ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠰᠦᠨ ᠱᠤᠤ ᠴᠧᠩ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ᠎ᠳᠤ ᠬᠦᠷᠴᠦ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2024-11-14

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ11 ᠳ᠋ᠤᠬᠡᠷ ᠰᠠᠷ᠎ᠠ ᠵᠢᠨ 13᠎ᠤ ᠡᠳᠦᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ᠎ᠳᠤ ᠤᠴᠢᠵᠤ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠢ ᠬᠦᠯᠢᠶᠡᠨ ᠠᠪᠴᠤ ᠵᠠᠬᠢᠳᠠᠯ ᠰᠣᠷᠪᠤᠯᠵᠢᠯᠠᠭ᠎ᠠ ᠵᠢᠨ ᠠᠰᠠᠭᠤᠳᠠᠯ᠎ᠢ ᠶᠠᠷᠢᠯᠴᠠᠪᠠ᠃

W020241114310396181655_ORIGIN.jpg


   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ11 ᠳ᠋ᠤᠬᠡᠷ ᠰᠠᠷ᠎ᠠ ᠵᠢᠨ 13᠎ᠤ ᠡᠳᠦᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ᠎ᠳᠤ ᠤᠴᠢᠵᠤ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠢ ᠬᠦᠯᠢᠶᠡᠨ ᠠᠪᠴᠤ ᠵᠠᠬᠢᠳᠠᠯ ᠰᠣᠷᠪᠤᠯᠵᠢᠯᠠᠭ᠎ᠠ ᠵᠢᠨ ᠠᠰᠠᠭᠤᠳᠠᠯ᠎ᠢ ᠶᠠᠷᠢᠯᠴᠠᠵᠤ ᠪᠠᠢ᠌ᠭ᠎ᠠ᠎ᠨᠢ
     ᠲᠠᠯ᠎ᠠ ᠨᠤᠲᠤᠭ᠎ᠤᠨ ᠡᠬᠦᠯᠨ᠂ ᠥᠪᠥᠷ ᠮᠣᠩᠭᠣᠯ᠎ᠤᠨ ᠰᠣᠨᠢᠨ ᠮᠡᠳᠡᠭᠡᠨ᠎ᠤ ᠰᠦᠯᠵᠢᠶ᠎ᠡ ᠵᠢᠨ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ ᠵᠢᠨ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠢ ᠬᠦᠯᠢᠶᠡᠨ ᠠᠪᠬᠤ ᠲᠠᠰᠤᠭ᠎ᠲᠤ ᠰᠦᠨ ᠱᠤᠤ ᠴᠧᠩ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠬᠦᠯᠢᠴᠡᠩᠭᠦᠢ᠎ᠪᠠᠷ ᠰᠣᠨᠣᠰᠴᠤ ᠵᠠᠬᠢᠳᠠᠯ ᠰᠣᠷᠪᠤᠯᠵᠢᠯᠠᠭ᠎ᠠ ᠵᠢᠨ ᠵᠦᠢ᠍ᠯᠡᠰ᠎ᠤᠨ ᠤᠴᠢᠷ ᠰᠢᠯᠲᠠᠭ᠋ᠠᠨ ᠪᠠ ᠪᠣᠳᠠᠲᠠᠢ ᠬᠦᠰᠡᠯ ᠱᠠᠭ᠋ᠠᠷᠳᠠᠯᠭ᠎ᠠ ᠵᠢ ᠨᠠᠷᠢᠨ ᠤᠢ᠌ᠯᠠᠭ᠋ᠠᠬᠰᠠᠨ᠎ᠤ ᠬᠠᠮᠳᠤ ᠵᠠᠷᠢᠮ ᠵᠠᠩᠭᠢᠯᠠᠭ᠎ᠠ ᠵᠢᠨ ᠨᠠᠷᠢᠨ ᠵᠦᠢ᠍ᠯᠡᠰ᠎ᠤᠨ ᠲᠤᠬᠠᠢ ᠤᠯᠠᠨ ᠲᠦᠮᠡᠨ᠎ᠲᠠᠢ ᠰᠠᠨᠠᠯ ᠵᠶ᠋ᠠᠨ  ᠰᠤᠯᠢᠯᠴᠠᠬᠰᠠᠨ ᠪᠦᠬᠡᠳ ᠬᠣᠯᠪᠣᠭᠳᠠᠯ ᠪᠦᠬᠦᠢ ᠭᠠᠵᠠᠷ᠂ ᠰᠠᠯᠠᠭ᠎ᠠ ᠮᠥᠴᠢᠷ᠂ ᠨᠢᠬᠡᠴᠢ ᠵᠢᠨ ᠬᠠᠷᠢᠭᠤᠴᠠᠯᠭ᠋ᠠᠲᠠᠨ᠎ᠲᠠᠢ ᠲᠤᠬᠠᠢ ᠵᠢᠨ ᠲᠠᠯᠠᠪᠤᠷ᠎ᠲᠤ ᠠᠰᠠᠭᠤᠳᠠᠯ᠎ᠢ ᠵᠠᠳᠠᠯᠵᠤ ᠰᠢᠢ᠍ᠳᠪᠦᠷᠢᠯᠡᠬᠦ ᠠᠷᠭ᠎ᠠ ᠵᠢ ᠰᠤᠳᠤᠯᠬᠤ᠎ᠳᠤ᠎ᠪᠠᠨ᠄ 《ᠰᠢᠢ᠍ᠳᠪᠦᠷᠢᠯᠡᠬᠦ ᠪᠣᠯᠣᠮᠵᠢᠲᠠᠢ ᠲᠥᠰᠥᠯ᠎ᠢ ᠲᠠᠷᠤᠢ᠌ᠬᠠᠨ ᠭᠠᠷᠭ᠋ᠠᠵᠤ ᠱᠠᠯᠠᠪᠳᠠᠨ ᠰᠢᠢ᠍ᠳᠪᠤᠷᠢᠯᠡᠬᠦ ᠠᠵᠢᠯ᠎ᠢ ᠴᠢᠡᠭᠭ᠋ᠠᠳᠬᠠᠨ ᠴᠠᠭ ᠲᠤᠬᠳᠠᠭ᠋ᠠᠨ ᠰᠢᠢ᠍ᠳᠪᠤᠷᠢᠯᠡᠬᠡᠳ ᠬᠡᠯᠡᠭᠰᠡᠨ᠎ᠳᠤ᠎ᠪᠠᠨ ᠰᠠᠭᠤᠵᠤ᠂ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠢ᠌ᠬᠤ᠂ ᠬᠡᠷᠡᠭ᠂ ᠤᠴᠢᠷ ᠶᠠᠪᠤᠳᠠᠯ᠎ᠢ ᠳᠠᠭᠤᠰᠬᠠᠬᠤ ᠵᠢ ᠵᠠᠪᠠᠯ ᠪᠠᠲᠤᠯᠠᠬᠤ ᠬᠡᠷᠡᠭᠲᠡᠢ》 ᠭᠡᠵᠡᠢ᠃
      ᠰᠦᠨ ᠱᠤᠤ ᠴᠧᠩ᠄ 《ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠢ ᠰᠠᠢ᠌ᠲᠤᠷ ᠬᠢᠬᠦ᠎ᠨᠢ ᠤᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ ᠪᠠ ᠨᠡᠢ᠌ᠭᠡᠮ᠎ᠤᠨ ᠶᠡᠬᠡ ᠲᠠᠯ᠎ᠠ ᠵᠢᠨ ᠡᠶ᠎ᠡ ᠵᠣᠬᠢᠴᠠᠩᠭᠤᠢ ᠲᠣᠭᠲᠠᠭᠤᠨ᠎ᠲᠠᠢ ᠬᠣᠯᠪᠣᠭᠳᠠᠨ᠎ᠠ᠂ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠦᠭᠵᠢᠬᠦᠯᠤᠯᠳᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠰᠠᠢ᠌ᠲᠤᠷ ᠨᠠᠢ᠌ᠳᠠᠪᠤᠷᠢᠵᠢᠭᠤᠯᠵᠤ ᠬᠠᠷᠢᠭᠤᠴᠠᠯᠭ᠎ᠠ ᠪᠠ ᠬᠠᠢ᠌ᠷ᠎ᠠ ᠰᠡᠳᠬᠢᠯᠭᠡ᠎ᠪᠠᠷ ᠤᠯᠠᠨ ᠲᠦᠮᠡᠨ᠎ᠤ ᠵᠦᠢ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠰᠠᠢ᠌ᠲᠤᠷ ᠰᠢᠢ᠍ᠳᠪᠦᠷᠢᠯᠡᠬᠦ ᠬᠡᠷᠡᠭᠲᠡ᠊ ᠬᠡᠷᠡᠭᠳᠡᠢ᠃ ᠪᠣᠳᠠᠲᠠᠢ ᠠᠵᠢᠯ᠎ᠤᠨ ᠳᠤᠮᠳᠠ᠎ᠪᠠᠨ ᠵᠠᠬᠢᠳᠠᠯ ᠰᠣᠷᠪᠤᠯᠵᠢᠯᠠᠭ᠎ᠠ ᠵᠢᠨ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠬᠦ ᠵᠢ ᠨᠡᠩ ᠴᠢᠬᠤᠯᠠᠴᠢᠯᠠᠵᠤ ᠵᠠᠬᠢᠳᠠᠯ ᠰᠣᠷᠪᠤᠯᠵᠢᠯᠠᠭ᠎ᠠ ᠵᠢᠨ ᠭᠣᠮᠣᠳᠠᠯ ᠱᠠᠭ᠋ᠠᠷᠳᠠᠯᠭ᠎ᠠ ᠵᠢ ᠡᠬᠢ ᠰᠤᠷᠪᠤᠯᠵᠢ᠎ᠠᠴᠠ᠎ᠨᠢ ᠪᠠᠭ᠋ᠠᠰᠬᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ᠎ᠪᠠᠨ ᠨᠠᠭ᠋ᠠᠨ᠎ᠠ ᠴᠠᠭ᠋ᠠᠨ᠎ᠠ ᠵᠢ ᠨᠢᠮᠪᠠᠢ ᠪᠤᠳᠤᠵᠤ᠂ ᠵᠠᠬᠢᠳᠠᠯ ᠰᠣᠷᠪᠤᠯᠵᠢᠯᠠᠭ᠎ᠠ ᠵᠢᠨ ᠤᠴᠢᠷ ᠡᠭᠦᠰᠬᠡᠬᠦ 《ᠠᠷᠬᠠᠭ》 ᠦᠯᠡᠳᠡᠭᠡᠬᠦ᠎ᠠᠴᠠ ᠰᠡᠷᠭᠡᠢ᠌ᠯᠡᠵᠦ᠂ ᠵᠠᠬᠢᠳᠠᠯ ᠰᠣᠷᠪᠤᠯᠵᠢᠯᠠᠭ᠎ᠠ ᠵᠢᠨ ᠠᠰᠠᠭᠤᠳᠠᠯ᠎ᠢ ᠰᠢᠢ᠍ᠳᠪᠦᠷᠢᠯᠡᠬᠦ᠎ᠳᠤ᠎ᠪᠠᠨ ᠪᠦᠬᠦ ᠲᠠᠯ᠎ᠠ᠎ᠪᠠᠷ ᠬᠣᠯᠠ ᠵᠢ ᠪᠣᠳᠣᠯᠬᠢᠯᠠᠵᠤ᠂ ᠲᠥᠷᠥ ᠵᠢᠨ ᠪᠣᠳᠣᠯᠭ᠎ᠠ ᠠᠷᠭ᠎ᠠ ᠵᠢᠨ ᠦᠷᠭᠦᠯᠵᠢᠯᠡᠬᠦ ᠵᠢ ᠪᠠᠲᠤᠯᠠᠬᠤ ᠬᠡᠷᠡᠭᠲᠡᠢ᠃ ᠠᠰᠠᠭᠤᠳᠠᠯ᠎ᠢ  ᠤᠳᠠᠭ᠋ᠠᠰᠢᠷᠠᠭᠤᠯᠬᠤ ᠲᠤᠳᠤᠮ ᠰᠢᠢ᠍ᠳᠪᠦᠷᠢᠯᠡᠬᠦ ᠦᠷᠳᠡᠭ᠎ᠨᠢ ᠲᠡᠳᠦᠢ ᠶᠡᠬᠡ᠂ ᠠᠰᠠᠭᠤᠳᠠᠯ ᠪᠠᠢ᠌ᠪᠠᠯ ᠱᠠᠯᠠᠪᠳᠠᠨ ᠰᠢᠢ᠍ᠳᠪᠦᠷᠢᠯᠡᠵᠦ᠂ ᠪᠠᠭ᠎ᠠ ᠠᠰᠠᠭᠤᠳᠠᠯ᠎ᠢ ᠤᠳᠠᠭ᠋ᠠᠰᠢᠷᠠᠭᠤᠯᠤᠭ᠋ᠠᠳ ᠶᠡᠬᠡ ᠠᠰᠠᠭᠤᠳᠠᠯ ᠪᠣᠯᠭ᠋ᠠᠬᠤ᠎ᠠᠴᠠ ᠵᠠᠢ᠌ᠯᠠᠰᠬᠢᠬᠦ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠬᠠᠤᠯᠢᠵᠢᠭᠤᠯᠤᠯᠲᠠ ᠵᠢ ᠠᠬᠢᠭᠤᠯᠵᠤ᠂ ᠬᠠᠤᠯᠢ ᠵᠢ ᠴᠢᠩᠭ᠎ᠠ ᠵᠢᠷᠤᠮᠯᠠᠨ ᠵᠢᠷᠤᠮ᠎ᠤᠨ ᠵᠢᠷᠤᠮᠵᠢᠯ ᠵᠶ᠋ᠠᠷ 《ᠤᠴᠢᠷ ᠶᠠᠪᠤᠳᠠᠯ᠎ᠢ ᠰᠢᠢ᠍ᠳᠪᠦᠷᠢᠯᠡᠬᠦ》 ᠠᠵᠢᠯ᠎ᠢ ᠠᠬᠢᠭᠤᠯᠬᠤ ᠬᠡᠷᠡᠭᠲᠡᠢ᠃ ᠣᠳᠣ ᠪᠦᠬᠦ ᠣᠷᠣᠨ᠎ᠳᠤ ᠵᠠᠬᠢᠳᠠᠯ ᠰᠣᠷᠪᠤᠯᠵᠢᠯᠠᠭ᠎ᠠ ᠵᠢᠨ ᠣᠷᠣᠯᠠᠨ ᠭᠦᠢ᠍ᠴᠡᠳᠬᠡᠬᠦ ᠳᠦᠷᠢᠮ᠎ᠢ ᠪᠦᠬᠦ ᠲᠠᠯ᠎ᠠ ᠎ᠪᠠᠷ ᠬᠡᠷᠡᠭᠵᠢᠭᠦᠯᠵᠦ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠢ᠌ᠨ᠎ᠠ᠃ ᠣᠷᠣᠯᠠᠨ ᠭᠦᠢ᠍ᠴᠡᠳᠬᠡᠬᠦ ᠳᠦᠷᠢᠮ᠎ᠤᠨ ᠵᠠᠩᠭᠢᠯᠠᠭ᠎ᠠ᠎ᠨᠢ ᠦᠨᠡᠨ ᠬᠦ᠌ ᠣᠷᠣᠯᠠᠨ ᠭᠦᠢ᠍ᠴᠡᠳᠬᠡᠬᠦ ᠶᠠᠪᠤᠳᠠᠯ ᠪᠣᠯᠣᠨ᠎ᠠ᠂ ᠤᠴᠢᠷ ᠶᠠᠪᠤᠳᠠᠯ᠎ᠢ ᠤᠯᠠᠨ ᠲᠦᠮᠡᠨ᠎ᠳᠤ ᠦᠨᠡᠨ ᠪᠣᠳᠠᠲᠠᠢ᠎ᠪᠠᠷ ᠪᠦᠲᠦᠭᠡᠵᠦ ᠥᠭᠬᠦ ᠬᠡᠷᠡᠭᠲᠡᠢ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠯᠠᠨ ᠭᠦᠢ᠍ᠴᠡᠳᠬᠡᠬᠦ ᠠᠷᠭ᠎ᠠ ᠵᠠᠮ᠎ᠢ ᠤᠯᠠᠮ ᠰᠠᠭ᠋ᠠᠳ ᠦᠭᠡᠢ ᠨᠠᠪᠲᠠᠷᠡᠭᠦᠯᠵᠦ ᠣᠷᠣᠯᠠᠨ ᠭᠦᠢ᠍ᠴᠡᠳᠬᠡᠬᠦ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠵᠢᠨ ᠠᠰᠠᠭᠤᠳᠠᠯ᠎ᠢ ᠡᠬᠢ ᠡᠭᠦᠰᠦᠯ᠎ᠠᠴᠠ᠎ᠨᠢ ᠵᠠᠰᠠᠬᠤ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ ᠲᠣᠰᠬᠣᠨ (ᠨᠡᠢ᠌ᠭᠡᠮ ᠲᠣᠭᠣᠷᠢᠭ)᠎ᠤ 《ᠬᠣᠶᠠᠷ ᠵᠥᠪᠯᠡᠯ》 ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠵᠤ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠬᠢᠨᠠᠮᠠᠭ᠋ᠠᠢ ᠰᠣᠨᠣᠰᠴᠤ᠂ ᠤᠯᠠᠨ ᠲᠦᠮᠡᠨ᠎ᠢ  ᠵᠦᠢ ᠵᠣᠬᠢᠰᠲᠠᠢ ᠭᠣᠮᠣᠳᠠᠯ ᠱᠠᠭ᠋ᠠᠷᠳᠠᠯᠭ᠎ᠠ ᠵᠢ᠎ᠨᠢ ᠰᠠᠨᠠᠭ᠋ᠠᠴᠢᠯᠠᠭ᠎ᠠ᠎ᠠᠴᠠ᠎ᠪᠠᠨ ᠲᠤᠰᠬᠠᠵᠤ᠂ ᠤᠯᠠᠨ ᠲᠦᠮᠡᠨ᠎ᠤ ᠲᠠᠢ᠌ᠳᠬᠤᠷᠠᠭᠤᠯᠤᠨ ᠵᠢᠯᠤᠭᠣᠳᠬᠤ ᠵᠡᠷᠭᠡ ᠠᠵᠢᠯ᠎ᠢ ᠬᠦᠯᠢᠴᠡᠩᠭᠦᠢ ᠰᠠᠢ᠌ᠲᠤᠷ ᠬᠢᠵᠦ ᠵᠥᠷᠢᠴᠡᠯ ᠵᠠᠭᠤᠷᠠᠯᠳᠤᠭ᠋ᠠᠨ᠎ᠢ ᠰᠡᠷᠭᠡᠢ᠌ᠯᠡᠨ ᠰᠢᠢ᠍ᠳᠪᠦᠷᠢᠯᠡᠬᠦ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
     ᠢᠦᠢ ᠯᠢ ᠰᠢᠨ ᠠᠭᠤᠯᠵᠠᠯᠳᠠ᠎ᠳᠤ ᠣᠷᠣᠯᠴᠠᠵᠠᠢ᠃


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠪᠠᠢ᠌ᠭᠤᠯᠭ᠎ᠠ ᠵᠢᠨ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠺᠠᠳ᠋ᠷ᠎ᠢ ᠲᠤᠰᠢᠶᠠᠯ᠎ᠳᠤ ᠲᠣᠮᠢᠯᠠᠬᠤ ᠪᠠ ᠲᠤᠰᠢᠶᠠᠯ᠎ᠠᠴᠠ ᠪᠠᠭᠤᠯᠭ᠋ᠠᠬᠤ ᠲᠤᠬᠠᠢ ᠲᠣᠭᠲᠠᠭ᠋ᠠᠯ᠎ᠢ ᠨᠡᠢ᠌ᠲᠡᠯᠡᠪᠡ
 
            