ᠵᠠᠩ ᠶᠠᠨ ᠺᠦᠨ ᠬᠤᠷᠠᠯ᠎ᠢ ᠡᠷᠭᠢᠯᠡᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠠᠢ᠌ᠩᠭᠤ ᠵᠢᠨ ᠬᠣᠷᠢᠶ᠎ᠠ ᠵᠢᠨ ᠶᠢᠰᠦᠳᠦᠭᠡᠷ ᠬᠤᠷᠠᠯ 9 ᠳ᠋ᠤᠬᠡᠷ ᠰᠠᠷ᠎ᠠ ᠵᠢᠨ 26᠎ᠤ ᠦᠳᠡ ᠵᠢᠨ ᠡᠮᠦᠨ᠎ᠡ ᠬᠥᠬᠡᠬᠣᠲᠠ᠎ᠳᠤ ᠡᠬᠢᠯᠡᠪᠡ᠃ ᠬᠤᠷᠠᠯ ᠲᠡᠬᠡᠷ᠎ᠡ ᠰᠢ ᠵᠢᠨ ᠫᠢᠩ ᠶᠡᠷᠦᠩᠬᠡᠢ ᠱᠦᠵᠢ ᠵᠢᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠬᠤᠷᠠᠯ ᠪᠠᠢ᠌ᠭᠤᠯᠤᠭᠳᠠᠭᠰᠠᠨ 75 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠵᠤ᠂ 《ᠥᠨᠳᠥᠷ ᠠᠴᠢᠶᠠᠨ᠎ᠤ ᠡᠨᠧᠷᠭᠢ᠎ᠲᠠᠢ ᠠᠵᠤ ᠦᠢ᠍ᠯᠡᠰ᠎ᠤᠨ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ᠎ᠪᠠᠷ ᠬᠡᠯᠪᠡᠷᠢ ᠵᠢ ᠬᠤᠪᠢᠷᠠᠭᠤᠯᠤᠨ ᠬᠥᠭᠵᠢᠭᠦᠯᠬᠦ ᠵᠢ ᠠᠬᠢᠭᠤᠯᠬᠤ》 ᠵᠢᠨ ᠲᠣᠭᠣᠷᠢᠨ᠎ᠳᠤ ᠲᠤᠰᠬᠠᠢ ᠰᠡᠳᠦᠪᠲᠦ ᠵᠠᠰᠠᠭ᠎ᠤᠨ ᠶᠠᠪᠤᠳᠠᠯ᠎ᠢ ᠵᠥᠪᠯᠡᠬᠦ ᠴᠢᠨᠠᠷᠲᠠᠢ ᠵᠥᠪᠯᠡᠯᠭᠡ ᠬᠢᠵᠡᠢ ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠤᠤ ᠶᠦᠩ ᠪᠥᠸᠧ ᠪᠠᠢ᠌ᠳᠠᠯ᠎ᠤᠨ ᠮᠡᠳᠡᠭᠡᠯᠡᠯ ᠬᠢᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠠᠨ ᠷᠦᠨ ᠱᠧᠩ ᠭᠣᠣᠯ ᠰᠡᠳᠦᠪᠲᠦ ᠶᠠᠷᠢᠶ᠎ᠠ ᠲᠠᠯᠪᠢᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠥᠸᠧ ᡁᠢ ᠬᠤ᠌᠂ ᠴᠡᠴᠡᠭ᠂ ᠵᠠᠩ ᠪᠠᠢ ᠴᠧᠩ ᠪᠤᠯᠤᠨ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ᠃
ᠬᠤᠷᠠᠯ ᠳᠡᠭᠡᠷ᠎ᠡ ᠴᠧᠩ ᠰᠢ᠂ ᠳ᠋ᠦ᠋ ᠹᠸᠡᠭ ᠯᠢᠶᠠᠨ᠂ ᠵᠠᠩ ᠬᠣᠩ ᠵᠡᠷᠭᠡ 3 ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠪᠣᠯᠣᠨ ᠪᠤᠭᠤᠲᠤ ᠬᠤᠳᠠ᠂ ᠲᠦᠩᠯᠢᠶᠣᠣ ᠬᠤᠳᠠ ᠵᠢᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠵᠥᠪᠯᠡᠬᠦ ᠰᠡᠳᠦᠪ᠎ᠤᠨ ᠲᠣᠭᠣᠷᠢᠨ᠎ᠳᠤ ᠶᠠᠷᠢᠶ᠎ᠠ ᠲᠠᠯᠪᠢᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠠᠵᠢᠯ᠎ᠤᠨ ᠪᠠᠢ᠌ᠳᠠᠯ ᠵᠶ᠋ᠠᠨ ᠲᠠᠨᠢᠯᠴᠠᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠭᠡᠰᠢᠭᠦᠳ᠎ᠲᠠᠢ ᠲᠤᠬᠠᠢ ᠵᠢᠨ ᠲᠠᠯᠠᠪᠠᠢ᠎ᠳᠤ ᠰᠠᠨᠠᠯ ᠵᠶ᠋ᠠᠨ ᠰᠣᠯᠢᠯᠴᠠᠪᠠ᠃
ᠣᠷᠳᠣᠰ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠪᠣᠯᠣᠨ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠸᠠᠩ ᠮᠢᠩ ᠫᠧᠢ 9 ᠳ᠋ᠤᠬᠡᠷ ᠰᠠᠷ᠎ᠠ ᠵᠢᠨ 25᠎ᠤ ᠡᠳᠦᠷ᠎ᠤᠨ ᠦᠳᠡ ᠵᠢᠨ ᠬᠣᠢ᠌ᠨ᠎ᠠ ᠤᠷᠢᠯᠭ᠎ᠠ᠎ᠪᠠᠷ ᠲᠤᠰᠬᠠᠢ ᠰᠡᠳᠦᠪᠲᠦ ᠲᠠᠢ᠌ᠯᠤᠮᠵᠢ ᠬᠢᠭᠰᠡᠨ ᠪᠠᠢ᠌ᠨ᠎ᠠ᠃