ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ᠎ᠬᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠩᠬᠠᠳᠠᠭᠴᠢ ᠬᠠᠮᠵᠢᠯᠴᠠᠨ ᠬᠠᠤᠯᠢ ᠲᠣᠭᠲᠠᠭ᠋ᠠᠬᠤ ᠲᠦᠷᠦᠯ ᠵᠦᠢ᠍ᠯ᠎ᠢ ᠤᠬᠠᠭᠤᠯᠤᠨ ᠲᠠᠨᠢᠯᠴᠭᠤᠯᠪᠠ
ᠨᠡᠶᠢᠲᠡᠯᠡᠭᠰᠡᠨ ᠴᠠᠭ᠄ 2024-07-02

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ᠎ᠬᠢᠨ 7 ᠳ᠋ᠤᠭ᠋ᠠᠷ ᠰᠠᠷ᠎ᠠ ᠵᠢᠨ 1᠎ᠤ ᠡᠳᠦᠷ  ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠦᠪᠤᠷ ᠮᠤᠡᠭᠭᠤᠯ ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠳᠤᠭ᠋ᠠᠷ ᠬᠤᠷᠠᠯᠳᠤᠭ᠋ᠠᠨ᠎ᠠᠴᠠ ᠪᠠᠲᠤᠯᠠᠭᠰᠠᠨ 《ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠵᠢᠭᠤᠯᠴᠢᠯᠠᠯ᠎ᠤᠨ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠣᠭᠲᠠᠭ᠋ᠠᠯ》 (《ᠲᠣᠭᠲᠠᠭ᠋ᠠᠯ》 ᠭᠡᠵᠦ ᠲᠤᠪᠴᠢᠯᠠᠶ᠎ᠠ)᠎ᠢ ᠤᠬᠠᠭᠤᠯᠤᠨ ᠲᠠᠨᠢᠯᠴᠠᠭᠤᠯᠵᠤ᠂ 《ᠲᠣᠭᠲᠠᠭ᠋ᠠᠯ》᠎ᠢ ᠰᠤᠷᠤᠯᠴᠠᠵᠤ ᠤᠬᠠᠭᠤᠯᠬᠤ ᠪᠠ  ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠠᠬᠢᠭᠤᠯᠪᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ ᠡᠷᠡᠭᠦᠯ ᠬᠠᠮᠠᠭ᠋ᠠᠯᠠᠯ᠎ᠤᠨ ᠠᠵᠢᠯ᠎ᠤᠨ ᠵᠥᠪᠯᠡᠯ᠎ᠤᠨ ᠬᠠᠷᠢᠭᠤᠴᠠᠯᠭ᠋ᠠᠲᠠᠨ ᠶᠡᠷᠤᠡᠭᠭᠡᠢ᠎ᠳᠤ᠎ᠨᠢ ᠨᠡᠢ᠌ᠳᠡᠯᠡᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ ᠡᠷᠡᠭᠦᠯ ᠬᠠᠮᠠᠭ᠋ᠠᠯᠠᠯ᠎ᠤᠨ ᠠᠵᠢᠯ᠎ᠤᠨ ᠵᠥᠪᠯᠡᠯ᠂ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ᠎ᠤᠨ ᠬᠠᠷᠢᠭᠤᠴᠠᠯᠭ᠋ᠠᠲᠠᠨ ᠨᠥᠬᠥᠳ ᠬᠠᠤᠯᠢ ᠲᠣᠭᠲᠠᠭ᠋ᠠᠭᠰᠠᠨ ᠠᠬᠤᠢ ᠪᠠᠢ᠌ᠳᠠᠯ᠂ ᠠᠴᠢ ᠬᠣᠯᠪᠣᠭᠳᠠᠯ ᠪᠠ ᠲᠤᠷᠰᠢᠯᠭ᠎ᠠ ᠠᠷᠭ᠎ᠠ ᠬᠢᠳᠡᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠲᠢᠩᠬᠢᠮ᠎ᠤᠨ ᠬᠠᠷᠢᠭᠤᠴᠠᠯᠭ᠋ᠠᠲᠠᠨ 《ᠲᠣᠭᠲᠠᠭ᠋ᠠᠯ》᠎ᠢ ᠬᠡᠷᠡᠭᠵᠢᠭᠦᠯᠬᠦ ᠠᠵᠢᠯ᠎ᠢ ᠠᠬᠢᠭᠤᠯᠬᠤ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠯᠪᠠᠨ ᠲᠢᠩᠬᠢᠮ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠡᠷᠭᠢᠯᠡᠪᠡ᠃
   ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠲᠠᠨᠢᠯᠴᠠᠭᠤᠯᠤᠭᠰᠠᠨ ᠵᠶ᠋ᠠᠷ᠂ ᠰᠢ ᠵᠢᠨ ᠫᠢᠩ ᠶᠡᠷᠦᠩᠬᠡᠢ ᠱᠦᠵᠢ ᠵᠢᠨ ᠰᠢᠨ᠎ᠡ ᠴᠠᠭ ᠦᠶ᠎ᠡ᠎ᠳᠤ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠵᠤᠭ᠋ᠠᠴᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠢᠬᠤᠯᠠ ᠥᠭᠦᠯᠡᠯᠲᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠵᠤᠭ᠋ᠠᠴᠠᠯ᠎ᠤᠨ ᠦᠢ᠍ᠯᠡᠰ᠎ᠤᠨ  ᠴᠢᠨᠠᠷᠯᠢᠭ ᠵᠶ᠋ᠡᠷ ᠬᠠᠮᠵᠢᠯᠴᠠᠨ ᠬᠥᠭᠵᠢᠬᠦ ᠵᠢ ᠠᠬᠢᠭᠤᠯᠵᠤ᠂ ᠯᠢᠶᠣᠤᠨᠢᠩ ᠮᠤᠵᠢ᠂ ᠬᠢᠷᠢᠨ ᠮᠤᠵᠢ᠂ ᠬᠠᠷᠠᠮᠥ᠋ᠷᠡᠨ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ᠎ᠬᠢᠨ ᠬᠠᠮᠳᠤ᠎ᠪᠠᠷ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠵᠤᠭ᠋ᠠᠴᠠᠯ᠎ᠤᠨ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠬᠤ ᠲᠤᠬᠠᠢ ᠲᠣᠭᠲᠠᠭ᠋ᠠᠯ᠎ᠢ ᠨᠡᠢ᠌ᠲᠡᠯᠡᠪᠡ᠃ ᠣᠢ᠌ᠯᠠᠭ᠋ᠠᠭᠰᠠᠨ ᠵᠶ᠋ᠠᠷ ᠡᠨᠡ ᠪᠣᠯ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠩᠬᠠᠳᠠᠭᠴᠢ ᠬᠠᠮᠵᠢᠯᠴᠠᠨ ᠬᠠᠤᠯᠢ ᠲᠣᠭᠲᠠᠭ᠋ᠠᠬᠤ ᠵᠦᠢ᠍ᠯᠡᠰ ᠪᠣᠯᠣᠨ᠎ᠠ᠃
   《ᠲᠣᠭᠲᠠᠭ᠋ᠠᠯ》᠎ᠳᠤ ᠨᠡᠢ᠍ᠢ᠍ᠳᠡ 16 ᠵᠦᠢ᠍ᠯ᠎ᠲᠠᠢ᠂ ᠨᠢᠭᠡ᠎ᠳᠤ᠂ ᠬᠠᠮᠵᠢᠯᠴᠠᠨ ᠬᠥᠭᠵᠢᠭᠦᠯᠬᠦ ᠵᠢᠨ ᠵᠢᠯᠤᠭᠣᠳᠬᠤ ᠦᠵᠡᠯ ᠰᠠᠨᠠᠭ᠎ᠠ ᠪᠠ ᠬᠠᠷᠠᠯᠲᠠ ᠵᠢᠨ ᠪᠠᠢ᠌ᠷᠢ ᠲᠣᠭᠲᠠᠭ᠋ᠠᠯᠲᠠ ᠵᠢ ᠲᠣᠳᠣᠷᠬᠠᠢ᠌ᠯᠠᠪᠠ᠃ ᠬᠣᠶᠠᠷ᠎ᠲᠤ᠂ ᠬᠠᠮᠵᠢᠯᠴᠠᠨ ᠬᠥᠭᠵᠢᠬᠦ ᠠᠵᠢᠯ᠎ᠤᠨ ᠲᠣᠭᠲᠠᠴᠠ ᠵᠢ ᠲᠡᠬᠦᠯᠳᠡᠷᠵᠢᠬᠦᠯᠪᠡ᠃ ᠭᠤᠷᠪᠠ᠎ᠳᠤ᠂ ᠵᠡᠭᠦᠨ ᠬᠣᠢ᠌ᠲᠤ ᠣᠷᠣᠨ ᠪᠠ ᠥᠪᠥᠷ ᠮᠣᠩᠭᠣᠯ᠎ᠤᠨ ᠣᠨᠴᠠᠯᠢᠭ᠎ᠲᠠᠢ ᠵᠤᠭ᠋ᠠᠴᠠᠯ᠎ᠤᠨ ᠪᠦᠲᠦᠭᠡᠭᠳᠡᠬᠦᠨ᠎ᠢ ᠬᠠᠮᠲᠤᠷᠠᠨ ᠨᠡᠭᠡᠭᠡᠨ ᠬᠦᠭᠵᠢᠬᠦᠯᠬᠦ ᠪᠤᠯᠤᠨ᠎ᠠ᠃ ᠳᠥᠷᠪᠡ᠎ᠳᠤ᠂ ᠬᠠᠮᠵᠢᠯᠴᠠᠨ ᠬᠥᠭᠵᠢᠬᠦ ᠪᠣᠳᠠᠲᠠᠢ ᠠᠷᠭ᠎ᠠ ᠵᠢ ᠨᠠᠷᠢᠯᠢᠬ᠍ᠵᠢᠭᠤᠯᠪᠠ᠃ ᠲᠠᠪᠤ᠎ᠳᠤ᠂ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠪᠠ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠮᠵᠢᠯᠴᠠᠭ᠎ᠠ ᠵᠢ ᠴᠢᠩᠭ᠋ᠠᠳᠬᠠᠪᠠ᠃
    ᠲᠤᠰ ᠡᠳᠦᠷ ᠯᠢᠶᠣᠤᠨᠢᠩ ᠮᠤᠵᠢ᠂ ᠬᠢᠷᠢᠨ ᠮᠤᠵᠢ᠂ ᠬᠠᠷᠠᠮᠥ᠋ᠷᠡᠨ ᠮᠤᠵᠢ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ᠎ᠬᠢᠨ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠵᠤᠭ᠋ᠠᠴᠠᠯ᠎ᠤᠨ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠬᠤ ᠲᠤᠬᠠᠢ ᠲᠣᠭᠲᠠᠭ᠋ᠠᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠵᠡᠷᠬᠡ᠎ᠪᠠᠷ ᠬᠤᠷᠠᠯᠳᠤᠭᠤᠯᠵᠠᠢ᠃

 

   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ 《ᠥᠪᠥᠷ ᠮᠣᠩᠭᠣᠯ᠎ᠤᠨ ᠪᠡᠭᠡᠵᠢᠩ᠂ ᠲᠢᠶᠠᠨᠵᠢᠨ᠂ ᠾᠧᠪᠧᠢ ᠵᠢᠨ ᠬᠠᠮᠵᠢᠯᠴᠠᠨ ᠬᠥᠭᠵᠢᠬᠦ᠎ᠯᠦᠭᠡ ᠭᠦᠨᠵᠡᠭᠡᠢ ᠠᠭᠤᠰᠤᠯᠴᠠᠬᠤ ᠵᠢ ᠠᠬᠢᠭᠤᠯᠬᠤ》 ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ
 
            