪᠠᠢ᠌ᠵᠤ᠂ ᠰᠢᠨ᠎ᠡ ᠴᠠᠭ ᠦᠶ᠎ᠡ ᠵᠢᠨ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠂ ᠪᠢᠳᠡ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠨᠡᠩ ᠥᠨᠳᠥᠷ ᠵᠣᠭᠰᠣᠴᠠ᠂ ᠨᠡᠩ ᠴᠢᠡᠭᠭ᠎ᠠ ᠡᠷᠴᠢᠮ᠂ ᠨᠡᠩ ᠪᠣᠳᠠᠲᠠᠢ ᠠᠷᠭ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠵᠢᠨ ᠬᠠᠷᠠᠮᠥ᠋ᠷᠡᠨ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠨᠢ ᠥᠪᠥᠷ ᠮᠣᠩᠭᠣᠯ᠎ᠳᠤ ᠠᠳᠠᠯᠢᠬᠠᠨ ᠵᠶ᠋ᠠᠷ ᠴᠢᠬᠤᠯᠠ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠥᠪᠥᠷ ᠮᠣᠩᠭᠣᠯ ᠵᠡᠭᠦᠨ ᠬᠣᠢ᠌ᠲᠤ ᠣᠷᠣᠨ᠎ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠡᠷᠲᠡᠭᠡᠨ ᠵᠠᠰᠠᠬᠤ ᠣᠷᠣᠨ᠎ᠳᠤ ᠵᠢᠭ᠋ᠠᠭᠰᠠᠨ ᠴᠢᠭᠯᠡᠯ ᠶᠣᠰᠣᠭ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠡᠯ᠎ᠡ ᠵᠦᠢ᠍ᠯ᠎ᠤᠨ ᠠᠵᠢᠯ᠎ᠤᠨ ᠵᠶ᠋ᠠᠨ ᠭᠣᠣᠯ ᠰᠢᠵᠢᠮ ᠪᠣᠯᠭ᠋ᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠢ᠌ᠨ ᠰᠠᠢ᠌ᠲᠤᠷ ᠪᠡᠶᠡᠯᠡᠭᠦᠯᠵᠦ᠂ ᠰᠢᠨ᠎ᠡ ᠵᠠᠮ ᠵᠶ᠋ᠠᠷ ᠬᠦᠴᠦᠯᠡᠨ ᠤᠷᠤᠭᠰᠢᠯᠠᠵᠤ᠂ ᠳᠤᠮᠳᠠ ᠲᠦᠪᠰᠢᠨ᠎ᠳᠤ ᠤᠷᠤᠬᠤ᠎ᠪᠠᠷ ᠤᠷᠤᠭᠰᠢᠯᠠᠵᠤ᠂ ᠭᠠᠵᠠᠷ ᠣᠷᠣᠨ᠎ᠤ ᠠᠵᠤ ᠠᠬᠤᠢ ᠵᠢᠨ ᠴᠢᠨᠠᠷᠯᠢᠭ ᠬᠦᠭᠵᠢᠬᠦᠯᠤᠯᠳᠡ᠎ᠪᠠᠷ ᠪᠦᠬᠦ ᠤᠯᠤᠰ᠎ᠤᠨ ᠬᠦᠭᠵᠢᠬᠦᠯᠤᠯᠳᠡ ᠵᠢᠨ ᠶᠡᠬᠡ ᠲᠠᠯ᠎ᠠ᠎ᠳᠤ ᠨᠡᠩ ᠰᠠᠢ᠌ᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠡᠷᠡᠭᠵᠢᠭᠦᠯᠬᠦ ᠲᠥᠰᠥᠯ ᠪᠣᠯᠭ᠋ᠠᠨ ᠨᠠᠷᠢᠯᠢᠭᠵᠢᠭᠤᠯᠵᠤ᠂ ᠪᠣᠳᠠᠲᠠᠢ ᠶᠠᠪᠤᠳᠠᠯ ᠪᠣᠯᠭ᠋ᠠᠨ ᠬᠤᠪᠢᠷᠠᠭᠤᠯᠵᠤ᠂ ᠯᠠᠪᠳᠠᠭᠤᠨ ᠪᠠᠲᠤᠲᠠᠢ ᠪᠦᠲᠦᠮᠵᠢᠲᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃
ᠬᠤᠷᠠᠯ ᠲᠡᠬᠡᠷ᠎ᠡ ᠰᠢ ᠵᠢᠨ ᠫᠢᠩ ᠶᠡᠷᠦᠩᠬᠡᠢ ᠱᠦᠵᠢ ᠵᠢᠨ ᠪᠦᠬᠦ ᠤᠯᠤᠰ᠎ᠤᠨ ᠰᠢᠯᠢᠳᠡᠭ ᠪᠠᠭᠰᠢ ᠵᠢᠨ ᠲᠦᠯᠤᠬᠡᠯᠡᠭᠴᠢᠳ᠎ᠲᠤ ᠥᠭᠭᠦᠭᠰᠡᠨ ᠵᠠᠬᠢᠳᠠᠯ ᠪᠣᠯᠣᠨ ᠯᠢ ᠴᠢᠶᠠᠩ ᠨᠥᠬᠥᠷ᠎ᠤᠨ ᠴᠣᠬᠣᠯᠠᠪᠤᠷᠢ᠂ ᠪᠦᠬᠦ ᠤᠯᠤᠰ᠎ᠤᠨ ᠰᠢᠯᠢᠳᠡᠭ ᠪᠠᠭᠰᠢ ᠵᠢᠨ ᠲᠥᠯᠥᠭᠡᠯᠡᠭᠴᠢᠳ᠎ᠤᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠰᠠᠨ ᠪᠦᠬᠡᠳ ᠪᠠᠭᠰᠢ ᠵᠢᠨ ᠡᠩᠨᠡᠭᠡᠨ᠎ᠤ ᠪᠠᠢ᠌ᠭᠤᠯᠤᠯᠲᠠ ᠵᠢ ᠰᠠᠭᠤᠷᠢ ᠠᠵᠢᠯ ᠪᠣᠯᠭ᠋ᠠᠨ ᠴᠢᠩᠭ᠎ᠠ ᠠᠳᠬᠤᠬᠤ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠵᠢᠳᠬᠦᠯᠲᠡᠨᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠪᠠᠭᠰᠢ ᠨᠠᠷ᠎ᠤᠨ ᠬᠦᠯᠤᠰᠤ ᠣᠯᠭᠣᠮᠵᠢ ᠵᠢ ᠰᠠᠢ᠌ᠲᠤᠷ ᠪᠠᠲᠤᠯᠠᠨ᠂ ᠪᠠᠭᠰᠢ ᠵᠢ ᠬᠥᠮᠥᠵᠢᠭᠦᠯᠬᠦ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠴᠦ᠂ ᠪᠠᠭᠰᠢ ᠵᠢ ᠬᠦᠨᠳᠦᠳᠬᠡᠨ ᠰᠤᠷᠭ᠋ᠠᠨ ᠬᠥᠮᠦᠵᠢᠯ᠎ᠢ ᠴᠢᠬᠤᠯᠠᠴᠢᠯᠠᠬᠤ ᠭᠦᠨ ᠵᠤᠵᠠᠭ᠋ᠠᠨ ᠨᠡᠢ᠌ᠭᠡᠮ᠎ᠤᠨ ᠠᠭᠤᠷ ᠠᠮᠢᠰᠬᠤᠯ᠎ᠢ ᠬᠦᠴᠦᠯᠡᠨ ᠪᠣᠶ ᠪᠣᠯᠭ᠋ᠠᠵᠤ᠂ ᠪᠠᠭᠰᠢ ᠨᠠᠷ᠎ᠤᠨ ᠢᠷᠠᠭᠤ ᠠᠯᠳᠠᠷ᠎ᠤᠨ ᠰᠡᠳᠬᠢᠯᠭᠡ ᠪᠠ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠂ ᠮᠠᠨ᠎ᠤ ᠣᠷᠣᠨ᠎ᠤ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠡᠭᠭ᠋ᠠᠬᠤ ᠬᠡᠷᠡᠭᠳᠡᠢ ᠭᠡᠵᠤ ᠴᠢᠬᠤᠯᠠᠴᠢᠯᠠᠪᠠ᠃
ᠬᠤᠷᠠᠯ ᠲᠡᠬᠡᠷ᠎ᠡ ᠰᠢ ᠵᠢᠨ ᠫᠢᠩ ᠤ ᠶᠡᠷᠦᠩᠬᠡᠢ ᠱᠦᠵᠢ ᠵᠢᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠪᠠᠶᠠᠷ᠎ᠤᠨ ᠵᠠᠬᠢᠳᠠᠯ᠂ ᠬᠠᠷᠢᠭᠤ ᠵᠠᠬᠢᠳᠠᠯ᠂ ᠪᠠᠶᠠᠷ᠎ᠤᠨ ᠦᠭᠡ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ᠂ ᠠᠭ᠋ᠠᠷ᠎ᠤᠨ ᠠᠶᠠᠯᠠᠯ᠎ᠤᠨ ᠠᠵᠤ ᠦᠢ᠍ᠯᠡᠰ᠎ᠤᠨ ᠬᠦᠭᠵᠢᠬᠦᠯᠤᠯᠳᠡ ᠵᠢ ᠲᠦᠷᠭᠡᠳᠬᠡᠬᠦ᠂ ᠭᠠᠳᠠᠭ᠋ᠠᠳᠤ ᠦᠢ᠍ᠯᠡᠴᠢᠯᠡᠭᠡᠨ᠎ᠤ ᠠᠷᠠᠯᠵᠢᠶ᠎ᠠ ᠵᠢ ᠥᠷᠭᠡᠳᠬᠡᠬᠦ᠂ ᠲᠣᠭ᠋ᠠᠴᠢᠯᠠᠭᠰᠠᠨ ᠠᠵᠤ ᠠᠬᠤᠢ ᠵᠢᠨ ᠬᠦᠭᠵᠢᠬᠦᠯᠤᠯᠳᠡ ᠵᠢ ᠠᠬᠢᠭᠤᠯᠬᠤ᠂ ᠬᠠᠤᠯᠢᠵᠢᠯ᠎ᠤᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠭᠠᠳᠠᠭ᠋ᠠᠳᠤ᠎ᠯᠤᠭ᠎ᠠ ᠵᠢᠨ ᠬᠠᠮᠲᠤᠷᠠᠯᠴᠠᠭ᠎ᠠ ᠰᠣᠯᠢᠯᠴᠠᠭ᠎ᠠ ᠵᠢ ᠭᠦᠨᠵᠡᠭᠡᠢ᠌ᠷᠡᠭᠦᠯᠬᠦ ᠵᠡᠷᠭᠡ ᠠᠵᠢᠯ᠎ᠳᠤ ᠱᠠᠭ᠋ᠠᠷᠳᠠᠯᠭ᠎ᠠ ᠳᠤᠷᠠᠳᠴᠠᠢ᠃
ᠬᠤᠷᠠᠯ ᠲᠡᠬᠡᠷ᠎ᠡ ᠲᠥᠪ᠎ᠤᠨ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠨᠢᠭᠡᠳᠦᠭᠡᠷ ᠪᠦᠯᠦᠭ᠎ᠤᠨ ᠳ᠋ᠦᠩᠨᠡᠯᠲᠡ ᠪᠠ ᠬᠣᠶᠠᠳᠤᠭ᠋ᠠᠷ ᠪᠦᠯᠦᠭ᠎ᠤᠨ ᠪᠠᠢ᠌ᠷᠢᠯᠠᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠨᠢᠭᠡᠳᠦᠭᠡᠷ ᠪᠦᠯᠦᠭ᠎ᠤᠨ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠲᠥᠰᠥᠯ ᠪᠣᠯᠣᠨ ᠬᠣᠶᠠᠳᠤᠭ᠋ᠠᠷ ᠪᠦᠯᠦᠭ᠎ᠤᠨ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠰᠠᠨᠠᠯ᠎ᠢ ᠬᠢᠨᠠᠨ ᠵᠦᠪᠯᠡᠬᠡᠳ᠂ ᠬᠣᠶᠠᠷ ᠪᠦᠯᠦᠭ ᠭᠣᠣᠯ ᠰᠡᠳᠦᠪᠲᠦ ᠬᠥᠮᠦᠵᠢᠯ᠎ᠢ ᠰᠠᠢ᠌ᠲᠤᠷ ᠵᠣᠯᠭ᠋ᠠᠭᠤᠯᠤᠨ ᠬᠣᠯᠪᠣᠯᠳᠤᠭᠤᠯᠵᠤ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠭᠣᠣᠯᠳᠠᠯᠭ᠎ᠠ᠎ᠲᠠᠢ ᠠᠷᠭ᠎ᠠ ᠵᠢ ᠨᠠᠷᠢᠯᠢᠭᠵᠢᠭᠤᠯᠵᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠰᠡᠷᠭᠡᠢ᠌ᠯᠡᠵᠦ᠂ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠡᠬᠦᠷᠬᠡ ᠬᠠᠷᠢᠭᠤᠴᠠᠯᠭ᠋ᠠᠲᠤ ᠰᠡᠳᠬᠢᠯᠭᠡ᠎ᠪᠠᠷ ᠭᠣᠣᠯ ᠰᠡᠳᠦᠪᠲᠦ ᠬᠥᠮᠦᠵᠢᠯ᠎ᠤᠨ ᠡᠯ᠎ᠡ ᠡᠭᠦᠷᠭᠡ ᠵᠢ ᠨᠠᠢ᠌ᠳᠠᠪᠤᠷᠢᠵᠢᠭᠤᠯᠤᠨ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠲᠡᠬᠡᠷ᠎ᠡ ᠣᠷᠳᠣᠰ ᠬᠤᠳᠠ ᠵᠢᠨ ᠬᠠᠩᠭᠢᠨ ᠬᠣᠰᠢᠭᠤᠨ᠎ᠤ ᠢ ᠳ᠋ᠢᠩ ᠠᠮᠢ ᠠᠬᠤᠢ ᠵᠢᠨ ᠲᠠᠷᠢᠶᠠᠯᠠᠩ᠎ᠤᠨ ᠨᠡᠭᠡᠭᠡᠨ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠭᠳᠡᠭᠰᠡᠨ ᠡᠨᠳᠡᠯ᠎ᠢ ᠠᠪᠤᠷᠠᠨ ᠲᠤᠰᠠᠯᠠᠵᠤ ᠰᠢᠢ᠍ᠳᠪᠦᠷᠢᠯᠡᠭᠰᠡᠨ ᠪᠠᠢ᠌ᠳᠠᠯ᠎ᠤᠨ ᠮᠡᠳᠡᠭᠦᠯᠦᠯᠲᠡ ᠵᠢ ᠰᠣᠨᠣᠰᠴᠤ᠂ ᠰᠢᠷᠬᠠᠲᠤᠭᠰᠠᠳ᠎ᠢ ᠴᠢᠳᠠᠯ ᠵᠶ᠋ᠡᠷ ᠵᠶ᠋ᠡᠨ ᠠᠪᠤᠷᠠᠨ ᠡᠮᠨᠡᠵᠦ᠂ ᠬᠣᠢ᠌ᠲᠤ᠎ᠬᠢ ᠶᠠᠪᠤᠳᠠᠯ᠎ᠢ ᠰᠢᠢ᠍ᠳᠪᠦᠷᠢᠯᠡᠬᠦ ᠠᠵᠢᠯ᠎ᠢ ᠬᠦᠯᠢᠴᠡᠩᠭᠦᠢ ᠨᠠᠷᠢᠨ ᠨᠢᠮᠪᠠᠢ ᠰᠠᠢ᠌ᠲᠤᠷ ᠬᠢᠵᠦ᠂ ᠡᠨᠳᠡᠯ᠎ᠤᠨ ᠰᠢᠯᠲᠠᠭ᠋ᠠᠨ᠎ᠢ ᠦᠳᠲᠡᠷ ᠪᠠᠢ᠌ᠴᠠᠭ᠋ᠠᠨ ᠲᠣᠳᠣᠯᠠᠵᠤ᠂ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠨᠳᠡᠯ᠎ᠤᠨ ᠰᠤᠷᠭ᠋ᠠᠮᠵᠢ ᠵᠢ ᠭᠦᠨᠵᠡᠭᠡᠢ ᠬᠦᠯᠢᠶᠡᠨ ᠠᠪᠴᠤ᠂ ᠬᠣᠷᠢᠭ᠎ᠠ ᠱᠤᠭᠤᠮ᠎ᠤᠨ ᠰᠡᠳᠬᠢᠬᠦᠢ᠎ᠪᠠᠨ ᠴᠢᠩᠭ᠋ᠠᠳᠬᠠᠵᠤ᠂ ᠴᠠᠭ ᠢᠮᠠᠭᠲᠠ ᠰᠡᠷᠡᠮᠵᠢ᠎ᠲᠠᠢ ᠪᠠᠢ᠌ᠬᠤ ᠬᠠᠷᠢᠭᠤᠴᠠᠯᠭ᠋ᠠᠲᠤ ᠰᠡᠳᠬᠢᠯᠭᠡ ᠵᠢ ᠦᠨᠡᠨ ᠬᠦ᠌ ᠪᠠᠳᠠᠷᠠᠭᠤᠯᠵᠤ᠂ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠢ ᠨᠢᠭᠡ ᠮᠥᠴᠡ ᠴᠦ᠍ ᠰᠤᠯᠠᠷᠠᠭᠤᠯᠤᠯ ᠦᠭᠡᠢ᠎ᠪᠠᠷ ᠰᠠᠢ᠌ᠲᠤᠷ ᠠᠳᠬᠤᠬᠤ ᠬᠡᠷᠡᠭᠲᠡᠢ᠃ ᠬᠦᠭᠵᠢᠬᠦᠯᠤᠯᠳᠡ ᠪᠣᠯᠣᠨ ᠠᠮᠤᠷ ᠲᠦᠪᠰᠢᠨ᠎ᠤ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠠᠶᠤᠯ ᠦᠬᠡᠢ ᠦᠢ᠍ᠯᠡᠳᠪᠦᠷᠢᠯᠡᠯ᠎ᠤᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠦᠷᠭᠡᠨ ᠲᠡᠭᠦᠯᠳᠡᠷᠵᠢᠭᠦᠯᠵᠦ᠂ ᠠᠶᠤᠯ ᠦᠬᠡᠢ ᠦᠢ᠍ᠯᠡᠳᠪᠦᠷᠢᠯᠡᠯ᠎ᠤᠨ ᠮᠡᠳᠡᠯᠭᠡ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠬᠡᠮ ᠰᠣᠭᠣᠭ᠎ᠢ ᠦᠨᠳᠦᠰᠦᠨ᠎ᠠᠴᠠ᠎ᠨᠢ ᠠᠷᠢᠯᠭ᠋ᠠᠬᠤ᠎ᠪᠠᠷ ᠬᠦᠴᠦᠯᠡᠵᠦ᠂ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠲᠡᠬᠡᠷ᠎ᠡ ᠪᠠᠰᠠ ᠪᠤᠰᠤᠳ ᠵᠦᠢ᠍ᠯ᠎ᠢ ᠰᠤᠳᠤᠯᠵᠠᠢ᠃