ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠪᠦᠬᠦ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠵᠠᠬᠢᠳᠠᠯ ᠰᠣᠷᠪᠤᠯᠵᠢᠯᠠᠭ᠎ᠠ ᠵᠢ ᠣᠷᠣᠯᠠᠨ ᠭᠦᠢ᠍ᠴᠡᠳᠬᠡᠬᠦ ᠠᠵᠢᠯ᠎ᠢ ᠵᠢᠩᠬᠢᠨᠢ᠎ᠪᠠᠷ ᠡᠬᠢᠯᠡᠪᠡ ᠵᠠᠩ ᠶᠠᠨ ᠺᠦᠨ ᠡᠬᠢᠯᠡᠯᠲᠡ ᠵᠢᠨ ᠶᠣᠰᠣᠯᠠᠯ᠎ᠳᠤ ᠤᠷᠤᠯᠴᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄ 2024-03-20

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠪᠥᠬᠥ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠵᠠᠬᠢᠳᠠᠯ ᠰᠣᠷᠪᠤᠯᠵᠢᠯᠠᠭ᠎ᠠ ᠵᠢ ᠣᠷᠣᠯᠠᠨ ᠭᠦᠢ᠍ᠴᠡᠳᠬᠡᠬᠦ ᠠᠵᠢᠯ᠎ᠢ ᠥᠷᠨᠢᠭᠦᠯᠬᠦ ᠠᠵᠢᠯ᠎ᠢ ᠡᠬᠢᠯᠡᠬᠦᠯᠬᠦ ᠶᠤᠰᠤᠯᠠᠯ 3 ᠳ᠋ᠤᠭ᠋ᠠᠷ ᠰᠠᠷ᠎ᠠ ᠵᠢᠨ 19᠎ᠤ ᠡᠳᠦᠷ ᠶᠠᠪᠤᠬᠳᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠵᠧᠩ ᠭᠤᠸᠠᠩ ᠭᠤᠸᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠥᠸᠧ ᡁᠢ ᠬᠤ᠌ ᠡᠬᠢᠯᠡᠯᠲᠡ ᠵᠢᠨ ᠶᠣᠰᠣᠯᠠᠯ᠎ᠢ ᠡᠷᠭᠢᠯᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠪᠠ᠃
   ᠬᠤᠷᠠᠯ᠎ᠠᠴᠠ ᠲᠡᠬᠡᠷ᠎ᠡ ᠵᠠᠬᠢᠳᠠᠯ ᠰᠣᠷᠪᠤᠯᠵᠢᠯᠠᠭ᠎ᠠ ᠵᠢᠨ ᠣᠷᠣᠯᠠᠨ ᠭᠦᠢ᠍ᠴᠡᠳᠬᠡᠬᠦ ᠠᠵᠢᠯ᠎ᠢ ᠥᠷᠨᠢᠭᠦᠯᠬᠦ ᠪᠣᠯ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠤᠯᠤᠰ ᠲᠦᠷᠦ ᠵᠢᠨ ᠵᠥᠪᠯᠡᠯᠭᠡᠨ᠎ᠳᠤ ᠲᠤᠰᠢᠶᠠᠭᠰᠠᠨ ᠴᠢᠬᠤᠯᠠ ᠡᠭᠦᠷᠭᠡ ᠪᠣᠯᠣᠨ᠎ᠠ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠎ᠤ ᠳᠠᠪᠠᠭᠤᠯᠢᠭ ᠦᠢ᠍ᠯᠡᠳᠦᠯ᠎ᠢ ᠪᠠᠳᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠵᠢᠨ ᠣᠷᠣᠯᠠᠨ ᠭᠦᠢ᠍ᠴᠡᠳᠬᠡᠬᠦ ᠠᠵᠢᠯ᠎ᠢ ᠥᠷᠨᠢᠭᠦᠯᠬᠦ ᠵᠢᠨ ᠭᠣᠣᠯᠳᠠᠯᠭ᠎ᠠ ᠵᠢ ᠣᠨᠣᠪᠴᠢᠲᠠᠢ ᠣᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠪᠡᠶᠡᠯᠡᠭᠦᠯᠬᠦ᠎ᠳᠤ ᠨᠡᠩ ᠰᠠᠢ᠌ᠨ ᠬᠦᠴᠦ ᠨᠡᠮᠡᠷᠢᠯᠡᠵᠦ᠂ 《ᠰᠢᠨ᠎ᠡ ᠵᠠᠮ ᠨᠡᠭᠡᠭᠡᠵᠦ᠂ ᠳᠤᠮᠳᠠ  ᠲᠦᠪᠰᠢᠨ᠎ᠳᠤ ᠣᠷᠣᠬᠤ》 ᠬᠠᠷᠠᠯᠲᠠ ᠡᠭᠦᠷᠭᠡ ᠵᠢ ᠡᠷᠡᠰ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠬᠰᠠᠨ ᠪᠠᠢ᠌ᠨ᠎ᠠ᠃
   ᠬᠤᠷᠠᠯ ᠳᠡᠭᠡᠷ᠎ᠡ ᠪᠣᠳᠠᠲᠠᠢ ᠠᠵᠢᠯ᠎ᠤᠨ ᠲᠣᠬᠢᠷᠠᠭᠤᠯᠤᠯᠲᠠ ᠵᠢ ᠤᠩᠰᠢᠨ ᠨᠡᠢ᠌ᠲᠡᠯᠡᠵᠦ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠲᠥᠯᠥᠭᠡᠯᠡᠭᠴᠢ ᠣᠪᠣᠷ ᠵᠶ᠋ᠠᠨ ᠢᠯᠡᠳᠬᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠠᠯᠪᠠᠨ ᠲᠢᠩᠬᠢᠮ᠂ ᠡᠯ᠎ᠡ ᠲᠤᠰᠬᠠᠢ ᠵᠥᠪᠯᠡᠯ᠎ᠤᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ  ᠬᠥᠬᠡᠬᠣᠲᠠ᠎ᠳᠤ ᠰᠠᠭᠤᠭ᠎ᠠ  ᠤᠯᠤᠰ ᠲᠦᠷᠦ ᠵᠢᠨ ᠵᠥᠪᠯᠡᠯᠭᠡᠨ᠎ᠤ ᠬᠡᠰᠡᠭ ᠭᠡᠰᠢᠭᠦᠨ᠂ ᠬᠥᠬᠡᠬᠣᠲᠠ᠂ ᠲᠣᠭᠣᠷᠢᠭ᠎ᠤᠨ ᠤᠯᠤᠰ ᠲᠦᠷᠦ ᠵᠢᠨ ᠵᠥᠪᠯᠡᠯᠭᠡᠨ ᠪᠠ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠤᠯᠤᠰ ᠲᠦᠷᠦ ᠵᠢᠨ ᠵᠥᠪᠯᠡᠯᠭᠡᠨ᠎ᠤ ᠬᠡᠰᠡᠭ ᠭᠡᠰᠢᠭᠦᠨ ᠡᠬᠢᠯᠡᠯᠲᠡ ᠵᠢᠨ ᠶᠣᠰᠣᠯᠠᠯ᠎ᠳᠤ  ᠤᠷᠤᠯᠴᠠᠪᠠ᠃
 






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ ᠵᠢᠨ ᠵᠥᠪᠯᠡᠯᠭᠡᠨ ᠰᠠᠨᠠᠯ ᠳᠤᠷᠠᠳᠤᠯᠭ᠎ᠠ ᠵᠢ ᠲᠤᠰᠢᠶᠠᠨ ᠥᠭᠴᠦ ᠰᠢᠢ᠍ᠳᠪᠦᠷᠢᠯᠡᠭᠦᠯᠬᠦ ᠬᠤᠷᠠᠯ ᠬᠤᠷᠠᠯᠳᠤᠭᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠷᠪᠠᠳᠤᠭ᠋ᠠᠷ ᠬᠤᠷᠠᠯ ᠡᠬᠢᠯᠡᠪᠡ
 
            