ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠮᠤᠵᠢ ᠶᠠᠮᠤᠨ᠎ᠤ ᠱᠠᠲᠤᠨ᠎ᠤ ᠭᠣᠣᠯ ᠤᠳᠤᠷᠢᠳᠬᠤ ᠺᠠᠳ᠋ᠷᠴᠤᠳ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠤᠪᠳᠤ ᠰᠤᠳᠤᠯᠤᠨ ᠰᠤᠳᠤᠯᠤᠨ ᠶᠠᠷᠢᠯᠴᠠᠬᠤ ᠠᠡᠭᠬᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄ 2024-11-04

ᠰᠦᠨ ᠱᠣᠸ᠋ ᠴᠧᠩ ᠬᠤᠷᠠᠯ᠎ᠢ ᠡᠷᠭᠢᠯᠡᠪᠡ


    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ 11 ᠳ᠋ᠤᠬᠡᠷ ᠰᠠᠷ᠎ᠠ ᠵᠢᠨ 2᠎ᠤᠨ ᠡᠳᠦᠷ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠮᠤᠵᠢ ᠶᠠᠮᠤᠨ᠎ᠤ ᠲᠠᠰ᠎ᠤᠨ ᠭᠣᠣᠯ ᠤᠳᠤᠷᠢᠳᠬᠤ ᠺᠠᠳ᠋ᠷᠴᠤᠳ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠤᠷᠴᠢᠮ᠎ᠤᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠪᠡ᠃
   ᠬᠤᠷᠠᠯ ᠲᠡᠬᠡᠷ᠎ᠡ᠄ 《ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ᠎ᠨᠢ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠪᠠᠢ᠌ᠯᠳᠤᠬᠤ ᠪᠣᠳᠣᠯᠭ᠎ᠠ ᠵᠢᠨ ᠥᠨᠳᠥᠷᠴᠡ᠎ᠠᠴᠠ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢ᠍ᠯᠡᠳᠦᠯᠭᠡ ᠵᠢᠨ ᠠᠰᠠᠭᠤᠳᠠᠯ᠎ᠢ ᠭᠦᠨᠵᠡᠭᠡᠢ ᠲᠣᠳᠣᠷᠬᠠᠢ᠌ᠯᠠᠨ ᠥᠭᠦᠯᠡᠵᠡᠢ᠂ ᠪᠢᠳᠡ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠡᠪᠳᠡᠷᠡᠳᠡᠯ᠎ᠠ ᠰᠤᠷᠤᠯᠴᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ  ᠦᠨᠡᠨ ᠬᠦ᠌ ᠨᠢᠭᠡᠳᠬᠡᠬᠦ ᠬᠡᠷᠡᠭᠲᠡᠢ᠃ ᠰᠢᠨ᠎ᠡ ᠴᠠᠭ ᠦᠶ᠎ᠡ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠦᠭᠰᠡᠨ ᠲᠡᠦᠬᠡᠲᠦ ᠴᠢᠨᠠᠷᠲᠠᠢ ᠠᠮᠵᠢᠯᠲᠠ ᠳᠤᠮᠳᠠ᠎ᠠᠴᠠ 〈ᠬᠣᠶᠠᠷ᠎ᠢ ᠲᠤᠬᠳᠠᠭ᠋ᠠᠬᠰᠠᠨ〉᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ ᠪᠣᠯᠣᠨ ᠥᠭᠡᠷᠡᠴᠢᠯᠡᠯᠲᠡ ᠨᠡᠭᠡᠭᠡᠯᠲᠡ ᠵᠢᠨ ᠵᠠᠩᠭᠢᠯᠠᠭ᠎ᠠ ᠵᠢᠨ ᠴᠢᠨᠠᠷᠲᠠᠢ ᠦᠢ᠍ᠯᠡᠳᠦᠯ᠎ᠢ ᠣᠢ᠌ᠯᠠᠭ᠋ᠠᠵᠤ᠂ ᠥᠭᠡᠷᠡᠴᠢᠯᠡᠯᠲᠡ ᠵᠢᠨ ᠢᠲᠡᠭᠡᠯ ᠵᠣᠷᠢᠭ ᠪᠣᠯᠣᠨ ᠰᠠᠨᠠᠭ᠋ᠠᠴᠢᠯᠠᠭ᠋ᠠᠲᠤ ᠴᠢᠨᠠᠷ᠎ᠢ ᠨᠡᠮᠡᠭᠳᠡᠭᠦᠯᠬᠦ ᠬᠡᠷᠡᠭᠲᠡᠢ᠃ ᠰᠢᠨ᠎ᠡ ᠵᠢ ᠡᠭᠦᠳᠬᠦ ᠴᠢᠬᠤᠯᠠ ᠶᠡᠬᠡ ᠵᠠᠷᠴᠢᠮ᠎ᠢ ᠪᠠᠷᠢᠮᠲᠠᠯᠠᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠢᠮᠠᠭᠲᠠ ᠥᠭᠡᠷᠡᠴᠢᠯᠡᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠤᠨ ᠨᠡᠭᠡᠭᠡᠯᠲᠡᠲᠡᠢ ᠪᠠᠭᠲᠠᠭ᠋ᠠᠮᠵᠢᠲᠠᠢ ᠰᠢᠨ᠎ᠡ ᠵᠢ ᠡᠭᠦᠳᠬᠦ ᠰᠣᠶᠣᠯ᠎ᠢ ᠲᠦᠷᠭᠡᠨ ᠪᠣᠢ᠌ᠵᠢᠭᠤᠯᠵᠤ ᠥᠭᠡᠷᠡᠴᠢᠯᠡᠬᠦ ᠶᠣᠰᠣᠲᠠᠢ ᠵᠢ᠎ᠨᠢ ᠡᠷᠡᠰ ᠥᠭᠡᠷᠡᠴᠢᠯᠡᠵᠦ ᠥᠭᠡᠷᠡᠴᠢᠯᠡᠬᠦ ᠶᠣᠰᠣ ᠦᠭᠡᠢ ᠵᠢ᠎ᠨᠢ ᠦᠯᠦ ᠥᠭᠡᠷᠡᠴᠢᠯᠡᠬᠦ ᠬᠡᠷᠡᠭᠲᠡᠢ᠃ ᠥᠭᠡᠷᠡᠴᠢᠯᠡᠯᠲᠡ ᠵᠢᠨ ᠠᠷᠭ᠎ᠠ ᠵᠢᠨ ᠰᠢᠰᠲ᠋ᠧᠮ᠎ᠤᠨ ᠴᠤᠭᠯᠠᠷᠠᠯ᠎ᠢ ᠴᠢᠩᠭ᠋ᠠᠳᠬᠠᠵᠤ ᠭᠠᠵᠠᠷ ᠣᠷᠣᠨ᠎ᠤ ᠬᠣᠭᠣᠷᠣᠨᠳᠣᠬᠢ᠂ ᠰᠠᠯᠠᠭ᠎ᠠ ᠮᠥᠴᠢᠷ᠎ᠤᠨ ᠬᠣᠭᠣᠷᠣᠨᠳᠣᠬᠢ᠂ ᠳᠡᠭᠡᠳᠦ ᠳᠣᠣᠷᠠᠳᠤ ᠱᠠᠲᠤᠨ᠎ᠤ ᠬᠣᠭᠣᠷᠣᠨᠳᠣᠬᠢ᠂ ᠡᠮᠦᠨ᠎ᠡ ᠬᠣᠢ᠌ᠨᠠᠬᠢ ᠲᠦᠷᠦ ᠵᠢᠨ ᠪᠣᠳᠣᠯᠭ᠎ᠠ ᠵᠢᠨ ᠬᠣᠭᠣᠷᠣᠨᠳᠣᠬᠢ ᠬᠠᠨᠳᠤᠰᠢ ᠵᠢ ᠨᠢᠭᠡᠳᠦᠯᠲᠡᠢ ᠪᠣᠯᠭ᠋ᠠᠬᠤ ᠬᠡᠷᠡᠭᠲᠡᠢ᠃ ᠤᠯᠠᠨ ᠲᠦᠮᠡᠨ᠎ᠢ ᠥᠷᠭᠡᠨ ᠵᠶ᠋ᠡᠷ ᠲᠠᠢ᠍ᠢ᠍ᠴᠢᠯᠠᠨ ᠥᠭᠡᠷᠡᠴᠢᠯᠡᠯᠲᠡ᠎ᠳᠤ ᠢᠳᠡᠪᠬᠢᠲᠡᠢ ᠣᠷᠣᠯᠴᠠᠭᠤᠯᠵᠤ  ᠥᠭᠡᠷᠡᠴᠢᠯᠡᠯᠲᠡ ᠵᠢ ᠳᠡᠮᠵᠢᠭᠦᠯᠵᠦ ᠥᠭᠡᠷᠡᠴᠢᠯᠡᠯᠲᠡ ᠵᠢᠨ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠥᠭᠡᠷᠡᠴᠢᠯᠡᠯᠲᠡ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠵᠣᠷᠢᠭᠵᠢᠭᠤᠯᠬᠤ ᠵᠠᠯᠬᠠᠭ᠋ᠠᠨ ᠴᠡᠭᠡᠷᠯᠡᠭᠦᠯᠬᠦ ᠪᠠ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠬᠤ ᠲᠣᠭᠲᠠᠴᠠ ᠵᠢ ᠰᠠᠢ᠌ᠲᠤᠷ ᠬᠡᠷᠡᠭᠯᠡᠵᠦ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠬᠦᠴᠢᠷ᠎ᠢ ᠰᠥᠷᠦᠨ ᠤᠷᠤᠭᠰᠢᠯᠠᠵᠤ ᠥᠭᠡᠷᠡᠴᠢᠯᠡᠯᠲᠡ ᠵᠢ ᠠᠳᠬᠤᠬᠤ ᠵᠢ ᠵᠣᠷᠢᠭᠵᠢᠭᠤᠯᠤᠨ ᠳᠡᠮᠵᠢᠵᠦ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠵᠢ ᠲᠦᠷᠭᠡᠨ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ᠃ ᠢᠲᠡᠭᠡᠯ ᠵᠣᠷᠢᠭ ᠵᠶ᠋ᠠᠨ ᠨᠡᠮᠡᠭᠳᠡᠭᠦᠯᠦᠨ ᠰᠡᠳᠬᠢᠯ ᠰᠠᠨᠠᠭ᠎ᠠ᠎ᠪᠠᠨ ᠲᠥᠪᠯᠡᠷᠡᠭᠦᠯᠵᠦ ᠬᠣᠶᠠᠷ ᠰᠠᠷ᠎ᠠ ᠬᠠᠲᠠᠭᠤᠵᠢᠯᠲᠠᠢ ᠠᠵᠢᠯᠯᠠᠵᠤ ᠪᠦᠬᠦ ᠵᠢᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠠᠷᠠᠯᠲᠠ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ》 ᠬᠡᠵᠡᠢ᠃
   ᠬᠤᠷᠠᠯ ᠲᠡᠬᠡᠷ᠎ᠡ᠄ 《10 ᠰᠠᠷ᠎ᠠ ᠵᠢᠨ 28 ᠎ᠤ ᠡᠳᠦᠷ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠨᠠᠮ᠎ᠤᠨ ᠲᠥᠪ ᠬᠣᠷᠢᠶᠠᠨ᠎ᠤ ᠬᠣᠯᠪᠣᠭᠳᠠᠯ ᠪᠦᠬᠦᠢ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠣᠭᠣᠷᠢᠨ ᠪᠠᠢ᠌ᠴᠠᠭ᠋ᠠᠬᠤ ᠠᠵᠢᠯ᠎ᠢ  ᠴᠢᠨᠠᠷᠵᠢᠭᠤᠨ ᠰᠠᠢ᠌ᠲᠤᠷ ᠠᠳᠬᠤᠬᠤ ᠬᠡᠷᠡᠭᠲᠡᠢ᠃ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠤᠳᠤᠷᠢᠳᠬᠤ ᠪᠠᠭ ᠪᠣᠯᠣᠨ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ᠎ᠲᠠᠢ ᠤᠶᠠᠯᠳᠤᠭᠤᠯᠵᠤ᠂ ᠪᠠᠢ᠌ᠴᠠᠭ᠋ᠠᠨ ᠦᠵᠡᠬᠦ ᠪᠠ ᠴᠡᠭᠴᠡᠯᠡᠨ ᠰᠠᠢ᠌ᠵᠢᠷᠠᠭᠤᠯᠬᠤ ᠶᠠᠪᠤᠴᠠ᠎ᠳᠤ ᠺᠠᠳ᠋ᠷ᠎ᠢ ᠢᠯᠭ᠋ᠠᠨ ᠲᠠᠨᠢᠬᠤ ᠵᠢ ᠨᠡᠩ ᠴᠢᠬᠤᠯᠠᠴᠢᠯᠠᠵᠤ᠂ ᠤᠳᠤᠷᠢᠳᠬᠤ ᠺᠠᠳ᠋ᠷ᠎ᠤᠨ ᠳᠠᠪᠰᠢᠵᠤ ᠪᠣᠯᠬᠤ ᠮᠥᠷᠲᠡᠭᠡᠨ ᠪᠠᠭᠤᠵᠤ ᠴᠤ᠌ ᠪᠣᠯᠬᠤ ᠲᠤᠬᠳᠠᠯᠴᠠᠭ᠎ᠠ ᠵᠢ ᠠᠬᠢᠭᠤᠯᠬᠤ ᠬᠡᠷᠡᠭᠲᠡᠢ》 ᠭᠡᠵᠤ ᠴᠢᠬᠤᠯᠠᠴᠢᠯᠠᠪᠠ ᠃
   ᠬᠤᠷᠠᠯ ᠲᠡᠬᠡᠷ᠎ᠡ᠄᠄ 《ᠰᠢ ᠵᠢᠨ ᠫᠢᠩ ᠶᠡᠷᠦᠩᠬᠡᠢ ᠱᠦᠵᠢ ᠵᠢᠨ ᠲᠥᠪ ᠎ᠤᠨ ᠤᠯᠤᠰ ᠲᠦᠷᠤ ᠵᠢᠨ ᠲᠣᠪᠴᠢᠶ᠎ᠠ ᠵᠢᠨ ᠠᠷᠪᠠᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠰᠢ ᠵᠢᠨ ᠫᠢᠩ ᠎ᠤᠨ ᠰᠣᠶᠣᠯ ᠎ᠤᠨ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ ᠎ᠤ ᠬᠠᠮᠲᠤ ᠵᠢᠨ ᠴᠣᠭᠴᠠ ᠵᠢᠨ ᠤᠬᠠᠮᠰᠠᠷ ᠎ᠢ ᠪᠠᠳᠤᠳᠬᠠᠬᠤ ᠠᠵᠢᠯ ᠎ᠤᠨ ᠭᠣᠣᠯ ᠱᠤᠭᠤᠮ ᠎ᠢ ᠪᠦᠬᠦ ᠲᠠᠯ᠎ᠠ᠎ᠪᠠᠷ  ᠲᠤᠭᠤᠰᠢᠯᠠᠭᠤᠯᠤᠨ ᠤᠮᠠᠷᠠᠲᠤ ᠵᠢᠨ ᠰᠣᠶᠣᠯ ᠎ᠤᠨ ᠲᠦᠷᠦᠯ ᠲᠡᠮᠳᠡᠭ ᠎ᠢ ᠲᠦᠷᠭᠡᠨ ᠡᠭᠦᠳᠴᠦ᠂ ᠰᠣᠶᠣᠯ ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠨᠡᠩ ᠤᠯᠠᠨ ᠥᠪᠥᠷ ᠮᠣᠩᠭᠣᠯ ᠎ᠤᠨ ᠬᠦᠴᠦᠨ ᠴᠢᠳᠠᠯ ᠎ᠢ ᠡᠷᠭᠦᠬᠦ ᠬᠡᠷᠡᠭᠲᠡᠢ᠃  ᠰᠣᠶᠣᠯ᠎ᠤᠨ ᠡᠬᠢ ᠪᠠᠶᠠᠯᠢᠭ᠎ᠢ ᠪᠠᠶᠠᠯᠢᠭᠵᠢᠭᠤᠯᠬᠤ᠎ᠳᠤ ᠲᠦᠰᠢᠭᠯᠡᠨ ᠨᠡᠩ ᠤᠯᠠᠨ ᠰᠣᠶᠣᠯ᠎ᠤᠨ ᠰᠣᠳᠣᠨ ᠪᠦᠲᠦᠭᠡᠯ᠎ᠢ ᠤᠬᠠᠭ᠋ᠠᠯᠠᠨ ᠭᠠᠷᠭ᠋ᠠᠵᠤ᠂ ᠪᠠᠢ᠌ᠭᠤᠯᠤᠮᠵᠢ ᠲᠣᠭᠲᠠᠴᠠ ᠵᠢ ᠥᠭᠡᠷᠡᠴᠢᠯᠡᠬᠦ ᠎ᠪᠠᠷ ᠪᠠᠷᠢᠴᠨ ᠪᠤᠯᠭ᠋ᠠᠨ ᠰᠣᠶᠣᠯ᠎ᠤᠨ ᠰᠢᠨ᠎ᠡ ᠵᠢ ᠡᠭᠦᠳᠬᠦ ᠵᠢ ᠶᠡᠬᠡ᠎ᠪᠠᠷ ᠠᠬᠢᠭᠤᠯᠤᠨ  ᠡᠯ᠎ᠡ ᠲᠦᠷᠦᠯ᠎ᠤᠨ ᠤᠷᠠᠨ ᠰᠠᠢ᠌ᠬᠠᠨ᠎ᠤ ᠬᠦᠷᠢᠶᠡᠯᠡᠩ ᠪᠦᠯᠬᠦᠮ᠎ᠤᠨ᠎ᠬᠢᠨ᠎ᠤ 〈ᠭᠠᠳᠠᠭᠰᠢ ᠭᠠᠷᠬᠤ〉 ᠵᠢ ᠵᠣᠷᠢᠭᠵᠢᠭᠤᠯᠵᠤ ᠰᠣᠯᠢᠯᠴᠠᠭ᠎ᠠ ᠦᠵᠡᠭᠦᠯᠦᠯᠭᠡ ᠲᠣᠭᠯᠠᠯᠲᠠ ᠵᠢᠨ ᠠᠵᠢᠯᠯᠠᠭ᠎ᠠ ᠵᠢ ᠢᠳᠡᠪᠬᠢᠲᠡᠢ ᠦᠷᠨᠢᠬᠦᠯᠤᠬᠡᠳ ᠤᠮᠠᠷᠠᠲᠤ ᠵᠢᠨ ᠰᠣᠶᠣᠯ᠎ᠤᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ》 ᠬᠡᠯ᠎ᠡ᠃
    ᠬᠤᠷᠠᠯ ᠲᠡᠬᠡᠷ᠎ᠡ᠄ 《ᠰᠢ ᠵᠢᠨ ᠫᠢᠩ ᠎ᠤ ᠶᠡᠷᠦᠩᠬᠡᠢ ᠱᠦᠵᠢ ᠵᠢᠨ ᠠᠷᠠᠳ ᠎ᠤᠨ ᠶᠠᠪᠤᠳᠠᠯ ᠎ᠤᠨ ᠠᠵᠢᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠪᠦᠬᠦ ᠤᠯᠤᠰ ᠎ᠤᠨ ᠠᠷᠠᠳ ᠎ᠤᠨ ᠶᠠᠪᠤᠳᠠᠯ᠎ᠤᠨ ᠬᠤᠷᠠᠯ ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠷᠠᠳ ᠲᠦᠮᠡᠨ᠎ᠳᠤ ᠦᠢ᠍ᠯᠡᠴᠢᠯᠡᠬᠦ ᠡᠯ᠎ᠡ ᠵᠦᠢ᠍ᠯ᠎ᠤᠨ ᠠᠵᠢᠯ ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ᠃ ᠶᠠᠳᠠᠭᠤ ᠬᠦᠴᠢᠷᠳᠡᠯᠲᠡᠢ ᠤᠯᠠᠨ ᠲᠦᠮᠡᠨ᠂ ᠵᠡᠮᠳᠡᠭᠴᠦᠳ ᠵᠡᠷᠭᠡ ᠡᠯ᠎ᠡ ᠲᠦᠷᠦᠯ᠎ᠤᠨ ᠬᠠᠮᠲᠤᠯᠢᠭ᠎ᠤᠨ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠨᠠᠰᠤᠵᠢᠯ᠎ᠤᠨ ᠠᠰᠠᠷᠠᠮᠵᠢ᠂ ᠣᠷᠣᠰᠢᠭᠤᠯᠭ᠎ᠠ ᠵᠢᠨ ᠠᠵᠢᠯ ᠵᠡᠷᠭᠡ ᠦᠨᠳᠦᠰᠦᠨ ᠨᠡᠢ᠌ᠭᠡᠮ᠎ᠤᠨ ᠦᠢ᠍ᠯᠡᠴᠢᠯᠡᠭᠡ ᠵᠢ ᠲᠦᠷᠭᠡᠨ ᠬᠥᠭᠵᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ ᠵᠢ ᠢᠳᠡᠪᠬᠢᠲᠡᠢ ᠲᠠᠭ᠋ᠠᠭᠤᠯᠤᠨ ᠵᠢᠯᠤᠭᠣᠳᠬᠤ ᠪᠠ ᠵᠢᠷᠤᠮᠵᠢᠭᠤᠯᠵᠤ᠂ ᠠᠷᠠᠳ᠎ᠤᠨ ᠠᠮᠢᠳᠤᠷᠠᠯ᠎ᠳᠤ ᠬᠣᠯᠪᠣᠭᠳᠠᠬᠤ ᠬᠦᠷᠢᠶ᠎ᠡ ᠴᠠᠷᠠᠭ᠋ᠠᠨ᠎ᠳᠤ᠎ᠬᠢ ᠥᠭᠡᠷᠡᠴᠢᠯᠡᠯᠲᠡ ᠵᠢ ᠰᠠᠢ᠌ᠲᠤᠷ ᠲᠥᠯᠥᠪᠵᠢᠭᠦᠯᠦᠨ ᠬᠡᠷᠡᠭᠵᠢᠬᠦᠯᠤᠬᠡᠳ ᠤᠯᠠᠨ ᠲᠦᠮᠡᠨ᠎ᠳᠤ ᠪᠦᠬᠦ ᠬᠦᠴᠦᠨ ᠵᠶ᠋ᠡᠷ ᠵᠶ᠋ᠡᠨ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠥᠭᠬᠦ ᠬᠡᠷᠡᠭᠲᠡᠢ᠃
   ᠬᠤᠷᠠᠯ ᠲᠡᠬᠡᠷ᠎ᠡ 《ᠦᠨᠡᠨ》 ᠰᠡᠳᠬᠦᠯ ᠲᠡᠬᠡᠷ᠎ᠡ ᠨᠡᠢ᠌ᠲᠡᠯᠡᠭᠰᠡᠨ ᠰᠢ ᠵᠢᠨ ᠫᠢᠩ  ᠶᠡᠷᠦᠩᠬᠡᠢ ᠱᠦᠵᠢ ᠵᠢᠨ 《ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠤᠶ᠎ᠠ》 ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠬᠰᠠᠨ᠎ᠤ ᠬᠤᠢ᠌ᠨ᠎ᠠ᠄ 《ᠠᠵᠢᠯ ᠣᠯᠭᠣᠯᠲᠠ ᠵᠢ ᠠᠷᠠᠳ᠎ᠤᠨ ᠠᠮᠢᠳᠤᠷᠠᠯ᠎ᠤᠨ ᠲᠡᠷᠢᠭᠦᠨ ᠴᠢᠬᠤᠯᠠ ᠶᠠᠪᠤᠳᠠᠯ ᠪᠣᠯᠭ᠋ᠠᠵᠤ᠂ ᠠᠵᠢᠯ ᠣᠯᠭᠣᠯᠲᠠ ᠵᠢᠨ ᠪᠠᠢ᠌ᠳᠠᠯ᠎ᠢ ᠰᠤᠳᠤᠯᠵᠤ᠂ ᠨᠠᠷᠢᠨ ᠨᠢᠭᠲᠠ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠠᠵᠢᠯ ᠣᠯᠭᠣᠯᠲᠠ ᠵᠢᠨ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢᠨ ᠠᠷᠭ᠎ᠠ ᠵᠢ ᠨᠡᠢ᠌ᠲᠡᠯᠡᠵᠦ᠂ ᠠᠵᠢᠯ ᠣᠯᠭᠣᠯᠲᠠ ᠵᠢᠨ ᠠᠷᠭ᠎ᠠ ᠵᠠᠮ᠎ᠢ ᠤᠯᠠᠮ ᠥᠷᠭᠡᠳᠬᠡᠵᠦ᠂ ᠠᠵᠢᠯ ᠣᠯᠭᠣᠯᠲᠠ ᠵᠢᠨ ᠪᠦᠲᠦᠴᠡ ᠵᠢ ᠰᠢᠯᠢᠳᠡᠭᠵᠢᠭᠦᠯᠵᠦ᠂ ᠳᠡᠭᠡᠳᠦ ᠰᠤᠷᠭ᠋ᠠᠭᠤᠯᠢ ᠲᠡᠭᠦᠰᠦᠭᠰᠡᠨ ᠰᠤᠷᠤᠭᠴᠢ᠂ ᠬᠥᠯᠥᠰᠦᠨ ᠠᠵᠢᠯᠴᠢᠨ᠂ ᠴᠡᠷᠢᠭ᠎ᠠᠴᠠ ᠬᠠᠯᠠᠭᠳᠠᠭᠰᠠᠳ ᠵᠡᠷᠭᠡ ᠭᠣᠣᠯᠳᠠᠯᠭ᠎ᠠ᠎ᠲᠠᠢ ᠬᠦᠮᠦᠰ᠎ᠤᠨ ᠴᠢᠨᠠᠷᠵᠢᠭᠤᠨ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃
    ᠬᠤᠷᠠᠯ ᠲᠡᠬᠡᠷ᠎ᠡ ᠰᠢ ᠵᠢᠨ ᠫᠢᠩ ᠶᠡᠷᠦᠩᠬᠡᠢ ᠱᠦᠵᠢ ᠵᠢᠨ ᠳᠤᠮᠳᠠᠳᠤ ᠤᠯᠤᠰ᠎ᠤᠨ ᠲᠠᠯᠠᠢ ᠲᠠᠩᠭᠢᠰ᠎ᠤᠨ ᠶᠡᠬᠡ ᠰᠤᠷᠭ᠋ᠠᠭᠤᠯᠢ ᠵᠢᠨ ᠪᠦᠬᠦ ᠪᠠᠭᠰᠢ ᠰᠤᠷᠤᠭᠴᠢᠳ᠎ᠲᠤ ᠥᠭᠭᠦᠭᠰᠡᠨ ᠬᠠᠷᠢᠭᠤ ᠵᠠᠬᠢᠳᠠᠯ᠎ᠢ ᠤᠯᠠᠮᠵᠢᠯᠠᠨ ᠰᠤᠷᠤᠯᠴᠠᠬᠰᠠᠨ ᠪᠦᠬᠡᠳ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ ᠵᠢᠨ ᠲᠣᠬᠢᠷᠠᠭᠤᠯᠤᠯᠲᠠ ᠪᠣᠯᠣᠨ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠲᠡᠭᠦᠯᠳᠡᠷᠵᠢᠭᠦᠯᠬᠦ ᠲᠤᠬᠠᠢ ᠱᠠᠭ᠋ᠠᠷᠳᠠᠯᠭ᠎ᠠ ᠲᠤᠷᠠᠳᠤᠯ᠎ᠠ᠃
    ᠬᠤᠷᠠᠯ ᠲᠡᠬᠡᠷ᠎ᠡ ᠪᠠᠰᠠ ᠪᠤᠰᠤᠳ ᠵᠦᠢ᠍ᠯ᠎ᠢ ᠰᠤᠳᠤᠯᠤᠨ ᠶᠠᠷᠢᠯᠴᠠᠬᠰᠠᠨ ᠪᠠᠢ᠌ᠨ᠎ᠠ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ᠎ᠳᠤ ᠬᠦᠷᠴᠦ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠲᠠᠢ ᠠᠭᠤᠯᠵᠠᠪᠠ
ᠰᠦᠨ ᠱᠤᠤ ᠴᠧᠩ ᠬᠥᠬᠡᠬᠣᠲᠠ᠎ᠳᠤ ᠪᠣᠳᠣᠯᠭ᠎ᠠ ᠵᠢᠨ ᠬᠦᠴᠦᠨ᠎ᠤ ᠠᠵᠤ ᠦᠢ᠍ᠯᠡᠰ᠎ᠤᠨ ᠲᠤᠬᠠᠢ ᠪᠠᠢ᠌ᠴᠠᠭ᠋ᠠᠨ ᠰᠤᠳᠤᠯᠪᠠ
 
            