ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠮᠤᠵᠢ ᠶᠠᠮᠤᠨ᠎ᠤ ᠳᠡᠰ᠎ᠤᠨ ᠭᠣᠣᠯ ᠤᠳᠤᠷᠢᠳᠬᠤ ᠺᠠᠳ᠋ᠷ᠎ᠤᠨ ᠮᠥᠩᠭᠥᠨ ᠭᠦᠢ᠍ᠯᠭᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠳᠤ ᠲᠠᠯᠪᠢᠭᠰᠠᠨ ᠴᠢᠬᠤᠯᠠ ᠶᠠᠷᠢᠶ᠎ᠠ ᠪᠣᠯᠣᠨ ᠤᠷᠴᠢᠮ᠎ᠤᠨ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄ 2024-01-23

ᠰᠦᠨ ᠱᠤᠤ ᠴᠧᠩ ᠬᠤᠷᠠᠯ ᠡᠷᠬᠢᠯᠡᠪᠡ

     

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ1 ᠳ᠋ᠤᠬᠡᠷ ᠰᠠᠷ᠎ᠠ ᠵᠢᠨ 22᠎ᠤᠨ ᠡᠳᠦᠷ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠮᠤᠵᠢ ᠶᠠᠮᠤᠨ᠎ᠤ ᠲᠠᠰ᠎ᠤᠨ ᠭᠣᠣᠯ ᠤᠳᠤᠷᠢᠳᠬᠤ ᠺᠠᠳ᠋ᠷᠴᠤᠳ᠎ᠤᠨ ᠮᠥᠩᠭᠥᠨ ᠭᠦᠢ᠍ᠯᠭᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠳᠤ ᠲᠠᠯᠪᠢᠭᠰᠠᠨ ᠴᠢᠬᠤᠯᠠ ᠶᠠᠷᠢᠶ᠎ᠠ ᠪᠠ ᠤᠷᠴᠢᠮ ᠵᠢᠨ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ᠂ ᠪᠠᠰᠨ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》᠎ᠤᠨ ᠪᠡᠯᠡᠳᠬᠡᠯ ᠠᠵᠢᠯ᠎ᠤᠨ ᠪᠠᠢ᠌ᠳᠠᠯ᠎ᠤᠨ ᠮᠡᠳᠡᠭᠦᠯᠦᠯᠲᠡ ᠵᠢ ᠰᠣᠨᠣᠰᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠪᠡ᠃
    ᠬᠤᠷᠠᠯ ᠲᠡᠬᠡᠷ᠎ᠡ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ᠎ᠨᠢ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠪᠠᠢ᠌ᠯᠳᠤᠬᠤ ᠪᠣᠳᠣᠯᠭ᠎ᠠ ᠵᠢᠨ ᠥᠨᠳᠥᠷᠴᠡ᠎ᠠᠴᠠ ᠮᠠᠨ᠎ᠤ ᠤᠯᠤᠰ᠎ᠤᠨ ᠮᠥᠩᠭᠥᠨ ᠭᠦᠢ᠍ᠯᠭᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢ᠍ᠯᠡᠳᠦᠯᠭᠡ ᠵᠢᠨ ᠠᠰᠠᠭᠤᠳᠠᠯ᠎ᠢ ᠭᠦᠨᠵᠡᠭᠡᠢ ᠲᠣᠳᠣᠷᠬᠠᠢ᠌ᠯᠠᠨ ᠥᠭᠦᠯᠡᠵᠡᠢ᠂ ᠪᠢᠳᠡ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ   ᠨᠢᠭᠡᠳᠬᠡᠬᠦ ᠬᠡᠷᠡᠭᠲᠡᠢ᠃ 《ᠬᠣᠶᠠᠷ᠎ᠢ  ᠲᠤᠬᠳᠠᠭ᠋ᠠᠬᠰᠠᠨ》᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠥᠨ ᠭᠦᠢ᠍ᠯᠭᠡᠭᠡᠨ᠎ᠤ ᠬᠥᠭᠵᠢᠯᠲᠡ ᠵᠢᠨ ᠵᠠᠮ ᠵᠶ᠋ᠠᠷ ᠰᠠᠢ᠌ᠲᠤᠷ ᠵᠠᠮᠨᠠᠬᠤ ᠵᠢᠨ ᠰᠢᠢ᠍ᠳᠪᠦᠷᠢᠯᠡᠭᠴᠢ ᠴᠢᠨᠠᠷᠲᠠᠢ ᠪᠠᠲᠤᠯᠠᠭ᠎ᠠ ᠪᠣᠯᠬᠤ ᠵᠢ ᠭᠦᠨᠵᠡᠭᠡᠢ ᠲᠠᠨᠢᠵᠤ᠂ ᠨᠠᠮ᠎ᠤᠨ ᠲᠥᠪ ᠬᠣᠷᠢᠶᠠᠨ᠎ᠤ ᠮᠥᠩᠭᠥᠨ ᠭᠦᠢ᠍ᠯᠭᠡᠭᠡᠨ᠎ᠤ ᠠᠵᠢᠯ᠎ᠳᠤ᠎ᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠵᠢᠨ ᠮᠥᠩᠭᠥᠨ ᠭᠦᠢ᠍ᠯᠭᠡᠭᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠦᠨᠡᠨᠴᠢ᠎ᠪᠠᠷ ᠬᠡᠷᠡᠭᠯᠡᠵᠦ᠂ 《ᠨᠠᠢ᠍ᠮᠠ ᠵᠢ ᠪᠠᠷᠢᠮᠲᠠᠯᠠᠬᠤ》 ᠵᠢᠨ ᠠᠮᠢᠨ ᠰᠦᠨᠡᠰᠦ ᠪᠠ ᠴᠢᠬᠤᠯᠠ ᠠᠭᠤᠯᠭ᠎ᠠ ᠵᠢ ᠭᠦᠨᠵᠡᠭᠡᠢ ᠣᠢ᠌ᠯᠠᠭ᠋ᠠᠨ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠨᠡᠩ ᠡᠷᠡᠰ ᠪᠠᠲᠤ ᠤᠬᠠᠮᠰᠠᠷ᠎ᠠᠴᠠ᠎ᠪᠠᠨ ᠰᠠᠢ᠌ᠲᠤᠷ ᠠᠳᠬᠤᠬᠤ ᠬᠡᠷᠡᠭᠲᠡᠢ᠃ 《ᠲᠠᠪᠤᠨ ᠶᠡᠬᠡ ᠡᠭᠦᠷᠭᠡ》᠎ᠳᠤ ᠠᠩᠬᠠᠷᠤᠯ ᠵᠶ᠋ᠠᠨ ᠲᠥᠪᠯᠡᠷᠡᠭᠦᠯᠦᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠴᠢᠩᠭ᠋ᠠᠳᠬᠠᠨ ᠰᠠᠢ᠌ᠵᠢᠷᠠᠭᠤᠯᠵᠤ᠂ 《ᠵᠢᠷᠭᠤᠭ᠋ᠠᠨ ᠢᠨᠵᠧᠨᠧᠷᠢᠩ》 ᠎ᠤᠨ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠳᠬᠠᠵᠤ᠂ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ᠂ ᠦᠷ᠎ᠡ ᠠᠰᠢᠭ᠎ᠢ ᠳᠡᠭᠡᠭᠰᠢᠯᠡᠭᠦᠯᠬᠦ᠂ ᠪᠦᠲᠦᠴᠡ ᠵᠢ ᠲᠣᠬᠢᠷᠠᠭᠤᠯᠬᠤ᠂ ᠲᠠᠪᠴᠠᠩ᠎ᠢ ᠴᠢᠩᠭ᠋ᠠᠳᠬᠠᠬᠤ᠂ ᠲᠣᠭᠲᠠᠴᠠ ᠵᠢ ᠥᠭᠡᠷᠡᠴᠢᠯᠡᠬᠦ ᠳᠡᠭᠡᠷ᠎ᠡ ᠬᠦᠴᠦ ᠲᠠᠯᠪᠢᠵᠤ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠠᠰᠢᠭ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠪᠠ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠲᠣᠭᠲᠠᠴᠠ ᠵᠢᠨ ᠬᠦᠴᠦᠨ᠎ᠢ ᠨᠡᠩ ᠰᠠᠢ᠌ᠲᠤᠷ ᠬᠡᠷᠡᠭᠯᠡᠨ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠬᠡᠷᠡᠭᠲᠡᠢ᠃ ᠠᠶᠤᠯ ᠲᠦᠭᠰᠢᠭᠦᠷᠢ ᠶᠡᠬᠡᠲᠡᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠲᠠᠷᠤᠢ᠌ᠬᠠᠨ ᠰᠢᠢ᠍ᠳᠪᠦᠷᠢᠯᠡᠵᠦ᠂ ᠡᠯ᠎ᠡ ᠲᠥᠷᠥᠯ᠎ᠤᠨ ᠠᠶᠤᠯ ᠲᠦᠭᠰᠢᠭᠦᠷᠢ ᠵᠢᠨ ᠳᠠᠯᠳᠠ ᠬᠡᠮ᠎ᠢ ᠢᠯᠭ᠋ᠠᠷᠠᠭᠤᠯᠤᠨ ᠭᠠᠷᠭ᠋ᠠᠬᠤ ᠠᠵᠢᠯ᠎ᠢ ᠠᠬᠢᠭᠤᠯᠬᠤ ᠬᠡᠷᠡᠭᠲᠡᠢ᠃ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠰᠠᠢ᠌ᠲᠤᠷ ᠬᠡᠷᠡᠭᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠥᠨ ᠭᠦᠢ᠍ᠯᠭᠡᠭᠡᠨ᠎ᠤ ᠰᠣᠶᠣᠯ᠎ᠢ  ᠶᠡᠬᠡ᠎ᠪᠠᠷ ᠪᠣᠢ᠌ᠵᠢᠭᠤᠯᠤᠨ ᠦᠢ᠍ᠯᠡᠳᠦᠯᠭᠡᠵᠢᠭᠦᠯᠬᠦ ᠬᠡᠷᠡᠭᠲᠡᠢ ᠬᠡᠵᠡᠢ᠃
    ᠬᠤᠷᠠᠯ᠎ᠠᠴᠠ ᠴᠢᠬᠤᠯᠠᠴᠢᠯᠠᠭᠰᠠᠨ᠎ᠨᠢ᠂ ᠰᠢ ᠵᠢᠨ ᠫᠢᠩ ᠶᠡᠷᠦᠩᠬᠡᠢ ᠱᠦᠵᠢ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠤᠯᠤᠰ ᠲᠥᠷᠥ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ ᠤᠯᠤᠰ ᠲᠥᠷᠥ ᠬᠠᠤᠯᠢ ᠴᠠᠭ᠋ᠠᠵᠠ ᠵᠢᠨ ᠪᠠᠢ᠌ᠭᠤᠯᠤᠯᠭ᠎ᠠ ᠪᠠ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠤᠯᠤᠰ᠎ᠤᠨ ᠠᠮᠤᠷ ᠲᠦᠪᠰᠢᠨ᠎ᠢ ᠡᠷᠡᠰ ᠬᠠᠮᠠᠭ᠋ᠠᠯᠠᠵᠤ᠂ ᠵᠠᠬᠢᠳᠠᠯ ᠰᠣᠷᠪᠤᠯᠵᠢᠯᠠᠭ᠎ᠠ ᠵᠢᠨ ᠣᠷᠣᠯᠠᠨ ᠭᠦᠢ᠍ᠴᠡᠳᠬᠡᠬᠦ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠨ ᠰᠠᠢ᠌ᠵᠢᠷᠠᠭᠤᠯᠵᠤ᠂ ᠬᠠᠤᠯᠢ᠎ᠪᠠᠷ ᠵᠠᠰᠠᠬᠤ ᠥᠪᠥᠷ ᠮᠣᠩᠭᠣᠯ᠎ᠤᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠤᠨ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠲᠠᠰᠤᠷᠠᠯᠲᠠ ᠦᠭᠡᠢ ᠪᠡᠬᠢᠵᠢᠭᠦᠯᠵᠦ᠂ ᠤᠯᠤᠰ ᠲᠥᠷᠥ ᠬᠠᠤᠯᠢ ᠴᠠᠭ᠋ᠠᠵᠠ ᠵᠢᠨ ᠠᠵᠢᠯ᠎ᠤᠨ ᠣᠳᠣᠬᠢᠴᠢᠯᠠᠯᠲᠠ᠎ᠪᠠᠷ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠲᠤᠯᠭ᠋ᠠᠭᠤᠷᠢᠯᠠᠨ ᠦᠢ᠍ᠯᠡᠴᠢᠯᠡᠬᠦ ᠬᠡᠷᠡᠭᠳᠡᠢ᠃
    ᠬᠤᠷᠠᠯ᠎ᠠᠴᠠ ᠴᠢᠬᠤᠯᠠᠴᠢᠯᠠᠭᠰᠠᠨ᠎ᠨᠢ᠂ ᠰᠢ ᠵᠢᠨ ᠫᠢᠩ ᠶᠡᠷᠦᠩᠬᠡᠢ ᠱᠦᠵᠢ ᠵᠢᠨ ᠤᠷᠴᠢᠮ᠎ᠤᠨ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠴᠠᠭ ᠢᠮᠠᠭᠲᠠ ᠰᠡᠳᠬᠢᠯ  ᠲᠠᠯᠪᠢᠵᠤ᠂ ᠡᠯ᠎ᠡ ᠲᠠᠯ᠎ᠠ ᠵᠢᠨ᠎ᠬᠢᠨ᠎ᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠠᠶᠤᠯ ᠲᠦᠭᠰᠢᠭᠦᠷᠢ ᠵᠢᠨ ᠭᠡᠮ ᠰᠣᠭᠣᠭ᠎ᠢ ᠴᠢᠩᠭ᠎ᠠ ᠠᠩᠬᠠᠷᠴᠤ᠂ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ᠎ᠢ ᠴᠢᠩᠭ᠋ᠠᠳᠬᠠᠵᠤ᠂ ᠬᠠᠬᠢᠷ ᠬᠦᠢ᠍ᠳᠡᠨ᠂ ᠮᠥᠰᠥᠲᠦᠯ᠎ᠤᠨ ᠭᠠᠮᠰᠢᠭ᠎ᠢ ᠰᠡᠷᠭᠡᠢ᠌ᠯᠡᠨ ᠠᠷᠭ᠋ᠠᠴᠠᠭ᠋ᠠᠬᠤ ᠠᠵᠢᠯ᠎ᠢ ᠰᠠᠢ᠌ᠲᠤᠷ ᠬᠢᠵᠦ᠂ ᠡᠯ᠎ᠡ ᠬᠦᠷᠢᠶ᠎ᠡ ᠴᠠᠷᠠᠭ᠎ᠠ ᠡᠯ᠎ᠡ ᠠᠵᠢᠯ ᠲᠦᠷᠦᠯ᠎ᠤᠨ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠢ ᠴᠢᠩᠭ᠎ᠠ ᠨᠠᠷᠢᠨ ᠪᠣᠳᠠᠲᠠᠢ ᠰᠠᠢ᠌ᠲᠤᠷ ᠠᠳᠬᠤᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠳᠤᠯᠠᠬᠤ ᠬᠡᠷᠡᠭᠳᠡᠢ᠃
     ᠬᠤᠷᠠᠯ ᠲᠡᠬᠡᠷ᠎ᠡ ᠰᠢ ᠵᠢᠨ ᠫᠢᠩ ᠶᠡᠷᠦᠩᠬᠡᠢ ᠱᠦᠵᠢ ᠵᠢᠨ 《ᠤᠯᠤᠰ᠎ᠤᠨ ᠢᠨᠵᠧᠨᠧᠷ᠎ᠤᠨ ᠱᠠᠩᠨᠠᠯ》 ᠎ᠢ ᠠᠩᠬ᠎ᠠ ᠤᠳᠠᠭ᠎ᠠ ᠰᠢᠯᠭ᠋ᠠᠷᠠᠭᠤᠯᠵᠤ ᠬᠥᠬᠢᠭᠦᠯᠦᠨ ᠰᠠᠢ᠌ᠰᠢᠶᠠᠬᠤ ᠲᠠᠰᠢᠷᠠᠮ᠎ᠳᠤ ᠭᠠᠷᠭ᠋ᠠᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠴᠢᠳᠠᠪᠤᠷᠢᠲᠠᠨ᠎ᠳᠤ ᠶᠣᠰᠣᠷᠬᠠᠭ ᠬᠠᠨᠳᠤᠬᠤ ᠳᠦᠷᠢᠮ ᠲᠣᠭᠲᠠᠴᠠ ᠵᠢ ᠲᠡᠬᠦᠯᠳᠡᠷᠵᠢᠬᠦᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠰᠢᠪᠳᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠲᠠᠢ ᠤᠶᠠᠯᠳᠤᠭᠤᠯᠵᠤ᠂ ᠳᠡᠭᠡᠳᠦ ᠲᠡᠰ᠎ᠤᠨ ᠴᠢᠳᠠᠪᠤᠷᠢᠲᠠᠨ ᠪᠣᠯᠣᠨ ᠥᠨᠳᠥᠷ ᠬᠡᠪ ᠪᠣᠯᠪᠠᠰᠤᠷᠠᠯ᠎ᠲᠠᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠠᠨᠳᠤᠯᠭ᠋ᠠᠲᠤ ᠴᠢᠨᠠᠷᠲᠠᠢ᠎ᠪᠠᠷ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠬᠤ ᠵᠢᠨ ᠬᠠᠮᠳᠤ ᠰᠢ ᠵᠢᠨ ᠫᠢᠩ ᠶᠡᠷᠦᠩᠬᠡᠢ ᠱᠦᠵᠢ ᠵᠢᠨ ᠠᠮᠧᠷᠢᠺᠠ ᠵᠢᠨ ᠠᠢ᠍ᠢ᠍ᠶᠤᠸᠠ ᠵᠧᠦ ᠵᠢᠨ ᠨᠠᠢ᠌ᠵᠢ ᠰᠠᠯᠠ · ᠯᠠᠨᠳᠢ᠎ᠳᠤ ᠢᠯᠡᠭᠡᠭᠰᠡᠨ ᠬᠠᠷᠢᠭᠤ ᠵᠠᠬᠢᠳᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠭᠰᠠᠨ ᠪᠥᠭᠡᠳ ᠭᠠᠳᠠᠭ᠋ᠠᠳᠤ ᠶᠠᠪᠤᠳᠠᠯ᠎ᠤᠨ ᠠᠵᠢᠯ᠎ᠢ ᠰᠠᠢ᠌ᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠴᠠᠢ᠃
   ᠬᠤᠷᠠᠯ ᠲᠡᠬᠡᠷ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ ᠪᠣᠯᠣᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠬᠤᠷᠠᠯ᠎ᠤᠨ ᠪᠡᠯᠡᠳᠬᠡᠯ ᠠᠵᠢᠯ᠎ᠤᠨ ᠪᠠᠢ᠌ᠳᠠᠯ᠎ᠤᠨ ᠮᠡᠳᠡᠭᠦᠯᠦᠯᠲᠡ ᠵᠢ ᠰᠣᠨᠣᠰᠴᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠠᠷ ᠪᠠᠢ᠌ᠭ᠎ᠠ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠰᠤᠳᠤᠯᠬᠤ ᠵᠢᠨ ᠬᠠᠮᠲᠤ 《ᠬᠣᠶᠠᠷ ᠬᠤᠷᠠᠯ》᠎ᠢ ᠰᠠᠢ᠌ᠲᠤᠷ ᠬᠤᠷᠠᠯᠳᠤᠭᠤᠯᠬᠤ ᠲᠤᠬᠠᠢ ᠱᠠᠭ᠋ᠠᠷᠳᠠᠯᠭ᠎ᠠ ᠳᠤᠷᠠᠳᠪᠠ᠃
     ᠬᠤᠷᠠᠯ ᠲᠡᠬᠡᠷ᠎ᠡ ᠪᠠᠰᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠤᠯᠤᠰ ᠲᠥᠷᠥ ᠵᠢᠨ ᠵᠥᠪᠯᠡᠯᠭᠡᠨ᠎ᠤ ᠵᠥᠪᠯᠡᠬᠦ ᠲᠥᠯᠥᠪᠯᠡᠭᠡ ᠵᠢ ᠬᠡᠷᠡᠭᠵᠢᠭᠦᠯᠦᠭᠰᠡᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ 2024 ᠣᠨ᠎ᠤ ᠤᠯᠤᠰ ᠲᠥᠷᠥ ᠵᠢᠨ ᠵᠥᠪᠯᠡᠯᠭᠡᠨ᠎ᠤ ᠵᠥᠪᠯᠡᠬᠦ ᠲᠥᠯᠥᠪᠯᠡᠭᠡ ᠵᠢ ᠰᠤᠳᠤᠯᠤᠬᠰᠠᠨ᠎ᠤ ᠬᠠᠮᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ ᠬᠠᠤᠯᠢ ᠲᠣᠭᠲᠠᠭ᠋ᠠᠬᠤ ᠲᠥᠯᠥᠪᠯᠡᠭᠡ》 ᠵᠢ ᠬᠢᠨᠠᠨ ᠵᠥᠪᠯᠡᠵᠦ᠂ ᠪᠥᠬᠥ ᠣᠷᠣᠨ᠎ᠤ ᠭᠣᠣᠯ ᠨᠠᠭᠤᠷ᠎ᠤᠨ ᠳᠠᠷᠤᠭ᠎ᠠ ᠵᠢᠨ ᠳᠦᠷᠢᠮ᠎ᠤᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃
     ᠬᠤᠷᠠᠯ ᠲᠡᠬᠡᠷ᠎ᠡ ᠪᠠᠰᠠ ᠪᠤᠰᠤᠳ ᠵᠦᠢ᠍ᠯ᠎ᠢ ᠰᠤᠳᠤᠯᠤᠬᠰᠠᠨ ᠪᠠᠢ᠌ᠨ᠎ᠠ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠵᠠᠬᠢᠳᠠᠯ ᠰᠣᠷᠪᠤᠯᠵᠢᠯᠠᠭ᠎ᠠ ᠵᠢ ᠣᠷᠣᠯᠠᠨ ᠭᠦᠢ᠍ᠴᠡᠳᠬᠡᠬᠦ ᠠᠵᠢᠯ᠎ᠢ ᠵᠢᠩᠬᠢᠨᠢ᠎ᠪᠠᠷ ᠡᠬᠢᠯᠡᠪᠡ ᠵᠠᠩ ᠶᠠᠨ ᠺᠦᠨ ᠡᠬᠢᠯᠡᠯᠲᠡ ᠵᠢᠨ ᠶᠣᠰᠣᠯᠠᠯ᠎ᠳᠤ ᠤᠷᠤᠯᠴᠠᠨ ᠶᠠᠷᠢᠶ᠎ᠠ ᠲᠠᠯᠪᠢᠵᠠᠢ
 
            