ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠤᠷᠴᠢᠮ᠎ᠤᠨ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄ 2024-05-25

  ᠰᠦᠨ ᠱᠤᠤ ᠴᠧᠩ ᠬᠤᠷᠠᠯ᠎ᠢ ᠡᠷᠬᠢᠯᠡᠵᠡᠢ

   

    ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ 5 ᠳ᠋ᠤᠭ᠋ᠠᠷ ᠰᠠᠷ᠎ᠠ ᠵᠢᠨ 24᠎ᠤ ᠡᠳᠦᠷ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ  ᠤᠷᠴᠢᠮ᠎ᠤᠨ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠪᠡ᠃
   ᠬᠤᠷᠠᠯ ᠲᠡᠬᠡᠷ᠎ᠡ᠄ 《ᠰᠢ ᠵᠢᠨ ᠫᠢᠩ ᠎ᠤ ᠶᠡᠷᠦᠩᠬᠡᠢ ᠱᠦᠵᠢ ᠵᠢᠨ ᠠᠵᠤ ᠠᠬᠤᠢ᠌ᠯᠠᠯ ᠪᠣᠯᠣᠨ ᠲᠤᠰᠬᠠᠢ ᠮᠡᠷᠭᠡᠵᠢᠯᠲᠡᠨ᠎ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠥᠭᠡᠷᠡᠴᠢᠯᠡᠯᠲᠡ ᠵᠢᠨ ᠤᠬᠠᠮᠰᠠᠷ ᠵᠶ᠋ᠠᠨ ᠴᠢᠡᠭᠭ᠋ᠠᠳᠬᠠᠨ᠂  ᠥᠭᠡᠷᠡᠴᠢᠯᠡᠯᠲᠡ ᠵᠢ ᠡᠷᠡᠰ ᠭᠤᠢ᠌ᠪᠢᠰᠢ ᠦᠭᠡᠢ᠎ᠪᠠᠷ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠥᠭᠡᠷᠡᠴᠢᠯᠡᠯᠲᠡ ᠵᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠪᠠᠳᠠᠷᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠵᠦ᠂ ᠬᠦᠴᠦᠲᠡᠢ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃ ᠮᠠᠨ᠎ᠤ ᠣᠷᠣᠨ᠎ᠤ ᠴᠢᠨᠠᠷᠯᠢᠭ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠲᠣᠪᠣᠢ᠌ᠮ᠎ᠠ ᠵᠥᠷᠢᠴᠡᠯ ᠪᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠢ᠌ᠴᠠᠭ᠋ᠠᠨ ᠰᠤᠳᠤᠯᠤᠯᠲᠠ ᠵᠢ ᠴᠢᠩᠭ᠋ᠠᠳᠬᠠᠨ᠂ ᠠᠰᠠᠭᠤᠳᠠᠯ᠎ᠤᠨ ᠵᠠᠩᠭᠢᠯᠠᠭ᠎ᠠ ᠵᠢ ᠣᠨᠣᠪᠴᠢᠲᠠᠶ ᠡᠷᠢᠵᠦ᠂ ᠳᠦᠷᠢᠮ᠎ᠤᠨ ᠵᠢᠷᠤᠭ ᠲᠥᠯᠥᠪᠯᠡᠭᠡ ᠪᠠ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠰᠢᠯᠢᠳᠡᠭᠵᠢᠭᠦᠯᠬᠦ ᠵᠢ ᠨᠠᠩ ᠴᠢᠬᠤᠯᠠᠴᠢᠯᠠᠵᠤ᠂ ᠪᠠᠢ᠌ᠭᠤᠯᠤᠯ ᠲᠣᠭᠲᠠᠴᠠ ᠵᠢ ᠰᠢᠯᠤᠭᠤᠳᠬᠠᠬᠤ᠎ᠪᠠᠷ ᠳᠠᠮᠵᠢᠭᠤᠯᠤᠨ ᠦᠨᠳᠦᠰᠦᠨ᠎ᠠᠴᠠ᠎ᠨᠢ ᠠᠰᠠᠭᠤᠳᠠᠯ᠎ᠢ ᠰᠢᠢ᠍ᠳᠪᠤᠷᠢᠯᠡᠬᠦ ᠬᠡᠷᠡᠭᠳᠡᠢ᠃ ᠰᠢᠰᠲ᠋ᠧᠮᠲᠦ ᠦᠵᠡᠯᠲᠡ᠎ᠪᠠᠨ ᠴᠢᠩᠭ᠋ᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠨᠢᠬᠡᠳᠤᠯᠳᠡᠢ ᠰᠤᠳᠤᠯᠵᠤ᠂ ᠥᠭᠡᠷᠡᠴᠢᠯᠡᠯᠲᠡ ᠵᠢᠨ ᠠᠷᠭ᠎ᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠰᠲ᠋ᠧᠮ᠎ᠤᠨ ᠴᠤᠭᠯᠠᠷᠠᠯ᠎ᠤᠨ ᠲᠠᠯ᠎ᠠ᠎ᠪᠠᠷ ᠢᠯᠡᠭᠦᠬᠡᠨ ᠠᠷᠭ᠎ᠠ ᠰᠦᠪᠡᠭᠴᠢᠯᠡᠵᠦ᠂ ᠤᠯᠠᠨ ᠲᠠᠯ᠎ᠠ᠎ᠪᠠᠷ᠂ ᠠᠳᠠᠯᠢ ᠴᠢᠭᠯᠡᠯ ᠵᠶ᠋ᠡᠷ ᠬᠦᠴᠦᠯᠡᠵᠦ᠂ ᠥᠭᠡᠷᠡᠴᠢᠯᠡᠯᠲᠡ ᠵᠢ ᠥᠨᠳᠥᠷ ᠦᠷ᠎ᠡ ᠠᠰᠢᠭᠲᠠᠢ᠎ᠪᠠᠷ ᠬᠠᠮᠵᠢᠯᠴᠠᠨ  ᠠᠬᠢᠭᠤᠯᠬᠤ ᠬᠡᠷᠡᠭᠲᠡᠢ᠃ ᠦᠷ᠎ᠡ ᠪᠦᠲᠦᠭᠡᠯ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ ᠵᠢᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠳᠡᠢ᠃ ᠡᠯ᠎ᠡ ᠰᠢᠰᠲ᠋ᠧᠮ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠳᠣᠪᠣᠶ᠋ᠢᠯᠭ᠋ᠠᠵᠤ᠂ ᠲᠣᠰ ᠲᠣᠰ᠎ᠤᠨ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢᠨ ᠵᠦᠢ᠍ᠯᠡᠰ᠎ᠢ ᠬᠢᠨᠠᠮᠠᠭ᠋ᠠᠢ ᠰᠤᠳᠤᠯᠤᠨ ᠡᠮᠬᠢᠯᠡᠬᠦ ᠬᠡᠷᠡᠭᠲᠡᠢ》  ᠭᠡᠵᠤ ᠴᠢᠬᠤᠯᠠᠴᠢᠯᠠᠪᠠ᠃
  ᠬᠤᠷᠠᠯ ᠲᠡᠬᠡᠷ᠎ᠡ᠄ 《ᠰᠢ ᠵᠢᠨ ᠫᠢᠩ ᠶᠡᠷᠦᠩᠬᠡᠢ ᠱᠦᠵᠢ ᠵᠢᠨ ᠵᠤᠭ᠋ᠠᠴᠠᠯ᠎ᠤᠨ ᠠᠵᠢᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠪᠥᠬᠥ ᠤᠯᠤᠰ᠎ᠤᠨ ᠵᠢᠭᠤᠯᠴᠢᠯᠠᠯ᠎ᠤᠨ ᠬᠥᠭᠵᠢᠯᠲᠡ ᠵᠢᠨ ᠶᠡᠬᠡ ᠬᠤᠷᠠᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ ᠰᠢᠨ᠎ᠡ ᠵᠢ ᠡᠭᠦᠳᠬᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠵᠢᠭᠤᠯᠴᠢᠯᠠᠯ᠎ᠤᠨ ᠪᠦᠲᠦᠭᠡᠭᠳᠡᠬᠦᠨ᠎ᠢ ᠪᠣᠶ ᠪᠣᠯᠭ᠋ᠠᠬᠤ ᠵᠢ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠵᠤ᠂ ᠵᠢᠭᠤᠯᠴᠢᠯᠠᠯ᠎ᠤᠨ ᠨᠡᠭᠡᠭᠡᠯᠲᠡ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠂ ᠵᠢᠭᠤᠯᠴᠢᠯᠠᠯ᠎ᠤᠨ ᠤᠬᠠᠭᠤᠯᠭ᠎ᠠ ᠲᠠᠨᠢᠯᠴᠠᠭᠤᠯᠭ᠎ᠠ ᠵᠢ ᠴᠢᠩᠭ᠋ᠠᠳᠬᠠᠵᠤ᠂ ᠵᠢᠭᠤᠯᠴᠢᠯᠠᠯ᠎ᠤᠨ ᠲᠥᠬᠦᠭᠡᠷᠦᠮᠵᠢ ᠲᠦᠬᠦᠷᠵᠢᠬᠦᠯᠤᠨ᠂ ᠵᠢᠭᠤᠯᠴᠢᠯᠠᠯ᠎ᠤᠨ ᠦᠢ᠍ᠯᠡᠰ᠎ᠤᠨ  ᠴᠢᠨᠠᠷᠯᠢᠭ ᠬᠥᠭᠵᠢᠯᠲᠡ ᠵᠢ ᠲᠦᠷᠭᠡᠨ  ᠠᠬᠢᠭᠤᠯᠬᠤ ᠬᠡᠷᠡᠭᠳᠡᠢ᠃ 〈ᠤᠮᠠᠷᠠᠲᠤ ᠬᠢᠯᠢ ᠵᠢᠨ ᠰᠣᠶᠣᠯ〉᠎ᠤᠨ ᠪᠦᠲᠦᠭᠡᠨ ᠪᠠᠢ᠌ᠭᠤᠯᠤᠯᠲᠠ᠎ᠲᠠᠢ ᠤᠶᠠᠯᠳᠤᠭᠤᠯᠤᠨ᠂ ᠣᠷᠣᠨ ᠨᠤᠲᠤᠭ᠎ᠤᠨ ᠣᠨᠴᠠᠯᠢᠭ᠎ᠢ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠨ ᠬᠥᠭᠵᠢᠭᠦᠯᠦᠯᠲᠡ᠎ᠳᠤ ᠨᠠᠩ ᠰᠠᠢ᠌ᠲᠤᠷ ᠠᠭᠤᠰᠤᠯᠴᠠᠭᠤᠯᠤᠨ᠂ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠬᠤ ᠬᠡᠷᠡᠭᠳᠡᠢ》 ᠭᠡᠵᠤ ᠱᠠᠭ᠋ᠠᠷᠳᠠᠪᠠ᠃
   ᠬᠤᠷᠠᠯ ᠲᠡᠬᠡᠷ᠎ᠡ ᠰᠢ ᠵᠢᠨ ᠫᠢᠩ ᠶᠡᠷᠦᠩᠬᠡᠢ ᠱᠦᠵᠢ ᠵᠢᠨ ᠤᠷᠴᠢᠮ᠎ᠤᠨ ᠬᠣᠯᠪᠣᠭᠳᠠᠯ ᠪᠦᠬᠦᠢ ᠪᠠᠶᠠᠷ᠎ᠤᠨ ᠵᠠᠬᠢᠳᠠᠯ᠂ ᠵᠠᠬᠢᠳᠠᠯ ᠢᠯᠡᠭᠡᠬᠦ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠮᠠᠨ᠎ᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠤᠷᠤᠰ᠎ᠯᠤᠭ᠎ᠠ ᠵᠢᠨ ᠬᠠᠮᠲᠤᠷᠠᠯᠴᠠᠭ᠎ᠠ ᠵᠢ ᠥᠷᠭᠡᠳᠬᠡᠬᠦ᠂ ᠠᠮᠧᠷᠢᠺᠠ᠎ᠯᠤᠭ᠎ᠠ ᠵᠢᠨ ᠵᠤᠭ᠋ᠠᠴᠠᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠬᠤ᠂ ᠲᠠᠯᠠᠢ ᠵᠢᠨ ᠪᠤᠯᠤᠩ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ ᠤᠯᠤᠰ᠎ᠯᠤᠭ᠎ᠠ ᠵᠢᠨ ᠰᠣᠯᠢᠯᠴᠠᠭ᠎ᠠ ᠵᠢ ᠭᠦᠨᠵᠡᠭᠡᠢ᠌ᠷᠡᠭᠦᠯᠬᠦ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠳᠤᠷᠠᠳᠴᠠᠢ᠃
   ᠬᠤᠷᠠᠯ ᠲᠡᠬᠡᠷ᠎ᠡ᠄ 《ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠭᠦᠢ᠍ᠴᠡᠳ ᠲᠠᠢ᠍ᠢ᠍ᠴᠢᠯᠠᠵᠥ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠬᠦᠴᠦ᠎ᠪᠠᠨ ᠬᠠᠮᠲᠤᠳᠬᠠᠨ ᠰᠠᠢ᠌ᠲᠤᠷ ᠬᠢᠬᠦ ᠲᠤᠬᠠᠢ ᠰᠠᠨᠠᠯ〉 ᠎ᠢ ᠬᠢᠨᠠᠨ ᠵᠥᠪᠯᠡᠵᠦ᠂ ᠤᠬᠠᠭᠤᠯᠭ᠎ᠠ ᠵᠢ ᠴᠢᠩᠭ᠋ᠠᠳᠬᠠᠵᠤ᠂ ᠲᠦᠷᠦ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠵᠥᠪ ᠴᠢᠭᠯᠡᠯ ᠵᠶ᠋ᠡᠷ ᠤᠷᠮᠠᠰᠢᠭᠤᠯᠬᠤ ᠪᠠ ᠴᠢᠩᠭ᠎ᠠ ᠬᠢᠵᠠᠭ᠋ᠠᠷᠯᠠᠬᠤ ᠵᠢ ᠴᠢᠩᠭ᠋ᠠᠳᠬᠠᠵᠤ᠂ ᠪᠦᠬᠦ ᠨᠡᠢ᠌ᠭᠡᠮ᠎ᠤᠨ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠢᠳᠡᠪᠬᠢᠵᠢᠯ᠎ᠢ ᠭᠦᠢ᠍ᠴᠡᠳ ᠲᠠᠢ᠍ᠢ᠍ᠴᠢᠯᠠᠵᠥ᠂  〈ᠤᠮᠠᠷᠠᠲᠤ ᠵᠢᠨ ᠭᠤᠷᠪᠠᠨ ᠤᠷᠤᠨ〉᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠬᠦᠴᠦ᠎ᠪᠠᠨ ᠬᠠᠮᠲᠤᠳᠬᠠᠨ ᠰᠠᠢ᠌ᠲᠤᠷ ᠬᠢᠬᠦ ᠬᠡᠷᠡᠭᠲᠡᠢ》 ᠭᠡᠵᠤ ᠲᠤᠷᠠᠳᠪᠠ᠃
    ᠬᠤᠷᠠᠯ ᠲᠡᠬᠡᠷ᠎ᠡ ᠪᠠᠰᠠ ᠪᠤᠰᠤᠳ ᠵᠦᠢ᠍ᠯ᠎ᠢ ᠰᠤᠳᠤᠯᠤᠬᠰᠠᠨ ᠪᠠᠢ᠌ᠨ᠎ᠠ᠃
   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠳᠤᠮᠳᠠᠳᠤ ᠤᠯᠤᠰ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠯᠢ ᠢ᠎ᠲᠠᠢ ᠠᠭᠤᠯᠵᠠᠪᠠ
ᠮᠠᠨ᠎ᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠤᠭᠤᠷᠢᠨ᠎ᠤ ᠬᠦᠷᠢᠶ᠎ᠡ ᠴᠠᠷᠠᠭ᠎ᠠ᠎ᠳᠤ᠎ᠬᠢ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠡᠮᠬᠢ᠎ᠲᠠᠢ ᠶᠠᠪᠤᠬᠳᠠᠵᠤ ᠪᠠᠢ᠌ᠨ᠎ᠠ
ᠰᠦᠨ ᠱᠤᠤ ᠴᠧᠩ ᠰᠢᠶᠠᠩᠭ᠋ᠠᠩ᠎ᠤᠨ ᠳ᠋ᠠ ᠭᠦᠩ ᠸᠸᠨ ᠬᠤᠢ ᠵᠠᠭᠤᠴᠢᠯᠠᠭᠤᠷ᠎ᠤᠨ ᠪᠦᠯᠦᠭᠯᠡᠯ᠎ᠤᠨ ᠬᠡᠷᠡᠭ ᠮᠡᠳᠡᠭᠴᠢᠳ᠎ᠤᠨ ᠳᠠᠷᠤᠭ᠎ᠠ ᠯᠢ ᠳ᠋ᠡ ᠬᠣᠩ᠎ᠲᠠᠢ ᠠᠭᠤᠯᠵᠠᠪᠠ
 
            