ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ ᠵᠢᠨ ᠵᠥᠪᠯᠡᠯᠭᠡᠨ ᠰᠠᠨᠠᠯ ᠳᠤᠷᠠᠳᠤᠯᠭ᠎ᠠ ᠵᠢ ᠲᠤᠰᠢᠶᠠᠨ ᠥᠭᠴᠦ ᠰᠢᠢ᠍ᠳᠪᠦᠷᠢᠯᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2024-03-21

ᠵᠠᠩ ᠶᠠᠨ ᠺᠦᠨ ᠶᠠᠷᠢᠶ᠎ᠠ ᠲᠠᠯᠪᠢᠵᠠᠢ

      

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ᠎ᠤ᠎ᠬᠢᠨ 3 ᠳ᠋ᠤᠭ᠋ᠠᠷ ᠰᠠᠷ᠎ᠠ ᠵᠢᠨ 20᠎ᠤ ᠡᠳᠦᠷ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠬᠤᠷᠠᠯ᠎ᠤᠨ ᠰᠠᠨᠠᠯ ᠳᠤᠷᠠᠳᠤᠯᠭ᠎ᠠ ᠵᠢ ᠲᠤᠰᠢᠶᠠᠨ ᠰᠢᠢ᠍ᠳᠪᠦᠷᠢᠯᠡᠭᠦᠯᠬᠦ ᠬᠤᠷᠠᠯ᠎ᠢ ᠬᠠᠮᠳᠤᠷᠠᠨ ᠬᠤᠷᠠᠯᠳᠤᠭᠤᠯᠤᠬᠰᠠᠨ ᠪᠠᠢ᠌ᠨ᠎ᠠ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠭᠰᠠᠨ ᠪᠥᠭᠡᠳ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠴᠤ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠴᠡᠴᠡᠭ ᠬᠤᠷᠠᠯ᠎ᠢ ᠡᠷᠭᠢᠯᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠶᠠᠩ ᠵᠢᠶᠧ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ ᠵᠧᠩ ᠳ᠋ᠦᠩ ᠪᠥᠸᠧ᠂ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ᠃
    ᠬᠤᠷᠠᠯ ᠲᠡᠬᠡᠷ᠎ᠡ 2023 ᠣᠨ᠎ᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ ᠳ᠋ᠦᠩ᠎ᠢ ᠵᠠᠷᠯᠠᠨ᠂ 2023 ᠣᠨ᠎ᠤ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠠᠵᠢᠯ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠬᠤᠪᠢ ᠬᠥᠮᠥᠨ᠎ᠢ  ᠬᠦᠬᠢᠬᠦᠯᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠡᠪᠯᠡᠯ᠎ᠤᠨ ᠬᠣᠷᠢᠶ᠎ᠠ᠂ ᠪᠤᠭᠤᠲᠤ ᠬᠤᠳᠠ ᠵᠢᠨ ᠵᠠᠰᠠᠭ᠎ᠤᠨ ᠣᠷᠳᠣᠨ᠎ᠤ᠎ᠬᠢᠨ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃
      ᠬᠤᠷᠠᠯ ᠲᠡᠬᠡᠷ᠎ᠡ ᠡᠯ᠎ᠡ ᠳᠠᠭ᠋ᠠᠭ᠋ᠠᠨ ᠠᠪᠴᠤ ᠰᠢᠢ᠍ᠳᠪᠦᠷᠢᠯᠡᠬᠦ ᠨᠢᠬᠡᠴᠢ ᠵᠢᠨ᠎ᠬᠢᠨ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠴᠢᠬᠤᠯᠠᠴᠢᠯᠠᠵᠤ᠂ ᠢᠯᠡ ᠲᠣᠳᠣ ᠶᠠᠰᠤ ᠴᠢᠨᠠᠷ᠎ᠤᠨ ᠤᠳᠤᠷᠢᠳᠤᠮᠵᠢ ᠵᠢ ᠪᠤᠢ ᠪᠣᠯᠭ᠋ᠠᠵᠤ᠂ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠰᠢᠨ᠎ᠡ ᠠᠷᠭ᠎ᠠ ᠬᠢᠳᠡᠯ᠎ᠢ ᠰᠦᠪᠡᠭᠴᠢᠯᠡᠨ᠂ ᠭᠣᠣᠯᠳᠠᠯᠭ᠎ᠠ᠎ᠲᠠᠢ ᠰᠠᠨᠠᠯ ᠳᠤᠷᠠᠳᠤᠯᠭ᠎ᠠ ᠵᠢ ᠱᠠᠯᠠᠪᠳᠠᠭᠤᠯᠤᠨ ᠰᠢᠢ᠍ᠳᠪᠦᠷᠢᠯᠡᠭᠦᠯᠬᠦ ᠦᠢ᠍ᠯᠡᠳᠦᠯ᠎ᠢ ᠪᠠᠳᠠᠷᠠᠭᠤᠯᠵᠤ᠂ ᠨᠡᠩ ᠤᠯᠠᠨ ᠰᠠᠨᠠᠯ ᠳᠤᠷᠠᠳᠤᠯᠭ᠎ᠠ ᠰᠠᠨᠠᠭᠤᠯᠭ᠎ᠠ ᠵᠢ ᠨᠠᠮ ᠪᠠ ᠵᠠᠰᠠᠭ᠎ᠤᠨ ᠤᠷᠳᠤᠨ᠎ᠤ ᠰᠢᠢ᠍ᠳᠪᠦᠷᠢᠲᠦ ᠪᠣᠳᠣᠯᠭ᠎ᠠ ᠵᠢᠨ ᠰᠣᠩᠭᠣᠯᠲᠠ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ ᠭᠡᠵᠤ ᠱᠠᠭ᠋ᠠᠷᠳᠠᠬᠰᠠᠨ ᠪᠠᠢ᠌ᠨ᠎ᠠ᠃
   


   


    

      

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠷᠪᠠᠳᠤᠭ᠋ᠠᠷ ᠬᠤᠷᠠᠯ ᠡᠬᠢᠯᠡᠪᠡ
 
            