ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠡᠯ᠎ᠡ ᠠᠢ᠌ᠮᠠᠭ ᠬᠤᠳᠠ ᠵᠢᠨ ᠨᠠᠮ᠎ᠤᠨ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠠᠮ (ᠠᠵᠤ ᠠᠬᠤᠢ᠌ᠯᠠᠯ)᠎ᠤᠨ ᠬᠣᠷᠢᠶ᠎ᠠ ᠵᠢᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠠᠳᠬᠤᠭᠰᠠᠨ ᠠᠵᠢᠯ᠎ᠤᠨ ᠮᠡᠳᠡᠭᠦᠯᠦᠯᠲᠡ ᠵᠢ ᠰᠣᠨᠣᠰᠪᠠ
ᠨᠡᠶᠢᠲᠡᠯᠡᠭᠰᠡᠨ ᠴᠠᠭ᠄ 2024-01-04

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ 1 ᠳ᠋ᠣᠬᠡᠷ ᠰᠠᠷ᠎ᠠ ᠵᠢᠨ 3᠎ᠤ ᠡᠳᠦᠷ  ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠠᠮ (ᠠᠵᠤ ᠠᠬᠤᠢ᠌ᠯᠠᠯ)᠎ᠤᠨ ᠬᠣᠷᠢᠶ᠎ᠠ ᠵᠢᠨ ᠱᠦᠵᠢ ᠵᠢᠨ 2023 ᠣᠨ᠎ᠤ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢ ᠠᠳᠬᠤᠭᠰᠠᠨ ᠠᠵᠢᠯ᠎ᠤᠨ ᠠᠵᠢᠯ᠎ᠤᠨ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠲᠤᠬᠠᠢ ᠵᠢᠨ ᠲᠠᠯᠠᠪᠤᠷ᠎ᠲᠤ ᠰᠢᠯᠭ᠋ᠠᠨ ᠦᠨᠡᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠬᠦ ᠵᠢᠨ ᠬᠠᠮᠲᠤ ᠶᠠᠷᠢᠶ᠎ᠠ ᠲᠠᠯᠪᠢᠵᠠᠢ᠃ ᠲᠥᠪ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ ᠬᠣᠯᠪᠣᠭᠳᠠᠯ ᠪᠦᠬᠦᠢ ᠨᠥᠬᠥᠳ ᠬᠤᠷᠠᠯ᠎ᠳᠤ ᠣᠷᠣᠯᠴᠠᠨ ᠵᠢᠭ᠋ᠠᠨ ᠵᠢᠯᠣᠭᠣᠳᠪᠠ ᠃
   ᠬᠤᠷᠠᠯ ᠳᠡᠭᠡᠷ᠎ᠡ ᠰᠦᠨ ᠱᠤᠤ ᠴᠧᠩ ᠤᠯᠠᠨ᠎ᠤ ᠲᠤᠰᠢᠶᠠᠯ᠎ᠤᠨ ᠮᠡᠳᠡᠭᠦᠯᠦᠯᠲᠡ ᠵᠢ ᠨᠢᠭᠡᠳ ᠨᠢᠭᠡ᠎ᠪᠠᠷ ᠦᠨᠡᠯᠡᠵᠦ᠂ ᠠᠮᠵᠢᠯᠲᠠ ᠵᠢ᠎ᠨᠢ ᠨᠤᠳᠠᠯᠠᠬᠰᠠᠨ᠎ᠤ ᠬᠠᠮᠳᠤ ᠠᠰᠠᠭᠤᠳᠠᠯ᠎ᠢ ᠵᠢᠭ᠋ᠠᠨ ᠭᠠᠷᠭ᠋ᠠᠵᠤ᠂ ᠱᠠᠭ᠋ᠠᠷᠳᠠᠯᠭ᠎ᠠ ᠳᠤᠷᠠᠳᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠱᠦᠵᠢ᠂ ᠬᠢᠨᠠᠨ ᠪᠠᠢ᠌ᠴᠠᠭ᠋ᠠᠬᠤ ᠵᠥᠪᠯᠡᠯ᠎ᠤᠨ ᠡᠷᠬᠢᠯᠡᠭᠴᠢ ᠯᠢᠦ ᠱᠤᠸᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠯᠢ ᠢᠦᠢ ᠭᠠᠩ ᠶᠡᠷᠦᠩᠬᠡᠢ᠌ᠯᠡᠭᠰᠡᠨ ᠦᠨᠡᠯᠡᠯᠲᠡ ᠬᠢᠪᠡ᠃
    ᠰᠦᠨ ᠱᠤᠤ ᠴᠸᠡᠭ᠄ 《ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ ᠎ᠤᠨ ᠣᠯᠣᠭᠰᠠᠨ ᠬᠠᠮᠤᠭ ᠎ᠤᠨ ᠶᠡᠬᠡ ᠦᠷ᠎ᠡ ᠪᠦᠲᠦᠭᠡᠯ ᠪᠣᠯᠣᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠨᠠᠮ᠎ᠤᠨ ᠪᠠᠢ᠌ᠭᠤᠯᠤᠯᠲᠠ ᠵᠢᠨ᠎ᠬᠢᠨ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠎ᠤᠨ ᠣᠨᠴᠠᠯᠢᠭ᠎ᠲᠠᠢ ᠨᠡᠢ᠌ᠭᠡᠮ ᠵᠢᠷᠤᠮ ᠎ᠤᠨ ᠦᠵᠡᠯ ᠰᠠᠨᠠᠭ᠎ᠠ ᠬᠡᠬᠦ 《ᠨᠠᠮ᠎ᠤᠨ ᠪᠠᠢ᠌ᠭᠤᠯᠤᠯᠲᠠ ᠵᠢᠨ ᠬᠠᠭᠤᠳᠠᠰᠤ》 ᠵᠢ ᠵᠠᠪᠠᠯ ᠰᠠᠢ᠌ᠲᠤᠷ ᠰᠤᠷᠤᠯᠴᠠᠨ ᠰᠠᠢ᠌ᠲᠤᠷ ᠬᠡᠷᠡᠭᠯᠡᠵᠦ᠂ ᠡᠭᠦᠨ᠎ᠤ ᠳᠣᠲᠣᠷᠠᠬᠢ ᠦᠵᠡᠯᠲᠡ ᠠᠷᠭ᠎ᠠ ᠵᠢᠨ ᠤᠬᠠᠭ᠋ᠠᠨ᠎ᠢ ᠭᠦᠨᠵᠡᠭᠡᠢ ᠨᠡᠪᠳᠡᠷᠡᠳᠡᠯ᠎ᠠ ᠰᠤᠷᠴᠤ ᠡᠵᠡᠮᠰᠢᠵᠦ᠂ ᠢᠯᠠᠩᠭᠤᠶ᠎ᠠ ᠬᠣᠶᠠᠷ ᠶᠡᠬᠡ ᠶᠠᠪᠤᠳᠠᠯ ᠎ᠢ ᠰᠠᠢ᠌ᠲᠤᠷ ᠬᠢᠬᠦ ᠲᠡᠬᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ 《ᠨᠠᠮ ᠎ᠤᠨ ᠪᠠᠢ᠌ᠭᠤᠯᠤᠯᠲᠠ ᠵᠢᠨ ᠵᠣᠬᠢᠶᠠᠯ》 ᠎ᠢ ᠰᠤᠷᠤᠯᠴᠠᠬᠤ ᠵᠢ 《ᠦᠨᠳᠦᠰᠦᠲᠡᠨ ᠎ᠤ ᠲᠤᠬᠠᠢ ᠬᠠᠭᠤᠳᠠᠰᠤ》 《ᠥᠪᠥᠷ ᠮᠣᠩᠭᠣᠯ ᠎ᠤᠨ ᠲᠤᠬᠠᠢ ᠬᠠᠭᠤᠳᠠᠰᠤ》 ᠵᠢ ᠰᠤᠷᠤᠯᠴᠠᠬᠤ᠎ᠯᠤᠭ᠎ᠠ ᠤᠶᠠᠯᠳᠤᠭᠤᠯᠵᠤ᠂ ᠰᠤᠷᠤᠯᠴᠠᠭᠰᠠᠨ ᠦᠷ᠎ᠡ ᠪᠦᠲᠦᠭᠡᠯ ᠵᠶ᠋ᠡᠨ ᠪᠣᠳᠠᠲᠠᠢ ᠠᠵᠢᠯ ᠎ᠤᠨ ᠰᠡᠳᠬᠢᠴᠡ ᠠᠷᠭ᠎ᠠ ᠪᠤᠯᠭ᠋ᠠᠬᠤ ᠬᠡᠷᠡᠭᠲᠡᠢ᠃ ᠨᠠᠮ᠎ᠤᠨ ᠪᠠᠢ᠌ᠭᠤᠯᠤᠯᠲᠠ ᠵᠢ ᠰᠠᠢ᠌ᠲᠤᠷ ᠠᠳᠬᠤᠬᠤ ᠵᠢ ᠬᠠᠮᠤᠭ᠎ᠤᠨ ᠶᠡᠬᠡ ᠠᠵᠢᠯ᠎ᠤᠨ ᠪᠦᠲᠦᠮᠵᠢ ᠪᠣᠯᠭ᠋ᠠᠬᠤ ᠵᠢ ᠪᠠᠷᠢᠮᠲᠠᠯᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠬᠡᠵᠢᠶ᠎ᠡ ᠴᠦ᠍ ᠦᠯᠤ ᠤᠮᠠᠷᠳᠠᠨ᠂ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠢᠮᠠᠭᠲᠠ ᠴᠢᠩᠭ᠎ᠠ ᠠᠳᠬᠤᠬᠤ ᠬᠡᠷᠡᠭᠲᠡᠢ᠃ ᠦᠨᠳᠦᠰᠦᠨ ᠱᠠᠲᠤ ᠵᠢ ᠠᠳᠬᠤᠨ ᠰᠠᠭᠤᠷᠢ ᠲᠠᠯᠪᠢᠬᠤ ᠠᠵᠢᠯ᠎ᠢ ᠨᠠᠮ᠎ᠤᠨ ᠲᠥᠪ ᠬᠣᠷᠢᠶᠠᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ ᠢᠮᠠᠭᠲᠠ ᠰᠠᠢ᠌ᠲᠤᠷ ᠬᠢᠵᠦ᠂ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠡᠯ᠎ᠡ ᠵᠦᠢ᠍ᠯ᠎ᠤᠨ ᠦᠢ᠍ᠯᠡᠰ᠎ᠤᠨ ᠬᠥᠭᠵᠢᠯᠲᠡ ᠵᠢ ᠨᠡᠩ ᠰᠠᠢ᠌ᠲᠤᠷ ᠳᠠᠭ᠋ᠠᠭᠤᠯᠬᠤ ᠬᠡᠷᠡᠭᠲᠡᠢ》 ᠬᠡᠵᠡᠢ᠃
   ᠰᠦᠨ ᠱᠣᠣ ᠴᠧᠩ᠄ 《ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠡ᠊ ᠭᠣᠣᠯ ᠰᠢᠵᠢᠮ᠎ᠢ ᠦᠨᠳᠦᠰᠦᠨ ᠱᠠᠲᠤᠨ᠎ᠤ ᠠᠵᠢᠯ᠎ᠳᠤ ᠪᠦᠬᠦ ᠲᠠᠯ᠎ᠠ ᠎ᠪᠠᠷ ᠲᠤᠭᠤᠰᠢᠯᠠᠭᠤᠯᠤᠨ᠂ ᠺᠠᠳ᠋ᠷᠴᠤᠳ᠎ᠤᠨ ᠰᠤᠷᠤᠯᠴᠠᠯᠭ᠎ᠠ ᠪᠣᠯᠪᠠᠰᠤᠷᠠᠯ ᠪᠠ ᠤᠯᠠᠨ ᠲᠦᠮᠡᠨ᠎ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ᠎ᠢ ᠰᠠᠢ᠌ᠲᠤᠷ ᠬᠢᠵᠦ᠂ ᠪᠣᠳᠠᠲᠠᠢ ᠠᠵᠢᠯ᠎ᠠᠴᠠ ᠡᠬᠢᠯᠡᠨ ᠬᠢᠵᠦ᠂ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠲᠠᠯ᠎ᠠ ᠪᠦᠬᠦᠨ᠎ᠳᠤ ᠢᠯᠡᠷᠡᠭᠦᠯᠵᠦ᠂ ᠨᠠᠮ᠎ᠤᠨ ᠭᠡᠰᠢᠭᠦᠨ᠂ ᠺᠠᠳ᠋ᠷ ᠤᠯᠠᠨ ᠲᠦᠮᠡᠨ᠎ᠤ ᠠᠵᠢᠯ ᠠᠮᠢᠳᠤᠷᠠᠯ᠎ᠤᠨ ᠵᠢᠵᠢᠭ ᠰᠠᠵᠢᠭ ᠵᠦᠢ᠍ᠯ᠎ᠳᠤ ᠠᠭᠤᠰᠬᠠᠨ᠂ ᠲᠡᠭᠦᠨ᠎ᠢ ᠬᠥᠮᠥᠰ᠎ᠤᠨ ᠠᠶᠠᠨᠳᠠᠭ᠋ᠠᠨ᠎ᠤ ᠳᠠᠳᠬᠠᠯ ᠪᠣᠯᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠥᠬᠥᠳᠡ ᠬᠤᠷᠠᠯ᠎ᠠᠴᠠ ᠬᠢᠨᠠᠨ ᠵᠥᠪᠯᠡᠵᠦ ᠪᠠᠲᠤᠯᠠᠭᠰᠠᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠭᠣᠣᠯ ᠰᠢᠵᠢᠮ᠎ᠢ ᠪᠥᠬᠥ ᠲᠠᠯ᠎ᠠ᠎ᠪᠠᠷ ᠲᠤᠭᠤᠰᠢᠯᠠᠭᠤᠯᠤᠨ  ᠪᠠᠳᠤᠳᠬᠠᠬᠤ ᠲᠤᠬᠠᠢ ᠠᠷᠭ᠎ᠠ》 ᠵᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠠᠢ᠌ᠳᠠᠪᠤᠷᠢᠵᠢᠭᠤᠯᠤᠯᠲᠠ ᠵᠢ ᠨᠢᠭᠡᠳ ᠨᠢᠭᠡ᠎ᠪᠠᠷ ᠰᠠᠢ᠌ᠲᠤᠷ ᠠᠳᠬᠤᠵᠤ᠂ ᠪᠤᠳᠠᠳᠠᠢ᠌ᠵᠢᠭᠤᠯᠤᠨ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭᠰᠢᠯᠡᠭᠦᠯᠵᠦ᠂ ᠡᠯ᠎ᠡ ᠵᠦᠢ᠍ᠯ᠎ᠤᠨ ᠡᠭᠦᠷᠭᠡ ᠵᠢ ᠦᠷᠭᠦᠯᠵᠢᠯᠡᠨ ᠰᠠᠢ᠌ᠲᠤᠷ ᠠᠳᠬᠤᠬᠤ ᠵᠢᠨ ᠬᠠᠮᠲᠤ ᠨᠠᠷᠢᠨ ᠪᠦᠷᠢᠳᠬᠡᠵᠦ᠂ ᠳᠤᠲᠠᠭᠤᠳᠠᠯ᠎ᠢ ᠪᠠᠢ᠌ᠴᠠᠭ᠋ᠠᠨ ᠨᠥᠬᠥᠪᠦᠷᠢᠯᠡᠵᠦ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠪᠦᠲᠦᠮᠵᠢ ᠪᠣᠯᠣᠨ ᠭᠣᠣᠯ ᠰᠡᠳᠦᠪᠲᠦ ᠬᠥᠮᠦᠵᠢᠯ᠎ᠤᠨ ᠳᠤᠮᠳᠠ ᠪᠦᠷᠢᠯᠳᠦᠭᠰᠡᠨ ᠰᠠᠢ᠌ᠨ ᠲᠤᠷᠰᠢᠯᠭ᠎ᠠ   ᠠᠷᠭ᠎ᠠ ᠵᠢ ᠰᠠᠢ᠌ᠲᠤᠷ ᠪᠡᠬᠢᠵᠢᠭᠦᠯᠬᠦ ᠬᠡᠷᠡᠭᠲᠡᠢ᠃ ᠴᠡᠭᠴᠡᠯᠡᠨ ᠰᠠᠢ᠌ᠵᠢᠷᠠᠭᠤᠯᠬᠤ ᠵᠢ ᠬᠠᠷᠠᠬᠠᠨ ᠪᠡᠶᠡᠯᠡᠭᠦᠯᠦᠭᠡᠳᠦᠢ ᠪᠠ  ᠤᠳᠠᠭ᠋ᠠᠰᠢᠷᠠᠭᠤᠯᠤᠭ᠋ᠠᠳ ᠰᠢᠢ᠍ᠳᠪᠦᠷᠢᠯᠡᠭᠳᠡᠭᠡᠳᠦᠢ ᠠᠰᠠᠭᠤᠳᠠᠯ᠎ᠢ ᠱᠠᠯᠠᠪᠳᠠᠨ ᠪᠤᠭᠤᠮᠳᠠ ᠰᠢᠪᠳᠤᠯᠵᠤ᠂ ᠲᠥᠪᠯᠡᠷᠡᠭᠦᠯᠦᠨ ᠰᠢᠢ᠍ᠳᠪᠦᠷᠢᠯᠡᠬᠦ ᠬᠡᠷᠡᠭᠲᠡᠢ᠃ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠣᠨᠤᠰᠤᠨ᠂ ᠨᠠᠮ ᠵᠶ᠋ᠠᠨ ᠳᠠᠭ᠋ᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠣᠷᠳᠣ ᠬᠤᠭᠤᠴᠠᠭ᠎ᠠ᠎ᠪᠠᠷ ᠪᠠᠢ᠌ᠡᠭᠭᠤᠵᠢᠭᠤᠯᠤᠨ ᠥᠷᠨᠢᠭᠦᠯᠵᠦ᠂ ᠠᠷᠠᠳ᠎ᠲᠤ ᠠᠰᠢᠭ ᠬᠦᠷᠲᠡᠭᠡᠬᠦ ᠲᠠᠩᠰᠠ᠂ ᠬᠦᠭᠵᠢᠬᠦᠯᠤᠯᠳᠡ ᠵᠢᠨ ᠲᠠᠩᠰᠠ ᠵᠢ ᠨᠢᠭᠡ ᠨᠢᠭᠡ᠎ᠪᠠᠷ ᠰᠠᠢ᠌ᠲᠤᠷ ᠪᠤᠳᠤᠵᠤ᠂ ᠣᠯᠠᠨ ᠲᠦᠮᠡᠨ᠎ᠳᠤ 《ᠲᠠᠪᠤᠨ ᠦᠬᠦᠯᠡᠪᠤᠷᠢ ᠵᠢᠨ ᠪᠤᠳᠠᠳᠠᠢ ᠠᠭᠤᠯᠭ᠎ᠠ ᠪᠠ ᠶᠣᠰᠣ ᠤᠴᠢᠷ》᠎ᠢ ᠲᠣᠳᠣᠷᠬᠠᠢ ᠶᠠᠷᠢᠵᠤ᠂ ᠲᠥᠷᠥ ᠵᠢᠨ ᠪᠣᠳᠣᠯᠭ᠎ᠠ ᠵᠢ ᠡᠷᠬᠢᠮᠯᠡᠬᠦ ᠪᠠ ᠪᠣᠳᠠᠲᠠᠢ ᠶᠠᠪᠤᠳᠠᠯ ᠬᠢᠬᠦ ᠵᠢ ᠤᠶᠠᠯᠳᠤᠭᠤᠯᠵᠤ᠂ ᠨᠢᠭᠡ ᠨᠢᠭᠡ ᠶᠠᠪᠤᠳᠠᠯ᠎ᠢ ᠰᠠᠢ᠌ᠲᠤᠷ ᠬᠢᠬᠦ᠎ᠪᠠᠷ ᠳᠠᠮᠵᠢᠭᠤᠯᠤᠨ ᠠᠷᠠᠳ ᠣᠯᠠᠨ᠎ᠤ ᠰᠡᠳᠬᠢᠯ᠎ᠢ ᠣᠯᠵᠤ᠂ ᠣᠯᠠᠨ ᠲᠦᠮᠡᠨ᠎ᠳᠤ ᠨᠠᠮ᠎ᠤᠨ ᠰᠠᠢ᠌ᠨ᠎ᠢ ᠮᠡᠳᠡᠭᠦᠯᠵᠦ᠂ ᠨᠠᠮ᠎ᠤᠨ ᠰᠠᠢ᠌ᠨ᠎ᠢ ᠰᠠᠨᠠᠭ᠋ᠠᠯᠵᠠᠬᠤ ᠪᠣᠯᠭ᠋ᠠᠬᠤ ᠬᠡᠷᠡᠭᠲᠡᠢ᠃ ᠬᠣᠯᠪᠣᠭᠳᠠᠯ ᠪᠦᠬᠦᠢ ᠲᠣᠭᠲᠠᠴᠠ ᠵᠢ ᠲᠡᠭᠦᠯᠳᠡᠷᠵᠢᠭᠦᠯᠵᠦ᠂ ᠥᠷᠭᠡᠨ ᠲᠦᠮᠡᠨ᠎ᠤ ᠢᠳᠡᠪᠬᠢᠵᠢᠯ᠎ᠢ ᠭᠦᠢ᠍ᠴᠡᠳ ᠲᠠᠢ᠍ᠢ᠍ᠴᠢᠯᠠᠨ ᠵᠢᠯᠤᠭᠣᠳᠴᠤ ᠪᠠᠢ᠌ᠭ᠋ᠠᠳ ᠡᠵᠡᠨ ᠬᠥᠮᠥᠨ᠎ᠤ ᠴᠢᠩᠭ᠎ᠠ ᠤᠬᠠᠮᠰᠠᠷ ᠵᠶ᠋ᠠᠷ ᠡᠯ᠎ᠡ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠬᠤ ᠬᠡᠷᠡᠭᠲᠡᠢ》 ᠬᠡᠯ᠎ᠡ᠃
   ᠰᠦᠨ ᠱᠤᠤ ᠴᠧᠩ᠄ 《ᠮᠠᠨ᠎ᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠪᠣᠯᠣᠨ ᠦᠨᠳᠦᠰᠦᠨ ᠱᠠᠲᠤᠨ᠎ᠤ ᠵᠠᠰᠠᠯᠲᠠ ᠵᠢᠨ ᠠᠵᠢᠯ᠎ᠳᠤ ᠪᠠᠰᠠ ᠴᠢᠩᠭ᠋ᠠᠳᠬᠠᠨ ᠰᠠᠢ᠌ᠵᠢᠷᠠᠭᠤᠯᠬᠤ ᠴᠢᠬᠤᠯᠠᠲᠠᠢ ᠵᠦᠢ᠍ᠯ ᠪᠤᠢ᠃ ᠡᠨᠡ ᠤᠳᠠᠭ᠎ᠠ ᠵᠢᠨ ᠬᠤᠷᠠᠯ᠎ᠤᠨ ᠦᠨᠡᠯᠡᠯᠲᠡ ᠪᠠ ᠡᠷᠢᠵᠦ ᠣᠯᠣᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠨᠢᠮᠪᠠᠢ ᠰᠠᠢ᠌ᠲᠤᠷ ᠠᠳᠬᠤᠬᠤ ᠬᠡᠷᠡᠭᠲᠡᠢ᠂ ᠠᠰᠠᠭᠤᠳᠠᠯ᠎ᠢ ᠰᠢᠢ᠍ᠳᠪᠦᠷᠢᠯᠡᠴᠢᠪᠡᠯ ᠠᠵᠢᠯ ᠴᠤ᠌ ᠰᠠᠢ᠌ᠵᠢᠷᠠᠴᠢᠬᠠᠨ᠎ᠠ᠃ ᠦᠨᠳᠦᠰᠦᠨ ᠱᠠᠲᠤᠨ᠎ᠤ ᠵᠠᠰᠠᠯᠲᠠ ᠵᠢᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ᠎ᠢ ᠰᠢᠢ᠍ᠳᠪᠦᠷᠢᠯᠡᠬᠦ ᠵᠢᠨ ᠲᠣᠭᠣᠷᠢᠨ᠎ᠳᠤ  ᠬᠥᠮᠥᠨ᠎ᠨᠢ ᠠᠵᠢᠯ᠎ᠠᠴᠠ᠎ᠪᠠᠨ ᠣᠯᠠᠳᠠᠬᠤ᠂ ᠫᠠᠢ᠌ᠰᠠ ᠤᠯᠠᠨ ᠲᠥᠪ ᠤᠯᠠᠨ᠂ ᠦᠨᠳᠦᠰᠦᠨ ᠱᠠᠲᠤᠨ᠎ᠤ ᠡᠷᠬᠡ ᠬᠠᠷᠢᠭᠤᠴᠠᠯᠭ᠎ᠠ ᠲᠠᠭ᠋ᠠᠷᠠᠬᠤ ᠦᠭᠡᠢ ᠵᠡᠷᠭᠡ ᠲᠠᠯ᠎ᠠ ᠵᠢᠨ ᠠᠰᠠᠭᠤᠳᠠᠯ᠎ᠢ ᠶᠡᠬᠡ ᠬᠦᠴᠦ ᠣᠷᠣᠭᠤᠯᠤᠨ ᠰᠠᠢ᠌ᠲᠤᠷ ᠰᠢᠢ᠍ᠳᠪᠦᠷᠢᠯᠡᠵᠦ᠂ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢᠨ ᠦᠨᠳᠦᠰᠦᠨ ᠱᠠᠲᠤᠨ᠎ᠤ ᠵᠠᠰᠠᠯᠲᠠ ᠵᠢ ᠳᠠᠭ᠋ᠠᠭᠤᠯᠬᠤ ᠲᠦᠪᠰᠢᠨ ᠪᠣᠯᠣᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ》 ᠬᠡᠵᠡᠢ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠮᠤᠵᠢ ᠶᠠᠮᠤᠨ᠎ᠤ ᠳᠡᠰ᠎ᠤᠨ ᠭᠣᠣᠯ ᠤᠳᠤᠷᠢᠳᠬᠤ ᠺᠠᠳ᠋ᠷ᠎ᠤᠨ ᠮᠥᠩᠭᠥᠨ ᠭᠦᠢ᠍ᠯᠭᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠳᠤ ᠲᠠᠯᠪᠢᠭᠰᠠᠨ ᠴᠢᠬᠤᠯᠠ ᠶᠠᠷᠢᠶ᠎ᠠ ᠪᠣᠯᠣᠨ ᠤᠷᠴᠢᠮ᠎ᠤᠨ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
 
            