ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ 《ᠥᠪᠥᠷ ᠮᠣᠩᠭᠣᠯ᠎ᠤᠨ ᠪᠡᠭᠡᠵᠢᠩ᠂ ᠲᠢᠶᠠᠨᠵᠢᠨ᠂ ᠾᠧᠪᠧᠢ ᠵᠢᠨ ᠬᠠᠮᠵᠢᠯᠴᠠᠨ ᠬᠥᠭᠵᠢᠬᠦ᠎ᠯᠦᠭᠡ ᠭᠦᠨᠵᠡᠭᠡᠢ ᠠᠭᠤᠰᠤᠯᠴᠠᠬᠤ ᠵᠢ ᠠᠬᠢᠭᠤᠯᠬᠤ》 ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2024-06-25

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠎ᠤ᠎ᠬᠢᠨ 6 ᠳ᠋ᠤᠭ᠋ᠠᠷ ᠰᠠᠷ᠎ᠠ ᠵᠢᠨ 24᠎ᠤ ᠡᠳᠦᠷ 《ᠥᠪᠥᠷ ᠮᠣᠩᠭᠣᠯ᠎ᠤᠨ ᠪᠡᠭᠡᠵᠢᠩ᠂ ᠲᠢᠶᠠᠨᠵᠢᠨ᠂ ᠾᠧᠪᠧᠢ ᠵᠢᠨ ᠬᠠᠮᠵᠢᠯᠴᠠᠨ ᠬᠥᠭᠵᠢᠬᠦ᠎ᠯᠦᠭᠡ ᠭᠦᠨᠵᠡᠭᠡᠢ ᠠᠭᠤᠰᠤᠯᠴᠠᠬᠤ ᠵᠢ ᠠᠬᠢᠭᠤᠯᠬᠤ》 ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠠᠢ᠌ᠳᠠᠯ᠎ᠢ ᠮᠡᠳᠡᠬᠦᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠠᠨ ᠷᠦᠨ ᠱᠧᠩ ᠬᠤᠷᠠᠯ᠎ᠢ ᠡᠷᠭᠢᠯᠡᠭᠰᠡᠨ ᠪᠥᠭᠡᠳ ᠪᠠᠢ᠌ᠴᠠᠭ᠋ᠠᠨ ᠰᠤᠳᠤᠯᠤᠯᠲᠠ ᠵᠢᠨ ᠪᠠᠢ᠌ᠳᠠᠯ᠎ᠢ ᠲᠤᠳᠤᠷᠬᠠᠢ᠌ᠯᠠᠪᠠ᠃
    ᠬᠤᠷᠠᠯ ᠳᠡᠭᠡᠷ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠵᠢᠨ ᠰᠤᠳᠤᠯᠭ᠋ᠠᠨ᠎ᠤ ᠲᠠᠰᠤᠭ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠦᠪᠤᠷ ᠮᠤᠡᠭᠭᠤᠯ᠎ᠤᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠢᠩᠬᠢᠮ᠎ᠤᠨ ᠬᠠᠷᠢᠭᠤᠴᠠᠯᠭ᠋ᠠᠲᠠᠨ ᠨᠥᠬᠥᠳ ᠪᠠᠢ᠌ᠳᠠᠯ᠎ᠢ ᠮᠡᠳᠡᠭᠳᠡᠵᠦ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠣᠶᠤᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ  ᠪᠤᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠦᠭᠡ ᠬᠡᠯᠡᠭᠰᠡᠨ ᠪᠥᠭᠡᠳ ᠰᠠᠨᠠᠯ ᠵᠶ᠋ᠠᠨ ᠰᠣᠯᠢᠯᠴᠠᠪᠠ᠃
    ᠬᠤᠷᠠᠯ ᠲᠡᠬᠡᠷ᠎ᠡ᠄ 《ᠪᠦᠬᠦ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠰᠢᠰᠲ᠋ᠧᠮ᠎ᠤᠨ᠎ᠬᠢᠨ ᠥᠪᠥᠷ ᠮᠣᠩᠭᠣᠯ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ᠂ ᠠᠵᠤ ᠦᠢ᠍ᠯᠡᠰ᠎ᠤᠨ ᠰᠢᠯᠵᠢᠯᠲᠡ ᠵᠢᠨ ᠥᠨᠳᠥᠷᠯᠢᠭ᠂ ᠴᠢᠬᠤᠯᠠ ᠡᠨᠧᠷᠭᠢ ᠪᠣᠯᠣᠨ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠵᠠᠮ ᠬᠠᠷᠢᠯᠴᠠᠭ᠎ᠠ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠢ᠌ᠷᠢᠰᠢᠯ᠂ ᠪᠣᠬᠢᠷᠲᠤᠯ ᠦᠭᠡᠢ ᠪᠣᠳᠣᠯᠭ᠎ᠠ ᠵᠢᠨ ᠪᠠᠳᠤᠯᠠᠭ᠎ᠠ ᠵᠢᠨ ᠰᠠᠭᠤᠷᠢᠨ ᠭᠠᠵᠠᠷ᠂ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠰᠠᠭᠤᠷᠢᠨ ᠭᠠᠵᠠᠷ᠎ᠢ ᠪᠠᠶ᠋ᠢᠭᠤᠯᠬᠤ᠎ᠳᠤ ᠬᠦᠴᠦ ᠨᠡᠮᠡᠷᠢᠯᠡᠬᠦ ᠬᠡᠷᠡᠭᠳᠡᠢ᠃ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠪᠡᠭᠡᠵᠢᠩ᠂ ᠲᠢᠶᠠᠨᠵᠢᠨ᠂ ᠾᠧᠪᠧᠢ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠨᠡᠢ᠌ᠭᠡᠮ᠎ᠤᠨ ᠦᠢ᠍ᠯᠡᠰ᠎ᠤᠨ ᠬᠠᠮᠵᠢᠯᠴᠠᠨ ᠬᠥᠭᠵᠢᠬᠦ᠎ᠳᠤ ᠢᠳᠡᠪᠬᠢᠲᠡᠢ᠎ᠪᠠᠷ ᠵᠠᠭᠤᠴᠢ ᠪᠣᠯᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠮᠠᠨ᠎ᠤ ᠣᠷᠣᠨ᠎ᠤ ᠴᠢᠨᠠᠷᠯᠢᠭ ᠬᠥᠭᠵᠢᠯᠲᠡ᠎ᠳᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠬᠦᠬᠦ ᠬᠡᠷᠡᠭᠳᠡᠢ》 ᠭᠡᠵᠤ ᠴᠢᠬᠤᠯᠠᠴᠢᠯᠠᠨ ᠲᠤᠷᠠᠳᠤᠬᠰᠠᠨ ᠪᠠᠢ᠌ᠨ᠎ᠠ᠃






   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ᠎ᠬᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠩᠬᠠᠳᠠᠭᠴᠢ ᠬᠠᠮᠵᠢᠯᠴᠠᠨ ᠬᠠᠤᠯᠢ ᠲᠣᠭᠲᠠᠭ᠋ᠠᠬᠤ ᠲᠦᠷᠦᠯ ᠵᠦᠢ᠍ᠯ᠎ᠢ ᠤᠬᠠᠭᠤᠯᠤᠨ ᠲᠠᠨᠢᠯᠴᠭᠤᠯᠪᠠ
ᠰᠦᠨ ᠱᠤᠤ ᠴᠧᠩ ᠳᠥᠷᠪᠡᠳ ᠬᠣᠰᠢᠭᠤᠨ᠎ᠳᠤ ᠪᠠᠢ᠌ᠴᠠᠭ᠋ᠠᠨ ᠰᠤᠳᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠷᠪᠠᠳᠤᠭ᠋ᠠᠷ ᠬᠤᠷᠠᠯ ᠡᠬᠢᠯᠡᠪᠡ
 
            