ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠰᠦᠨ ᠱᠤᠤ ᠴᠧᠩ ᠰᠢᠶᠠᠩᠭ᠋ᠠᠩ᠎ᠤᠨ ᠳ᠋ᠠ ᠭᠦᠩ ᠸᠸᠨ ᠬᠤᠢ ᠵᠠᠭᠤᠴᠢᠯᠠᠭᠤᠷ᠎ᠤᠨ ᠪᠦᠯᠦᠭᠯᠡᠯ᠎ᠤᠨ ᠬᠡᠷᠡᠭ ᠮᠡᠳᠡᠭᠴᠢᠳ᠎ᠤᠨ ᠳᠠᠷᠤᠭ᠎ᠠ ᠯᠢ ᠳ᠋ᠡ ᠬᠣᠩ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2024-07-25

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 7 ᠳ᠋ᠤᠭ᠋ᠠᠷ ᠰᠠᠷ᠎ᠠ ᠵᠢᠨ 24᠎ᠤ ᠡᠳᠦᠷ ᠬᠥᠬᠡᠬᠣᠲᠠ᠎ᠳᠤ ᠰᠢᠶᠠᠩᠭ᠋ᠠᠩ᠎ᠤᠨ ᠳ᠋ᠠ ᠬᠥᠩ ᠸᠸᠨ ᠾᠦᠢ ᠵᠠᠭᠤᠴᠢᠯᠠᠭᠤᠷ᠎ᠤᠨ ᠪᠦᠯᠦᠭᠯᠡᠯ᠎ᠤᠨ ᠬᠡᠷᠡᠭ ᠮᠡᠳᠡᠭᠴᠢᠳ᠎ᠤᠨ ᠳᠠᠷᠤᠭ᠎ᠠ ᠯᠢ ᠳ᠋ᠡ ᠬᠣᠩ᠎ᠲᠠᠢ ᠠᠭᠤᠯᠵᠠᠪᠠ᠃

W020240725290029490457_ORIGIN.jpg


    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 7 ᠳ᠋ᠤᠭ᠋ᠠᠷ ᠰᠠᠷ᠎ᠠ ᠵᠢᠨ 24᠎ᠤ ᠡᠳᠦᠷ ᠬᠥᠬᠡᠬᠣᠲᠠ᠎ᠳᠤ ᠰᠢᠶᠠᠩᠭ᠋ᠠᠩ᠎ᠤᠨ ᠳ᠋ᠠ ᠬᠥᠩ ᠸᠸᠨ ᠾᠦᠢ ᠵᠠᠭᠤᠴᠢᠯᠠᠭᠤᠷ᠎ᠤᠨ ᠪᠦᠯᠦᠭᠯᠡᠯ᠎ᠤᠨ ᠬᠡᠷᠡᠭ ᠮᠡᠳᠡᠭᠴᠢᠳ᠎ᠤᠨ ᠳᠠᠷᠤᠭ᠎ᠠ ᠯᠢ ᠳ᠋ᠡ ᠬᠣᠩ᠎ᠲᠠᠢ  ᠠᠭᠤᠯᠵᠠᠵᠤ ᠪᠠᠢ᠌ᠭ᠎ᠠ᠎ᠨᠢ

W020240725290029525996_ORIGIN.jpg


   ᠰᠦᠨ ᠱᠤᠤ ᠴᠧᠩ᠂ ᠯᠢ ᠳ᠋ᠡ ᠬᠣᠩ ᠨᠠᠷ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠵᠦ᠂ ᠰᠢᠶᠠᠩᠭ᠋ᠠᠩ᠎ᠤᠨ ᠳ᠋ᠠ ᠬᠦᠩ  ᠸᠸᠨ ᠬᠤᠢ ᠵᠠᠭᠤᠴᠢᠯᠠᠭᠤᠷ᠎ᠤᠨ ᠪᠦᠯᠦᠭᠯᠡᠯ᠎ᠤᠨ᠎ᠬᠢᠨ᠎ᠤ ᠤᠷᠳᠤ ᠬᠤᠭᠤᠴᠠᠭ᠋ᠠᠨ᠎ᠤ ᠲᠤᠷᠰᠢ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ᠎ᠳᠤ  ᠲᠠᠯᠠᠷᠬᠠᠯ ᠢᠯᠡᠷᠬᠡᠢ᠌ᠯᠡᠭᠰᠡᠨ᠎ᠤ ᠬᠠᠮᠲᠤ ᠰᠢ ᠵᠢᠨ ᠫᠢᠩ ᠶᠡᠷᠤᠡᠭᠭᠡᠢ ᠱᠦᠵᠢ ᠵᠢᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠪᠠ᠃ ᠰᠦᠨ ᠱᠤᠤ ᠴᠸᠡᠭ᠄ 《ᠥᠪᠥᠷ ᠮᠣᠩᠭᠣᠯ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠪᠠᠢ᠌ᠭ᠋ᠠᠯᠢ ᠵᠢᠨ ᠥᠩᠭᠡ ᠦᠵᠡᠮᠵᠢ ᠥᠪᠡᠷᠮᠢᠴᠡ ᠣᠨᠴᠠᠯᠢᠭ᠎ᠲᠠᠢ᠂ ᠲᠡᠦᠬᠡ ᠰᠣᠶᠣᠯ ᠭᠦᠨ ᠵᠤᠵᠠᠭ᠋ᠠᠨ ᠶᠤᠮ᠂ ᠰᠢᠶᠠᠩᠭ᠋ᠠᠩ᠎ᠤᠨ ᠡᠯ᠎ᠡ ᠡᠲᠡᠭᠡᠳ᠎ᠤᠨ ᠨᠠᠢ᠌ᠵᠢ ᠨᠠᠷ ᠪᠣᠯᠣᠨ ᠵᠠᠯᠠᠭᠤᠴᠤᠳ ᠪᠠᠭ᠋ᠠᠴᠤᠳ᠎ᠤᠨ ᠥᠪᠥᠷ ᠮᠣᠩᠭᠣᠯ᠎ᠳᠤ ᠢᠯᠡᠭᠦᠬᠡᠨ ᠢᠷᠡᠵᠤ ᠲᠣᠭᠣᠷᠢᠨ ᠦᠵᠡᠵᠦ᠂ ᠥᠪᠥᠷ ᠮᠣᠩᠭᠣᠯ᠎ᠢ ᠭᠦᠨᠵᠡᠭᠡᠢ ᠣᠢ᠌ᠯᠠᠭ᠋ᠠᠬᠤ ᠵᠢ ᠪᠠᠶᠠᠷᠯᠠᠨ ᠤᠭᠲᠤᠵᠤ ᠪᠠᠢ᠌ᠨ᠎ᠠ᠃ ᠰᠢᠶᠠᠩᠭ᠋ᠠᠩ᠎ᠤᠨ ᠳ᠋ᠠ ᠭᠦᠩ ᠸᠸᠨ ᠬᠤᠢ  ᠵᠠᠭᠤᠴᠢᠯᠠᠭᠤᠷ᠎ᠤᠨ ᠪᠦᠯᠦᠭᠯᠡᠯ᠎ᠤᠨ᠎ᠬᠢᠨ ᠭᠣᠣᠯ ᠵᠠᠭᠤᠴᠢᠯᠠᠭᠤᠷ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠥᠪᠥᠷ ᠮᠣᠩᠭᠣᠯ᠎ᠤᠨ ᠬᠥᠭᠵᠢᠯᠲᠡ ᠵᠢᠨ ᠦᠷ᠎ᠡ ᠪᠦᠲᠦᠭᠡᠯ ᠪᠣᠯᠣᠨ ᠥᠷᠭᠡᠨ ᠠᠭᠤᠳᠠᠮ ᠠᠯᠤᠰ ᠢᠷᠡᠭᠡᠳᠦᠢ ᠵᠢ ᠢᠳᠡᠪᠬᠢᠲᠡᠢ ᠤᠬᠠᠭᠤᠯᠵᠤ᠂ ᠥᠪᠥᠷ ᠮᠣᠩᠭᠣᠯ᠎ᠤᠨ ᠰᠠᠢ᠌ᠨ ᠰᠠᠢ᠌ᠬᠠᠨ ᠳᠦᠷᠢ ᠲᠥᠷᠬᠦ ᠵᠢ ᠨᠡᠩ ᠰᠠᠢ᠌ᠨ ᠲᠡᠨᠢᠭᠤᠯᠬᠤ᠎ᠳᠤ ᠬᠦᠴᠦᠨ ᠨᠡᠮᠡᠷᠢᠯᠡᠵᠦ᠂ ᠰᠢᠶᠠᠩᠭ᠋ᠠᠩ᠎ᠤᠨ ᠨᠡᠩ ᠤᠯᠠᠨ ᠠᠵᠤ ᠠᠬᠤᠢ᠌ᠯᠠᠯ᠎ᠤᠨ ᠥᠪᠥᠷ ᠮᠣᠩᠭᠣᠯ᠎ᠳᠤ ᠢᠷᠡᠵᠤ ᠪᠡᠯᠡ ᠣᠷᠣᠭᠤᠯᠤᠨ ᠦᠢ᠍ᠯᠡᠰ ᠪᠣᠰᠬᠠᠬᠤ ᠵᠢ ᠬᠦᠰᠡᠵᠦ ᠪᠠᠢ᠌ᠨ᠎ᠠ ᠃ ᠪᠢᠳᠡ ᠶᠠᠭ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ ᠪᠠᠢ᠌ᠨ᠎ᠠ᠂ ᠰᠢᠶᠠᠩᠭ᠋ᠠᠩ᠎ᠤᠨ ᠳ᠋ᠠ ᠭᠦᠩ ᠸᠸᠨ ᠬᠤᠢ ᠵᠠᠭᠤᠴᠢᠯᠠᠭᠤᠷ᠎ᠤᠨ ᠪᠦᠯᠦᠭᠯᠡᠯ᠎ᠤᠨ᠎ᠬᠢᠨ ᠢᠯᠡᠭᠦᠬᠡᠨ   ᠬᠣᠯᠪᠣᠭ᠋ᠠᠰᠤ ᠪᠣᠯᠵᠤ᠂ ᠥᠪᠥᠷ ᠮᠣᠩᠭᠣᠯ ᠪᠣᠯᠣᠨ ᠰᠢᠶᠠᠩᠭ᠋ᠠᠩ ᠬᠣᠶᠠᠷ ᠭᠠᠵᠠᠷ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠴᠢᠨᠠᠭᠰᠢᠳᠠ ᠭᠦᠨᠵᠡᠭᠡᠢ᠌ᠷᠡᠭᠦᠯᠬᠦ ᠵᠢ ᠬᠦᠰᠡᠵᠦ ᠪᠠᠢ᠌ᠨ᠎ᠠ》 ᠬᠡᠵᠡᠢ᠃
    ᠯᠢ ᠳ᠋ᠡ ᠬᠣᠩ ᠪᠦᠯᠦᠭᠯᠡᠯ᠎ᠤᠨ ᠬᠥᠭᠵᠢᠯᠲᠡ ᠪᠠ 《ᠹᠠᠨ ᠴᠠᠩ ᠵᠢᠶᠠᠩ᠎ᠤᠨ ᠠᠵᠢᠯᠯᠠᠭ᠎ᠠ — ᠰᠢᠶᠠᠩᠭ᠋ᠠᠩ᠎ᠤᠨ ᠵᠠᠭᠤᠴᠢᠯᠠᠭᠤᠷ᠎ᠤᠨ ᠰᠤᠷᠤᠭᠴᠢᠳ᠎ᠤᠨ ᠥᠪᠥᠷ ᠮᠣᠩᠭᠣᠯ᠎ᠳᠤ᠎ᠬᠢ ᠠᠶᠠᠯᠠᠯ》 ᠎ᠤᠨ ᠰᠣᠷᠪᠤᠯᠵᠢᠯᠠᠭ᠎ᠠ ᠵᠢᠨ ᠠᠵᠢᠯᠯᠠᠭ᠎ᠠ ᠵᠢᠨ ᠬᠠᠮᠢᠶ᠎ᠠ ᠪᠦᠬᠦᠢ ᠪᠠᠢ᠌ᠳᠠᠯ᠎ᠢ ᠲᠠᠨᠢᠯᠴᠠᠭᠤᠯᠵᠤ᠂ ᠥᠪᠥᠷ ᠮᠣᠩᠭᠣᠯ᠎ᠤᠨ᠎ᠬᠢᠨ ᠠᠵᠢᠯᠯᠠᠭ᠎ᠠ ᠵᠢ ᠴᠢᠬᠤᠯᠠᠴᠢᠯᠠᠨ ᠦᠵᠡᠵᠦ ᠳᠡᠮᠵᠢᠭᠰᠡᠨ᠎ᠳᠤ ᠲᠠᠯᠠᠷᠬᠠᠪᠠ᠃ᠯᠢ ᠳ᠋ᠡ ᠬᠣᠩ᠄ 《ᠥᠪᠥᠷ ᠮᠣᠩᠭᠣᠯ ᠤᠷᠴᠢᠮ᠎ᠤᠨ ᠵᠢᠯ ᠯᠤᠲᠤ ᠶᠡᠬᠡ ᠬᠤᠪᠢᠷᠠᠯᠲᠠ ᠭᠠᠷᠴᠤ᠂ ᠬᠤᠳᠠ ᠬᠥᠳᠡᠭᠡ ᠵᠢᠨ ᠳᠦᠷᠰᠦ ᠪᠠᠢ᠌ᠳᠠᠯ ᠴᠣ᠌ ᠰᠢᠨ᠎ᠡ ᠪᠣᠯᠵᠤ᠂ ᠺᠠᠳ᠋ᠷ ᠤᠯᠠᠨ ᠲᠦᠮᠡᠨ᠎ᠤ ᠴᠤᠭ ᠵᠢᠪᠬᠤᠭ᠎ᠠ ᠲᠡᠭᠦᠯᠳᠡᠷ ᠂ ᠰᠠᠢ᠌ᠨ ᠰᠠᠢ᠌ᠬᠠᠨ ᠬᠥᠭᠵᠢᠯᠲᠡ ᠵᠢᠨ ᠬᠠᠨᠳᠤᠰᠢ᠎ᠨᠢ ᠬᠥᠮᠥᠰ᠎ᠲᠤ ᠭᠦᠨ ᠰᠠᠭᠤᠭᠳᠠᠯ ᠦᠯᠡᠳᠡᠭᠡᠵᠡᠢ᠃ ᠰᠢᠶᠠᠩᠭ᠋ᠠᠩ᠎ᠤᠨ ᠳ᠋ᠠ ᠭᠦᠩ ᠸᠸᠨ ᠬᠤᠢ ᠵᠠᠭᠤᠴᠢᠯᠠᠭᠤᠷ᠎ᠤᠨ ᠪᠦᠯᠦᠭᠯᠡᠯ᠎ᠤᠨ᠎ᠬᠢᠨ ᠵᠠᠭᠤᠴᠢᠯᠠᠭᠤᠷ᠎ᠤᠨ ᠵᠢᠭᠰᠠᠭ᠋ᠠᠯ᠂ ᠤᠯᠠᠨ ᠤᠯᠤᠰ᠎ᠤᠨ ᠳᠠᠮᠵᠢᠭᠤᠯᠭ᠎ᠠ ᠵᠢᠨ ᠳᠠᠪᠠᠭᠤᠯᠢᠭ ᠵᠶ᠋ᠠᠨ ᠠᠰᠢᠭᠯᠠᠵᠤ᠂ ᠥᠪᠥᠷ ᠮᠣᠩᠭᠣᠯ᠎ᠤᠨ ᠦᠯᠢᠭᠡᠷ᠎ᠢ ᠰᠠᠢ᠌ᠲᠤᠷ ᠶᠠᠷᠢᠵᠤ᠂ ᠰᠢᠶᠠᠩᠭ᠋ᠠᠩ ᠪᠣᠯᠣᠨ ᠥᠪᠥᠷ ᠮᠣᠩᠭᠣᠯ᠎ᠤᠨ ᠠᠵᠤ ᠠᠬᠤᠢ᠂ ᠰᠣᠶᠣᠯ᠂ ᠰᠣᠶᠣᠯ ᠢᠷᠭᠡᠨᠰᠢᠯ ᠵᠡᠷᠭᠡ ᠬᠦᠷᠢᠶ᠎ᠡ ᠴᠠᠷᠠᠭ᠎ᠠ᠎ᠳᠤ᠎ᠬᠢ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ᠎ᠳᠤ ᠨᠡᠩ ᠶᠡᠬᠡ ᠦᠢ᠍ᠯᠡᠳᠦᠯ ᠦᠵᠡᠭᠦᠯᠬᠦ ᠪᠣᠯᠣᠨ᠎ᠠ》 ᠬᠡᠪᠡ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠧᠩ ᠬᠣᠩ ᠹᠠᠨ᠂ ᠢᠦᠢ ᠯᠢ ᠰᠢᠨ  ᠨᠠᠷ ᠠᠭᠤᠯᠵᠠᠯᠲᠠ᠎ᠳᠤ ᠣᠷᠣᠯᠴᠠᠪᠠ᠃



   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠦᠨ ᠱᠣᠸ᠋ ᠴᠧᠩ᠂ ᠵᠠᠩ ᠶᠠᠨ ᠺᠦᠨ ᠨᠠᠷ ᠬᠥᠬᠡᠬᠣᠲᠠ᠎ᠳᠤ ᠪᠡᠭᠡᠵᠢᠩ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠸᠧᠢ ᠰᠢᠶᠣᠣ ᠳ᠋ᠦᠩ᠎ᠲᠠᠢ ᠠᠭᠤᠯᠵᠠᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠤᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠬᠣᠯᠪᠣᠭᠳᠠᠯ ᠪᠦᠬᠦᠢ ᠠᠵᠤ ᠠᠬᠤᠢ ᠵᠢᠨ ᠠᠵᠢᠯ᠎ᠢ ᠰᠤᠳᠤᠯᠤᠨ ᠪᠠᠢ᠌ᠷᠢᠯᠠᠭᠤᠯᠪᠠ
 
            