ᠵᠠᠩ ᠶᠠᠨ ᠺᠦᠨ ᠣᠷᠣᠯᠴᠠᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠬᠤᠷᠠᠯ 1 ᠳ᠋ᠤᠬᠡᠷ ᠰᠠᠷ᠎ᠠ ᠵᠢᠨ 14᠎ᠤ ᠡᠳᠦᠷ᠎ᠤᠨ ᠦᠳᠡ ᠵᠢᠨ ᠬᠣᠢ᠌ᠨ᠎ᠠ ᠬᠣᠶᠠᠳᠤᠭ᠋ᠠᠷ ᠤᠳᠠᠭ᠋ᠠᠨ᠎ᠤ ᠪᠥᠬᠥᠳᠡ ᠬᠤᠷᠠᠯ ᠬᠢᠵᠦ᠂ ᠭᠡᠰᠢᠭᠦᠳ ᠶᠠᠷᠢᠶ᠎ᠠ ᠲᠠᠯᠪᠢᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠥᠸᠧ ᡁᠢ ᠬᠤ᠌᠂ ᠴᠡᠴᠡᠭ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ ᠪᠤᠯᠤᠨ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠸᠧᠢ ᠭᠦᠸᠧ ᠨᠠᠨ ᠬᠤᠷᠠᠯ᠎ᠢ ᠡᠷᠭᠢᠯᠡᠪᠡ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ ᠱᠦᠵᠢ ᠱ᠌ᠢ ᠭᠤᠸᠠᠡᠭ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠡᠭ ᡁᠢ ᠴᠢᠶᠠᠩ ᠬᠤᠷᠠᠯ᠎ᠳᠤ ᠣᠷᠣᠯᠴᠠᠵᠤ ᠭᠡᠰᠢᠭᠦᠳ᠎ᠤᠨ ᠶᠠᠷᠢᠶ᠎ᠠ ᠵᠢ ᠰᠤᠨᠤᠰᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠠᠨ ᠷᠦᠨ ᠱᠧᠩ ᠰᠣᠩᠭᠣᠭᠤᠯᠢ ᠵᠢᠨ ᠠᠷᠭ᠎ᠠ (ᠲᠥᠰᠥᠯ) ᠵᠢᠨ ᠲᠤᠬᠠᠢ ᠲᠣᠳᠣᠷᠬᠠᠢ᠌ᠯᠠᠯᠲᠠ ᠬᠢᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠪᠠᠢ᠌ᠩᠭᠤ ᠵᠢᠨ ᠳᠡᠳ᠋ ᠳᠠᠷᠤᠭ᠎ᠠ ᠵᠠᠩ ᠵᠣᠣ ᠭᠠᠩ ᠬᠣᠯᠪᠣᠭᠳᠠᠯ ᠪᠦᠬᠦᠢ ᠠᠵᠢᠯᠲᠠᠨ᠎ᠤ ᠶᠠᠪᠤᠳᠠᠯ᠎ᠤᠨ ᠵᠦᠢ᠍ᠯᠡᠰ᠎ᠤᠨ ᠲᠤᠬᠠᠢ ᠲᠣᠳᠣᠷᠬᠠᠢ᠌ᠯᠠᠯᠲᠠ ᠬᠢᠪᠡ᠃
ᠳ᠋ᠠᠢ ᠶᠠᠨ᠂ ᠴᠧᠩ ᠰᠢ᠂ ᠯᠢᠦᠢ ᠶᠦᠩ ᠴᠧᠩ᠂ ᠯᠢ ᠵᠢᠩ ᠵᠢᠩ᠂ ᠰᠦᠨ ᡁᠢ ᠬᠣᠩ᠂ ᠵᠠᠩ ᠪᠢᠨ᠂ ᠬᠦᠡᠭ ᡁᠢ ᠴᠢᠶᠠᠩ᠂ ᠭᠦᠸᠧ ᠶᠠᠨ ᠴᠦᠨ᠂ ᠼᠦᠢ ᠵᠧᠨ ᠦ᠋᠂ ᠴᠢᠨ ᠯᠢ ᠮᠧᠶ᠂ ᠵᠠᠩ ᠬᠤᠸᠨ ᠵᠧᠨ᠂ ᠯᠦ᠍ ᠯᠢ ᠮᠢᠩ ᠵᠡᠷᠭᠡ 12 ᠭᠡᠰᠢᠭᠦᠨ᠂ ᠤᠷᠤᠨ᠎ᠤ ᠲᠦᠪ᠎ᠤᠨ 《ᠬᠣᠲᠠ ᠬᠠᠮᠠᠭ᠋ᠠᠯᠠᠬᠤ ᠭᠣᠣᠯ》᠎ᠤᠨ ᠪᠦᠲᠦᠭᠡᠨ ᠪᠠᠢ᠌ᠭᠤᠯᠤᠯᠲᠠ᠂ ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠠᠰᠢᠭᠯᠠᠯᠲᠠ ᠪᠠ ᠡᠷᠭᠢᠯᠲᠡ᠎ᠳᠤ ᠣᠷᠣᠭᠤᠯᠬᠤ᠂ 《ᠤᠯᠤᠰ ᠲᠥᠷᠥ ᠵᠢᠨ ᠵᠥᠪᠯᠡᠯᠭᠡᠨ + ᠰᠢᠭᠦᠬᠦ ᠬᠣᠷᠢᠶ᠎ᠠ》 ᠵᠢᠨ ᠢᠷᠭᠡᠨ᠎ᠤ ᠪᠠ ᠬᠤᠳᠠᠯᠳᠤᠭ᠋ᠠᠨ᠎ᠤ ᠶᠠᠪᠤᠳᠠᠯ᠎ᠤᠨ ᠵᠠᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢ᠍ᠳᠪᠦᠷᠢᠯᠡᠬᠦ ᠲᠣᠭᠲᠠᠴᠠ᠂ ᠵᠠᠯᠠᠭᠤᠴᠤᠳ᠎ᠤᠨ ᠠᠵᠢᠯ ᠣᠯᠵᠤ ᠦᠢ᠍ᠯᠡᠰ ᠴᠣᠭᠴᠠᠯᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠰᠦᠨ ᠬᠦᠴᠢᠯ᠎ᠤᠨ ᠪᠠᠺᠲ᠋ᠧᠷᠢ ᠵᠢᠨ ᠠᠵᠤ ᠦᠢ᠍ᠯᠡᠰ᠎ᠤᠨ 《ᠪᠦᠰᠡᠯᠡᠯᠲᠡ ᠵᠢ ᠰᠢᠪᠲᠤᠯᠬᠤ》᠂ ᠬᠠᠲᠤᠨ ᠭᠣᠣᠯ᠎ᠤᠨ ᠰᠠᠪᠠ ᠭᠠᠵᠠᠷ᠎ᠤᠨ ᠴᠢᠨᠠᠷᠯᠢᠭ ᠬᠥᠭᠵᠢᠯᠲᠡ ᠵᠡᠷᠭᠡ ᠭᠣᠣᠯ ᠰᠡᠳᠦᠪ᠎ᠤᠨ ᠲᠣᠭᠣᠷᠢᠨ᠎ᠳᠤ ᠶᠡᠬᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃
ᠬᠤᠷᠠᠯ᠎ᠳᠤ ᠣᠷᠣᠯᠴᠠᠭᠰᠠᠨ ᠭᠡᠰᠢᠭᠦᠳ ᠲᠤᠬᠠᠢ ᠵᠢᠨ ᠲᠠᠯᠠᠪᠠᠢ᠎ᠳᠤ 《ᠭᠡᠰᠢᠭᠦᠨ᠎ᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠠᠮᠠᠯᠠᠯᠲᠠ ᠵᠢᠨ ᠪᠢᠴᠢᠭ》᠎ᠲᠤ ᠭᠠᠷᠤᠨ ᠦᠰᠦᠭ ᠵᠢᠷᠤᠪᠠ᠃ ᠦᠳᠡ ᠵᠢᠨ ᠬᠣᠢ᠌ᠨ᠎ᠠ ᠨᠢ ᠪᠠᠰᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠤᠯᠤᠰ ᠲᠥᠷᠥ ᠵᠢᠨ ᠵᠥᠪᠯᠡᠯᠭᠡᠨ᠎ᠤ 42 ᠳ᠋ᠤᠭ᠋ᠠᠷ ᠤᠳᠠᠭ᠎ᠠ ᠵᠢᠨ ᠲᠡᠷᠢᠭᠦᠯᠡᠭᠴᠢᠳ᠎ᠤᠨ ᠬᠤᠷᠠᠯ᠎ᠢ ᠬᠤᠷᠠᠯᠳᠤᠭᠤᠯᠤᠭ᠋ᠠᠳ ᠳᠤᠭᠤᠢ᠌ᠯᠠᠩ ᠬᠤᠪᠢᠶᠠᠨ ᠶᠠᠷᠢᠯᠴᠠᠭᠤᠯᠬᠤ᠎ᠪᠠᠷ ᠳᠡᠪᠰᠢᠭᠦᠯᠦᠭᠰᠡᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠠᠵᠢᠯᠲᠠᠨ᠎ᠤ ᠶᠠᠪᠤᠳᠠᠯ᠎ᠤᠨ ᠵᠦᠢ᠍ᠯᠡᠰ᠎ᠢ ᠬᠢᠨᠠᠨ ᠵᠥᠪᠯᠡᠪᠡ᠃