ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠤᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠬᠣᠯᠪᠣᠭᠳᠠᠯ ᠪᠦᠬᠦᠢ ᠠᠵᠤ ᠠᠬᠤᠢ ᠵᠢᠨ ᠠᠵᠢᠯ᠎ᠢ ᠰᠤᠳᠤᠯᠤᠨ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2024-08-19

ᠰᠦᠨ ᠱᠤᠤ ᠴᠧᠩ ᠬᠤᠷᠠᠯ᠎ᠢ ᠡᠷᠬᠢᠯᠡᠪᠡ

   

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ 8 ᠳ᠋ᠤᠭ᠋ᠠᠷ ᠰᠠᠷ᠎ᠠ ᠵᠢᠨ 18᠎ᠤ ᠡᠳᠦᠷ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠤᠨ ᠬᠠᠮᠢᠶ᠎ᠠ ᠪᠦᠬᠦᠢ ᠠᠵᠤ ᠠᠬᠤᠢ ᠵᠢᠨ ᠠᠵᠢᠯ᠎ᠢ ᠰᠤᠳᠤᠯᠤᠨ ᠪᠠᠢ᠌ᠷᠢᠯᠠᠭᠤᠯᠪᠠ᠃  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠪᠡ᠃
    ᠬᠤᠷᠠᠯ ᠲᠡᠬᠡᠷ᠎ᠡ᠄ 《ᠰᠢ ᠵᠢᠨ ᠫᠢᠩ ᠎ᠤ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠥᠪ ᠣᠨᠣᠪᠴᠢᠲᠠᠢ ᠠᠵᠢᠯ᠎ᠤᠨ ᠠᠮᠵᠢᠯᠲᠠ ᠵᠢᠨ ᠦᠵᠡᠯᠲᠡ ᠵᠢ ᠪᠠᠲᠤ ᠪᠤᠢ ᠪᠣᠯᠭ᠋ᠠᠵᠤ᠂ ᠦᠨᠡᠨ᠎ᠠᠴᠠ ᠵᠥᠪ᠎ᠢ ᠡᠷᠢᠵᠦ ᠬᠥᠭᠵᠢᠭᠦᠯᠬᠦ᠎ᠪᠠᠷ ᠴᠢᠷᠮᠠᠢ᠌ᠵᠤ᠂ ᠬᠦᠭᠵᠢᠬᠦᠯᠤᠯᠳᠡ ᠵᠢ ᠠᠳᠬᠤᠨ ᠠᠵᠤ ᠠᠬᠤᠢ ᠵᠢᠨ ᠠᠵᠢᠯ᠎ᠢ ᠯᠠᠪᠳᠠᠭᠤᠨ ᠰᠠᠢ᠌ᠲᠤᠷ ᠬᠢᠬᠦ ᠬᠡᠷᠡᠭᠲᠡᠢ᠃ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠪᠡᠯᠡ ᠣᠷᠣᠭᠤᠯᠤᠯᠲᠠ ᠵᠢ ᠲᠣᠭᠲᠠᠪᠤᠷᠢᠵᠢᠭᠤᠯᠵᠤ᠂ ᠥᠷᠭᠡᠳᠬᠡᠬᠦ᠎ᠪᠠᠷ ᠦᠷᠭᠦᠯᠵᠢᠯᠡᠨ ᠴᠢᠷᠮᠠᠢ᠌ᠨ᠎ᠠ᠃ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠠᠷᠭ᠎ᠠ ᠪᠦᠬᠦᠨ᠎ᠢ ᠰᠦᠪᠡᠭᠴᠢᠯᠡᠨ ᠠᠷᠢᠯᠭ᠋ᠠᠵᠤ᠂ ᠡᠯ᠎ᠡ ᠱᠠᠲᠤᠨ᠎ᠤ ᠥᠷᠢ ᠥᠭᠴᠡᠭᠡ ᠵᠢ ᠠᠷᠢᠯᠭ᠋ᠠᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ 〈ᠠᠷᠪᠢᠯᠠᠨ ᠭᠠᠮᠨᠠᠬᠤ〉 ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠡᠬᠢ ᠪᠠᠶᠠᠯᠢᠭ᠎ᠢ ᠭᠦᠢ᠍ᠴᠡᠳ ᠰᠠᠢ᠌ᠲᠤᠷ ᠬᠡᠷᠡᠭᠯᠡᠵᠦ᠂ ᠶᠡᠷᠦᠩᠬᠡᠢ᠌ᠯᠡᠭᠰᠡᠨ ᠡᠳ᠋᠎ᠤᠨ ᠬᠦᠴᠦᠨ᠎ᠢ ᠤᠯᠠᠨ ᠠᠷᠭ᠎ᠠ᠎ᠪᠠᠷ ᠪᠤᠵᠠᠭ᠋ᠠᠢ᠌ᠷᠠᠭᠤᠯᠵᠤ᠂ ᠰᠢᠨ᠎ᠡ ᠥᠷᠢ ᠥᠭᠴᠡᠭᠡ ᠵᠢ ᠡᠷᠡᠰ ᠬᠣᠷᠢᠭᠯᠠᠨ᠂ ᠪᠡᠯᠡ ᠲᠣᠬᠢᠷᠠᠭᠤᠯᠭ᠎ᠠ ᠵᠢᠨ ᠲᠠᠪᠴᠠᠩ᠎ᠤᠨ ᠥᠷᠢ ᠥᠭᠴᠡᠭᠡ ᠵᠢᠨ ᠲᠦᠭᠰᠢᠭᠦᠷᠢ ᠵᠢ ᠴᠢᠩᠭ᠎ᠠ ᠰᠡᠷᠬᠡᠢ᠌ᠯᠡᠬᠦ ᠬᠡᠷᠡᠭᠳᠡᠢ᠃ ᠳᠦᠷᠢᠮ᠎ᠤᠨ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠱᠠᠩᠨᠠᠵᠤ ᠲᠣᠷᠭ᠋ᠠᠬᠤ ᠵᠢ ᠲᠣᠳᠣᠷᠬᠠᠢ ᠪᠠᠢ᠌ᠯᠭ᠋ᠠᠬᠤ ᠵᠢ ᠪᠠᠷᠢᠮᠲᠠᠯᠠᠵᠤ᠂ 〈ᠭᠤᠷᠪᠠ ᠵᠢ ᠪᠠᠲᠤᠯᠠᠬᠤ〉 ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠳᠡᠢ᠃ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠦᠨᠡᠨ ᠰᠡᠳᠬᠢᠯ᠎ᠠᠴᠠ᠎ᠪᠠᠨ ᠰᠠᠢ᠌ᠲᠤᠷ ᠬᠢᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ》 ᠬᠡᠵᠡᠢ᠃
    ᠬᠤᠷᠠᠯ ᠲᠡᠬᠡᠷ᠎ᠡ᠄ 《〈ᠦᠨᠡᠨ〉 ᠰᠡᠳᠬᠦᠯ ᠲᠡᠬᠡᠷ᠎ᠡ ᠨᠡᠢ᠌ᠲᠡᠯᠡᠭᠰᠡᠨ ᠰᠢ ᠵᠢᠨ ᠫᠢᠩ ᠶᠡᠷᠦᠩᠬᠡᠢ ᠱᠦᠵᠢ ᠵᠢᠨ 〈ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ᠎ᠤᠨ ᠲᠤᠬᠠᠢ ᠲᠣᠳᠣᠷᠬᠠᠢ᠌ᠯᠠᠯᠲᠠ 〉 ᠵᠢ ᠤᠯᠠᠮᠵᠢᠯᠠᠨ ᠰᠤᠷᠤᠯᠴᠠᠵᠤ᠂ ᠵᠣᠬᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠰᠢᠨ᠎ᠡ ᠵᠢ ᠡᠭᠦᠳᠬᠦ ᠵᠣᠷᠢᠭ ᠰᠠᠨᠠᠭ᠎ᠠ᠎ᠪᠠᠷ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ 〈ᠲᠣᠭᠲᠠᠭ᠋ᠠᠯ〉 ᠎ᠳᠤ ᠲᠣᠭᠲᠠᠭ᠋ᠠᠭᠰᠠᠨ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ᠃ ᠠᠯᠳᠠᠭ᠎ᠠ ᠪᠤᠷᠤᠭᠤ ᠵᠢ ᠵᠠᠯᠠᠷᠠᠭᠤᠯᠬᠤ᠂ ᠲᠣᠭᠲᠠᠴᠠ ᠵᠢ ᠰᠠᠢ᠌ᠵᠢᠷᠠᠭᠤᠯᠬᠤ᠂ ᠪᠠᠢ᠌ᠷᠢᠰᠢᠯ᠎ᠢ ᠰᠠᠢ᠌ᠵᠢᠷᠠᠭᠤᠯᠬᠤ᠂ ᠰᠤᠷᠲᠠᠯ᠎ᠢ ᠰᠠᠢ᠌ᠵᠢᠷᠠᠭᠤᠯᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠵᠢᠨ ᠬᠣᠷᠢᠭ᠎ᠠ ᠴᠡᠭ᠎ᠢ ᠬᠦᠴᠦᠯᠡᠨ ᠰᠢᠢ᠍ᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠢ ᠬᠡᠷᠡᠭᠯᠡᠨ ᠠᠵᠤ ᠠᠬᠤᠢ ᠵᠢᠨ ᠬᠦᠭᠵᠢᠬᠦᠯᠤᠯᠳᠡ᠂ ᠨᠡᠢ᠌ᠭᠡᠮ᠎ᠤᠨ ᠵᠠᠰᠠᠯᠲᠠ᠂ ᠤᠯᠠᠨ ᠲᠦᠮᠡᠨ᠎ᠳᠤ ᠦᠢ᠍ᠯᠡᠴᠢᠯᠡᠬᠦ ᠲᠦᠪᠰᠢᠨ᠎ᠢ ᠳᠡᠭᠡᠭᠰᠢᠯᠡᠭᠦᠯᠵᠦ᠂ ᠥᠭᠡᠷᠡᠴᠢᠯᠡᠯᠲᠡ ᠵᠢᠨ ᠶᠠᠰᠤ ᠴᠢᠨᠠᠷ ᠦᠷ᠎ᠡ ᠠᠰᠢᠭ ᠵᠶ᠋ᠠᠷ ᠬᠦᠭᠵᠢᠬᠦᠯᠤᠯᠳᠡ ᠵᠢᠨ ᠦᠷ᠎ᠡ ᠪᠦᠲᠦᠮᠵᠢ ᠵᠢ  ᠲᠡᠭᠡᠭᠰᠢᠯᠡᠬᠦᠯᠬᠦ ᠬᠡᠷᠡᠭᠳᠡᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠥᠳᠡ ᠬᠤᠷᠠᠯ᠎ᠠᠴᠠ ᠪᠠᠢ᠌ᠷᠢᠯᠠᠭᠤᠯᠤᠭᠰᠠᠨ ᠥᠭᠡᠷᠡᠴᠢᠯᠡᠯᠲᠡ ᠵᠢᠨ ᠡᠭᠦᠷᠭᠡ ᠵᠢ ᠨᠠᠷᠢᠯᠢᠭᠵᠢᠭᠤᠯᠤᠨ ᠵᠠᠳᠠᠯᠵᠤ᠂ ᠥᠭᠡᠷᠡᠴᠢᠯᠡᠯᠲᠡ ᠵᠢᠨ ᠠᠯᠢ ᠲᠦᠷᠭᠡᠨ ᠵᠶ᠋ᠡᠷ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠳᠡᠢ》 ᠭᠡᠵᠦ ᠴᠢᠬᠤᠯᠠᠴᠢᠯᠠᠪᠠ᠃





      

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠠᠢ᠌ᠩᠭᠤ ᠵᠢᠨ ᠬᠣᠷᠢᠶ᠎ᠠ ᠵᠢᠨ ᠶᠢᠰᠦᠳᠦᠭᠡᠷ ᠬᠤᠷᠠᠯ ᠡᠬᠢᠯᠡᠪᠡ
ᠯᠢ ᠴᠢᠶᠠᠩ ᠨᠢᠩᠰᠢᠶᠠ᠂ ᠥᠪᠥᠷ ᠮᠣᠩᠭᠣᠯ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ᠄ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠰᠠᠢ᠌ᠲᠤᠷ ᠬᠢᠵᠦ ᠴᠢᠨᠠᠷᠯᠢᠭ ᠬᠥᠭᠵᠢᠯᠲᠡ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠤ ᠴᠢᠬᠤᠯᠠᠴᠢᠯᠠᠯ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠮᠤᠵᠢ ᠶᠠᠮᠤᠨ᠎ᠤ ᠱᠠᠲᠤᠨ᠎ᠤ ᠭᠣᠣᠯ ᠤᠳᠤᠷᠢᠳᠬᠤ ᠺᠠᠳ᠋ᠷᠴᠤᠳ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠤᠪᠳᠤ ᠰᠤᠳᠤᠯᠤᠨ ᠰᠤᠳᠤᠯᠤᠨ ᠶᠠᠷᠢᠯᠴᠠᠬᠤ ᠠᠡᠭᠬᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠪᠠ
 
            