ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠰᠦᠨ ᠱᠤᠤ ᠴᠧᠩ ᠳᠥᠷᠪᠡᠳ ᠬᠣᠰᠢᠭᠤᠨ᠎ᠳᠤ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2024-06-13

    ᠰᠦᠨ ᠱᠤᠤ ᠴᠧᠩ 6 ᠳ᠋ᠤᠭ᠋ᠠᠷ ᠰᠠᠷ᠎ᠠ ᠵᠢᠨ 11᠂ 12᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠷᠢᠯᠴᠠᠬᠤ ᠴᠡᠭ ᠪᠤᠯᠬᠤ ᠳᠥᠷᠪᠡᠳ ᠬᠣᠰᠢᠭᠤᠨ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠮᠠᠯᠴᠢᠨ ᠲᠠᠷᠢᠶᠠᠴᠢᠨ᠎ᠳᠤ ᠨᠥᠬᠥᠪᠦᠷᠢ ᠣᠯᠭᠣᠬᠤ ᠵᠡᠷᠭᠡ ᠠᠵᠢᠯ᠎ᠤᠨ ᠲᠤᠬᠠᠢ ᠪᠠᠢ᠌ᠴᠠᠭ᠋ᠠᠨ ᠰᠤᠳᠤᠯᠵᠠᠢ ᠃

 


    ᠰᠦᠨ ᠱᠤᠤ ᠴᠧᠩ ᠲᠥᠮᠥᠰᠥ ᠲᠠᠷᠢᠬᠤ ᠲᠣᠭᠣᠷᠢᠭ ᠪᠣᠯᠣᠨ ᠠᠯᠠᠰᠢᠨ ᠬᠣᠨᠢ ᠦᠷᠡᠵᠢᠬᠦᠯᠬᠦ ᠲᠣᠭᠣᠷᠢᠭ᠎ᠲᠤ ᠭᠦᠨᠵᠡᠭᠡᠢ᠌ᠷᠡᠵᠦ᠂ ᠲᠥᠮᠥᠰᠥ ᠵᠢᠨ ᠤᠷᠭᠤᠴᠠ ᠵᠢᠨ ᠪᠠᠢ᠌ᠳᠠᠯ ᠪᠣᠯᠣᠨ ᠠᠯᠠᠰᠢᠨ ᠬᠣᠨᠢ ᠵᠢ ᠬᠠᠰᠢᠶᠠᠯᠠᠨ ᠲᠡᠵᠢᠭᠡᠵᠦ ᠪᠠᠢ᠌ᠭ᠎ᠠ ᠪᠠᠢ᠌ᠳᠠᠯ᠎ᠢ ᠪᠠᠢ᠌ᠴᠠᠭ᠋ᠠᠨ ᠦᠵᠡᠵᠦ᠂ ᠲᠠᠷᠢᠵᠤ ᠲᠡᠵᠢᠭᠡᠨ ᠦᠷᠡᠵᠢᠭᠦᠯᠬᠦ ᠡᠷᠦᠬᠡ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠲᠡᠳᠡᠨ᠎ᠲᠠᠢ ᠬᠠᠮᠲᠤ᠎ᠪᠠᠷ  ᠤᠷᠤᠯᠭ᠎ᠠ ᠵᠠᠷᠤᠯᠭ᠎ᠠ ᠵᠢᠨ ᠳᠠᠩᠰᠠ ᠵᠢ ᠪᠤᠳᠤᠵᠠᠢ᠃ ᠰᠦᠨ ᠱᠤᠤ ᠴᠸᠡᠭ᠄ 《ᠭᠠᠵᠠᠷ ᠰᠢᠷᠣᠢ ᠡᠵᠡᠩᠨᠡᠬᠦ ᠠᠵᠢᠯ᠎ᠢ ᠰᠠᠢ᠌ᠲᠤᠷ ᠬᠢᠵᠦ᠂ ᠲᠣᠰᠬᠣᠨ᠎ᠤ ᠬᠠᠮᠲᠤ ᠵᠢᠨ ᠠᠵᠤ ᠠᠬᠤᠢ ᠵᠢ ᠢᠳᠡᠪᠬᠢᠲᠡᠢ᠎ᠪᠠᠷ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠲᠦᠬᠦᠬᠡᠷᠤᠮᠵᠢᠳᠤ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶ᠎ᠠ ᠵᠢᠨ ᠠᠵᠤ ᠠᠬᠤᠢ ᠵᠡᠷᠭᠡ ᠣᠯᠠᠨ ᠠᠷᠭ᠎ᠠ᠎ᠪᠠᠷ ᠨᠡᠮᠡᠭᠳᠡᠭᠦᠯᠬᠦ ᠬᠡᠷᠡᠭᠲᠡᠢ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠣᠮᠣ ᠲᠠᠪᠴᠠᠩ᠎ᠢ ᠰᠠᠢ᠌ᠲᠤᠷ ᠠᠰᠢᠭᠯᠠᠵᠤ᠂ ᠰᠤᠷᠭ᠋ᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢ᠌ᠲᠤᠷ ᠬᠢᠬᠦ ᠬᠡᠷᠡᠭᠲᠡᠢ᠃ ᠲᠠᠬᠢᠨ ᠶᠠᠳᠠᠭᠤᠷᠠᠬᠤ᠎ᠠᠴᠠ ᠰᠡᠷᠭᠡᠢ᠌ᠯᠡᠬᠦ ᠪᠠᠢ᠌ᠳᠠᠯ᠎ᠢ ᠬᠢᠨᠠᠨ ᠬᠡᠮᠵᠢᠬᠦ ᠪᠠ ᠪᠠᠢ᠌ᠩᠭᠤᠵᠢᠭᠤᠯᠤᠨ ᠲᠡᠳᠬᠦᠬᠦ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠶᠡᠬᠡ ᠬᠡᠪᠴᠢᠶ᠎ᠡ᠎ᠪᠠᠷ ᠲᠠᠬᠢᠨ ᠶᠠᠳᠠᠭᠤᠷᠠᠬᠤ᠎ᠠᠴᠠ ᠰᠡᠷᠭᠡᠢ᠌ᠯᠡᠬᠦ ᠬᠣᠷᠢᠭ᠎ᠠ  ᠵᠢ ᠪᠠᠲᠤ ᠰᠠᠬᠢᠬᠤ ᠬᠡᠷᠡᠭᠲᠡᠢ》 ᠬᠡᠵᠡᠢ᠃
   ᠰᠦᠨ ᠱᠤᠤ ᠴᠧᠩ ᠮᠠᠯᠵᠢᠬᠤ ᠲᠠᠷᠢᠶᠠᠯᠠᠬᠤ ᠣᠷᠣᠨ᠎ᠤ ᠡᠳ᠋᠎ᠤᠨ ᠵᠠᠰᠠᠭ᠎ᠤᠨ ᠨᠥᠬᠥᠪᠦᠷᠢ ᠵᠢ ᠲᠠᠷᠬᠠᠭ᠋ᠠᠭᠰᠠᠨ ᠪᠠᠢ᠌ᠳᠠᠯ ᠪᠣᠯᠣᠨ ᠬᠡᠷᠡᠭᠯᠡᠭᠰᠡᠨ ᠦᠷ᠎ᠡ ᠪᠦᠲᠦᠮᠵᠢ ᠵᠢ ᠲᠤᠢ᠌ᠯ ᠵᠶ᠋ᠠᠷ ᠠᠩᠬᠠᠷᠴᠤ᠂ ᠬᠦᠷᠦᠭᠰᠡᠨ ᠭᠠᠵᠠᠷ ᠪᠣᠯᠭ᠋ᠠᠨ᠎ᠳᠤ ᠲᠤᠬᠠᠢ ᠵᠢᠨ ᠨᠤᠳᠤᠭ᠎ᠤᠨ ᠺᠠᠳ᠋ᠷ ᠪᠣᠯᠣᠨ ᠮᠠᠯᠴᠢᠨ ᠲᠠᠷᠢᠶᠠᠴᠢᠨ᠎ᠤ ᠲᠥᠯᠥᠭᠡᠯᠡᠭᠴᠢ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠵᠠᠢ᠃ ᠵᠢᠯ ᠪᠦᠷᠢ ᠬᠡᠳᠦᠢ ᠨᠥᠬᠥᠪᠦᠷᠢ ᠥᠭᠬᠦ᠂ ᠶᠠᠮᠠᠷ ᠶᠠᠮᠠᠷ ᠲᠦᠷᠦᠯ ᠵᠦᠢ᠍ᠯ ᠪᠠᠢ᠌ᠬᠤ ᠵᠢ ᠬᠡᠵᠢᠶ᠎ᠡ ᠥᠭᠬᠦ᠂ ᠠᠯᠢ ᠪᠠᠩᠬᠢ᠎ᠠᠴᠠ ᠥᠭᠬᠦ᠂ ᠬᠡᠷᠬᠢᠨ ᠮᠡᠳᠡᠭᠳᠡᠬᠦ ᠵᠡᠷᠭᠡ  ᠶᠠᠪᠤᠴᠨ ᠨᠢᠬᠡ ᠪᠦᠷᠢ ᠵᠢ ᠴᠦᠮ ᠨᠢᠮᠪᠠᠢ ᠠᠰᠠᠭᠤᠳᠠᠭ᠃ 12᠎ᠤ ᠦᠳᠡ ᠵᠢᠨ ᠡᠮᠦᠨ᠎ᠡ ᠰᠦᠨ ᠱᠣᠸ᠋ ᠴᠧᠩ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠤᠯᠠᠭ᠋ᠠᠨᠴᠠᠪ ᠬᠣᠲᠠ ᠪᠠ ᠳᠥᠷᠪᠡᠳ ᠬᠣᠰᠢᠭᠤᠨ᠎ᠤ ᠪᠠᠢ᠌ᠳᠠᠯ᠎ᠤᠨ ᠬᠠᠷᠢᠭᠤ ᠮᠡᠳᠡᠭᠦᠯᠦᠯᠲᠡ ᠪᠠ ᠬᠢᠩᠭ᠋ᠠᠨ ᠠᠢ᠌ᠮᠠᠭ᠎ᠤᠨ ᠲᠤᠷᠰᠢᠯᠭ᠎ᠠ ᠵᠢ ᠰᠣᠨᠣᠰᠪᠠ᠃ ᠰᠦᠨ ᠱᠤᠤ ᠴᠸᠡᠭ᠄ 《ᠮᠠᠯᠴᠢᠨ ᠲᠠᠷᠢᠶᠠᠴᠢᠨ᠎ᠳᠤ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠨᠥᠬᠥᠪᠦᠷᠢ ᠣᠯᠭᠣᠬᠤ ᠪᠣᠯ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠬᠤ ᠶᠡᠬᠡ ᠶᠠᠪᠤᠳᠠᠯ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠦᠭᠵᠢᠬᠦᠯᠤᠯᠳᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠨᠥᠬᠥᠪᠦᠷᠢ ᠵᠢᠨ ᠲᠠᠷᠬᠠᠭ᠋ᠠᠯᠲᠠ ᠵᠢ ᠰᠢᠯᠢᠳᠡᠭᠵᠢᠭᠦᠯᠬᠦ ᠵᠢ  ᠴᠢᠬᠤᠯᠠ ᠥᠭᠡᠷᠡᠴᠢᠯᠡᠯᠲᠡ ᠵᠢᠨ ᠠᠷᠭ᠎ᠠ ᠪᠣᠯᠭ᠋ᠠᠨ ᠠᠳᠬᠤᠵᠤ᠂ ᠲᠠᠷᠬᠠᠭ᠋ᠠᠯᠲᠠ ᠵᠢᠨ ᠬᠠᠮᠵᠢᠯᠴᠠᠬᠤ ᠲᠣᠭᠲᠠᠴᠠ ᠵᠢᠨ ᠰᠢᠨ᠎ᠡ ᠵᠢ ᠡᠭᠦᠳᠬᠦ᠎ᠪᠠᠷ ᠳᠠᠮᠵᠢᠭᠤᠯᠵ᠊᠎ᠤ᠂ ᠲᠦᠷᠦ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠰᠢᠯᠢᠳᠡᠭᠵᠢᠭᠦᠯᠵᠦ᠂ ᠰᠠᠢ᠌ᠨ ᠶᠠᠪᠤᠳᠠᠯ᠎ᠢ ᠰᠠᠢ᠌ᠲᠤᠷ ᠬᠢᠵᠦ᠂ ᠤᠯᠠᠨ ᠲᠦᠮᠡᠨ᠎ᠳᠤ ᠨᠠᠮ᠎ᠤᠨ ᠬᠠᠢ᠌ᠷ᠎ᠠ ᠬᠠᠯᠠᠮᠵᠢ ᠵᠢ ᠨᠡᠩ ᠭᠦᠨᠵᠡᠭᠡᠢ ᠮᠡᠳᠡᠷᠡᠭᠦᠯᠬᠦ ᠬᠡᠷᠡᠭᠲᠡᠢ᠃ ᠨᠥᠬᠥᠪᠦᠷᠢ ᠥᠭᠬᠦ ᠵᠦᠢ᠍ᠯᠡᠰ᠎ᠢ ᠵᠢᠷᠤᠮᠵᠢᠭᠤᠯᠤᠨ᠂ ᠨᠡᠢ᠌ᠯᠡᠭᠦᠯᠵᠦ ᠪᠣᠯᠬᠤ ᠵᠢ᠎ᠨᠢ ᠴᠥᠮ ᠨᠡᠢ᠌ᠯᠡᠭᠦᠯᠵᠦ᠂ ᠳᠥᠭᠥᠮᠴᠢᠯᠡᠵᠦ ᠪᠣᠯᠬᠤ ᠵᠢ᠎ᠨᠢ ᠳᠥᠭᠥᠮᠴᠢᠯᠡᠬᠦ ᠬᠡᠷᠡᠭᠲᠡᠢ᠃ ᠵᠢᠷᠤᠮ᠎ᠢ ᠴᠢᠩᠭ᠎ᠠ ᠵᠢᠷᠤᠮᠯᠠᠨ ᠠᠵᠢᠯᠯᠠᠵᠤ᠂ ᠢᠯᠡ ᠪᠥᠭᠡᠳ ᠭᠣᠣᠯᠴᠢ ᠪᠠᠢ᠌ᠬᠤ ᠬᠡᠷᠡᠭᠲᠡᠢ᠃ ᠪᠣᠳᠠᠲᠤ ᠠᠵᠢᠯᠯᠠᠭ᠎ᠠ ᠵᠢ ᠡᠷᠬᠢᠮᠯᠡᠨ ᠲᠤᠰᠠᠲᠠᠢ ᠪᠠᠢ᠌ᠬᠤ ᠵᠠᠷᠴᠢᠮ ᠵᠶ᠋ᠠᠷ ᠨᠥᠬᠥᠪᠦᠷᠢ ᠣᠯᠭᠣᠬᠤ ᠴᠠᠭ ᠪᠠ ᠠᠷᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠡᠳ᠋᠎ᠤᠨ ᠵᠠᠰᠠᠭ᠎ᠤᠨ ᠪᠡᠯᠡ ᠮᠥᠩᠭᠥ ᠵᠢ ᠤᠯᠠᠨ ᠲᠦᠮᠡᠨ᠎ᠤ ᠬᠠᠮᠤᠭ᠎ᠤᠨ ᠬᠡᠷᠡᠭᠴᠡᠭᠡ᠎ᠲᠠᠢ ᠭᠠᠵᠠᠷ᠂ ᠬᠠᠮᠤᠭ᠎ᠤᠨ ᠬᠡᠷᠡᠭᠴᠡᠭᠡ᠎ᠲᠠᠢ ᠦᠶ᠎ᠡ᠎ᠳᠤ ᠨᠥᠬᠥᠪᠦᠷᠢᠯᠡᠬᠦ ᠬᠡᠷᠡᠭᠲᠡᠢ᠃ ᠤᠬᠠᠭᠤᠯᠭ᠎ᠠ ᠵᠢᠨ ᠠᠷᠭ᠎ᠠ ᠬᠡᠯᠪᠡᠷᠢ ᠪᠠ ᠠᠭᠤᠯᠭ᠎ᠠ ᠵᠢ ᠰᠢᠯᠢᠳᠡᠭᠵᠢᠭᠦᠯᠵᠦ᠂ ᠨᠥᠬᠥᠪᠦᠷᠢ ᠣᠯᠭᠣᠬᠤ ᠤᠭ ᠰᠠᠨᠠᠭ᠎ᠠ ᠪᠠ ᠦᠨᠳᠦᠰᠦ ᠪᠠᠷᠢᠮᠲᠠ ᠵᠢ ᠤᠯᠠᠨ ᠲᠦᠮᠡᠨ᠎ᠳᠤ ᠲᠣᠳᠣᠷᠬᠠᠢ ᠶᠠᠷᠢᠵᠤ᠂ ᠨᠥᠬᠥᠪᠦᠷᠢ ᠵᠢᠨ ᠴᠠᠭ᠋ᠠᠨᠠᠬᠢ ᠬᠠᠷᠠᠭ᠋ᠠᠯᠵᠠᠭᠰᠠᠨ ᠬᠠᠷᠢᠭᠤᠴᠠᠯᠭ᠎ᠠ ᠪᠠ ᠡᠭᠦᠷᠭᠡ ᠵᠢ ᠲᠣᠳᠣᠷᠬᠠᠢ ᠶᠠᠷᠢᠵᠤ᠂ ᠤᠯᠠᠨ ᠲᠦᠮᠡᠨ᠎ᠢ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠤᠬᠠᠮᠰᠠᠷ᠎ᠠᠴᠠ᠎ᠪᠠᠨ ᠨᠠᠢ᠌ᠳᠠᠪᠤᠷᠢᠵᠢᠭᠤᠯᠬᠤ ᠲᠡᠢ᠌ᠰᠢ ᠲᠠᠢ᠌ᠴᠢᠯᠠᠵᠤ ᠂ ᠨᠠᠮ᠎ᠤᠨ ᠠᠴᠢ ᠲᠤᠰᠠ ᠵᠢ ᠨᠡᠡᠭ ᠴᠢᠩ ᠰᠡᠳᠬᠢᠯ᠎ᠠᠴᠠ᠎ᠨᠢ ᠮᠡᠳᠡᠷᠡᠭᠦᠯᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ ᠪᠣᠯᠭ᠋ᠠᠬᠤ ᠬᠡᠷᠡᠭᠲᠡᠢ᠃
    ᠰᠦᠨ ᠱᠤᠤ ᠴᠧᠩ ᠪᠠᠰᠠ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠯᠴᠠᠬᠤ ᠴᠡᠭ ᠪᠤᠯᠬᠤ ᠵᠢᠢ ᠱᠧᠩ᠎ᠲᠠᠢ ᠪᠠᠯᠭ᠋ᠠᠰᠤᠨ᠎ᠤ ᠬᠠᠢ ᠪᠥᠸᠧ ᠽᠢ ᠲᠣᠰᠬᠣᠨ᠎ᠳᠤ ᠬᠦᠷᠴᠦ᠂ ᠲᠣᠰᠬᠣᠨ᠎ᠤ ᠳᠦᠷᠰᠦ ᠪᠠᠢ᠌ᠳᠠᠯ᠎ᠢ ᠶᠠᠪᠠᠭ᠋ᠠᠨ ᠵᠶ᠋ᠠᠷ ᠪᠠᠢ᠌ᠴᠠᠭ᠋ᠠᠨ ᠦᠵᠡᠭᠰᠡᠨ ᠪᠥᠭᠡᠳ ᠲᠠᠷᠢᠶᠠᠴᠢᠨ  ᠠᠢ᠌ᠯ᠎ᠳᠤ ᠤᠷᠤᠵᠤ ᠠᠷᠠᠳ᠎ᠤᠨ ᠪᠠᠢ᠌ᠳᠠᠯ᠎ᠢ ᠣᠢ᠌ᠯᠠᠭ᠋ᠠᠪᠠ᠃  ᠰᠦᠨ ᠱᠤᠤ ᠴᠸᠡᠭ᠄ 《ᠤᠯᠠᠨ ᠲᠦᠮᠡᠨ᠎ᠤ ᠠᠵᠢᠯ᠎ᠢ ᠬᠢᠵᠦ᠂ ᠤᠯᠠᠨ ᠲᠦᠮᠡᠨ᠎ᠳᠤ ᠦᠢ᠍ᠯᠡᠴᠢᠯᠡᠬᠦ᠎ᠳᠤ ᠡᠷᠬᠡᠪᠰᠢ ᠤᠯᠠᠨ ᠲᠦᠮᠡᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠶ᠋ᠠᠷ ᠶᠠᠭᠤ ᠬᠢᠯᠭᠡᠬᠦ ᠵᠢ ᠬᠠᠮᠤᠭ᠎ᠠᠴᠠ ᠢᠯᠡᠭᠦᠦ ᠬᠦᠰᠡᠵᠦ ᠪᠠᠢ᠌ᠬᠤ ᠵᠢ ᠲᠣᠳᠣᠷᠬᠠᠢ ᠣᠢ᠌ᠯᠠᠭ᠋ᠠᠵᠤ᠂ ᠤᠯᠠᠨ ᠲᠦᠮᠡᠨ᠎ᠤ ᠪᠣᠳᠠᠲᠠᠢ ᠠᠩᠬᠠᠷᠴᠤ ᠪᠠᠢ᠌ᠭ᠎ᠠ ᠠᠰᠠᠭᠤᠳᠠᠯ᠎ᠢ ᠠᠩᠬᠠᠷᠴᠤ᠂ ᠤᠯᠠᠨ ᠲᠦᠮᠡᠨ᠎ᠳᠤ ᠦᠨᠡᠨ ᠪᠣᠳᠠᠲᠠᠢ᠎ᠪᠠᠷ ᠤᠴᠢᠷ ᠶᠠᠪᠤᠳᠠᠯ ᠪᠦᠲᠦᠭᠡᠵᠦ ᠥᠭᠬᠦ᠎ᠠᠴᠠ ᠬᠤᠴᠤᠷᠴᠤ ᠪᠤᠯᠬᠤ ᠦᠬᠡᠢ ᠪᠦᠬᠡᠳ ᠪᠠᠰᠨ ᠪᠠᠢ᠌ᠷᠢ ᠲᠠᠪᠠᠵᠤ ᠪᠤᠯᠬᠤ ᠦᠬᠡᠢ᠂ ᠤᠯᠠᠨ ᠲᠦᠮᠡᠨ᠎ᠢ ᠰᠡᠳᠬᠢᠯ ᠬᠠᠨᠤᠮᠵᠢᠲᠠᠢ ᠪᠣᠯᠭ᠋ᠠᠬᠤ ᠮᠥᠷᠲᠡᠭᠡᠨ ᠦᠨᠳᠦᠰᠦᠨ ᠱᠠᠲᠤᠨ᠎ᠤ ᠳᠠᠷᠤᠭ᠋ᠠᠰᠤ ᠵᠢ ᠴᠤ᠌ ᠲᠠᠯᠠᠭ᠋ᠠᠷ ᠨᠡᠮᠡᠭᠳᠡᠭᠦᠯᠵᠦ ᠪᠣᠯᠬᠤ ᠦᠭᠡᠢ᠃ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠣᠯᠠᠨ ᠲᠦᠮᠡᠨ᠎ᠢ ᠵᠣᠷᠢᠭᠵᠢᠭᠤᠯᠤᠨ ᠬᠠᠪᠰᠤᠷᠴᠤ ᠪᠠᠢ᠌ᠭ᠋ᠠᠳ ᠰᠢᠷᠭ᠋ᠠᠭᠤ ᠬᠥᠳᠡᠯᠮᠦᠷᠢ᠎ᠳᠤ᠎ᠪᠠᠨ ᠲᠦᠰᠢᠭᠯᠡᠨ ᠪᠠᠶᠠᠵᠢᠨ ᠴᠢᠨᠡᠭᠡᠯᠢᠭᠵᠢᠬᠦᠯᠬᠦ ᠬᠡᠷᠡᠭᠲᠡᠢ᠃ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠎ᠳᠤ ᠳᠡᠭᠡᠳᠦ ᠱᠠᠲᠤᠨ᠎ᠠᠴᠠ ᠬᠦᠴᠦᠯᠡᠬᠦ᠎ᠪᠠᠷ ᠪᠠᠷᠠᠬᠤ ᠦᠭᠡᠢ ᠪᠠᠰᠠ ᠦᠨᠳᠦᠰᠦᠨ ᠱᠠᠲᠤᠨ᠎ᠠᠴᠠ ᠠᠷᠭ᠎ᠠ ᠪᠤᠳᠤᠬᠤ ᠵᠢ ᠴᠢᠬᠤᠯᠠᠴᠢᠯᠠᠵᠤ᠂ ᠴᠢᠬᠤᠯᠠ ᠦᠭᠡᠢ ᠵᠠᠩᠭᠢᠯᠠᠭ᠎ᠠ ᠵᠢ ᠴᠣᠮᠬᠠᠳᠬᠠᠨ ᠬᠠᠰᠤᠵᠤ᠂ ᠦᠨᠳᠦᠰᠦᠨ ᠱᠠᠲᠤᠨ᠎ᠤ ᠺᠠᠳ᠋ᠷᠴᠤᠳ᠎ᠤᠨ ᠠᠵᠢᠯ᠎ᠢ ᠨᠡᠩ ᠰᠠᠢ᠌ᠨ ᠦᠷ᠎ᠡ ᠪᠦᠲᠦᠮᠵᠢ᠎ᠲᠠᠢ ᠪᠣᠯᠭ᠋ᠠᠬᠤ ᠬᠡᠷᠡᠭᠲᠡᠢ᠃
     ᠢᠦᠢ ᠯᠢ ᠰᠢᠨ ᠠᠵᠢᠯᠯᠠᠭ᠎ᠠ᠎ᠳᠤ ᠣᠷᠣᠯᠴᠠᠪᠠ᠃





  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ᠎ᠬᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠩᠬᠠᠳᠠᠭᠴᠢ ᠬᠠᠮᠵᠢᠯᠴᠠᠨ ᠬᠠᠤᠯᠢ ᠲᠣᠭᠲᠠᠭ᠋ᠠᠬᠤ ᠲᠦᠷᠦᠯ ᠵᠦᠢ᠍ᠯ᠎ᠢ ᠤᠬᠠᠭᠤᠯᠤᠨ ᠲᠠᠨᠢᠯᠴᠭᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ 《ᠥᠪᠥᠷ ᠮᠣᠩᠭᠣᠯ᠎ᠤᠨ ᠪᠡᠭᠡᠵᠢᠩ᠂ ᠲᠢᠶᠠᠨᠵᠢᠨ᠂ ᠾᠧᠪᠧᠢ ᠵᠢᠨ ᠬᠠᠮᠵᠢᠯᠴᠠᠨ ᠬᠥᠭᠵᠢᠬᠦ᠎ᠯᠦᠭᠡ ᠭᠦᠨᠵᠡᠭᠡᠢ ᠠᠭᠤᠰᠤᠯᠴᠠᠬᠤ ᠵᠢ ᠠᠬᠢᠭᠤᠯᠬᠤ》 ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ
 
            