ᠰᠦᠨ ᠱᠣᠣ ᠴᠧᠩ ᠬᠤᠷᠠᠯ᠎ᠢ ᠡᠷᠬᠢᠯᠡᠵᠡᠢ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠳᠤᠭ᠋ᠠᠷ ᠬᠤᠷᠠᠯ 5 ᠳ᠋ᠤᠭ᠋ᠠᠷ ᠰᠠᠷ᠎ᠠ ᠵᠢᠨ 28᠎ᠤ ᠡᠳᠦᠷ ᠡᠬᠢᠯᠡᠭᠰᠡᠨ ᠪᠥᠭᠡᠳ ᠠᠩᠬᠠᠳᠤᠭ᠋ᠠᠷ ᠪᠥᠬᠥᠳᠡ ᠬᠤᠷᠠᠯ ᠬᠢᠪᠡ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠳᠤ ᠣᠲᠣ 73 ᠪᠦᠷᠢᠯᠳᠦᠭᠦᠨ᠎ᠲᠠᠢ᠂ ᠲᠣᠰ ᠤᠳᠠᠭ᠋ᠠᠨ᠎ᠤ ᠬᠤᠷᠠᠯ᠎ᠳᠤ 65 ᠬᠥᠮᠥᠨ ᠣᠷᠣᠯᠴᠠᠵᠤ᠂ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠨ᠎ᠡ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠬᠢᠯᠡᠭᠴᠢ ᠰᠦᠨ ᠱᠤᠤ ᠴᠧᠩ ᠬᠤᠷᠠᠯ᠎ᠢ ᠡᠷᠬᠢᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠪᠠᠢ᠌ᠩᠭᠤ ᠵᠢᠨ ᠳᠡᠳ᠋ ᠡᠷᠬᠢᠯᠡᠭᠴᠢ ᠯᠢᠨ ᠱᠣᠸ᠋ ᠴᠦᠨ᠂ ᠳᠡᠳ᠋ ᠡᠷᠬᠢᠯᠡᠭᠴᠢ ᠵᠠᠩ ᠱᠣᠸ᠋ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠤᠨ ᠳᠠᠷᠤᠭ᠎ᠠ ᠱ᠌ᠢ ᠸᠸᠨ ᠸᠸᠨ ᠬᠤᠷᠠᠯ᠎ᠳᠤ ᠣᠷᠣᠯᠴᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ ᠬᠤᠷᠠᠯ᠎ᠳᠤ ᠰᠤᠯᠠ ᠣᠷᠣᠯᠴᠠᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠳᠤᠭ᠋ᠠᠷ ᠬᠤᠷᠠᠯ 5 ᠳ᠋ᠤᠭ᠋ᠠᠷ ᠰᠠᠷ᠎ᠠ ᠵᠢᠨ 28᠎ᠤ ᠡᠳᠦᠷ ᠠᠩᠬᠠᠳᠤᠭ᠋ᠠᠷ ᠪᠥᠬᠥᠳᠡ ᠬᠤᠷᠠᠯ᠎ᠢ ᠬᠤᠷᠠᠯᠳᠤᠭᠤᠯᠵᠤ ᠪᠠᠢ᠌ᠭ᠎ᠠ᠎ᠨᠢ
ᠬᠤᠷᠠᠯ᠎ᠤᠨ ᠵᠥᠪᠯᠡᠬᠦ ᠵᠦᠢ᠍ᠯ᠎ᠢ ᠪᠠᠲᠤᠯᠠᠭᠰᠠᠨ᠎ᠤ ᠳᠠᠷᠠᠭ᠎ᠠ ᠬᠤᠷᠠᠯ ᠲᠡᠬᠡᠷ᠎ᠡ ᠴᠢ ᠪᠠᠲᠤ ᠵᠢᠨ ᠬᠢᠭᠰᠡᠨ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ᠎ᠪᠠᠷ ᠳᠡᠪᠰᠢᠭᠦᠯᠦᠭᠰᠡᠨ ᠬᠥᠮᠥᠰ᠎ᠤᠨ ᠪᠠᠢ᠌ᠳᠠᠯ᠎ᠤᠨ ᠲᠣᠳᠣᠷᠬᠠᠢ᠌ᠯᠠᠯᠲᠠ ᠵᠢ ᠰᠣᠨᠣᠰᠴᠠᠢ᠃
ᠬᠤᠷᠠᠯ ᠲᠡᠬᠡᠷ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠡᠷᠬᠢᠯᠡᠭᠴᠢ ᠭᠡᠰᠢᠭᠦᠨ ᠰᠠᠷᠠᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠋ᠠᠴᠢᠯᠠᠭᠰᠠᠨ ᠠᠵᠤ ᠠᠬᠤᠢ ᠵᠢ ᠠᠬᠢᠭᠤᠯᠬᠤ ᠳᠦᠷᠢᠮ (ᠲᠥᠰᠥᠯ᠎ᠳᠤ ᠵᠠᠰᠠᠪᠤᠷᠢ ᠣᠷᠣᠭᠤᠯᠤᠭᠰᠠᠨ ᠨᠣᠣᠷᠠᠭ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠡᠢ᠌ᠭᠡᠮ᠎ᠤᠨ ᠪᠠᠢ᠌ᠭᠤᠯᠤᠯᠲᠠ ᠵᠢᠨ ᠵᠥᠪᠯᠡᠯ᠎ᠤᠨ ᠡᠷᠬᠢᠯᠡᠭᠴᠢ ᠭᠡᠰᠢᠭᠦᠨ ᠱ᠌ᠢ ᠸᠠᠨ ᠵᠢᠶᠦ᠋ᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠮᠡᠭᠲᠡᠢ᠌ᠴᠦᠳ᠎ᠤᠨ ᠡᠷᠬᠡ ᠠᠰᠢᠭ᠎ᠢ ᠪᠠᠲᠤᠯᠠᠬᠤ ᠬᠠᠤᠯᠢ〉 ᠵᠢ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠥᠯ)》 ᠵᠢᠨ ᠲᠤᠬᠠᠢ ᠲᠣᠳᠣᠷᠬᠠᠢ᠌ᠯᠠᠯᠲᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯᠴᠢᠨ᠎ᠤ ᠡᠪᠯᠡᠯ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠥᠯ)》 ᠵᠢᠨ ᠲᠤᠬᠠᠢ ᠲᠣᠳᠣᠷᠬᠠᠢ᠌ᠯᠠᠯᠲᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠵᠧᠩ ᠵᠢᠨ ᠴᠦᠨ᠎ᠤ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ〉 ᠵᠢ ᠬᠡᠷᠡᠭᠵᠢᠭᠦᠯᠬᠦ ᠠᠷᠭ᠎ᠠ (ᠵᠠᠰᠠᠪᠤᠷᠢ ᠣᠷᠣᠭᠤᠯᠤᠭᠰᠠᠨ ᠲᠥᠰᠥᠯ)》 ᠵᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠳᠦᠷᠢᠮ᠎ᠤᠨ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠵᠠᠩ ᠽᠦᠸᠧ ᠾᠧᠦ ᠵᠢᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠳᠡᠩᠰᠡᠯᠡᠵᠦ ᠬᠢᠨᠠᠨ ᠪᠠᠢ᠌ᠴᠠᠭ᠋ᠠᠬᠤ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠮᠡᠳᠡᠭᠦᠯᠦᠯᠲᠡ ᠵᠢ ᠰᠤᠨᠤᠰᠪᠠ᠃
ᠬᠤᠷᠠᠯ ᠲᠡᠬᠡᠷ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ ᠬᠥᠩ ᠮᠢᠩ ᠵᠤ᠌ ᠵᠢᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠳᠦᠷᠢᠮ (ᠲᠥᠰᠥᠯ)》᠎ᠤᠨ ᠲᠤᠬᠠᠢ ᠲᠣᠳᠣᠷᠬᠠᠢ᠌ᠯᠠᠯᠲᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ ᠵᠢ ᠬᠠᠮᠠᠭ᠋ᠠᠯᠠᠬᠤ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠤᠨ ᠲᠤᠬᠠᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠠᠷᠤᠭ᠎ᠠ ᠵᠢᠨ ᠬᠦᠴᠦᠨ᠎ᠲᠠᠢ ᠪᠣᠯᠤᠭᠰᠠᠨ ᠨᠠᠢ᠌ᠵᠠ ᠵᠢᠨ ᠬᠢᠭᠰᠡᠨ ᠲᠣᠳᠣᠷᠬᠠᠢ᠌ᠯᠠᠯᠲᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ ᠡᠷᠡᠭᠦᠯ ᠬᠠᠮᠠᠭ᠋ᠠᠯᠠᠯ᠎ᠤᠨ ᠠᠵᠢᠯ᠎ᠤᠨ ᠵᠥᠪᠯᠡᠯ᠎ᠤᠨ ᠡᠷᠬᠢᠯᠡᠭᠴᠢ ᠮᠥᠩᠬᠡᠴᠡᠴᠡᠭ 《ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠵᠢᠭᠤᠯᠴᠢᠯᠠᠯ᠎ᠤᠨ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠣᠭᠲᠠᠭ᠋ᠠᠯ (ᠲᠥᠰᠥᠯ)》᠎ᠤᠨ ᠲᠤᠬᠠᠢ ᠲᠣᠳᠣᠷᠬᠠᠢ᠌ᠯᠠᠯᠲᠠ ᠵᠢ ᠰᠣᠨᠤᠰᠪᠠ᠃
ᠬᠤᠷᠠᠯ ᠲᠡᠬᠡᠷ᠎ᠡ ᠴᠢ ᠪᠠᠲᠤ ᠵᠢᠨ ᠬᠢᠭᠰᠡᠨ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠦᠭᠰᠡᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ ᠬᠡᠦᠬᠡᠳ᠎ᠤᠨ ᠠᠵᠢᠯ᠎ᠤᠨ ᠵᠥᠪᠯᠡᠯ᠎ᠤᠨ ᠳᠡᠳ᠋ ᠡᠷᠬᠢᠯᠡᠭᠴᠢ ᠸᠠᠩ ᠹᠠᠩ᠎ᠤᠨ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠦᠭᠵᠢᠬᠦᠯᠤᠯᠳᠡ ᠵᠢᠨ ᠬᠥᠲᠥᠯᠪᠦᠷᠢ (2021 — 2030 ᠣᠨ)》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ᠎ᠤᠨ ᠬᠦᠭᠵᠢᠬᠦᠯᠤᠯᠳᠡ ᠵᠢᠨ ᠬᠥᠲᠥᠯᠪᠦᠷᠢ (2021 — 2030 ᠣᠨ)》 ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠳᠠᠷᠤᠭ᠎ᠠ ᠭᠦᠸᠧ ᠢᠦᠢ ᠹᠧᠩ᠎ᠤᠨ ᠬᠢᠭᠰᠡᠨ ᠪᠥᠬᠥ ᠣᠷᠣᠨ᠎ᠤ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ 《ᠳᠤᠯᠠᠭ᠋ᠠᠯᠠᠭ᠎ᠠ ᠵᠢᠨ ᠢᠨᠵᠧᠨᠧᠷᠢᠩ》᠎ᠢ ᠬᠡᠷᠡᠭᠵᠢᠭᠦᠯᠦᠭᠰᠡᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠷᠬᠢᠯᠡᠭᠴᠢ ᠯᠢᠦ ᠶᠦᠩ᠎ᠤᠨ ᠬᠢᠭᠰᠡᠨ ᠰᠢᠯᠢᠳᠡᠭ ᠡᠮᠴᠢᠯᠡᠭᠡᠨ᠎ᠤ ᠡᠬᠢ ᠪᠠᠶᠠᠯᠢᠭ᠎ᠢ ᠣᠷᠣᠭᠤᠯᠤᠨ ᠠᠪᠴᠢᠷᠠᠵᠤ᠂ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠳᠠᠷᠤᠭ᠎ᠠ ᠭᠦᠸᠧ ᠵᠠᠨ ᠵᠢᠶᠠᠩ᠎ᠤᠨ ᠬᠢᠭᠰᠡᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠠᠵᠢᠯ᠎ᠤᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ ᠪᠥᠬᠥ ᠣᠷᠣᠨ᠎ᠤ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠸᠠᠩ ᠹᠥ᠋ᠩ ᠤᠨ ᠬᠢᠭᠰᠡᠨ ᠦᠬᠠᠢ ᠪᠤᠯᠤᠨ ᠦᠬᠠᠢ ᠵᠢᠨ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠢ᠌ᠯᠡᠵᠦ ᠬᠠᠮᠲᠤᠷᠠᠨ ᠡᠵᠡᠮᠳᠡᠬᠦ ᠠᠵᠢᠯ᠎ᠢ ᠠᠬᠢᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ 2023 ᠣᠨ᠎ᠤ ᠣᠷᠴᠢᠨ ᠲᠣᠭᠣᠷᠢᠨ᠎ᠤ ᠪᠠᠢ᠌ᠳᠠᠯ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠠᠯᠲᠠ ᠵᠢ ᠪᠡᠶᠡᠯᠡᠭᠦᠯᠦᠭᠰᠡᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠳᠡᠳ᠋ ᠳᠠᠷᠤᠭ᠎ᠠ ᠯᠢ ᠵᠢᠶᠠᠨ ᠫᠢᠩ᠎ᠤᠨ ᠬᠢᠭᠰᠡᠨ ᠪᠥᠬᠥ ᠣᠷᠣᠨ᠎ᠤ ᠰᠢᠭᠦᠬᠦ ᠬᠣᠷᠢᠶ᠎ᠠ ᠵᠢᠨ ᠵᠠᠰᠠᠭ ᠵᠠᠬᠢᠷᠭ᠋ᠠᠨ᠎ᠤ ᠰᠢᠭᠦᠨ ᠲᠠᠰᠤᠯᠬᠤ ᠠᠵᠢᠯ᠎ᠤᠨ ᠪᠠᠢ᠌ᠳᠠᠯ᠎ᠤᠨ ᠲᠤᠬᠠᠢ ᠮᠡᠳᠡᠭᠦᠯᠦᠯᠲᠡ ᠵᠢ ᠰᠤᠨᠤᠰᠪᠠ᠃
ᠬᠤᠷᠠᠯ ᠲᠡᠬᠡᠷ᠎ᠡ ᠪᠠᠰᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠥᠯᠥᠭᠡᠯᠡᠭᠴᠢ ᠵᠢᠨ ᠬᠢᠷᠢ ᠬᠡᠮ᠎ᠢ ᠬᠢᠨᠠᠨ ᠪᠠᠢ᠌ᠴᠠᠭ᠋ᠠᠬᠤ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠭᠦᠸᠧ ᠰᠢᠨ᠎ᠤ ᠬᠢᠭᠰᠡᠨ ᠣᠨᠴᠠ ᠵᠠᠷᠢᠮ ᠲᠥᠯᠥᠭᠡᠯᠡᠭᠴᠢ ᠵᠢᠨ ᠲᠥᠯᠥᠭᠡᠯᠡᠭᠴᠢ ᠵᠢᠨ ᠬᠢᠷᠢ ᠬᠡᠮ᠎ᠤᠨ ᠲᠤᠬᠠᠢ ᠮᠡᠳᠡᠭᠦᠯᠦᠯᠲᠡ ᠵᠢ ᠰᠣᠨᠣᠰᠴᠠᠢ᠃
ᠬᠤᠷᠠᠯ ᠲᠡᠬᠡᠷ᠎ᠡ ᠡᠯ᠎ᠡ ᠲᠣᠭᠣᠷᠢᠭ ᠪᠠᠢ᠌ᠭᠤᠯᠤᠭᠰᠠᠨ ᠬᠣᠲᠠ ᠵᠢᠨ ᠮᠡᠳᠡᠭᠦᠯᠦᠨ ᠵᠥᠪᠰᠢᠶᠡᠷᠡᠭᠦᠯᠦᠭᠰᠡᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠬᠢᠨᠠᠨ ᠵᠥᠪᠯᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ᠎ᠤᠨ ᠳᠡᠪᠰᠢᠭᠦᠯᠦᠭᠰᠡᠨ 1 — 9 ᠳ᠋ᠦᠭᠡᠷ ᠲᠣᠭ᠋ᠠᠲᠤ ᠵᠥᠪᠯᠡᠯᠭᠡ ᠵᠢ ᠬᠢᠨᠠᠨ ᠵᠥᠪᠯᠡᠭᠰᠡᠨ ᠦᠷ᠎ᠡ ᠳ᠋ᠦᠩ᠎ᠤᠨ ᠲᠤᠬᠠᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠤᠰᠬᠠᠢ ᠵᠥᠪᠯᠡᠯ᠎ᠤᠨ ᠮᠡᠳᠡᠭᠦᠯᠦᠯᠲᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 《ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ 〈ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠤᠨ ᠪᠠᠢ᠌ᠳᠠᠯ᠎ᠤᠨ ᠲᠤᠬᠠᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠡᠳᠡᠭᠦᠯᠦᠯᠲᠡ〉 ᠵᠢ ᠬᠢᠨᠠᠨ ᠵᠥᠪᠯᠡᠭᠰᠡᠨ ᠰᠠᠨᠠᠯ》᠎ᠢ ᠭᠦᠢ᠍ᠴᠡᠳᠬᠡᠭᠰᠡᠨ ᠪᠠᠢ᠌ᠳᠠᠯ᠎ᠤᠨ ᠲᠤᠬᠠᠢ ᠮᠡᠳᠡᠭᠦᠯᠦᠯᠲᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠎ᠤᠨ ᠲᠤᠰᠢᠶᠠᠯ᠎ᠳᠤ ᠳᠡᠪᠰᠢᠭᠦᠯᠦᠭᠰᠡᠳ᠎ᠤᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠵᠢ ᠰᠤᠨᠤᠰᠪᠠ᠃
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠲᠦᠯᠤᠬᠡᠯᠡᠭᠴᠢᠳ᠎ᠤᠨ ᠶᠡᠬᠡ ᠬᠤᠷᠠᠯ᠎ᠤᠨ ᠡᠯ᠎ᠡ ᠲᠤᠰᠬᠠᠢ ᠺᠣᠮᠢᠰ᠎ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠡᠰᠡᠭ ᠲᠥᠯᠥᠭᠡᠯᠡᠭᠴᠢ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂ ᠠᠢ᠌ᠮᠠᠭ᠎ᠤᠨ ᠠᠵᠢᠯᠯᠠᠬᠤ ᠬᠣᠷᠢᠶ᠎ᠠ ᠵᠢᠨ ᠬᠠᠷᠢᠭᠤᠴᠠᠯᠭ᠋ᠠᠲᠠᠨ᠂ ᠡᠯ᠎ᠡ ᠲᠣᠭᠣᠷᠢᠭ᠎ᠲᠠᠢ ᠬᠣᠲᠠ᠂ ᠮᠠᠨᠵᠤᠤᠷ ᠬᠣᠲᠠ᠂ ᠡᠷᠢᠶᠡᠨ ᠬᠣᠲᠠ᠂ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠷᠢᠭᠤᠴᠠᠯᠭ᠋ᠠᠲᠠᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠦᠬᠦ ᠬᠣᠷᠢᠶ᠎ᠠ ᠪᠠᠢ᠌ᠴᠠᠭ᠋ᠠᠬᠤ ᠬᠣᠷᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠬᠤᠷᠠᠯ᠎ᠳᠤ ᠰᠤᠯᠠ ᠤᠷᠤᠯᠴᠠᠬᠰᠠᠨ ᠪᠠᠢ᠌ᠨ᠎ᠠ᠃